ᠱᠧᠨ ᠳ᠋ᠦᠩ ᠨᠡᠬᠦᠷᠡᠰᠦᠨ ᠪᠦᠯᠦᠭᠯᠡᠯ ᠤᠨ ᠪᠦᠯᠢᠶᠡᠨ ᠲᠠᠯ᠎ᠠ ᠨᠡᠬᠦᠷᠡᠰᠦᠨ ᠠᠭᠤᠷᠬᠠᠢ ᠶᠢᠨ ᠪᠠᠴᠢᠮ ᠪᠠᠶᠢᠳᠠᠯ ᠎ ᠢ ᠠᠷᠭᠠᠴᠠᠭᠠᠬᠤ ᠤᠰᠤ ᠶᠢ ᠭᠠᠳᠠᠭᠰᠢᠯᠠᠭᠤᠯᠦᠨ ᠰᠢᠢᠳᠪᠦᠷᠢᠯᠡᠬᠦ ᠬᠤᠯᠪᠤᠭᠳᠠᠯ ᠪᠦᠬᠦᠢ ᠪᠠᠶᠢᠳᠠᠯ ᠤᠨ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2019-06-21
ᠡᠵᠡᠨ ᠵᠠᠰᠠᠭ ᠲᠠᠷᠬᠠᠭᠠᠬᠤ ﹇2019﹈ 12 ᠳ᠋ᠤᠭᠠᠷ ᠲᠤᠭᠠᠳᠤ ᠤᠯᠠᠭᠠᠨᠮᠦ᠋ᠷᠡᠨ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠵᠠᠰᠠᠠᠭ ᠤᠨ ᠤᠷᠳᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠄       2019 ᠤᠨ ᠤ 2 ᠰᠠᠷ᠎ᠠ ᠶᠢᠨ 3᠎ ᠤ ᠡᠳᠦᠷ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠨ ᠲᠠᠮᠵᠢᠭᠤᠯᠤᠭᠰᠠᠨ ︽ᠪᠦᠯᠢᠶᠡᠨ ᠲᠠᠯ᠎ᠠ ᠨᠡᠬᠦᠷᠡᠰᠦᠨ ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠶᠢ ᠭᠠᠳᠠᠭᠰᠢᠯᠠᠭᠤᠯᠬᠤ ᠲᠤᠬᠠᠢ ᠱᠧᠨ ᠳ᠋ᠦᠩ ᠨᠡᠬᠦᠷᠡᠰᠦᠨ ᠪᠦᠯᠦᠭᠯᠡᠯ ᠤᠨ ᠮᠡᠳᠡᠬᠦᠯᠦᠯᠳᠡ︾ ᠎ ᠶᠢᠨ ᠪᠢᠴᠢᠭ ᠮᠠᠲ᠋ᠧᠷᠢᠶᠠᠯ ᠢ ᠤᠶᠢᠯᠠᠭᠠᠨ ᠮᠡᠳᠡᠭᠰᠡᠨ ᠤ ᠲᠠᠷᠠᠭ᠎ᠠ᠂ᠬᠤᠰᠢᠭᠤᠨ ᠤ ᠠᠷᠠᠳ ᠤᠨ ᠵᠠᠰᠠᠭ ᠤᠨ ᠤᠷᠳᠤᠨ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠴᠠᠭ ᠲᠠᠷᠤᠢ ᠳᠤᠨᠢ ᠴᠤᠭᠯᠠᠭᠤᠯᠤᠨ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠡ᠂ ᠤᠳᠤ ᠬᠠᠮᠢᠶ᠎ᠠ ᠪᠦᠬᠦᠢ ᠤᠴᠢᠷ ᠢ ᠲᠤᠤᠷᠠᠬᠢ ᠮᠡᠳᠦ ᠮᠡᠳᠡᠭᠳᠡᠶ᠎ᠡ᠄      ᠨᠢᠬᠡ ᠳᠤ᠂ ᠲᠡᠬᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠬᠤᠸᠠ ᠷᠦᠢ ᠹᠧᠩ ᠲᠤᠭᠤᠶᠢᠯᠠᠩ ᠤᠨ ᠲᠠᠷᠤᠭ᠎ᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠲᠡᠳ᠋ ᠲᠠᠷᠤᠭ᠎ᠠ ᠯᠢᠦ ᠬᠤᠸᠠᠢ ᠢᠦᠢ ᠪᠠ ᠬᠤᠰᠢᠭᠤ ᠲᠡᠳ᠋ ᠲᠠᠷᠤᠭ᠎ᠠ ᠵᠠᠩ ᠶᠦᠩ ᠲᠡᠳ᠋ ᠲᠤᠭᠤᠶᠢᠯᠠᠩ ᠤᠨ ᠲᠠᠷᠤᠭ᠎ᠠ ᠪᠤᠯᠵᠤ᠂ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ᠂ ᠨᠡᠬᠦᠷᠡᠰᠦᠨ ᠤ ᠲᠤᠪᠴᠢᠶ᠎ᠠ᠂ ᠤᠰᠤᠨ ᠠᠰᠢᠭᠯᠠᠯᠳᠠ ᠶᠢᠨ ᠲᠤᠪᠴᠢᠶ᠎ᠠ᠂ ᠤᠯᠠᠭᠠᠨᠮᠦ᠋ᠷᠡᠨ ᠪᠠᠯᠭᠠᠰᠤ ᠵᠡᠷᠬᠡ ᠬᠤᠯᠪᠤᠭᠳᠠᠯ ᠪᠦᠬᠦᠢ ᠨᠢᠬᠡᠴᠡ ᠶᠢᠨ ᠬᠠᠷᠢᠭᠤᠴᠠᠯᠭᠠᠳᠠᠨ ᠬᠡᠰᠢᠬᠦᠨ ᠪᠤᠯᠤᠭᠰᠠᠨ ᠲᠤᠰᠬᠠᠢ ᠲᠦᠷᠦᠯ ᠤᠨ ᠠᠵᠢᠯ ᠤᠨ ᠲᠤᠭᠤᠶᠢᠯᠠᠩ ᠢ ᠪᠠᠶᠢᠭᠤᠯᠪᠠ᠃ ᠡᠯ᠎ᠡ ᠬᠤᠯᠪᠤᠭᠳᠠᠯ ᠪᠦᠬᠦᠢ ᠤᠳᠤᠷᠢᠳᠤᠯᠭ᠎ᠠ ᠪᠠ ᠰᠠᠯᠠᠭ᠎ᠠ ᠮᠦᠴᠢᠷ ᠡᠷᠬᠡᠪᠰᠢ ᠦᠪᠡᠷ ᠤᠨ ᠬᠤᠪᠢᠳᠠᠨ ᠬᠠᠮᠢᠶᠠᠷᠤᠯᠳᠠ ᠪᠠ ᠬᠢᠨᠠᠨ ᠬᠠᠮᠢᠶᠠᠷᠬᠤ ᠡᠬᠦᠷᠬᠡ ᠬᠠᠷᠢᠭᠤᠴᠠᠯᠭ᠎ᠠ ᠪᠠᠨ ᠦᠨᠳᠦᠰᠦᠯᠡᠨ᠂ ᠪᠦᠬᠦ ᠬᠦᠴᠤ ᠪᠠᠷ ᠬᠤᠯᠪᠤᠭᠳᠠᠯ ᠪᠦᠬᠦᠢ ᠠᠵᠢᠯ ᠢᠶᠠᠨ ᠰᠠᠶᠢᠳᠤᠷ ᠬᠢᠬᠦ ᠴᠢᠬᠤᠯᠠᠳᠠᠢ᠃      ᠬᠤᠶᠠᠷ ᠲᠤ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠲᠦᠪ ᠴᠢᠩᠭ᠎ᠠ ᠪᠠᠷ ᠨᠠᠶᠢᠳᠠᠪᠤᠷᠵᠢᠭᠤᠯᠤᠨ᠎ᠠ᠃ ᠱᠧᠨ ᠳ᠋ᠦᠩ ᠨᠡᠬᠦᠷᠡᠰᠦᠨ ᠪᠦᠯᠦᠭᠯᠡᠯ ᠬᠠᠤᠯᠢ ᠶᠤᠰᠤᠭᠠᠷ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠰᠠᠶᠢᠳᠤᠷ ᠡᠬᠦᠷᠬᠡᠯᠡᠨ᠎ᠡ᠃ ᠨᠢᠬᠡ ᠳᠤ᠂ ᠨᠡᠬᠦᠷᠡᠰᠦᠨ ᠠᠭᠤᠷᠬᠠᠢ ᠶᠢᠨ ᠠᠶᠤᠯᠬᠦᠢ ᠦᠢᠯᠡᠳᠪᠦᠷᠢᠯᠡᠯ ᠢ ᠪᠠᠳᠤᠯᠠᠨ᠎ᠠ᠃ ᠱᠧᠨ ᠳ᠋ᠦᠩ ᠨᠡᠬᠦᠷᠡᠰᠦᠨ ᠪᠦᠯᠦᠭᠯᠡᠯ ᠠᠴᠠ ᠵᠠᠷᠯᠢᠭᠳᠡᠨ ᠨᠡᠬᠦᠷᠡᠰᠦᠨ ᠠᠭᠤᠷᠬᠠᠢ ᠴᠠᠭ ᠲᠠᠷᠤᠢ ᠳᠤᠨᠢ ᠦᠢᠯᠡᠳᠪᠦᠷᠢᠯᠡᠯ ᠢᠶᠠᠨ ᠵᠤᠭᠰᠠᠭᠠᠵᠤ ᠠᠵᠢᠯᠴᠢᠨ ᠢ ᠲᠠᠷᠬᠠᠭᠠᠵᠤ᠂ ᠨᠡᠬᠦᠷᠡᠰᠦᠨ ᠠᠭᠤᠷᠬᠠᠢ ᠶᠢᠨ ᠠᠵᠢᠯᠳᠠᠨ ᠪᠠ ᠡᠳ᠋ ᠬᠦᠷᠦᠩᠬᠡ ᠶᠢᠨ ᠠᠮᠦᠷ ᠲᠦᠪᠰᠢᠨ ᠢ ᠪᠠᠳᠤᠯᠠᠨ᠎ᠠ᠃ ᠬᠤᠶᠠᠷ ᠲᠤ᠂ ᠬᠠᠤᠯᠢ ᠴᠠᠭᠠᠵᠠ ᠬᠠᠤᠯᠢ ᠲᠦᠷᠢᠮ ᠢᠶᠠᠷ ᠰᠢᠢᠳᠪᠦᠷᠢᠯᠡᠨ᠎ᠡ᠃ ᠱᠧᠨ ᠳ᠋ᠦᠩ ᠨᠡᠬᠦᠷᠡᠰᠦᠨ ᠤ ᠪᠦᠯᠦᠭᠯᠡᠯ ᠠᠮᠦᠷ ᠲᠦᠪᠰᠢᠨ ᠤ ᠬᠡᠷᠡᠭ ᠤᠴᠢᠷ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠪᠠ ᠤᠷᠴᠢᠨ ᠲᠤᠭᠤᠷᠢᠨ ᠤ ᠪᠤᠬᠢᠷᠳᠤᠯ ᠢ ᠭᠠᠳᠠᠭᠰᠢᠯᠠᠭᠤᠯᠬᠤ ᠴᠢᠬᠤᠯᠠ ᠶᠡᠭᠡ ᠬᠡᠮ ᠰᠤᠭᠤᠭ ᠤᠨ ᠬᠤᠯᠪᠤᠭᠳᠠᠯ ᠪᠦᠬᠦᠢ ᠲᠦᠰᠦᠯ ᠵᠢᠴᠢ ᠱᠧᠨ ᠳ᠋ᠦᠩ ᠤᠨ ᠨᠡᠬᠦᠷᠡᠰᠦᠨ ᠠᠭᠤᠷᠬᠠᠢ ᠶᠢᠨ ᠤᠷᠴᠢᠨ ᠲᠤᠭᠤᠷᠢᠨ ᠤ ᠦᠨᠡᠨᠯᠠᠨ ᠲᠤᠭᠳᠠᠭᠠᠯᠳᠠ ᠶᠢᠨ ᠴᠤᠬᠤᠯᠠᠪᠤᠷᠢᠯᠠᠯ ᠤᠨ ᠲᠦᠰᠦᠯ ᠢ ᠦᠨᠳᠦᠰᠦᠯᠡᠨ ᠲᠤᠰ ᠤᠳᠠᠭᠠᠨ ᠤ ᠠᠭᠤᠷᠬᠠᠢ ᠶᠢᠨ ᠬᠤᠳᠳᠤᠭ ᠤᠨ ᠤᠰᠤ ᠤᠨᠳᠤᠷᠠᠬᠤ ᠬᠡᠷᠡᠭ ᠢ ᠴᠢᠩᠭ᠎ᠠ᠂ ᠡᠯ᠎ᠡ ᠲᠦᠷᠦᠯ ᠤᠨ ᠠᠶᠤᠯᠬᠦᠢ ᠦᠢᠯᠡᠳᠪᠦᠷᠢᠯᠡᠯ᠂ ᠤᠷᠴᠢᠨ ᠲᠤᠭᠤᠷᠢᠨ ᠢ ᠬᠠᠮᠠᠭᠠᠯᠠᠬᠤ ᠰᠡᠷᠬᠡᠶᠢᠯᠡᠯᠳᠡ ᠶᠢᠨ ᠠᠷᠭ᠎ᠠ ᠬᠡᠮᠵᠢᠶ᠎ᠡ ᠶᠢ ᠴᠠᠭ ᠲᠠᠷᠤᠢ ᠳᠤᠨᠢ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠪᠠ ᠤᠷᠴᠢᠨ ᠲᠤᠭᠤᠷᠢᠨ ᠤ ᠪᠤᠬᠢᠷᠳᠤᠯ ᠤᠨ ᠬᠡᠷᠡᠭ ᠡᠬᠦᠰᠬᠦ ᠦᠬᠡᠢ ᠪᠠᠶᠢᠬᠤ ᠶᠢ ᠪᠠᠳᠤᠯᠠᠨ᠎ᠠ᠃ ᠭᠤᠷᠪᠠ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠶᠡᠷᠦᠩᠬᠡᠢ ᠱᠠᠭᠠᠷᠳᠠᠯᠭ᠎ᠠ ᠶᠤᠰᠤᠭᠠᠷ᠂ ᠱᠧᠨ ᠳ᠋ᠦᠩ ᠨᠡᠬᠦᠷᠡᠰᠦᠨ ᠪᠦᠯᠦᠭᠯᠡᠯ ᠲᠠᠷᠤᠢ ᠲᠦᠷᠬᠡᠨ ᠠᠬᠢᠭᠤᠯᠬᠤ ᠶᠢᠨ ᠲᠠᠭᠠᠤ ᠤᠯᠠᠭᠠᠨᠮᠦ᠋ᠷᠡᠨ ᠤ ᠤᠷᠤᠰᠬᠠᠯ ᠤᠷᠤᠨ ᠤ ᠠᠭᠤᠷᠬᠠᠢ ᠶᠢᠨ ᠬᠤᠳᠳᠤᠭ ᠤᠨ ᠤᠰᠤ ᠶᠢ ᠡᠬᠢ ᠰᠤᠷᠪᠤᠯᠵᠢ ᠠᠴᠠ ᠨᠢ ᠵᠠᠰᠠᠬᠤ ᠡᠬᠦᠷᠬᠡ ᠶᠢ ᠪᠡᠶᠡᠯᠡᠬᠦᠯᠦᠨ᠎ᠡ᠃      ᠭᠤᠷᠪᠠ ᠳᠤ᠂ ᠬᠠᠷᠢᠶ᠎ᠠ ᠤᠷᠤᠨ ᠪᠠ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠦᠪ ᠴᠢᠩᠭ᠎ᠠ ᠪᠠᠷ ᠨᠠᠶᠢᠳᠠᠪᠤᠷᠢᠵᠢᠭᠤᠯᠤᠨ᠎ᠠ᠃ ᠤᠯᠠᠭᠠᠨᠮᠦ᠋ᠷᠡᠨ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠎ ᠶᠢᠨ ᠲᠤᠪᠴᠢᠶ᠎ᠠ᠂ ᠨᠡᠬᠦᠷᠡᠰᠦᠨ ᠤ ᠲᠤᠪᠴᠢᠶ᠎ᠠ᠂ ᠤᠰᠤᠨ ᠠᠰᠢᠭᠯᠠᠯᠳᠠ ᠶᠢᠨ ᠲᠤᠪᠴᠢᠶ᠎ᠠ ᠶᠢ ᠱᠠᠭᠠᠷᠳᠠᠨ ᠬᠠᠷᠢᠶ᠎ᠠ ᠤᠷᠤᠨ ᠤ ᠬᠠᠮᠢᠶᠠᠷᠤᠯᠳᠠ ᠶᠢᠨ ᠵᠠᠷᠴᠢᠮ ᠪᠠ ᠦᠪᠡᠷ ᠤᠨ ᠢᠶᠠᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠤᠰᠤᠭᠠᠷ᠂ ᠡᠯ᠎ᠡ ᠲᠦᠷᠦᠯ ᠤᠨ ᠰᠡᠷᠬᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠤᠳᠠᠳᠠᠢ ᠬᠠᠷᠢᠭᠤᠴᠯᠠᠭᠠᠳᠠᠨ ᠢ ᠨᠠᠶᠢᠳᠠᠪᠤᠷᠢᠵᠢᠭᠤᠯᠵᠤ᠂ ᠲᠤᠰᠬᠠᠢ ᠬᠦᠮᠦᠨ ᠲᠤᠮᠢᠯᠠᠨ ᠠᠬᠤᠢ ᠲᠠᠯᠠᠪᠠᠢ ᠳᠤ ᠬᠠᠷᠭᠤᠭᠤᠯᠬᠤ᠂ ᠬᠢᠨᠠᠨ ᠪᠠᠶᠢᠴᠠᠭᠠᠯᠳᠠ ᠬᠢᠵᠦ᠂ ᠡᠯ᠎ᠡ ᠲᠦᠷᠦᠯ ᠤᠨ ᠠᠶᠤᠯᠬᠦᠢ ᠦᠢᠯᠡᠳᠪᠦᠷᠢᠯᠡᠯ ᠤᠨ ᠬᠡᠷᠡᠭ ᠪᠠ ᠤᠷᠴᠢᠨ ᠲᠤᠭᠤᠷᠢᠨ ᠎ ᠤ ᠪᠤᠬᠢᠷᠳᠤᠯ ᠤᠨ ᠬᠡᠷᠡᠭ ᠡᠬᠦᠰᠬᠦ ᠶᠢ ᠴᠢᠩᠭ᠎ᠠ ᠰᠡᠷᠬᠡᠶᠢᠯᠡᠨ᠎ᠡ᠃      ᠲᠦᠷᠪᠡ ᠳᠤ᠂ ᠬᠠᠷᠢᠭᠤ ᠲᠤᠰᠬᠠᠯᠳᠠ ᠶᠢᠨ ᠪᠠᠶᠢᠳᠠᠯ ᠢ ᠴᠠᠭ ᠲᠠᠷᠤᠢ ᠳᠤᠨᠢ ᠮᠡᠳᠡᠬᠦᠯᠦᠨ᠎ᠡ᠃ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ᠂ ᠨᠡᠬᠦᠷᠡᠰᠦᠨ ᠤ ᠲᠤᠪᠴᠢᠶ᠎ᠠ ᠴᠠᠭ ᠲᠤᠬᠠᠢ ᠳᠤᠨᠢ ᠬᠡᠷᠡᠭ ᠤᠴᠢᠷ ᠤᠨ ᠠᠬᠢᠯᠳᠠ ᠶᠢᠨ ᠪᠠᠶᠢᠳᠠᠯ ᠢ ᠬᠢᠨᠠᠨ ᠡᠵᠡᠮᠰᠢᠵᠦ᠂ ᠬᠡᠷᠡᠭ ᠶᠠᠪᠤᠳᠠᠯ ᠤᠨ ᠪᠠᠶᠢᠳᠠᠯ ᠤᠨ ᠬᠦᠭᠵᠢᠯᠳᠡ ᠵᠡᠷᠬᠡ ᠲᠡᠰ ᠵᠢᠴᠢ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ ᠬᠤᠯᠪᠤᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠲᠡᠬᠡᠳᠦ ᠱᠠᠳᠤᠨ ᠤ ᠲᠤᠰ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠪᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ᠎ᠡ᠃                                                             ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                                     2019 ᠤᠨ ᠤ 2 ᠰᠠᠷ᠎ᠠ ᠶᠢᠨ 4᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号