ᠡᠵᠡᠨ ᠵᠠᠰᠠᠭ ᠲᠠᠷᠬᠠᠭᠠᠬᠤ ﹇2019﹈ 36 ᠳ᠋ᠤᠭᠠᠷ ᠲᠤᠭᠠᠳᠤ | | | ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠪᠠ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠶᠢ | ᠡᠬᠦᠳᠬᠦ ᠦᠷ᠎ᠡ ᠪᠦᠳᠦᠮᠵᠢ ᠶᠢ ᠤᠯᠠᠮ ᠨᠢᠬᠡ ᠠᠯᠬᠤᠮ ᠪᠠᠬᠢᠵᠢᠬᠦᠯᠬᠦ ᠶᠢᠨ ᠲᠦᠯᠦᠬᠡ᠂ ᠬᠠᠶᠠᠭᠳᠠᠮᠠᠯ ᠡᠳ᠋ ᠪᠤᠳᠠᠰ ᠢ | ᠬᠤᠷᠢᠶᠠᠬᠤ ᠠᠵᠢᠯ ᠲᠦᠷᠦᠯ ᠤᠨ ᠠᠷᠠᠳ ᠢ ᠲᠦᠢᠪᠡᠬᠡᠬᠦ ᠪᠠ ᠬᠤᠳᠠ ᠶᠢᠨ ᠲᠦᠷᠢ ᠲᠦᠷᠬᠦ ᠶᠢ ᠨᠦᠯᠦᠬᠡᠯᠡᠬᠦ | ᠲᠤᠪᠤᠶᠢᠮ᠎ᠠ ᠪᠠᠶᠢᠳᠠᠯ ᠢ ᠦᠨᠡᠨᠬᠦ ᠰᠢᠢᠳᠪᠦᠷᠢᠯᠡᠵᠦ᠂ ᠬᠤᠳᠠ ᠶᠢᠨ ᠲᠤᠭᠤᠷᠢᠭ ᠤᠨ ᠠᠮᠢ ᠠᠬᠤᠢ ᠶᠢᠨ ᠤᠷᠴᠢᠨ | ᠲᠤᠭᠤᠷᠢᠨ ᠢ ᠰᠠᠶᠢᠵᠢᠷᠠᠭᠤᠯᠤᠨ᠂ ᠠᠮᠦᠷ ᠲᠦᠪᠰᠢᠨ ᠤ ᠲᠠᠯᠳᠠ ᠬᠡᠮ ᠢ ᠠᠷᠢᠯᠭᠠᠨ᠎ᠠ᠃ ︽ᠪᠦᠬᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ︾ ︽ᠬᠤᠳᠠ ᠶᠢᠨ ᠲᠦᠷᠢ | ᠲᠦᠷᠬᠦ ᠪᠠ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠵᠤᠷᠪᠤᠰ︾ ︵ᠲᠦᠷᠦ ᠶᠢᠨ | ᠶᠠᠪᠤᠳᠠᠯ ᠤᠨ ᠬᠤᠷᠢᠶᠠᠨ ᠤ 101 ᠲᠤᠭᠠᠳᠤ ᠵᠠᠷᠯᠢᠭ︶ ᠪᠠ ︽ᠲᠠᠬᠢᠨ ᠡᠬᠦᠰᠬᠦ ᠡᠬᠢ ᠪᠠᠶᠠᠯᠢᠭ ᠢ ᠬᠤᠷᠢᠶᠠᠬᠤ | ᠬᠠᠮᠢᠶᠠᠷᠤᠯᠳᠠ ᠶᠢᠨ ᠠᠷᠭ᠎ᠠ︾ ᠵᠡᠷᠬᠡ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ᠂ ᠰᠤᠳᠤᠯᠤᠯᠳᠠ ᠪᠠᠷ | ᠲᠠᠮᠵᠢᠨ᠂ 2019 ᠤᠨ ᠤ 4 ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠬᠦ ᠬᠤᠰᠢᠭᠤᠨ ᠤ ᠬᠡᠪᠴᠢᠶᠡᠨ ᠳᠤ | ᠬᠠᠶᠠᠭᠳᠠᠮᠠᠯ ᠪᠤᠳᠠᠰ ᠢ ᠬᠤᠷᠢᠶᠠᠬᠤ ᠡᠵᠡᠩᠨᠡᠯᠳᠡ ᠶᠢᠨ ᠠᠵᠢᠯᠯᠠᠭ᠎ᠠ ᠳᠤ ᠪᠦᠬᠦ ᠲᠠᠯ᠎ᠠ ᠪᠠᠷ ᠴᠡᠪᠡᠷᠯᠡᠨ ᠴᠡᠭᠴᠡᠯᠡᠯᠳᠡ | ᠬᠢᠨ᠎ᠡ᠃ ᠡᠳᠦᠬᠡ ᠬᠠᠮᠢᠶ᠎ᠠ ᠪᠦᠬᠦᠢ ᠬᠡᠷᠡᠭ ᠢ ᠲᠤᠤᠷᠠᠬᠢ ᠮᠡᠳᠦ ᠮᠡᠳᠡᠭᠳᠡᠶ᠎ᠡ᠄ | ᠨᠢᠬᠡ᠂ ᠪᠦᠬᠦ ᠬᠤᠰᠢᠭᠤᠨ ᠤ ᠬᠡᠪᠴᠢᠶᠡᠨ ᠳᠠᠬᠢ ᠬᠠᠶᠠᠭᠳᠠᠮᠠᠯ ᠪᠤᠳᠠᠰ ᠢ ᠬᠤᠷᠢᠶᠠᠨ ᠡᠵᠡᠩᠨᠡᠬᠦ ᠠᠵᠢᠯᠯᠠᠭ᠎ᠠ | ᠳᠤ ᠪᠦᠬᠦ ᠲᠠᠯ᠎ᠠ ᠴᠡᠪᠡᠷᠯᠡᠨ ᠴᠡᠭᠴᠡᠯᠡᠵᠦ᠂ ᠦᠨᠡᠮᠯᠡᠯ ᠦᠬᠡᠢ ᠡᠵᠡᠩᠨᠡᠬᠦ ︵ᠦᠨᠡᠮᠯᠡᠯ ᠪᠦᠷᠢᠨ ᠪᠤᠰᠤ︶ ᠵᠢᠴᠢ ᠵᠠᠮ | ᠡᠵᠡᠯᠡᠨ ᠡᠵᠡᠩᠨᠡᠬᠦ᠂ ᠬᠤᠳᠠ ᠶᠢᠨ ᠲᠦᠷᠢ ᠲᠦᠷᠬᠦ ᠪᠠ ᠰᠠᠭᠤᠭᠠᠯᠢ ᠠᠷᠠᠳ ᠤᠨ ᠠᠮᠢᠳᠤᠷᠠᠯ ᠢ ᠬᠦᠨᠳᠦ ᠨᠤᠴᠢᠳᠠᠢ | ᠨᠦᠯᠦᠬᠡᠯᠡᠬᠦ ᠬᠠᠶᠠᠭᠳᠠᠮᠠᠯ ᠪᠤᠳᠠᠰ ᠢ ᠬᠤᠷᠢᠶᠠᠬᠤ ᠦᠷᠳᠡᠭᠡ ᠶᠢ ᠶᠢ ᠡᠷᠡᠰ ᠴᠢᠩᠭ᠎ᠠ ᠪᠠᠷ ᠴᠠᠭᠠᠵᠠᠯᠠᠬᠤ︔ ᠰᠠᠭᠤᠭᠠᠯᠢ | ᠠᠷᠠᠳ ᠤᠨ ᠲᠤᠭᠤᠷᠢᠭ ᠲᠤ ᠤᠷᠤᠰᠢᠵᠤ ᠪᠠᠶᠢᠭ᠎ᠠ ᠠᠮᠦᠷ ᠲᠦᠪᠰᠢᠨ ᠤ ᠲᠠᠯᠳᠠ ᠬᠡᠮ ᠵᠢᠴᠢ ᠬᠠᠤᠯᠢ ᠴᠠᠭᠠᠵᠠ | ᠬᠠᠤᠯᠢ ᠲᠦᠷᠢᠮ ᠳᠤ ᠡᠷᠡᠰ ᠴᠠᠭᠠᠵᠠᠯᠠᠭᠰᠠᠨ ᠤᠷᠤᠨ ᠪᠠᠶᠢᠷᠢ ᠳᠠᠬᠢ ᠬᠠᠶᠠᠭᠳᠠᠮᠠᠯ ᠪᠤᠳᠠᠰ ᠢ ᠬᠤᠷᠢᠶᠠᠬᠤ ᠦᠷᠳᠡᠭᠡ | ᠶᠢ ᠡᠷᠡᠰ ᠴᠠᠭᠠᠵᠠᠯᠠᠨ᠎ᠠ᠃ | ᠬᠤᠶᠠᠷ᠂ ᠡᠯ᠎ᠡ ᠬᠠᠶᠠᠭᠳᠠᠮᠠᠯ ᠪᠤᠳᠠᠰ ᠬᠤᠷᠢᠶᠠᠬᠤ ᠦᠷᠳᠡᠭᠡ ᠡᠷᠬᠡᠪᠰᠢ ᠲᠤᠰ ᠮᠡᠳᠡᠭᠳᠡᠯ ᠢ ᠲᠠᠷᠬᠠᠭᠠᠭᠰᠠᠨ | ᠡᠳᠦᠷ ᠠᠴᠠ ᠡᠬᠢᠯᠡᠨ 5 ᠡᠳᠦᠷ ᠤᠨ ᠲᠤᠳᠤᠷ᠎ᠠ ᠵᠦᠪᠰᠢᠶᠡᠷᠡᠯ ᠦᠬᠡᠢ ᠪᠠᠷ ᠦᠪᠡᠷᠳᠡᠬᠡᠨ ᠪᠠᠶᠢᠭᠤᠯᠤᠭᠰᠠᠨ ᠪᠠ | ᠬᠤᠳᠠ ᠶᠢᠨ ᠲᠦᠷᠢ ᠲᠦᠷᠬᠦ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠶᠢ ᠨᠦᠯᠦᠬᠡᠯᠡᠬᠦ ᠠᠵᠢᠯᠯᠠᠭ᠎ᠠ ᠳᠤ | ᠦᠪᠡᠷᠳᠡᠬᠡᠨ ᠪᠠᠶᠢᠴᠠᠭᠠᠵᠤ ᠵᠠᠯᠠᠷᠠᠭᠤᠯᠤᠨ᠎ᠠ᠃ ᠡᠬᠦᠨ ᠳᠤ᠂ ᠪᠦᠬᠦ ᠬᠤᠰᠢᠭᠤᠨ ᠤ ᠲᠠᠬᠢᠨ ᠡᠬᠦᠰᠴᠦ ᠪᠤᠯᠬᠤ ᠡᠬᠢ | ᠪᠠᠶᠠᠯᠢᠭ ᠢ ᠬᠤᠷᠢᠶᠠᠬᠤ ᠰᠦᠯᠵᠢᠶ᠎ᠡ ᠶᠢᠨ ᠲᠤᠭᠳᠠᠯᠴᠠᠭ᠎ᠠ ᠶᠢ ᠪᠠᠶᠢᠭᠤᠯᠤᠨ ᠲᠦᠯᠦᠪᠵᠢᠬᠦᠯᠬᠦ ᠪᠠᠶᠢᠷᠢᠭᠤᠯᠤᠯᠳᠠ ᠪᠠ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠳᠤ ᠨᠡᠶᠢᠴᠡᠬᠦ ᠪᠦᠬᠡᠳ ᠦᠨᠡᠮᠯᠡᠯ ᠬᠦᠢᠴᠡᠳ ᠪᠠᠶᠢᠬᠤ | ᠬᠠᠶᠠᠭᠳᠠᠮᠠᠯ ᠪᠤᠳᠠᠰ ᠢ ᠬᠤᠷᠢᠶᠠᠬᠤ ᠦᠷᠳᠡᠭᠡ ᠶᠢ ᠤᠯᠠᠮ ᠨᠢᠬᠡ ᠠᠯᠬᠤᠮ ᠲᠦᠷᠢᠮᠵᠢᠬᠦᠯᠦᠨ ᠡᠵᠡᠩᠨᠡᠨ ᠬᠠᠮᠢᠶᠠᠷᠴᠤ᠂ | ᠠᠮᠦᠷ ᠲᠦᠪᠰᠢᠨ ᠤ ᠰᠡᠷᠬᠡᠶᠢᠯᠡᠯᠳᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠮᠦᠷ ᠲᠦᠪᠰᠢᠨ ᠤ ᠲᠠᠯᠳᠠ ᠬᠡᠮ | ᠢ ᠲᠤᠶᠢᠯᠪᠤᠷᠢᠳᠠᠢ ᠪᠠᠷ ᠠᠷᠢᠯᠭᠠᠨ᠎ᠠ︔ ᠬᠠᠶᠠᠭᠳᠠᠮᠠᠯ ᠪᠤᠳᠠᠰ ᠢ ᠬᠤᠷᠢᠶᠠᠬᠤ ᠳᠤ ᠨᠡᠶᠢᠳᠡ ᠶᠢᠨ ᠲᠦᠬᠦᠬᠡᠷᠦᠮᠵᠢ ᠶᠢ | ᠡᠵᠡᠯᠡᠨ ᠤᠪᠤᠭᠠᠯᠠᠵᠤ ᠪᠤᠯᠬᠤ ᠦᠬᠡᠢ᠂ ᠡᠷᠬᠢᠯᠳᠡ ᠶᠢᠨ ᠴᠢᠨᠠᠷᠳᠠᠢ ᠬᠠᠶᠠᠭᠳᠠᠮᠠᠯ ᠪᠤᠳᠠᠰ ᠢᠶᠠᠨ ᠴᠠᠭ ᠲᠠᠷᠤᠢ ᠳᠤᠨᠢ | ᠴᠡᠪᠡᠷᠯᠡᠵᠦ᠂ ᠤᠶᠢᠷ᠎ᠠ ᠬᠠᠪᠢ ᠢ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠪᠠᠳᠤᠯᠠᠨ᠎ᠠ᠃ ᠪᠦᠬᠦ ᠬᠤᠰᠢᠭᠤᠨ ᠤ | ᠲᠠᠬᠢᠨ ᠡᠬᠦᠰᠴᠦ ᠪᠤᠯᠬᠤ ᠡᠬᠢ ᠪᠠᠶᠠᠯᠢᠭ ᠢ ᠬᠤᠷᠢᠶᠠᠬᠤ ᠰᠦᠯᠵᠢᠶ᠎ᠡ ᠶᠢᠨ ᠲᠤᠭᠳᠠᠯᠴᠠᠭ᠎ᠠ ᠶᠢ ᠪᠠᠶᠢᠭᠤᠯᠤᠨ | ᠲᠦᠯᠦᠪᠵᠢᠬᠦᠯᠬᠦ ᠪᠠᠶᠢᠷᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠳᠤ ᠦᠯᠦ | ᠨᠡᠶᠢᠴᠡᠬᠦ ᠪᠦᠬᠡᠳ ᠦᠨᠡᠮᠯᠡᠯ ᠬᠦᠢᠴᠡᠳ ᠪᠤᠰᠤ ᠬᠠᠶᠠᠭᠳᠠᠮᠠᠯ ᠪᠤᠳᠠᠰ ᠢ ᠬᠤᠷᠢᠶᠠᠬᠤ ᠦᠷᠳᠡᠭᠡ᠂ ᠡᠷᠬᠡᠪᠰᠢ ᠠᠯᠢᠪᠠ | ᠠᠵᠢᠯᠯᠠᠭ᠎ᠠ ᠪᠠᠨ ᠦᠪᠡᠷᠳᠡᠬᠡᠨ ᠵᠤᠭᠰᠤᠭᠠᠵᠤ᠂ 15 ᠡᠳᠦᠷ ᠤᠨ ᠲᠤᠳᠤᠷ᠎ᠠ ᠦᠪᠡᠷᠳᠡᠬᠡᠨ ᠲᠠᠯᠠᠪᠠᠢ ᠪᠠᠨ ᠴᠡᠪᠡᠷᠯᠡᠨ | ᠠᠷᠢᠯᠭᠠᠨ᠎ᠠ᠂ ᠬᠤᠭᠤᠴᠠᠭᠠᠨ ᠳᠤ ᠴᠡᠪᠡᠷᠯᠡᠬᠦ ᠪᠤᠯ᠂ ᠬᠤᠯᠪᠤᠭᠳᠠᠯ ᠪᠦᠬᠦᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ | ᠮᠦᠴᠢᠷ ᠠᠴᠠ ᠬᠠᠤᠯᠢ ᠶᠤᠰᠤᠭᠠᠷ ᠠᠷᠢᠯᠭᠠᠬᠤ ᠶᠢᠨ ᠲᠠᠭᠠᠤ ᠬᠠᠤᠯᠢ ᠶᠤᠰᠤᠭᠠᠷ ᠬᠦᠴᠦᠨ ᠦᠬᠡᠢ ᠪᠤᠯᠭᠠᠵᠤ᠂ | ᠬᠠᠭᠠᠭᠠᠨ ᠵᠤᠭᠰᠤᠭᠠᠨ᠎ᠠ᠃ | ᠭᠤᠷᠪᠠ᠂ ᠡᠯ᠎ᠡ ᠪᠠᠯᠭᠠᠰᠤ ᠬᠤᠷᠢᠶ᠎ᠠ ᠤᠷᠤᠨ ᠤ ᠬᠠᠶᠠᠭᠳᠠᠮᠠᠯ ᠪᠤᠳᠠᠰ ᠢ ᠬᠤᠷᠢᠶᠠᠨ ᠡᠵᠡᠩᠨᠡᠬᠦ ᠠᠵᠢᠯᠯᠠᠭᠠᠨ ᠤ | ᠬᠠᠮᠢᠶᠠᠷᠤᠯᠳᠠ ᠶᠢ ᠴᠢᠩᠭᠠᠳᠬᠠᠵᠤ᠂ ᠵᠡᠬᠡᠯᠢ ᠭᠤᠳᠤᠮᠵᠢ ᠪᠠᠷ ᠨᠡᠬᠦᠨ ᠬᠤᠷᠢᠶᠠᠬᠤ ᠬᠦᠮᠦᠰ ᠤᠨ ᠬᠠᠮᠢᠶᠠᠷᠤᠯᠳᠠ ᠶᠢ | ᠴᠢᠩᠭᠠᠳᠬᠠᠵᠤ᠂ ᠬᠤᠯᠪᠤᠭᠳᠠᠯ ᠪᠦᠬᠦᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ ᠮᠦᠴᠢᠷ ᠲᠠᠢ ᠢᠳᠡᠪᠬᠢᠳᠠᠢ | ᠬᠠᠮᠵᠢᠯᠴᠠᠨ ᠬᠠᠤᠯᠢ ᠬᠡᠷᠡᠭᠵᠢᠬᠦᠯᠬᠦ ᠠᠵᠢᠯᠯᠠᠭ᠎ᠠ ᠶᠢ ᠦᠷᠨᠢᠬᠦᠯᠵᠦ᠂ ᠴᠡᠪᠡᠷᠯᠡᠨ ᠠᠷᠢᠯᠭᠠᠬᠤ ᠬᠠᠤᠯᠢ ᠬᠡᠷᠡᠭᠵᠢᠬᠦᠯᠦᠯᠳᠡ | ᠶᠢᠨ ᠠᠵᠢᠯᠯᠠᠭ᠎ᠠ ᠤᠷᠤᠭᠰᠢᠳᠠᠢ ᠶᠠᠪᠤᠭᠳᠠᠬᠤ ᠶᠢ ᠪᠠᠳᠤᠯᠠᠨ᠎ᠠ᠃ | ᠲᠦᠷᠪᠡ᠂ ᠬᠠᠶᠠᠭᠳᠠᠮᠠᠯ ᠪᠤᠳᠠᠰ ᠢ ᠬᠤᠷᠢᠶᠠᠬᠤ ᠦᠢᠯᠡᠰ ᠢ ᠡᠷᠬᠢᠯᠡᠵᠦ ᠪᠠᠶᠢᠭ᠎ᠠ ᠬᠦᠮᠦᠰ ᠡᠷᠬᠡᠪᠰᠢ ᠬᠠᠤᠯᠢ | ᠰᠠᠬᠢᠯᠭ᠎ᠠ ᠶᠢ ᠵᠢᠷᠤᠮᠯᠠᠨ ᠰᠠᠬᠢᠵᠦ᠂ ᠪᠤᠯᠪᠠᠰᠤᠨ ᠪᠠᠷ ᠬᠤᠷᠢᠶᠠᠵᠤ᠂ ᠵᠠᠮ ᠬᠠᠷᠢᠯᠴᠠᠭᠠᠨ ᠤ ᠬᠠᠤᠯᠢ ᠲᠦᠷᠢᠮ ᠢ | ᠵᠢᠷᠤᠮᠯᠠᠵᠤ᠂ ᠬᠠᠶᠠᠭᠳᠠᠮᠠᠯ ᠪᠤᠳᠠᠰ ᠢ ᠬᠤᠷᠢᠶᠠᠬᠤ ᠬᠤᠯᠪᠤᠭᠳᠠᠯ ᠪᠦᠬᠦᠢ ᠬᠠᠮᠢᠶᠠᠷᠤᠯᠳᠠ ᠶᠢᠨ ᠲᠤᠭᠳᠠᠭᠠᠯ ᠢ ᠴᠢᠩᠭ᠎ᠠ | ᠵᠢᠷᠤᠮᠯᠠᠨ᠎ᠠ᠃ ᠬᠤᠳᠠᠯᠳᠤᠨ ᠠᠪᠬᠤ ᠶᠠᠪᠤᠴᠠ ᠳᠤ ᠡᠳᠡᠬᠡᠳ ᠬᠦᠮᠦᠨ᠂ ᠡᠳᠡᠬᠡᠳ ᠪᠤᠳᠠᠰ ᠪᠤᠶᠤ ᠲᠤᠳᠤᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠷᠯᠠᠨ ᠡᠷᠢᠵᠦ ᠪᠠᠶᠢᠭ᠎ᠠ ᠪᠤᠵᠠᠷ ᠡᠳ᠋ ᠵᠢᠴᠢ ᠪᠤᠵᠠᠷ ᠡᠳ᠋ ᠢᠶᠠᠷ ᠰᠡᠵᠡᠭᠯᠡᠭᠳᠡᠭᠰᠡᠨ | ᠪᠤᠳᠠᠰ ᠢ ᠢᠯᠡᠷᠡᠬᠦᠯᠪᠡᠯ᠂ ᠴᠠᠭ ᠲᠤᠬᠠᠢ ᠳᠤᠨᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠮᠡᠳᠡᠬᠦᠯᠦᠨ᠂ | ᠨᠢᠭᠤᠨ ᠲᠠᠯᠳᠠᠯᠠᠵᠤ ᠪᠤᠯᠬᠤ ᠦᠬᠡᠢ᠃ | ᠲᠠᠪᠤ᠂ ᠴᠡᠪᠡᠷᠯᠡᠨ ᠠᠷᠢᠯᠭᠠᠬᠤ ᠠᠵᠢᠯᠯᠠᠭ᠎ᠠ ᠲᠠᠢ ᠬᠠᠪᠰᠤᠷᠤᠯᠴᠠᠬᠤ ᠦᠬᠡᠢ ᠪᠤᠶᠤ ᠬᠠᠤᠯᠢ ᠬᠡᠷᠡᠭᠵᠢᠬᠦᠯᠬᠦ | ᠠᠵᠢᠯᠳᠠᠨ ᠤ ᠬᠠᠤᠯᠢ ᠬᠡᠷᠡᠭᠵᠢᠬᠦᠯᠬᠦ ᠠᠯᠪᠠᠨ ᠠᠵᠢᠯ ᠢ ᠬᠠᠷᠰᠢᠯᠠᠪᠠᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ︽ | ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠦᠷ ᠲᠦᠪᠰᠢᠨ ᠤ ᠬᠠᠮᠢᠶᠠᠷᠤᠯᠳᠠ ᠶᠢᠨ ᠲᠤᠷᠭᠠᠭᠤᠯᠢ ᠶᠢᠨ | ᠬᠠᠤᠯᠢ︾ ᠶᠢ ᠦᠨᠳᠦᠰᠦᠯᠡᠨ ᠰᠢᠢᠳᠬᠡᠨ᠎ᠡ︔ ᠶᠠᠯᠠᠳᠤ ᠠᠵᠢᠯᠯᠠᠭ᠎ᠠ ᠪᠤᠯᠪᠠᠯ᠂ ᠬᠠᠤᠯᠢ ᠶᠤᠰᠤᠭᠠᠷ ᠲᠤᠬᠠᠢ ᠶᠢᠨ | ᠬᠦᠮᠦᠨ ᠤ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠵᠢᠷᠭᠤᠭ᠎ᠠ᠂ ᠲᠤᠰ ᠵᠠᠷᠯᠠᠯ ᠢ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ | ᠤᠨᠴᠠᠭᠠᠶᠢᠯᠠᠨ ᠵᠠᠷᠯᠠᠪᠠ᠃ | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2019 ᠤᠨ ᠤ 2 ᠰᠠᠷ᠎ᠠ ᠶᠢᠨ 4 ᠤ ᠡᠳᠦᠷ | | | | |