500 ᠲᠦᠮᠡ ᠠᠴᠠ ᠲᠡᠭᠡᠭᠰᠢ ᠲᠤᠭᠳᠠᠮᠠᠯ ᠬᠦᠷᠦᠩᠭᠡ ᠲᠠᠢ ᠪᠡᠯᠡ ᠣᠷᠣᠭᠤᠯᠬᠤ ᠲᠦᠷᠦᠯ ᠵᠦᠢᠯ ᠤᠨ ᠪᠠᠶᠢᠳᠠᠯ ᠢ ᠮᠡᠳᠡᠬᠦᠯᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-06-21
ᠡᠵᠡᠨ ᠵᠠᠰᠠᠭ ᠠᠯᠪᠠᠨ ᠲᠠᠷᠬᠠᠭᠠᠬᠤ ﹇2019﹈ 9 ᠳ᠋ᠦ᠋ᠭᠡᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ᠄      ᠪᠦᠬᠦ ᠬᠤᠰᠢᠭᠤᠨ ᠤ ᠲᠤᠭᠳᠠᠮᠠᠯ ᠡᠳ᠋ ᠬᠦᠷᠦᠩᠭᠡ ᠶᠢᠨ ᠪᠡᠯᠡ ᠣᠷᠣᠭᠤᠯᠣᠯᠲᠠ ᠶᠢᠨ ᠪᠦᠷᠢᠳᠭᠡᠯ ᠤᠨ ᠠᠵᠢᠯ ᠢ ᠤᠯᠠᠮ ᠴᠢᠩᠭᠠᠳᠬᠠᠵᠤ᠂ ᠲᠤᠭᠳᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠪᠦᠷᠢᠳᠭᠡᠯ ᠤᠨ ᠠᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠶᠢᠨ ᠲᠦᠯᠦᠭᠡ᠂ ᠦᠨᠡᠨᠬᠦ ᠪᠦᠬᠦ ᠬᠤᠰᠢᠭᠤᠨ ᠤ ᠲᠤᠭᠳᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠲᠦᠷᠦᠯ ᠵᠦᠢᠯ ᠢ ︽ᠪᠦᠷᠢᠳᠭᠡᠵᠤ ᠪᠣᠯᠬᠤ ᠶᠢ ᠪᠦᠬᠦᠳᠡ ᠶᠢ ᠪᠦᠷᠢᠳᠭᠡᠨ᠂ ᠲᠠᠪᠳᠠᠬᠤ ᠦᠬᠡᠢ ᠭᠡᠭᠡᠭᠳᠡᠬᠦᠯᠬᠦ ᠦᠬᠡᠢ︾ ᠪᠠᠶᠢᠯᠭᠠᠵᠤ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ︾ ᠪᠣᠯᠣᠨ ᠬᠤᠯᠪᠣᠭᠳᠠᠯ ᠪᠦᠬᠦᠢ ᠲᠤᠭ᠎ᠠ ᠪᠦᠷᠢᠳᠭᠡᠯ ᠤᠨ ᠳᠦᠷᠢᠮ ᠲᠤᠭᠳᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠡᠭᠡᠳᠦ ᠱᠠᠳᠤᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠤᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ᠂ ᠣᠳᠣ500 ᠲᠦᠮᠡ ᠠᠴᠠ ᠲᠡᠭᠡᠭᠰᠢ ᠲᠤᠭᠳᠠᠮᠠᠯ ᠬᠦᠷᠦᠩᠭᠡ ᠲᠠᠢ ᠪᠡᠯᠡ ᠣᠷᠣᠭᠤᠯᠣᠯᠲᠠ ᠶᠢᠨ ᠲᠦᠷᠦᠯ ᠵᠦᠢᠯ ᠤᠨ ᠲᠤᠬᠠᠢ ᠬᠤᠯᠪᠤᠭᠳᠠᠯ ᠪᠦᠬᠦᠢ ᠣᠴᠢᠷ ᠶᠠᠪᠤᠳᠠᠯ ᠢ ᠮᠡᠳᠡᠭᠳᠡᠬᠦ ᠨᠢ᠄       ᠨᠢᠭᠡ ᠳᠤ᠂ ᠲᠤᠭ᠎ᠠ ᠪᠦᠷᠢᠳᠭᠡᠯ ᠤᠨ ᠮᠡᠳᠡᠬᠦᠯᠬᠦ ᠬᠦᠷᠢᠶ᠎ᠡ ᠬᠡᠪᠴᠢᠶ᠎ᠡ       ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠨᠠᠮ ᠤᠨ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠬᠢᠭᠡᠳ ᠪᠣᠰᠣᠳ‌ᠭᠤᠤᠯ  ᠴᠤᠭᠴᠠᠲᠤ ᠪᠡᠯᠡ ᠣᠷᠣᠭᠤᠯᠣᠯᠲᠠ ᠶᠢᠨ ᠪᠠᠷᠢᠯᠭ᠎ᠠ ᠪᠠ ᠲᠣᠭᠳᠠᠮᠠᠯ ᠬᠦᠷᠦᠩᠭᠡ ᠬᠤᠳᠠᠯᠳᠤᠨ ᠠᠪᠬᠤ ᠠᠵᠤ ᠠᠬᠤᠢ ᠶᠢᠨ ᠠᠵᠢᠯᠯᠠᠭ᠎ᠠ᠂ ᠪᠤᠳᠠᠳᠠᠢ ᠳᠤ ᠪᠠᠷᠢᠯᠭ᠎ᠠ ᠶᠢᠨ ᠲᠦᠷᠦᠯ ᠵᠦᠢᠯ᠂ ᠤᠭᠰᠠᠷᠠᠬᠤ ᠲᠦᠷᠦᠯ ᠵᠦᠢᠯ᠂ ᠲᠣᠨᠤᠭ ᠲᠦᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠵᠡᠷᠭᠡ ᠶᠢ ᠪᠠᠭᠳᠠᠭᠠᠵᠤ᠂ ᠵᠢᠱᠢᠶᠡᠯᠡᠪᠡᠯ ᠭᠡᠷ ᠪᠠᠶᠢᠰᠢᠩ᠂ ᠪᠠᠷᠢᠯᠭ᠎ᠠ ᠶᠢᠨ ᠵᠦᠢᠯ᠂ ᠵᠠᠮ ᠂ ᠨᠤᠭᠤᠭᠠᠷᠠᠭᠤᠯᠤᠯᠲᠠ᠂ ᠬᠤᠭᠤᠯᠠᠢ ᠲᠤᠤᠷ ᠬᠢᠭᠡᠳ ᠬᠤᠳᠳᠤᠭ ᠤᠨ ᠲᠤᠤᠷᠠᠬᠢ ᠪᠠᠷᠢᠯᠭ᠎ᠠ ᠵᠡᠷᠭᠡ᠂ ᠪᠦᠷᠢᠳᠭᠡᠬᠦ ᠬᠦᠷᠢᠶ᠎ᠡ ᠬᠡᠪᠴᠢᠶ᠎ᠡ ᠨᠢ500 ᠲᠦᠮᠡ ᠠᠴᠠ ᠲᠡᠭᠡᠭᠰᠢ ᠪᠡᠯᠡ ᠤᠷᠤᠭᠤᠯᠤᠭᠰᠠᠨ ᠲᠦᠷᠦᠯ ᠵᠦᠢᠯ᠂ ᠡᠭᠦᠨ ᠤ ᠲᠤᠳᠤᠷ᠎ᠠ ᠬᠤᠳᠳᠤᠭ ᠤᠨ ᠲᠤᠤᠷ᠎ᠠ ᠬᠤᠭᠤᠯᠠᠢ ᠵᠠᠮ ᠤᠨ ᠬᠡᠷᠡᠭᠯᠡᠬᠦ ᠴᠠᠭ ᠬᠤᠭᠤᠴᠠᠭ᠎ᠠ ᠨᠢ ᠨᠢᠭᠡ ᠵᠢᠯ ᠠᠴᠠ ᠲᠡᠭᠡᠭᠰᠢ ᠪᠠᠶᠢᠬᠤ ᠬᠡᠷᠡᠭᠳᠡᠢ᠃       ᠬᠤᠶᠠᠷ᠂ ᠲᠤᠭ᠎ᠠ ᠪᠦᠷᠢᠳᠭᠡᠯ  ᠤᠨ ᠮᠡᠳᠡᠬᠦᠯᠬᠦ ᠱᠠᠭᠠᠷᠳᠠᠯᠭ᠎ᠠ᠄      ︵ᠨᠢᠭᠡ︶ ᠡᠯ᠎ᠡ ᠪᠠᠶᠢᠭᠤᠯᠭ᠎ᠠ ᠡᠷᠬᠡᠪᠰᠢ ᠲᠤᠭᠳᠠᠮᠠᠯ ᠬᠦᠷᠦᠩᠭᠡ ᠶᠢᠨ ᠲᠤᠭ᠎ᠠ ᠪᠦᠷᠢᠳᠭᠡᠯ ᠤᠨ ᠠᠵᠢᠯ ᠢ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠢ ᠰᠤᠷᠤᠯᠴᠠᠬᠤ ᠶᠢᠨ ᠬᠠᠮᠳᠤ ᠲᠤᠭᠳᠠᠮᠠᠯ ᠬᠦᠷᠦᠩᠭᠡ ᠶᠢᠨ ᠲᠤᠭ᠎ᠠ ᠪᠦᠷᠢᠳᠭᠡᠯ ᠤᠨ ᠠᠵᠢᠯ ᠤᠨ ᠡᠯ᠎ᠡ ᠵᠦᠢᠯ ‍ᠤᠨ‌‍ᠲ᠋ᠦ᠋ᠷᠢᠮ ᠲᠤᠭᠳᠠᠭᠠᠯ ᠢ ᠰᠢᠰᠲ᠋ᠧᠮ ᠲᠠᠢ ᠣᠶᠢᠯᠠᠭᠠᠵᠤ᠂ ᠲᠤᠭᠳᠠᠮᠠᠯ ᠬᠦᠷᠦᠩᠭᠡ ᠶᠢᠨ ᠲᠤᠭ᠎ᠠ ᠪᠦᠷᠢᠳᠭᠡᠯ ᠤᠨ ᠬᠦᠷᠢᠶ᠎ᠡ ᠬᠡᠪᠴᠢᠶ᠎ᠡ ᠪᠠ ᠮᠡᠳᠡᠬᠦᠯᠬᠦ ᠱᠠᠭᠠᠷᠳᠠᠯᠭ᠎ᠠ ᠶᠢ ᠲᠤᠳᠤᠷᠬᠠᠶᠢᠯᠠᠨ᠂ ᠲᠤᠭ᠎ᠠ ᠪᠦᠷᠢᠳᠭᠡᠯ ᠤᠨ ᠠᠵᠢᠯ ᠤᠨ ᠳᠦᠷᠢᠮ ᠢ ᠪᠦᠷᠢᠨ ᠲᠦᠬᠦᠷᠰᠢᠬᠦᠯᠵᠤ᠂ ᠬᠤᠪᠢᠶᠠᠷᠢᠯᠠᠨ ᠬᠠᠷᠢᠭᠤᠴᠠᠬᠤ ᠤᠳᠤᠷᠢᠳᠤᠯᠭ᠎ᠠ ᠪᠠᠨ ᠲᠤᠳᠤᠷᠬᠠᠶᠢᠯᠠᠨ᠂ ᠲᠤᠰᠬᠠᠢ ᠬᠦᠮᠦᠨ ᠬᠠᠷᠢᠭᠤᠴᠠᠵᠤ᠂ ᠲᠤᠭ᠎ᠠ ᠪᠦᠷᠢᠳᠭᠡᠯ ᠤᠨ ᠠᠵᠢᠯᠲᠠᠨ ᠤ ᠳᠣᠭᠲᠠᠪᠤᠷᠢ ᠲᠠᠢ ᠪᠠᠶᠢᠬᠤ ᠶᠢ ᠪᠠᠳᠤᠯᠠᠨ᠎ᠠ᠃      ︵ᠬᠤᠶᠠᠷ︶ ︽ᠲᠤᠭ᠎ᠠ ᠪᠦᠷᠢᠳᠭᠡᠯ ᠤᠨ ᠬᠠᠤᠯᠢ︾ ᠪᠣᠯᠣᠨ ᠤᠯᠤᠰ ᠤᠨ ᠬᠠᠮᠢᠶ᠎ᠠ ᠪᠦᠬᠦᠢ ᠳᠤᠷᠢᠮ‌‍ᠲ᠋ᠤᠭᠲᠠᠭᠠᠯ ᠢ ᠴᠢᠩᠭ᠎ᠠ ᠪᠠᠷᠢᠮᠳᠠᠯᠠᠨ᠂ ᠣᠨᠣᠪᠴᠢᠳᠠᠢ᠂ ᠪᠦᠷᠢᠨ ᠪᠦᠳᠦᠨ᠂ ᠴᠠᠭ ᠲᠠᠷᠤᠢ ᠳᠤᠨᠢ 2019 ᠣᠨ ᠤ ᠰᠢᠨ᠎ᠡ ᠪᠠ ᠤᠤᠯ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠭᠰᠠᠨ ᠲᠦᠷᠦᠯ ᠵᠦᠢᠯ ᠤᠨ ᠬᠠᠮᠢᠶ᠎ᠠ ᠪᠦᠬᠦᠢ ᠪᠠᠶᠢᠳᠠᠯ ᠢ ᠪᠦᠷᠢᠳᠭᠡᠨ᠂ ᠪᠡᠯᠡ ᠤᠷᠤᠭᠤᠯᠤᠭᠰᠠᠨ ᠲᠦᠷᠦᠯ ᠵᠦᠢᠯ ᠢ ᠪᠦᠬᠦᠳᠡ ᠶᠢ ᠪᠦᠷᠢᠳᠭᠡᠨ᠂ ᠲᠤᠭ᠎ᠠ ᠪᠠᠷᠢᠮᠲᠠ ᠦᠨᠡᠨ ᠮᠦᠷᠳᠡᠭᠡᠨ ᠬᠦᠴᠦᠨ ᠲᠠᠢ ᠪᠠᠶᠢᠬᠤ ᠶᠢ ᠪᠠᠳᠤᠯᠠᠨ᠎ᠠ᠃      ︵ᠭᠤᠷᠪᠠ︶ ᠡᠯ᠎ᠡ ᠵᠦᠢᠯ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠨᠢ ᠨᠠᠷᠢᠨ‌ᠡᠮᠬᠢᠳᠭᠡᠯ ᠪᠠ ᠬᠢᠨᠠᠨ ᠰᠢᠯᠭᠠᠯᠲᠠ ᠶᠢ ᠦᠩᠭᠡᠷᠡᠭᠡᠭᠰᠡᠨ ᠤ ᠲᠠᠷᠠᠭ᠎ᠠ᠂ ︽ᠲᠤᠭᠳᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠲᠦᠷᠦᠯ ᠵᠦᠢᠯ ᠤᠨ ᠪᠠᠶᠢᠳᠠᠯ ᠤᠨ ᠬᠦᠰᠦᠨᠦᠭ︾᠎ ᠤᠨ ᠱᠠᠭᠠᠷᠳᠠᠯᠭ᠎ᠠ ᠶᠣᠰᠣᠭᠠᠷ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶᠠᠨ ᠳᠤ ᠮᠡᠳᠡᠬᠦᠯᠵᠦ᠂ ᠬᠠᠮᠳᠤ ᠳᠤᠨᠢ ᠬᠤᠯᠪᠤᠭᠳᠠᠯ ᠪᠦᠬᠦᠢ ᠬᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠬᠠᠩᠭᠠᠨ ᠦᠭᠴᠦ᠂ ᠵᠢᠱᠢᠶᠡᠯᠡᠪᠡᠯ ᠲᠦᠷᠦᠯ ᠵᠦᠢᠯ ᠶᠢ ᠲᠤᠭᠳᠠᠭᠠᠭᠰᠠᠨ ᠪᠢᠴᠢᠭ ᠮᠠᠲ᠋ᠧᠷᠢᠶᠠᠯ᠂ ᠪᠠᠷᠢᠯᠭ᠎ᠠ ᠬᠢᠬᠦ ᠭᠡᠷ᠎ᠡ᠂ ᠲᠤᠬᠠᠢ ᠶᠢᠨ ᠲᠠᠯᠠᠪᠠᠢ ᠶᠢᠨ ᠰᠡᠬᠦᠳᠡᠷ ᠵᠡᠷᠭᠡ᠂ ᠡᠬᠦᠨ ᠠᠴᠠ ᠭᠠᠳᠠᠨ᠎ᠠ ᠲᠤᠰ ᠵᠢᠯ᠂ ᠲᠤᠰ ᠰᠠᠷ᠎ᠠ ᠶᠢᠨ ᠨᠢᠭᠡᠨᠲᠡ ᠪᠡᠶᠡᠯᠡᠬᠦᠯᠦᠭᠰᠡᠨ ᠪᠡᠯᠡ ᠣᠷᠣᠭᠤᠯᠤᠭᠰᠠᠨ ᠲᠣᠭᠠᠨ ᠤ ᠪᠠᠷᠢᠮᠲᠠ ᠶᠢ ᠰᠠᠶᠢᠲᠤᠷ ᠬᠠᠳᠠᠭᠠᠯᠠᠨ᠂ ᠡᠭᠦᠨ ᠤ ᠲᠠᠷᠠᠭ᠎ᠠ᠂ ᠭᠠᠷᠠᠭ ᠪᠦᠷᠢ ᠶᠢᠨ ᠭᠠᠷᠠᠭ ᠤᠨ ᠲᠦᠷᠪᠡᠨ ᠤ ᠦᠳᠡ ᠶᠢᠨ ᠡᠮᠦᠨ᠎ᠡ ᠎ ᠤ10 ᠴᠠᠭ ᠡᠴᠡ‌ᠡᠮᠦᠨ᠎ᠡ ᠪᠡᠯᠡ ᠣᠷᠣᠭᠤᠯᠣᠭᠰᠠᠨ ᠲᠦᠷᠦᠯ ᠵᠦᠢᠯ ᠤᠨ ᠠᠬᠢᠴᠡ ᠶᠢᠨ ᠪᠠᠶᠢᠳᠠᠯ ᠢ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ ᠳᠤ ᠮᠡᠳᠡᠬᠦᠯᠦᠨ᠎ᠡ᠃       ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶᠠᠨ ᠤ ᠬᠠᠷᠢᠯᠴᠠᠬᠤ ᠬᠦᠮᠦᠨ᠄ ᠭᠤᠣ ᠯᠢᠨ ᠵᠢᠶᠦ᠋ᠨ             ᠬᠠᠷᠢᠯᠴᠠᠬᠤ ᠤᠳᠠᠰᠤ᠄8969438     13634771700        ᠢᠮᠧᠯ᠄ 305364983 @qq.com       ᠲᠠᠭᠠᠯᠳᠤᠭᠤᠯᠤᠯ᠄ ᠲᠤᠭᠳᠠᠮᠠᠯ ᠬᠦᠷᠦᠩᠭᠡ ᠶᠢᠨ ᠪᠡᠯᠡ ᠤᠷᠤᠯᠤᠭᠤᠯᠤᠲᠠ ᠶᠢᠨ ᠪᠠᠶᠢᠳᠠᠯ ᠤᠨ ᠭᠠᠷᠠᠭ ᠤᠨ ᠮᠡᠳᠡᠬᠦᠯᠦᠯᠲᠡ ᠶᠢᠨ ᠬᠦᠰᠦᠨᠦᠭ                          ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠡᠨ ᠬᠡᠷ                                       2019 ᠣᠨ ᠤ 3ᠰᠠᠷ᠎ᠠ ᠶᠢᠨ12᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号