ᠢ ᠲᠠᠢ ᠳ᠋ᠠ ᠮᠦᠸᠧ ᠣᠯᠠᠨ ᠤᠯᠤᠰ ᠤᠨ ᠮᠣᠷᠢᠨ ᠦᠢᠯᠡᠰ ᠤᠨ ᠰᠣᠶᠣᠯ ᠵᠢᠭᠤᠯᠴᠢᠯᠠᠯ ᠤᠨ ᠦᠪᠡᠷᠮᠢᠴᠡ ᠣᠨᠴᠠᠯᠢᠭᠲᠤ ᠪᠠᠯᠭᠠᠰᠤ ᠶᠢ ᠡᠬᠦᠳᠦᠨ ᠪᠠᠶᠢᠭᠤᠯᠬᠤ ᠲᠦᠷᠦᠯ ᠵᠦᠢᠯ ᠢ ᠲᠦᠯᠬᠢᠨ ᠠᠬᠢᠭᠤᠯᠬᠤ ᠤᠳᠤᠷᠢᠳᠬᠤ ᠲᠤᠭᠤᠶᠢᠯᠠᠩ ᠢ ᠪᠠᠶᠢᠭᠤᠯᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-06-21
     ᠡᠵᠡᠨ ᠵᠠᠰᠠᠭ ᠠᠯᠪᠠᠨ ᠲᠠᠷᠬᠠᠭᠠᠬᠤ ﹇2019﹈ 4 ᠳ᠋ᠦ᠋ᠭᠡᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠄      ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠲᠣᠭᠳᠠᠭᠰᠠᠨ ᠬᠤᠭᠤᠴᠠᠭᠠᠨ ᠳᠤ ᠮᠣᠷᠢᠨ ᠬᠠᠷᠢᠶᠠᠯᠠᠯ ᠤᠨ ᠠᠮᠢᠳᠠᠨ ᠤ ᠬᠢᠵᠢᠭ ᠡᠪᠡᠳᠴᠢᠨ  ᠦᠬᠡᠢ ᠲᠣᠭᠤᠷᠢᠭ  ᠪᠠᠶᠢᠭᠤᠯᠬᠤ ᠲᠦᠷᠦᠯ ᠵᠦᠢᠯ ᠢ ᠲᠠᠷᠢᠶᠠᠯᠠᠩ ᠮᠠᠯ ᠠᠵᠤ ᠠᠬᠤᠢ ᠶᠢᠨ ᠬᠦᠳᠡᠭᠡ ᠲᠤᠰᠬᠤᠨ ᠤ ᠬᠡᠯᠳᠡᠰ ᠤᠨ ᠵᠦᠪᠰᠢᠶᠡᠷᠡᠯ ᠢᠶᠠᠷ᠂ ︽ᠬᠢᠵᠢᠭ ᠡᠪᠡᠳᠴᠢᠨ ᠦᠬᠡᠢ ᠲᠤᠭᠤᠷᠢᠭ︾᠎ ᠤᠨ ᠪᠦᠳᠦᠭᠡᠨ ᠪᠠᠶᠢᠭᠤᠯᠤᠯᠲᠠ ᠨᠢ ᠮᠠᠨ  ᠬᠤᠰᠢᠭᠤᠨ ᠤ ᠮᠣᠷᠢᠨ ᠦᠢᠯᠡᠰ ᠤᠨ ᠬᠦᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠤᠳᠣᠬᠠᠨ ᠳᠤ ᠶᠠᠭ ᠡᠮᠬᠢ ᠲᠢᠭᠯᠢᠮ ᠲᠠᠢ ᠶᠠᠪᠤᠭᠳᠠᠵᠤ ᠪᠤᠢ᠃ ᠡᠭᠦᠨ ᠤ ᠬᠠᠮᠳᠤ᠂ ᠦᠪᠦᠷ ᠮᠣᠩᠭᠤᠯ ᠤᠨ ᠢ ᠲᠠᠢ ᠳ᠋ᠠ ᠮᠦᠸᠧ ᠮᠣᠷᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠨᠢ ᠤᠯᠠᠨ ᠤᠯᠤᠰ ᠤᠨ ᠮᠣᠷᠢᠨ ᠦᠢᠯᠡᠰ ᠤᠨ ᠰᠣᠶᠣᠯ ᠵᠢᠭᠤᠯᠴᠢᠯᠠᠯ ᠤᠨ ᠦᠪᠡᠷᠮᠢᠴᠡ ᠤᠨᠴᠠᠯᠢᠭᠲᠤ ᠪᠠᠯᠭᠠᠰᠤ ᠶᠢ ᠡᠬᠦᠳᠦᠨ ᠪᠠᠶᠢᠭᠤᠯᠬᠤ ᠪᠠᠷ ᠲᠦᠯᠦᠪᠯᠡᠵᠦ᠂ ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠤᠶᠢᠷ᠎ᠠ ᠬᠠᠪᠢ ᠶᠢᠨ ᠬᠤᠯᠪᠣᠭᠳᠠᠯ ᠪᠦᠬᠦᠢ ᠠᠵᠤ ᠦᠢᠯᠡᠰ ᠤᠨ ᠬᠦᠭᠵᠢᠯᠲᠡ ᠶᠢ ᠲᠠᠭᠠᠭᠤᠯᠤᠨ ᠲᠠᠶᠢᠴᠢᠯᠠᠵᠤ᠂ ᠭᠠᠵᠠᠷ ᠣᠷᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠦᠨ᠂ ᠬᠦᠳᠡᠭᠡ ᠲᠤᠰᠬᠤᠨ ᠢ ᠬᠦᠴᠦᠷᠬᠡᠭᠵᠢᠬᠦᠯᠬᠦ ᠪᠠ ᠬᠤᠲᠠ ᠶᠢᠨ ᠨᠡᠷ᠎ᠡ ᠠᠯᠳᠠᠷᠰᠢᠯ ᠢ ᠲᠡᠭᠡᠭᠰᠢᠯᠡᠬᠦᠯᠬᠦ ᠳᠤ ᠴᠢᠬᠤᠯᠠ ᠠᠴᠢ ᠬᠤᠯᠪᠣᠭᠳᠠᠯ ᠲᠠᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠦᠯᠦᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠣᠳᠣᠯᠣᠯᠲᠠ ᠪᠠᠷ᠂ ᠢ ᠲᠠᠢ ᠳ᠋ᠠ ᠮᠥᠸᠧ ᠣᠯᠠᠨ ᠤᠯᠤᠰ ᠤᠨ ᠮᠣᠷᠢᠨ ᠦᠢᠯᠡᠰ ᠤᠨ ᠰᠣᠶᠣᠯ ᠵᠢᠭᠤᠯᠴᠢᠯᠠᠯ ᠤᠨ ᠦᠪᠡᠷᠮᠢᠴᠡ ᠣᠨᠴᠠᠯᠢᠭᠲᠤ ᠪᠠᠯᠭᠠᠰᠤ ᠶᠢ ᠡᠬᠦᠳᠦᠨ ᠪᠠᠶᠢᠭᠤᠯᠬᠤ ᠲᠦᠷᠦᠯ ᠵᠦᠢᠯ ᠢ ᠲᠦᠯᠬᠢᠨ ᠠᠬᠢᠭᠤᠯᠬᠤ ᠤᠳᠤᠷᠢᠳᠬᠤ ᠲᠤᠭᠤᠶᠢᠯᠠᠩ ᠪᠠᠶᠢᠭᠤᠯᠬᠤ ᠪᠠᠷ ᠰᠢᠢᠳᠪᠡ᠃ ᠲᠣᠬᠢᠷᠠᠭᠤᠯᠤᠯᠲᠠ ᠨᠢ ᠲᠣᠣᠷᠠᠬᠢ ᠮᠡᠲᠦ᠄ᠲᠤᠭᠤᠶᠢᠯᠠᠩ ᠤᠨ ᠲᠠᠷᠤᠭ᠎ᠠ᠄      ᠬᠤᠸᠠ ᠷᠦᠢ ᠹᠸᠡᠭ     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠲᠠᠷᠤᠭ᠎ᠠᠳᠡᠳ᠋  ᠲᠤᠭᠤᠶᠢᠯᠠᠩ ᠤᠨ ᠲᠠᠷᠤᠭ᠎ᠠ᠄        ᠯᠢᠦ ᠬᠤᠸᠠᠢ ᠢᠤᠢ    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠲᠠᠷᠤᠭ᠎ᠠ      ᠶᠠᠨ ᠽᠠᠢ ᠢᠤᠢ          ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠠᠷᠤᠭ᠎ᠠᠪᠠᠶᠢᠩᠭᠤ ᠶᠢᠨ ᠶᠠᠪᠤᠳᠠᠯ ᠤᠨ ᠳᠡᠳ᠋ ᠲᠤᠭᠤᠶᠢᠯᠠᠩ ᠤᠨ ᠲᠠᠷᠤᠭ᠎ᠠ᠄       ᠵᠠᠩ ᠶᠦᠡᠭ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠠᠷᠤᠭ᠎ᠠᠪᠦᠷᠢᠯᠳᠦᠬᠦᠨ ᠬᠡᠰᠢᠬᠦᠳ᠄      ᠯᠢ ᠶᠢᠨ ᠹᠸᠡᠭ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ      ᠰᠣᠶᠣᠯᠲᠤ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠵᠠᠩ ᠹᠦ᠋ ᠵᠢᠶᠦ᠋ᠨ    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠮᠠ ᠪᠢᠨ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠸᠠᠩ ᠰᠡᠴᠡᠨ      ᠠᠯᠳᠠᠨᠰᠢᠷᠡᠭᠡᠳᠤ ᠪᠠᠯᠭᠠᠰᠤ ᠶᠢᠨ ᠲᠠᠷᠤᠭ᠎ᠠ      ᠮᠠ ᠳ᠋ᠦᠡᠭ         ᠤᠯᠠᠭᠠᠨᠮᠥ᠋ᠷᠡᠨ ᠪᠠᠯᠭᠠᠰᠤ ᠶᠢᠨ ᠲᠠᠷᠤᠭ᠎ᠠ      ᠵᠠᠩ ᠸᠧᠢ ᠰᠢᠶᠦ᠋ᠩ      ᠡᠵᠡᠨ ᠬᠤᠷᠤᠭ᠎ᠠ ᠪᠠᠯᠭᠠᠰᠤ ᠶᠢᠨ ᠲᠠᠷᠤᠭ᠎ᠠ      ᠰᠢᠦᠢ ᠵᠢᠶᠠᠨ ᠭᠠᠨᠭ᠌     ᠬᠤᠰᠢᠭᠤᠨ ᠤ ᠦᠭᠡᠷᠡᠴᠢᠯᠡᠯᠲᠡ ᠬᠦᠭᠵᠢᠬᠦᠯᠦᠯᠲᠡ ᠶᠢᠨ ᠲᠣᠪᠴᠢᠶ᠎ᠠ ᠶᠢᠨ ᠲᠠᠷᠤᠭ᠎ᠠ      ᠬᠤ᠋ ᠶᠠᠨ ᠭᠠᠨᠭ᠌       ᠬᠤᠰᠢᠭᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠣᠪᠴᠢᠶ᠎ᠠ ᠶᠢᠨ ᠲᠠᠷᠤᠭ᠎ᠠ      ᠱᠢ ᡁᠢ ᠫᠢᠡᠭ     ᠬᠤᠰᠢᠭᠤᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠲᠦᠯᠦᠪᠵᠢᠬᠦᠯᠭᠡ                      ᠪᠦᠳᠦᠭᠡᠨ ᠪᠠᠶᠢᠭᠤᠯᠤᠯᠲᠠ ᠶᠢᠨ ᠲᠣᠪᠴᠢᠶᠠᠨ ᠤ ᠲᠠᠷᠤᠭ᠎ᠠ      ᠹᠸᠡᠭ ᠭᠤᠸᠠᠩ ᠢ      ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠲᠠᠷᠤᠭ᠎ᠠ      ᠵᠣᠣ ᠬᠠᠢ ᠯᠤ᠋            ᠬᠤᠰᠢᠭᠤᠨ ᠤ ᠤᠢ ᠰᠢᠭᠤᠢ ᠶᠢᠨ ᠲᠣᠪᠴᠢᠶ᠎ᠠ ᠶᠢᠨ ᠲᠠᠷᠤᠭ᠎ᠠ      ᠵᠠᠩ ᡁᠢ ᠵᠢᠶᠦ᠋ᠨ          ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠤᠭ᠎ᠠ      ᠶᠠᠩ ᠹᠸᠢ ᠶᠤᠸᠠᠢ            ᠬᠤᠰᠢᠭᠤᠨ ᠤ ᠲᠦᠯᠦᠪᠵᠢᠬᠦᠯᠭᠡ ᠶᠢᠨ ᠲᠣᠪᠴᠢᠶ᠎ᠠ ᠶᠢᠨ ᠲᠠᠷᠤᠭ᠎ᠠ      ᠴᠧᠨ ᠯᠢ ᠵᠢᠶᠦ᠋ᠨ         ᠬᠤᠰᠢᠭᠤᠨ ᠤ ᠰᠤᠶᠤᠯ ᠤᠨ ᠲᠣᠪᠴᠢᠶᠠᠨ ᠤ ᠲᠠᠷᠤᠭ᠎ᠠ      ᠪᠠᠳᠤᠳᠡᠯᠭᠡᠷ               ᠬᠤᠰᠢᠭᠤᠨ ᠤ ᠪᠡᠶ᠎ᠡ ᠲᠠᠮᠢᠷ ᠤᠨ ᠲᠣᠪᠴᠢᠶᠠᠨ ᠤ ᠲᠠᠷᠤᠭ᠎ᠠᠤᠳᠤᠷᠢᠳᠬᠤ ᠲᠤᠭᠤᠶᠢᠯᠠᠩ ᠤᠨ ᠬᠢᠨ‌ᠢ ᠲᠠᠢ ᠳ᠋ᠠ ᠮᠥᠸᠧ ᠣᠯᠠᠨ ᠤᠯᠤᠰ ᠤᠨ ᠮᠣᠷᠢᠨ ᠦᠢᠯᠡᠰ ᠤᠨ ᠰᠣᠶᠣᠯ ᠵᠢᠭᠤᠯᠴᠢᠯᠠᠯ ᠤᠨ ᠦᠪᠡᠷᠮᠢᠴᠡ ᠣᠨᠴᠠᠯᠢᠭᠲᠤ ᠪᠠᠯᠭᠠᠰᠤ ᠎ ᠶᠢᠨ ᠲᠦᠷᠦᠯ ᠵᠦᠢᠯ ᠪᠦᠳᠦᠭᠡᠨ ᠪᠠᠶᠢᠭᠤᠯᠤᠯᠲᠠ  ᠶᠢ ᠨᠢᠭᠡᠳᠦᠯᠳᠡᠢ ᠲᠦᠯᠦᠪᠯᠡᠵᠤ ᠬᠠᠷᠢᠭᠤᠴᠠᠨ᠂ ᠲᠤᠭᠳᠠᠭᠰᠠᠨ ᠴᠠᠭ ᠲᠤ ᠲᠤᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠲᠦᠷᠦᠯ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠣᠷᠣᠰᠢᠵᠤ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠤᠳᠤᠷᠢᠳᠬᠤ ᠲᠤᠭᠤᠶᠢᠯᠠᠩ ᠤᠨ ᠬᠢᠨ ᠲᠤᠰᠬᠠᠢ ᠠᠯᠪᠠᠨ ᠭᠡᠷ ᠲᠣᠬᠢᠷᠠᠭᠤᠯᠵᠤ᠂ ᠠᠯᠪᠠᠨ ᠭᠡᠷ ᠎ ᠢ ᠬᠤᠰᠢᠭᠤᠨ ᠤ ᠲᠦᠯᠦᠪᠵᠢᠬᠦᠯᠭᠡ ᠶᠢᠨ ᠲᠣᠪᠴᠢᠶᠠᠨ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠶᠠᠩ ᠹᠸᠢ ᠶᠤᠸᠠᠢ ᠨᠦᠬᠦᠷ ᠬᠠᠪᠰᠤᠷᠭᠠᠨ ᠡᠬᠦᠷᠭᠡᠯᠡᠵᠤ᠂ ᠳᠡᠳ᠋ ᠡᠷᠬᠢᠯᠡᠭᠴᠢ ᠶᠢ ᠯᠤ᠋ ᠪᠢᠨ ᠰᠢᠨ᠂ ᠱᠠᠨ ᠵᠢᠶᠦ᠋ᠨ ᠭᠠᠨᠭ᠌᠂ ᠯᠢᠦ ᠮᠸᠡᠭ  ᠬᠠᠪᠰᠤᠷᠭᠠᠨ ᠬᠠᠷᠢᠭᠤᠴᠠᠵᠤ᠂ ᠠᠵᠢᠯᠳᠠᠨ ᠢ ᠬᠤᠯᠪᠤᠭᠳᠠᠯ ᠪᠦᠬᠦᠢ ᠪᠠᠶᠢᠭᠤᠯᠭ᠎ᠠ ᠠᠴᠠ ᠰᠣᠩᠭᠤᠨ ᠠᠵᠢᠯᠯᠠᠭᠤᠯᠵᠤ᠂ ᠶᠡᠷᠦᠯᠬᠡᠶᠢᠯᠡᠨ ᠵᠣᠬᠢᠴᠠᠭᠤᠯᠬᠤ ᠬᠢᠭᠡᠳ ᠪᠣᠰᠣᠳ ᠠᠵᠢᠯ ᠢ ᠪᠤᠳᠠᠳᠠᠢ ᠬᠠᠷᠢᠭᠤᠴᠠᠨ᠎ᠠ᠃ ᠬᠤᠵᠢᠮ ᠬᠤᠰᠢᠭᠤᠨ ᠤ ᠣᠳᠣᠷᠢᠳᠣᠯᠭ᠎ᠠ ᠠᠴᠠ ᠪᠣᠰᠣᠳ ᠬᠡᠰᠢᠬᠦᠨ ᠬᠤᠪᠢᠷᠠᠯᠲᠡ ᠭᠠᠷᠬᠤ ᠦᠶᠡᠰ᠂ ᠲᠤᠬᠠᠶᠢᠯᠠᠭᠰᠠᠨ ᠵᠠᠰᠠᠭ ᠵᠠᠬᠢᠷᠭᠠᠨ ᠤ ᠲᠤᠰᠢᠶᠠᠯ ᠢ ᠣᠷᠣᠯᠠᠭᠴᠢ ᠠᠴᠠ ᠬᠠᠮᠢᠶ᠎ᠠ ᠪᠦᠬᠦᠢ ᠠᠵᠢᠯ ᠢ ᠬᠠᠷᠢᠭᠤᠴᠠᠨ ᠬᠢᠵᠦ᠂ ᠲᠤᠰᠬᠠᠢ ᠮᠡᠳᠡᠭᠳᠡᠯ ᠪᠠᠭᠤᠯᠭᠠᠬᠤ ᠦᠬᠡᠢ᠃                          ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠡᠨ ᠬᠡᠷ                                       2019 ᠣᠨ ᠤ 2ᠰᠠᠷ᠎ᠠ ᠶᠢᠨ11᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号