| ᠡᠵᠡᠨ ᠵᠠᠰᠠᠭ ᠲᠠᠷᠬᠠᠭᠠᠬᠤ ﹇2019﹈ 41 ᠳ᠋ᠤᠭᠠᠷ ᠲᠤᠭᠠᠳᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠵᠠᠰᠠᠠᠭ ᠤᠨ ᠤᠷᠳᠤᠨ ᠤ | ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠬᠤᠯᠪᠤᠭᠳᠠᠯ ᠪᠦᠬᠦᠢ ᠬᠦᠷᠢᠶᠡᠯᠡᠩ ᠬᠠᠮᠢᠶᠠᠷᠤᠯᠳᠠ ᠶᠢᠨ | ᠵᠦᠪᠯᠡᠯ᠄ | ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ | ᠶᠢᠨ ᠲᠦᠯᠦᠬᠡ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠢᠯᠠᠵᠤ᠂ ᠲᠦᠪ᠂ | ᠦᠪᠡᠷᠳᠡᠬᠡᠨ ᠵᠠᠰᠠᠬᠤ ᠤᠷᠤᠨ᠂ ᠬᠤᠳᠠ ᠶᠢᠨ ᠲᠡᠰ ᠤᠨ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ | ᠰᠢᠪᠳᠤᠯᠤᠯᠳᠠ ᠶᠢᠨ ᠶᠡᠷᠦᠩᠬᠡᠢ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ | ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠡᠬᠦᠷᠬᠡ ᠶᠢ ᠠᠬᠢᠭᠤᠯᠬᠤ ᠪᠤᠳᠠᠳᠠᠢ ᠪᠠᠨ ᠤᠶᠠᠯᠳᠤᠭᠤᠯᠤᠨ | ᠂ ᠡᠳᠦᠬᠡ ᠮᠠᠨ ᠤ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠭᠤᠷᠪᠠᠨ ᠵᠢᠯ ᠤᠨ ᠪᠤᠭᠤᠮᠳᠠ ᠰᠢᠪᠳᠤᠯᠬᠤ | ᠠᠵᠢᠯᠯᠠᠭ᠎ᠠ ᠶᠢᠨ ᠡᠬᠦᠷᠬᠡ ᠶᠢᠨ ᠨᠠᠷᠢᠨ ᠬᠠᠭᠤᠳᠠᠰᠤ ᠶᠢᠨ 2019 ᠤᠨ ᠤ ᠡᠬᠦᠷᠬᠡ ᠶᠢᠨ ᠲᠤᠬᠢᠷᠠᠭᠤᠯᠤᠭᠠᠳ | 181 ᠲᠦᠷᠦᠯ ᠪᠤᠯᠭᠠᠪᠠ᠃ ᠡᠬᠦᠨ ᠤ ᠬᠠᠮᠳᠤ᠂ ᠬᠤᠰᠢᠭᠤ ᠱᠠᠳᠤᠨ ᠤ ᠬᠤᠯᠪᠤᠭᠳᠠᠯ ᠪᠦᠬᠦᠢ ᠤᠳᠤᠷᠢᠳᠤᠯᠭ᠎ᠠ ᠶᠢᠨ | ᠠᠵᠢᠯ ᠤᠨ ᠬᠤᠪᠢᠶᠠᠷᠯᠠᠯ ᠢ ᠲᠤᠬᠢᠷᠠᠭᠤᠯᠤᠨ᠂ ᠪᠤᠬᠢᠷᠳᠤᠯ ᠢ ᠰᠡᠷᠬᠡᠶᠢᠯᠡᠨ ᠵᠠᠰᠠᠬᠤ ᠡᠬᠦᠷᠬᠡ ᠶᠢ ᠴᠡᠭᠴᠡᠯᠡᠬᠦ | ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠲᠤᠳᠤᠷᠬᠠᠶᠢᠯᠠᠨ᠂ ᠡᠳᠦᠬᠡ ᠬᠤᠯᠪᠤᠭᠳᠠᠯ ᠪᠦᠬᠦᠢ ᠬᠡᠷᠡᠭ ᠢ ᠲᠤᠤᠷᠠᠬᠢ | ᠮᠡᠳᠦ ᠮᠡᠳᠡᠭᠳᠡᠶ᠎ᠡ᠃ | ᠨᠢᠬᠡ ᠳᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ | ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠲᠦᠷᠦᠬᠦᠯᠡᠨ ᠬᠠᠷᠢᠭᠤᠴᠠᠬᠤ ᠰᠢᠶᠠᠨ ᠤ ᠲᠡᠰ ᠤᠨ ᠤᠳᠤᠷᠢᠳᠤᠯᠭ᠎ᠠ | ᠤᠷᠴᠢᠨ ᠲᠤᠭᠤᠷᠢᠨ ᠤ ᠬᠠᠮᠠᠭᠠᠯᠠᠯᠳᠠ ᠶᠢᠨ ︽ᠨᠠᠮ ᠵᠠᠰᠠᠭ ᠤᠨ ᠬᠠᠮᠳᠤ ᠶᠢᠨ ᠬᠠᠷᠢᠭᠤᠴᠠᠯᠭ᠎ᠠ᠂ ᠨᠢᠬᠡ ᠠᠵᠢᠯ ᠤᠨ | ᠪᠠᠶᠢᠷᠢ ᠶᠢᠨ ᠬᠤᠤᠰ ᠬᠠᠷᠢᠭᠤᠴᠠᠯᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠵᠢᠭᠤᠯᠵᠤ᠂ ᠡᠯ᠎ᠡ ᠲᠦᠷᠦᠯ | ᠤᠨ ᠤᠷᠴᠢᠨ ᠲᠤᠭᠤᠷᠢᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠰᠠᠭᠤᠳᠠᠯ ᠤᠨ ᠴᠡᠭᠴᠡᠯᠡᠨ ᠨᠠᠶᠢᠳᠠᠪᠤᠷᠢᠵᠢᠭᠤᠯᠬᠤ | ᠶᠢ ᠦᠪᠡᠰᠦᠪᠡᠨ ᠰᠤᠳᠤᠯᠤᠨ ᠪᠠᠶᠢᠷᠢᠯᠠᠭᠤᠯᠬᠤ᠂ ᠵᠢᠯᠤᠭᠤᠳᠤᠨ ᠲᠤᠬᠢᠷᠠᠭᠤᠯᠬᠤ᠂ ᠠᠬᠢᠭᠤᠯᠤᠨ ᠪᠡᠶᠡᠯᠡᠬᠦᠯᠦᠨ᠎ᠡ᠃ | ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ᠂ ᠡᠯ᠎ᠡ ᠬᠤᠯᠪᠤᠭᠳᠠᠯ ᠪᠦᠬᠦᠢ ᠬᠦᠷᠢᠶᠡᠯᠡᠩ ᠵᠠᠪᠠᠯ ᠵᠤᠬᠢᠶᠠᠨ ᠪᠠᠶᠢᠭᠤᠯᠤᠯᠳᠠ | ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠬᠡᠳᠬᠡᠨ᠂ ᠵᠤᠭᠰᠤᠴᠠ ᠪᠠᠨ | ᠲᠡᠬᠡᠭᠰᠢᠯᠡᠬᠦᠯᠦᠨ᠂ ᠡᠬᠦᠷᠬᠡ ᠪᠠᠨ ᠲᠤᠳᠤᠷᠬᠠᠶᠢᠯᠠᠨ᠂ ᠨᠠᠷᠢᠯᠢᠭ ᠵᠤᠬᠢᠶᠠᠨ ᠪᠠᠶᠢᠭᠤᠯᠵᠤ᠂ 2019 ᠤᠨ ᠤ ᠪᠦᠬᠦ | ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠡᠬᠦᠷᠬᠡ ᠶᠢᠨ ᠨᠠᠷᠢᠨ ᠬᠠᠭᠤᠳᠠᠰᠤ ᠶᠢ | ᠨᠠᠷᠢᠨ ᠬᠢᠨᠠᠮᠠᠭᠠᠢ ᠬᠠᠷᠭᠤᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠡᠬᠦᠷᠬᠡᠯᠡᠵᠦ᠂ ᠠᠵᠢᠯ ᠤᠨ ᠠᠷᠭ᠎ᠠ | ᠪᠠᠷᠢᠯ ᠢᠶᠠᠨ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠴᠢᠭᠯᠡᠯ ᠢ ᠴᠢᠩᠭ᠎ᠠ ᠡᠵᠡᠮᠰᠢᠨ᠎ᠡ᠃ | ᠪᠠᠶᠢᠩᠭᠤᠵᠢᠯᠳᠠ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠰᠡᠷᠡᠮᠵᠢ ᠶᠢᠨ ᠤᠬᠠᠮᠰᠠᠷ ᠢᠶᠠᠨ | ᠲᠡᠬᠡᠭᠰᠢᠯᠡᠬᠦᠯᠵᠦ᠂ ᠰᠡᠷᠬᠡᠶᠢᠯᠡᠨ ᠡᠵᠡᠮᠰᠢᠬᠦ ᠠᠷᠭ᠎ᠠ ᠬᠡᠮᠵᠢᠶ᠎ᠡ ᠶᠢ ᠲᠤᠭᠳᠠᠭᠠᠵᠤ᠂ ᠪᠠᠶᠢᠩᠭᠤᠵᠢᠯᠳᠠ ᠶᠢᠨ ᠬᠢᠨᠠᠨ | ᠡᠵᠡᠮᠰᠢᠯᠳᠠ ᠶᠢ ᠴᠢᠩᠭᠠᠳᠬᠠᠵᠤ᠂ ᠪᠤᠬᠢᠷᠳᠤᠯ ᠤᠨ ᠠᠶᠤᠯ ᠤᠨ ᠦᠨᠡᠯᠡᠯᠳᠡ ᠶᠢ ᠰᠠᠶᠢᠳᠤᠷ ᠬᠢᠵᠦ᠂ ᠪᠤᠬᠢᠷᠳᠤᠯ ᠶᠢᠨ | ᠠᠶᠤᠯ ᠤᠨ ᠡᠯᠧᠮᠧᠨ᠋ᠲ ᠶᠢ ᠰᠢᠭᠰᠢᠨ ᠰᠤᠩᠭᠤᠵᠤ᠂ ᠪᠠᠶᠢᠩᠭᠤᠵᠢᠯᠳᠠ ᠶᠢᠨ ᠠᠵᠢᠯ ᠵᠢᠴᠢ ᠠᠶᠤᠯ ᠲᠦᠭᠰᠢᠬᠦᠷᠢ ᠶᠢᠨ | ᠪᠠᠴᠢᠮ ᠪᠠᠶᠢᠳᠠᠯ ᠢ ᠠᠷᠭᠠᠴᠠᠭᠠᠬᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ᠎ᠡ᠃ ᠲᠤᠬᠠᠢ ᠶᠢᠨ ᠴᠠᠭ ᠲᠤ ᠴᠡᠭᠴᠡᠯᠡᠨ | ᠵᠠᠰᠠᠬᠤ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠵᠦ᠂ ᠴᠠᠭ ᠬᠤᠭᠤᠴᠠᠭᠠᠨ ᠤ ᠱᠠᠭᠠᠷᠳᠠᠯᠭ᠎ᠠ ᠲᠠᠢ ᠴᠡᠭᠴᠡᠯᠡᠬᠦ | ᠠᠰᠠᠭᠤᠳᠠᠯ ᠳᠤ ᠴᠡᠭᠴᠡᠯᠡᠨ ᠵᠠᠰᠠᠬᠤ ᠲᠦᠰᠦᠯ᠂ ᠠᠰᠠᠭᠤᠳᠠᠯ ᠤᠨ ᠬᠦᠳᠦᠯᠦᠮᠵᠢ ᠶᠢ ᠨᠠᠷᠢᠯᠢᠭᠵᠢᠭᠤᠯᠬᠤ᠂ ᠴᠡᠭᠴᠡᠯᠡᠨ | ᠵᠠᠰᠠᠬᠤ ᠠᠬᠢᠴᠠ ᠶᠢ ᠵᠤᠬᠢᠰᠳᠠᠢ ᠪᠠᠷ ᠲᠤᠬᠢᠷᠠᠭᠤᠯᠬᠤ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ ᠲᠤᠭᠳᠠᠭᠰᠠᠨ | ᠬᠤᠭᠤᠴᠠᠭᠠᠨ ᠳᠤ ᠴᠡᠭᠴᠡᠯᠡᠨ ᠵᠠᠰᠠᠬᠤ ᠡᠬᠦᠷᠬᠡ ᠪᠠᠨ ᠪᠡᠶᠡᠯᠡᠬᠦᠯᠬᠦ ᠶᠢ ᠪᠠᠳᠤᠯᠠᠨ᠎ᠠ᠃ ᠡᠯ᠎ᠡ ᠪᠠᠯᠭᠠᠰᠤ᠂ ᠡᠯ᠎ᠡ | ᠰᠠᠯᠠᠭ᠎ᠠ ᠮᠦᠴᠢᠷ᠂ ᠡᠯ᠎ᠡ ᠬᠤᠯᠪᠤᠭᠳᠠᠯ ᠪᠦᠬᠦᠢ ᠬᠦᠷᠢᠶᠡᠯᠡᠩ ᠤᠨ ᠭᠤᠤᠯ ᠬᠠᠷᠢᠭᠤᠴᠠᠯᠭᠠᠳᠠᠨ ᠲᠤᠰ ᠱᠠᠳᠤᠨ ᠤ | ᠵᠠᠰᠠᠭ ᠵᠠᠬᠢᠷᠭᠠᠨ ᠤ ᠤᠷᠤᠨ ᠬᠡᠪᠴᠢᠶ᠎ᠡ ᠪᠠ ᠲᠤᠰ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢᠨ ᠬᠡᠪᠴᠢᠶᠡᠨ ᠳᠤ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠨᠢᠬᠡᠳᠦᠬᠡᠷ ᠬᠠᠷᠢᠭᠤᠴᠠᠯᠭᠠᠳᠠᠨ᠂ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠠᠵᠢᠯ ᠳᠤ ᠪᠦᠬᠦ ᠲᠠᠯ᠎ᠠ ᠶᠢᠨ ᠤᠳᠤᠷᠢᠳᠬᠤ ᠬᠠᠷᠢᠭᠤᠴᠠᠯᠭ᠎ᠠ ᠲᠠᠢ︔ ᠬᠤᠪᠢᠳᠠᠨ ᠬᠠᠮᠢᠶᠠᠷᠬᠤ | ᠬᠠᠷᠢᠭᠤᠴᠠᠯᠭᠠᠳᠠᠨ ᠬᠤᠪᠢᠳᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠡᠪᠴᠢᠶᠡᠨ ᠳᠠᠬᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠠᠵᠢᠯ ᠳᠤ ᠶᠡᠷᠦᠩᠬᠡᠶᠢᠯᠡᠭᠰᠡᠨ ᠬᠢᠨᠠᠨ ᠬᠠᠮᠢᠶᠠᠷᠤᠯᠳᠠ ᠶᠢᠨ ᠤᠳᠤᠷᠢᠳᠬᠤ ᠬᠠᠷᠢᠭᠤᠴᠠᠯᠭ᠎ᠠ ᠲᠠᠢ︔ | ᠪᠤᠰᠤᠳ ᠬᠤᠯᠪᠤᠭᠳᠠᠯ ᠪᠦᠬᠦᠢ ᠬᠠᠷᠢᠭᠤᠴᠠᠯᠭᠠᠳᠠᠨ ᠬᠤᠪᠢᠳᠠᠨ ᠬᠠᠮᠢᠶᠠᠷᠬᠤ ᠲᠤᠬᠠᠶᠢᠯᠭᠰᠠᠨ ᠠᠵᠢᠯ ᠤᠨ ᠬᠡᠪᠴᠢᠶᠡᠨ | ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠰᠢᠭᠤᠳ ᠤᠳᠤᠷᠢᠳᠬᠤ ᠬᠠᠷᠢᠭᠤᠴᠠᠯᠭ᠎ᠠ ᠲᠠᠢ᠃ | ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ ᠬᠤᠪᠢᠷᠠᠯᠳᠠ ᠭᠠᠷᠪᠠᠯ᠂ ᠵᠠᠰᠠᠭ ᠵᠠᠬᠢᠷᠭᠠᠨ ᠤ ᠲᠤᠰᠢᠶᠠᠯ ᠢ | ᠤᠷᠤᠯᠠᠨ ᠬᠢᠬᠦ ᠠᠵᠢᠯᠳᠠᠨ ᠦᠪᠡᠷᠳᠡᠬᠡᠨ ᠬᠤᠯᠪᠤᠭᠳᠠᠯ ᠪᠦᠬᠦᠢ ᠠᠵᠢᠯ ᠢ ᠤᠷᠤᠯᠠᠨ ᠬᠢᠵᠦ᠂ ᠦᠬᠡᠷ᠎ᠡ ᠠᠯᠪᠠᠨ ᠪᠢᠴᠢᠭ | ᠢᠶᠠᠷ ᠮᠡᠳᠡᠭᠳᠡᠬᠦ ᠦᠬᠡᠢ᠃ | ᠬᠤᠶᠠᠷ ᠲᠤ᠂ ᠠᠵᠢᠯ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠲᠦᠯᠦᠪᠵᠢᠬᠦᠯᠦᠨ ᠵᠢᠯᠤᠭᠤᠳᠴᠤ | ᠲᠤᠬᠢᠷᠠᠭᠤᠯᠤᠨ᠎ᠠ᠃ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠠᠴᠠ ᠬᠤᠰᠢᠭᠤᠨ ᠤ | ᠤᠷᠴᠢᠨ ᠲᠤᠭᠤᠷᠢᠨ ᠤ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠤᠨ ᠤᠳᠤᠷᠢᠳᠬᠤ | ᠲᠤᠭᠤᠶᠢᠯᠠᠩ ᠤᠨ ᠠᠯᠪᠠᠨ ᠬᠡᠷ ᠤᠨ ᠲᠤᠰᠢᠶᠠᠯ ᠢᠶᠠᠨ ᠬᠦᠢᠴᠡᠳ ᠪᠠᠳᠠᠳᠠᠷᠠᠭᠤᠯᠵᠤ᠂ ᠪᠦᠬᠦ ᠬᠤᠰᠢᠭᠤᠨ ᠤ ᠪᠤᠬᠢᠷᠳᠤᠯ | ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠳᠤ ᠨᠢᠬᠡᠳᠦᠯᠳᠠᠢ ᠵᠢᠯᠤᠭᠤᠳᠴᠤ᠂ ᠲᠦᠯᠦᠪᠵᠢᠬᠦᠯᠦᠨ | ᠵᠤᠬᠢᠴᠠᠭᠤᠯᠬᠤ ᠪᠠ ᠬᠢᠨᠠᠨ ᠬᠠᠮᠢᠶᠠᠷᠬᠤ ᠦᠢᠯᠡᠳᠦᠯ ᠢᠶᠠᠨ ᠦᠨᠡᠨᠬᠦ ᠴᠢᠩᠭᠠᠳᠬᠠᠨ᠎ᠠ᠃ ᠡᠯ᠎ᠡ ᠲᠦᠷᠦᠬᠦᠯᠡᠨ | ᠬᠠᠷᠢᠭᠤᠴᠠᠬᠤ ᠨᠢᠬᠡᠴᠡ ᠪᠤᠬᠢᠷᠳᠤᠯ ᠢ ᠰᠡᠷᠬᠡᠶᠢᠯᠡᠨ ᠵᠠᠰᠠᠬᠤ ᠡᠬᠦᠷᠬᠡ ᠪᠠᠷ ᠬᠦᠳᠦᠯᠦᠮᠵᠢ ᠪᠠᠨ ᠪᠤᠯᠭᠠᠵᠤ᠂ | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2019 ᠤᠨ ᠤ 2 ᠰᠠᠷ᠎ᠠ ᠶᠢᠨ 4 ᠤ ᠡᠳᠦᠷ | | | | | | | | | | | | | | | | |