ᠬᠠᠶᠠᠭᠳᠠᠮᠠᠯ ᠪᠤᠳᠠᠰ ᠢ ᠬᠤᠷᠢᠶᠠᠬᠤ ᠦᠷᠳᠡᠭᠡ ᠶᠢ ᠴᠡᠪᠡᠷᠯᠡᠨ ᠴᠡᠭᠴᠡᠯᠡᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠠᠯ
ᠨᠡᠶᠢᠲᠡᠯᠡᠭᠰᠡᠨ ᠴᠠᠭ᠄
2019/6/21
ᠡᠵᠡᠨ ᠵᠠᠰᠠᠭ ᠲᠠᠷᠬᠠᠭᠠᠬᠤ ﹇2019﹈ 36 ᠳ᠋ᠤᠭᠠᠷ ᠲᠤᠭᠠᠳᠤ      ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠪᠠ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠶᠢ ᠡᠬᠦᠳᠬᠦ ᠦᠷ᠎ᠡ ᠪᠦᠳᠦᠮᠵᠢ ᠶᠢ ᠤᠯᠠᠮ ᠨᠢᠬᠡ ᠠᠯᠬᠤᠮ ᠪᠠᠬᠢᠵᠢᠬᠦᠯᠬᠦ ᠶᠢᠨ ᠲᠦᠯᠦᠬᠡ᠂ ᠬᠠᠶᠠᠭᠳᠠᠮᠠᠯ ᠡᠳ᠋ ᠪᠤᠳᠠᠰ ᠢ ᠬᠤᠷᠢᠶᠠᠬᠤ ᠠᠵᠢᠯ ᠲᠦᠷᠦᠯ ᠤᠨ ᠠᠷᠠᠳ ᠢ ᠲᠦᠢᠪᠡᠬᠡᠬᠦ ᠪᠠ ᠬᠤᠳᠠ ᠶᠢᠨ ᠲᠦᠷᠢ ᠲᠦᠷᠬᠦ ᠶᠢ ᠨᠦᠯᠦᠬᠡᠯᠡᠬᠦ ᠲᠤᠪᠤᠶᠢᠮ᠎ᠠ ᠪᠠᠶᠢᠳᠠᠯ ᠢ ᠦᠨᠡᠨᠬᠦ ᠰᠢᠢᠳᠪᠦᠷᠢᠯᠡᠵᠦ᠂ ᠬᠤᠳᠠ ᠶᠢᠨ ᠲᠤᠭᠤᠷᠢᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠂ ᠠᠮᠦᠷ ᠲᠦᠪᠰᠢᠨ ᠤ ᠲᠠᠯᠳᠠ ᠬᠡᠮ ᠢ ᠠᠷᠢᠯᠭᠠᠨ᠎ᠠ᠃ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ︾ ︽ᠬᠤᠳᠠ ᠶᠢᠨ ᠲᠦᠷᠢ ᠲᠦᠷᠬᠦ ᠪᠠ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠵᠤᠷᠪᠤᠰ︾ ︵ᠲᠦᠷᠦ ᠶᠢᠨ ᠶᠠᠪᠤᠳᠠᠯ ᠤᠨ ᠬᠤᠷᠢᠶᠠᠨ ᠤ 101 ᠲᠤᠭᠠᠳᠤ ᠵᠠᠷᠯᠢᠭ︶ ᠪᠠ ︽ᠲᠠᠬᠢᠨ ᠡᠬᠦᠰᠬᠦ ᠡᠬᠢ ᠪᠠᠶᠠᠯᠢᠭ ᠢ ᠬᠤᠷᠢᠶᠠᠬᠤ ᠬᠠᠮᠢᠶᠠᠷᠤᠯᠳᠠ ᠶᠢᠨ ᠠᠷᠭ᠎ᠠ︾ ᠵᠡᠷᠬᠡ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ᠂ ᠰᠤᠳᠤᠯᠤᠯᠳᠠ ᠪᠠᠷ ᠲᠠᠮᠵᠢᠨ᠂ 2019 ᠤᠨ ᠤ 4 ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠦᠬᠦ ᠬᠤᠰᠢᠭᠤᠨ ᠤ ᠬᠡᠪᠴᠢᠶᠡᠨ ᠎ ᠳᠤ ᠬᠠᠶᠠᠭᠳᠠᠮᠠᠯ ᠪᠤᠳᠠᠰ ᠢ ᠬᠤᠷᠢᠶᠠᠬᠤ ᠡᠵᠡᠩᠨᠡᠯᠳᠡ  ᠎ ᠶᠢᠨ ᠠᠵᠢᠯᠯᠠᠭ᠎ᠠ ᠳᠤ ᠪᠦᠬᠦ ᠲᠠᠯ᠎ᠠ ᠪᠠᠷ ᠴᠡᠪᠡᠷᠯᠡᠨ ᠴᠡᠭᠴᠡᠯᠡᠯᠳᠡ ᠬᠢᠨ᠎ᠡ᠃ ᠡᠳᠦᠬᠡ ᠬᠠᠮᠢᠶ᠎ᠠ ᠪᠦᠬᠦᠢ ᠬᠡᠷᠡᠭ ᠎ ᠢ ᠲᠤᠤᠷᠠᠬᠢ ᠮᠡᠳᠦ ᠮᠡᠳᠡᠭᠳᠡᠶ᠎ᠡ᠄      ᠨᠢᠬᠡ᠂ ᠪᠦᠬᠦ ᠬᠤᠰᠢᠭᠤᠨ ᠤ ᠬᠡᠪᠴᠢᠶᠡᠨ ᠳᠠᠬᠢ ᠬᠠᠶᠠᠭᠳᠠᠮᠠᠯ ᠪᠤᠳᠠᠰ ᠢ ᠬᠤᠷᠢᠶᠠᠨ ᠡᠵᠡᠩᠨᠡᠬᠦ ᠠᠵᠢᠯᠯᠠᠭ᠎ᠠ ᠳᠤ ᠪᠦᠬᠦ ᠲᠠᠯ᠎ᠠ ᠴᠡᠪᠡᠷᠯᠡᠨ ᠴᠡᠭᠴᠡᠯᠡᠵᠦ᠂ ᠦᠨᠡᠮᠯᠡᠯ ᠦᠬᠡᠢ ᠡᠵᠡᠩᠨᠡᠬᠦ ︵ᠦᠨᠡᠮᠯᠡᠯ ᠪᠦᠷᠢᠨ ᠪᠤᠰᠤ︶ ᠵᠢᠴᠢ ᠵᠠᠮ ᠡᠵᠡᠯᠡᠨ ᠡᠵᠡᠩᠨᠡᠬᠦ᠂ ᠬᠤᠳᠠ ᠶᠢᠨ ᠲᠦᠷᠢ ᠲᠦᠷᠬᠦ ᠪᠠ ᠰᠠᠭᠤᠭᠠᠯᠢ ᠠᠷᠠᠳ ᠤᠨ ᠠᠮᠢᠳᠤᠷᠠᠯ ᠢ ᠬᠦᠨᠳᠦ ᠨᠤᠴᠢᠳᠠᠢ ᠨᠦᠯᠦᠬᠡᠯᠡᠬᠦ ᠬᠠᠶᠠᠭᠳᠠᠮᠠᠯ ᠪᠤᠳᠠᠰ ᠢ ᠬᠤᠷᠢᠶᠠᠬᠤ ᠦᠷᠳᠡᠭᠡ ᠶᠢ ᠶᠢ ᠡᠷᠡᠰ ᠴᠢᠩᠭ᠎ᠠ ᠪᠠᠷ ᠴᠠᠭᠠᠵᠠᠯᠠᠬᠤ︔ ᠰᠠᠭᠤᠭᠠᠯᠢ ᠠᠷᠠᠳ ᠤᠨ ᠲᠤᠭᠤᠷᠢᠭ ᠎ ᠲᠤ ᠤᠷᠤᠰᠢᠵᠤ ᠪᠠᠶᠢᠭ᠎ᠠ ᠠᠮᠦᠷ ᠲᠦᠪᠰᠢᠨ ᠤ ᠲᠠᠯᠳᠠ ᠬᠡᠮ ᠵᠢᠴᠢ ᠬᠠᠤᠯᠢ ᠴᠠᠭᠠᠵᠠ ᠬᠠᠤᠯᠢ ᠲᠦᠷᠢᠮ ᠳᠤ ᠡᠷᠡᠰ ᠴᠠᠭᠠᠵᠠᠯᠠᠭᠰᠠᠨ ᠤᠷᠤᠨ ᠪᠠᠶᠢᠷᠢ ᠳᠠᠬᠢ ᠬᠠᠶᠠᠭᠳᠠᠮᠠᠯ ᠪᠤᠳᠠᠰ ᠢ ᠬᠤᠷᠢᠶᠠᠬᠤ ᠦᠷᠳᠡᠭᠡ ᠶᠢ ᠡᠷᠡᠰ ᠴᠠᠭᠠᠵᠠᠯᠠᠨ᠎ᠠ᠃      ᠬᠤᠶᠠᠷ᠂ ᠡᠯ᠎ᠡ ᠬᠠᠶᠠᠭᠳᠠᠮᠠᠯ ᠪᠤᠳᠠᠰ ᠬᠤᠷᠢᠶᠠᠬᠤ ᠦᠷᠳᠡᠭᠡ ᠡᠷᠬᠡᠪᠰᠢ ᠲᠤᠰ ᠮᠡᠳᠡᠭᠳᠡᠯ ᠢ ᠲᠠᠷᠬᠠᠭᠠᠭᠰᠠᠨ ᠡᠳᠦᠷ ᠠᠴᠠ ᠡᠬᠢᠯᠡᠨ 5 ᠡᠳᠦᠷ ᠤᠨ ᠲᠤᠳᠤᠷ᠎ᠠ ᠵᠦᠪᠰᠢᠶᠡᠷᠡᠯ ᠦᠬᠡᠢ ᠪᠠᠷ ᠦᠪᠡᠷᠳᠡᠬᠡᠨ ᠪᠠᠶᠢᠭᠤᠯᠤᠭᠰᠠᠨ ᠪᠠ ᠬᠤᠳᠠ ᠶᠢᠨ ᠲᠦᠷᠢ ᠲᠦᠷᠬᠦ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠶᠢ ᠨᠦᠯᠦᠬᠡᠯᠡᠬᠦ ᠠᠵᠢᠯᠯᠠᠭ᠎ᠠ ᠳᠤ ᠦᠪᠡᠷᠳᠡᠬᠡᠨ ᠪᠠᠶᠢᠴᠠᠭᠠᠵᠤ ᠵᠠᠯᠠᠷᠠᠭᠤᠯᠤᠨ᠎ᠠ᠃ ᠡᠬᠦᠨ ᠳᠤ᠂ ᠪᠦᠬᠦ ᠬᠤᠰᠢᠭᠤᠨ ᠤ ᠲᠠᠬᠢᠨ ᠡᠬᠦᠰᠴᠦ ᠪᠤᠯᠬᠤ ᠡᠬᠢ ᠪᠠᠶᠠᠯᠢᠭ ᠢ ᠬᠤᠷᠢᠶᠠᠬᠤ ᠰᠦᠯᠵᠢᠶ᠎ᠡ ᠶᠢᠨ ᠲᠤᠭᠳᠠᠯᠴᠠᠭ᠎ᠠ ᠶᠢ ᠪᠠᠶᠢᠭᠤᠯᠤᠨ ᠲᠦᠯᠦᠪᠵᠢᠬᠦᠯᠬᠦ ᠪᠠᠶᠢᠷᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠳᠤ ᠨᠡᠶᠢᠴᠡᠬᠦ ᠪᠦᠬᠡᠳ ᠦᠨᠡᠮᠯᠡᠯ ᠬᠦᠢᠴᠡᠳ ᠪᠠᠶᠢᠬᠤ ᠬᠠᠶᠠᠭᠳᠠᠮᠠᠯ ᠪᠤᠳᠠᠰ ᠢ ᠬᠤᠷᠢᠶᠠᠬᠤ ᠦᠷᠳᠡᠭᠡ ᠶᠢ ᠤᠯᠠᠮ ᠨᠢᠬᠡ ᠠᠯᠬᠤᠮ ᠲᠦᠷᠢᠮᠵᠢᠬᠦᠯᠦᠨ ᠡᠵᠡᠩᠨᠡᠨ ᠬᠠᠮᠢᠶᠠᠷᠴᠤ᠂ ᠠᠮᠦᠷ ᠲᠦᠪᠰᠢᠨ ᠤ ᠰᠡᠷᠬᠡᠶᠢᠯᠡᠯᠳᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠮᠦᠷ ᠲᠦᠪᠰᠢᠨ ᠤ ᠲᠠᠯᠳᠠ ᠬᠡᠮ ᠢ ᠲᠤᠶᠢᠯᠪᠤᠷᠢᠳᠠᠢ ᠪᠠᠷ ᠠᠷᠢᠯᠭᠠᠨ᠎ᠠ︔ ᠬᠠᠶᠠᠭᠳᠠᠮᠠᠯ ᠪᠤᠳᠠᠰ ᠢ ᠬᠤᠷᠢᠶᠠᠬᠤ ᠳᠤ ᠨᠡᠶᠢᠳᠡ ᠶᠢᠨ ᠲᠦᠬᠦᠬᠡᠷᠦᠮᠵᠢ ᠶᠢ ᠡᠵᠡᠯᠡᠨ ᠤᠪᠤᠭᠠᠯᠠᠵᠤ ᠪᠤᠯᠬᠤ ᠦᠬᠡᠢ᠂ ᠡᠷᠬᠢᠯᠳᠡ ᠶᠢᠨ ᠴᠢᠨᠠᠷᠳᠠᠢ ᠬᠠᠶᠠᠭᠳᠠᠮᠠᠯ ᠪᠤᠳᠠᠰ ᠢᠶᠠᠨ ᠴᠠᠭ ᠲᠠᠷᠤᠢ ᠳᠤᠨᠢ ᠴᠡᠪᠡᠷᠯᠡᠵᠦ᠂ ᠤᠶᠢᠷ᠎ᠠ ᠬᠠᠪᠢ ᠢ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠪᠠᠳᠤᠯᠠᠨ᠎ᠠ᠃ ᠪᠦᠬᠦ ᠬᠤᠰᠢᠭᠤᠨ ᠤ ᠲᠠᠬᠢᠨ ᠡᠬᠦᠰᠴᠦ ᠪᠤᠯᠬᠤ ᠡᠬᠢ ᠪᠠᠶᠠᠯᠢᠭ ᠢ ᠬᠤᠷᠢᠶᠠᠬᠤ ᠰᠦᠯᠵᠢᠶ᠎ᠡ ᠶᠢᠨ ᠲᠤᠭᠳᠠᠯᠴᠠᠭ᠎ᠠ ᠶᠢ ᠪᠠᠶᠢᠭᠤᠯᠤᠨ ᠲᠦᠯᠦᠪᠵᠢᠬᠦᠯᠬᠦ ᠪᠠᠶᠢᠷᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠳᠤ ᠦᠯᠦ ᠨᠡᠶᠢᠴᠡᠬᠦ ᠪᠦᠬᠡᠳ ᠦᠨᠡᠮᠯᠡᠯ ᠬᠦᠢᠴᠡᠳ ᠪᠤᠰᠤ ᠬᠠᠶᠠᠭᠳᠠᠮᠠᠯ ᠪᠤᠳᠠᠰ ᠢ ᠬᠤᠷᠢᠶᠠᠬᠤ ᠦᠷᠳᠡᠭᠡ᠂ ᠡᠷᠬᠡᠪᠰᠢ ᠠᠯᠢᠪᠠ ᠠᠵᠢᠯᠯᠠᠭ᠎ᠠ ᠪᠠᠨ ᠦᠪᠡᠷᠳᠡᠬᠡᠨ ᠵᠤᠭᠰᠤᠭᠠᠵᠤ᠂ 15 ᠡᠳᠦᠷ ᠤᠨ ᠲᠤᠳᠤᠷ᠎ᠠ ᠦᠪᠡᠷᠳᠡᠬᠡᠨ ᠲᠠᠯᠠᠪᠠᠢ ᠪᠠᠨ ᠴᠡᠪᠡᠷᠯᠡᠨ ᠠᠷᠢᠯᠭᠠᠨ᠎ᠠ᠂ ᠬᠤᠭᠤᠴᠠᠭᠠᠨ ᠳᠤ ᠴᠡᠪᠡᠷᠯᠡᠬᠦ ᠪᠤᠯ᠂ ᠬᠤᠯᠪᠤᠭᠳᠠᠯ ᠪᠦᠬᠦᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠠᠷᠢᠯᠭᠠᠬᠤ ᠶᠢᠨ ᠲᠠᠭᠠᠤ ᠬᠠᠤᠯᠢ ᠶᠤᠰᠤᠭᠠᠷ ᠬᠦᠴᠦᠨ ᠦᠬᠡᠢ ᠪᠤᠯᠭᠠᠵᠤ᠂ ᠬᠠᠭᠠᠭᠠᠨ ᠵᠤᠭᠰᠤᠭᠠᠨ᠎ᠠ᠃      ᠭᠤᠷᠪᠠ᠂ ᠡᠯ᠎ᠡ ᠪᠠᠯᠭᠠᠰᠤ ᠬᠤᠷᠢᠶ᠎ᠠ ᠤᠷᠤᠨ ᠤ ᠬᠠᠶᠠᠭᠳᠠᠮᠠᠯ ᠪᠤᠳᠠᠰ ᠢ ᠬᠤᠷᠢᠶᠠᠨ ᠡᠵᠡᠩᠨᠡᠬᠦ ᠠᠵᠢᠯᠯᠠᠭᠠᠨ ᠤ ᠬᠠᠮᠢᠶᠠᠷᠤᠯᠳᠠ ᠶᠢ ᠴᠢᠩᠭᠠᠳᠬᠠᠵᠤ᠂ ᠵᠡᠬᠡᠯᠢ ᠭᠤᠳᠤᠮᠵᠢ ᠪᠠᠷ ᠨᠡᠬᠦᠨ ᠬᠤᠷᠢᠶᠠᠬᠤ ᠬᠦᠮᠦᠰ ᠤᠨ ᠬᠠᠮᠢᠶᠠᠷᠤᠯᠳᠠ ᠶᠢ ᠴᠢᠩᠭᠠᠳᠬᠠᠵᠤ᠂ ᠬᠤᠯᠪᠤᠭᠳᠠᠯ ᠪᠦᠬᠦᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ ᠮᠦᠴᠢᠷ ᠎ ᠲᠠᠢ ᠢᠳᠡᠪᠬᠢᠳᠠᠢ ᠬᠠᠮᠵᠢᠯᠴᠠᠨ ᠬᠠᠤᠯᠢ ᠬᠡᠷᠡᠭᠵᠢᠬᠦᠯᠬᠦ ᠠᠵᠢᠯᠯᠠᠭ᠎ᠠ ᠶᠢ ᠦᠷᠨᠢᠬᠦᠯᠵᠦ᠂ ᠴᠡᠪᠡᠷᠯᠡᠨ ᠠᠷᠢᠯᠭᠠᠬᠤ ᠬᠠᠤᠯᠢ ᠬᠡᠷᠡᠭᠵᠢᠬᠦᠯᠦᠯᠳᠡ ᠶᠢᠨ ᠠᠵᠢᠯᠯᠠᠭ᠎ᠠ ᠤᠷᠤᠭᠰᠢᠳᠠᠢ ᠶᠠᠪᠤᠭᠳᠠᠬᠤ ᠶᠢ ᠪᠠᠳᠤᠯᠠᠨ᠎ᠠ᠃      ᠲᠦᠷᠪᠡ᠂ ᠬᠠᠶᠠᠭᠳᠠᠮᠠᠯ ᠪᠤᠳᠠᠰ ᠢ ᠬᠤᠷᠢᠶᠠᠬᠤ ᠦᠢᠯᠡᠰ ᠢ ᠡᠷᠬᠢᠯᠡᠵᠦ ᠪᠠᠶᠢᠭ᠎ᠠ ᠬᠦᠮᠦᠰ ᠡᠷᠬᠡᠪᠰᠢ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠦ᠂ ᠪᠤᠯᠪᠠᠰᠤᠨ ᠎ ᠪᠠᠷ ᠬᠤᠷᠢᠶᠠᠵᠤ᠂ ᠵᠠᠮ ᠬᠠᠷᠢᠯᠴᠠᠭᠠᠨ ᠤ ᠬᠠᠤᠯᠢ ᠲᠦᠷᠢᠮ ᠢ ᠵᠢᠷᠤᠮᠯᠠᠵᠤ᠂ ᠬᠠᠶᠠᠭᠳᠠᠮᠠᠯ ᠪᠤᠳᠠᠰ ᠢ ᠬᠤᠷᠢᠶᠠᠬᠤ ᠬᠤᠯᠪᠤᠭᠳᠠᠯ ᠪᠦᠬᠦᠢ ᠬᠠᠮᠢᠶᠠᠷᠤᠯᠳᠠ ᠶᠢᠨ ᠲᠤᠭᠳᠠᠭᠠᠯ ᠢ ᠴᠢᠩᠭ᠎ᠠ ᠵᠢᠷᠤᠮᠯᠠᠨ᠎ᠠ᠃ ᠬᠤᠳᠠᠯᠳᠤᠨ ᠠᠪᠬᠤ ᠶᠠᠪᠤᠴᠠ ᠳᠤ ᠡᠳᠡᠬᠡᠳ ᠬᠦᠮᠦᠨ᠂ ᠡᠳᠡᠬᠡᠳ ᠪᠤᠳᠠᠰ ᠪᠤᠶᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠎ ᠶᠢᠨ ᠵᠠᠷᠯᠠᠨ ᠡᠷᠢᠵᠦ ᠪᠠᠶᠢᠭ᠎ᠠ ᠪᠤᠵᠠᠷ ᠡᠳ᠋ ᠵᠢᠴᠢ ᠪᠤᠵᠠᠷ ᠡᠳ᠋ ᠢᠶᠠᠷ ᠰᠡᠵᠡᠭᠯᠡᠭᠳᠡᠭᠰᠡᠨ ᠪᠤᠳᠠᠰ ᠢ ᠢᠯᠡᠷᠡᠬᠦᠯᠪᠡᠯ᠂ ᠴᠠᠭ ᠲᠤᠬᠠᠢ ᠳᠤᠨᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠮᠡᠳᠡᠬᠦᠯᠦᠨ᠂ ᠨᠢᠭᠤᠨ ᠲᠠᠯᠳᠠᠯᠠᠵᠤ ᠪᠤᠯᠬᠤ ᠦᠬᠡᠢ᠃      ᠲᠠᠪᠤ᠂ ᠴᠡᠪᠡᠷᠯᠡᠨ ᠠᠷᠢᠯᠭᠠᠬᠤ ᠠᠵᠢᠯᠯᠠᠭ᠎ᠠ ᠲᠠᠢ ᠬᠠᠪᠰᠤᠷᠤᠯᠴᠠᠬᠤ ᠦᠬᠡᠢ ᠪᠤᠶᠤ ᠬᠠᠤᠯᠢ ᠬᠡᠷᠡᠭᠵᠢᠬᠦᠯᠬᠦ ᠠᠵᠢᠯᠳᠠᠨ ᠤ ᠬᠠᠤᠯᠢ ᠬᠡᠷᠡᠭᠵᠢᠬᠦᠯᠬᠦ ᠠᠯᠪᠠᠨ ᠠᠵᠢᠯ ᠎ ᠢ ᠬᠠᠷᠰᠢᠯᠠᠪᠠᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠦᠷ ᠲᠦᠪᠰᠢᠨ ᠤ ᠬᠠᠮᠢᠶᠠᠷᠤᠯᠳᠠ ᠶᠢᠨ ᠲᠤᠷᠭᠠᠭᠤᠯᠢ ᠶᠢᠨ ᠬᠠᠤᠯᠢ︾᠎ ᠶᠢ ᠦᠨᠳᠦᠰᠦᠯᠡᠨ ᠰᠢᠢᠳᠬᠡᠨ᠎ᠡ︔ ᠶᠠᠯᠠᠳᠤ ᠠᠵᠢᠯᠯᠠᠭ᠎ᠠ ᠪᠤᠯᠪᠠᠯ᠂ ᠬᠠᠤᠯᠢ ᠶᠤᠰᠤᠭᠠᠷ ᠲᠤᠬᠠᠢ ᠶᠢᠨ ᠬᠦᠮᠦᠨ ᠤ ᠡᠷᠡᠬᠦᠦ ᠶᠢᠨ ᠬᠡᠷᠡᠭ ᠎ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠵᠢᠷᠭᠤᠭ᠎ᠠ᠂ ᠲᠤᠰ ᠵᠠᠷᠯᠠᠯ ᠢ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃      ᠤᠨᠴᠠᠭᠠᠶᠢᠯᠠᠨ ᠵᠠᠷᠯᠠᠪᠠ᠃                                                                                       ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                                      2019 ᠤᠨ ᠤ 2 ᠰᠠᠷ᠎ᠠ ᠶᠢᠨ 4᠎ ᠤ ᠡᠳᠦᠷ
ᠢᠷᠡᠯᠲᠡ᠄ ᠲᠣᠲᠣᠷᠬᠠᠢ ᠦᠭᠡᠢ