ᠵᠠᠩ ᠭᠥᠸᠧ ᠹᠠᠨ
ᠨᠡᠶᠢᠲᠡᠯᠡᠭᠰᠡᠨ ᠴᠠᠭ᠄
2019/6/13
ᠲᠤᠰᠢᠶᠠᠯ          ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠲᠤᠭᠤᠶᠢᠯᠠᠩ ᠤᠨ ᠲᠡᠳ᠋ ᠱᠦᠵᠢ᠂ ᠬᠤᠰᠢᠭᠤ ᠨᠠᠮ ᠤᠨ ᠬᠤᠷᠢᠶᠠᠨ ᠤ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠠᠵᠢᠯ ᠤᠨ ᠬᠤᠪᠢᠶᠠᠷᠯᠠᠯ        ᠦᠨᠳᠦᠰᠦᠳᠡᠨ᠂ ᠱᠠᠰᠢᠨ ᠰᠤᠷᠳᠠᠬᠤᠨ ᠵᠢᠴᠢ ᠨᠡᠶᠢᠳᠡ ᠶᠢᠨ ᠪᠤᠰᠤ ᠦᠮᠴᠢᠯᠡᠯᠳᠦ ᠠᠵᠤ ᠠᠬᠤᠶᠢᠯᠠᠯ᠂ ᠨᠠᠮ ᠤᠨ ᠪᠤᠰᠤ ᠬᠦᠮᠦᠰ᠂ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠵᠡᠷᠬᠡ ᠲᠠᠯ᠎ᠠ ᠶᠢᠨ ᠠᠵᠢᠯ ᠢ ᠬᠠᠷᠢᠭᠤᠴᠠᠨ᠎ᠡ᠃ ᠬᠤᠰᠢᠭᠤ ᠨᠠᠮ ᠤᠨ ᠬᠤᠷᠢᠶᠠᠨ ᠤ ᠨᠢᠬᠡᠳᠦᠮᠡᠯ ᠹᠷᠤᠨᠲ ᠤᠨ ᠬᠡᠯᠳᠡᠰ ᠤᠨ ᠪᠦᠬᠦ ᠲᠠᠯ᠎ᠠ ᠎ ᠶᠢᠨ ᠠᠵᠢᠯ ᠢ ᠡᠷᠬᠢᠯᠡᠨ᠎ᠡ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠬᠠᠷᠢᠶᠠᠳᠤ ᠶᠢᠨ ᠬᠤᠯᠪᠤᠭ᠎ᠠ᠂ ᠤᠯᠠᠭᠠᠨ ᠬᠡᠬᠡᠨ ᠤ ᠤᠷᠳᠤᠨ ᠤ ᠬᠠᠮᠢᠶᠠᠷᠤᠯᠳᠠ ᠶᠢᠨ ᠲᠤᠪᠴᠢᠶ᠎ᠠ ᠶᠢ ᠬᠤᠪᠢᠳᠠᠨ ᠬᠠᠮᠢᠶᠠᠷᠤᠨ᠎ᠡ᠃ ᠠᠷᠠᠳᠴᠢᠯᠠᠭᠰᠠᠨ ᠨᠠᠮ ᠪᠦᠯᠦᠭ ᠤᠨ ᠠᠵᠢᠯ ᠢ ᠬᠠᠷᠢᠯᠴᠠᠵᠤ᠂ ᠨᠠᠷᠢᠨᠳᠤᠬᠤᠢ ᠪᠠᠯᠭᠠᠰᠤ ᠢ ᠬᠤᠯᠪᠤᠭᠠᠯᠠᠨ ᠲᠠᠭᠠᠭᠠᠴᠢᠯᠠᠨ᠎ᠠ  ᠬᠤᠪᠢ ᠬᠦᠮᠦᠨ ᠤ ᠲᠤᠪᠴᠢ ᠨᠠᠮᠳᠠᠷ       ᠵᠠᠩ ᠭᠥᠸᠧ ᠹᠠᠨ᠂ ᠡᠷᠡᠭᠳᠠᠢ᠂ ᠬᠢᠳᠠᠳ ᠦᠨᠳᠦᠰᠦᠳᠡᠨ᠂ 1985 ᠤᠨ ᠤ 6 ᠰᠠᠷ᠎ᠠ ᠳᠤ ᠲᠦᠷᠦᠵᠦ᠂  ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠨᠠᠮᠳᠠᠷ ᠲᠠᠢ᠃      2008.06 ᠊᠊᠊᠊ 2009.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠠᠭᠤᠷᠬᠠᠢ ᠶᠢᠨ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠳᠤ ᠠᠵᠢᠯᠯᠠᠪᠠ︔      2009.03 ᠊᠊᠊᠊ 2012.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠳᠤ ᠠᠵᠢᠯᠯᠠᠪᠠ︔      2012.05 ᠊᠊᠊᠊ 2013.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠪᠡᠭᠡᠵᠢᠩ ᠳᠤ ᠰᠠᠭᠤᠭ᠎ᠠ ᠵᠠᠬᠢᠳᠠᠯ ᠰᠤᠷᠪᠤᠯᠵᠢᠯᠠᠭ᠎ᠠ ᠶᠢᠨ ᠢᠳᠬᠠᠨ ᠪᠤᠴᠠᠭᠠᠬᠤ ᠲᠥᠪ ᠤᠨ ᠳᠡᠳ᠋ ᠡᠷᠬᠢᠯᠡᠭᠴᠢ︔     2013.05 ᠊᠊᠊᠊ 2015.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ︔      2015.05 ᠊᠊᠊᠊ 2020.06 ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠠᠯᠪᠠᠨ ᠬᠡᠷ ᠤᠨ ᠡᠷᠬᠢᠯᠡᠭᠴᠢ᠂ ᠲᠣᠪᠴᠢᠶ᠎ᠠ ᠶᠢᠨ ᠨᠠᠮ ᠤᠨ ᠡᠭᠦᠷ ᠤᠨ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠪᠡ︔      2020.06 ᠊᠊᠊᠊ 2021.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠠᠯᠪᠠᠨ ᠬᠡᠷ ᠤᠨ ᠡᠷᠬᠢᠯᠡᠭᠴᠢ᠂ ᠰᠤᠷᠪᠤᠯᠵᠢᠯᠠᠯ ᠢ ᠭᠥᠯᠢᠶᠡᠨ ᠠᠪᠬᠤ ᠰᠠᠯᠠᠭᠠᠨ ᠤ ᠳᠠᠷᠤᠭ᠎ᠠ᠂ ᠲᠣᠪᠴᠢᠶ᠎ᠠ ᠶᠢᠨ ᠨᠠᠮ ᠤᠨ ᠡᠭᠦᠷ ᠤᠨ ᠳᠡᠳ᠋ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠬᠡᠰᠢᠬᠦᠨ︔      2021.06 ᠊᠊᠊᠊ 2021.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ︔      2021.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠳᠡᠳ᠋ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠃
ᠢᠷᠡᠯᠲᠡ᠄ ᠲᠤᠰ ᠰᠦᠯᠵᠢᠶ᠎ᠡ