ᠠᠩᠬᠠᠳᠤᠭᠠᠷ ᠬᠤᠭᠤᠴᠠᠭᠠᠨ ᠤ ᠡᠵᠡᠨ ᠬᠤᠷᠤᠭ᠎ᠠ ᠬᠤᠰᠢᠭᠤᠨ ᠤ ᠮᠤᠩᠭᠤᠯ ᠬᠠᠳᠬᠤᠮᠠᠯ ᠤᠨ ᠪᠤᠯᠪᠠᠰᠤᠷᠠᠯ ᠎ ᠤᠨ ᠠᠩᠬᠢ ᠶᠢ ᠡᠷᠬᠢᠯᠡᠬᠦ ᠲᠤᠬᠠᠢ ᠤᠷᠢᠳᠴᠢᠯᠠᠭᠰᠠᠨ ᠮᠡᠳᠡᠭᠳᠡᠯ
ᠨᠡᠶᠢᠲᠡᠯᠡᠭᠰᠡᠨ ᠴᠠᠭ᠄
2019-07-11
     ᠦᠨᠳᠦᠰᠦᠳᠡᠨ ᠤ ᠤᠨᠴᠠᠯᠢᠭᠳᠤ ᠰᠤᠶᠤᠯ ᠤᠨ ᠡᠬᠢ ᠰᠤᠷᠪᠤᠯᠵᠢ ᠶᠢ ᠢᠯᠡᠷᠡᠭᠦᠯᠦᠨ᠂ ᠠᠷᠠᠳ ᠤᠨ ᠰᠢᠯᠢᠳᠡᠭ ᠰᠠᠶᠢᠨ ᠭᠠᠷ ᠤᠷᠠᠯᠠᠯ ᠤᠨ ᠤᠷ᠎ᠠ ᠴᠢᠳᠠᠪᠤᠷᠢ ᠶᠢ ᠬᠠᠮᠠᠭᠠᠯᠠᠨ ᠤᠯᠠᠮᠵᠢᠯᠠᠵᠤ᠂ ᠬᠤᠳᠠ ᠭᠦᠳᠡᠭᠡ  ᠎ ᠶᠢᠨ ᠭᠦᠳᠡᠯᠮᠤᠷᠢ ᠭᠦᠴᠤᠨ ᠤ ᠠᠵᠢᠯ  ᠤᠯᠭᠤᠯᠲᠠ ᠶᠢᠨ  ᠬᠢᠷᠢ ᠲᠦᠪᠰᠢᠨ ᠢ ᠳᠠᠰᠦᠷᠠᠯᠳᠠ ᠦᠬᠡᠢ ᠳᠡᠭᠡᠭᠰᠢᠯᠡᠭᠦᠯᠭᠦ ᠶᠢᠨ ᠳᠤᠰᠠᠳᠠ᠂ ᠤᠶᠢᠷ᠎ᠠ ᠳᠤ ᠡᠵᠡᠨ ᠬᠤᠷᠤᠭ᠎ᠠ ᠬᠤᠰᠢᠭᠤᠨ ᠤ ᠠᠩᠬᠠᠳᠤᠭᠠᠷ ᠬᠤᠭᠤᠴᠠᠭᠠᠨ ᠤ ᠮᠤᠩᠭᠤᠯ ᠬᠠᠳᠬᠤᠮᠠᠯ ᠤᠨ ᠪᠤᠯᠪᠠᠰᠤᠷᠠᠯ ᠤᠨ ᠠᠩᠬᠢ ᠶᠢ ᠡᠷᠬᠢᠯᠡᠬᠦ ᠪᠠᠷ ᠪᠤᠯᠤᠯ᠎ᠠ᠂ ᠳᠤᠤᠷ᠎ᠠ ᠪᠤᠳᠠᠳᠠᠢ ᠤᠴᠢᠷ ᠶᠠᠪᠤᠳᠠᠯ ᠢ ᠮᠡᠳᠡᠭᠳᠡᠶ᠎ᠡ᠄      ᠨᠢᠬᠡ᠂ ᠭᠤᠤᠯᠯᠠᠨ ᠡᠷᠬᠢᠯᠡᠭᠰᠡᠨ ᠨᠢᠬᠡᠴᠢ      ᠡᠵᠡᠨ ᠬᠤᠷᠤᠭ᠎ᠠ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ      ᠡᠵᠡᠨ ᠬᠤᠷᠤᠭ᠎ᠠ ᠬᠤᠰᠢᠭᠤᠨ ᠤ ᠠᠵᠢᠯ ᠳᠤ ᠤᠷᠤᠬᠤ ᠦᠢᠯᠡᠴᠢᠯᠡᠭᠡᠨ ᠤ ᠳᠤᠪᠴᠢᠶ᠎ᠠ      ᠬᠤᠶᠠᠷ᠂ ᠪᠤᠯᠪᠠᠰᠤᠷᠠᠯ ᠤᠨ ᠠᠭᠤᠯᠭ᠎ᠠ      ᠮᠤᠩᠭᠤᠯ ᠬᠠᠳᠬᠤᠮᠠᠯ ᠪᠤᠯ ᠮᠤᠩᠭᠤᠯ ᠦᠨᠳᠦᠰᠦᠳᠡᠨ ᠤᠷᠳᠤ ᠬᠤᠭᠤᠴᠠᠭᠠᠨ ᠤ ᠦᠢᠯᠡᠳᠪᠤᠷᠢᠯᠠᠯ ᠠᠮᠢᠳᠤᠷᠠᠯ ᠎ ᠤᠨ ᠳᠤᠮᠳᠠ ᠪᠦᠷᠢᠯᠳᠦᠭᠰᠡᠨ ᠨᠢᠬᠡ ᠵᠦᠢᠯ ᠤᠨ ᠭᠠᠷ ᠤᠷᠠᠯᠠᠯ᠂ ᠤᠷᠠᠨ ᠡᠷᠳᠡᠮ ᠪᠤᠯᠤᠨ᠎ᠠ᠃ ᠳᠤᠰ ᠤᠳᠠᠭᠠᠨ ᠤ ᠪᠤᠯᠪᠠᠰᠤᠷᠠᠯ ᠤᠨᠤᠯ ᠤᠨ ᠰᠤᠷᠤᠯᠴᠠᠯᠭ᠎ᠠ ᠪᠤᠯᠤᠨ ᠪᠤᠳᠠᠳᠠᠢ ᠤᠷᠤᠯᠳᠤᠬᠤ ᠴᠢᠳᠠᠪᠤᠷᠢ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ᠂ ᠮᠤᠩᠭᠤᠯ ᠬᠠᠳᠬᠤᠮᠠᠯ ᠭᠠᠷ ᠤᠷᠠᠯᠠᠯ ᠤᠨ ᠳᠠᠯ᠎ᠠ ᠪᠠᠷ ᠬᠢ ᠴᠢᠳᠠᠪᠤᠷᠢ ᠶᠢ ᠤᠯᠠᠮ ᠨᠢᠬᠡ ᠠᠯᠬᠤᠮ ᠳᠡᠬᠡᠭᠰᠢᠯᠡᠬᠦᠯᠬᠦ ᠶᠢᠨ ᠲᠦᠯᠦᠬᠡ ᠶᠤᠮ᠃      ᠭᠤᠷᠪᠠ᠂ ᠪᠤᠯᠪᠠᠰᠤᠷᠠᠯ ᠤᠨ ᠵᠠᠷᠤᠳᠠᠯ      ᠵᠢᠭᠠᠨ ᠰᠤᠷᠭᠠᠯᠳᠠ ᠶᠢᠨ ᠵᠠᠷᠤᠳᠠᠯ ᠢ ᠪᠦᠬᠦᠨ ᠢ ᠬᠡᠯᠳᠦᠷᠢᠬᠦᠯᠦᠨ᠎ᠡ᠂ ᠢᠳᠡᠵᠦ ᠬᠤᠨᠤᠬᠤ᠂ ᠵᠠᠮ ᠬᠠᠷᠢᠯᠴᠠᠭᠠᠨ ᠎ ᠤ ᠵᠠᠷᠤᠳᠠᠯ ᠢ ᠦᠪᠡᠷᠳᠡᠬᠡᠨ ᠬᠠᠷᠢᠭᠤᠴᠠᠨ᠎ᠠ᠃      ᠲᠦᠷᠪᠡ᠂ ᠨᠡᠷ᠎ᠡ ᠮᠡᠳᠡᠬᠦᠯᠬᠦ ᠴᠠᠭ ᠵᠢᠴᠢ ᠭᠠᠵᠠᠷ      ᠨᠡᠷ᠎ᠡ ᠮᠡᠳᠡᠬᠦᠯᠬᠦ ᠴᠠᠭ᠄      2019 ᠤᠨ ᠤ 7 ᠰᠠᠷ᠎ᠠ 1᠎ ᠤ ᠡᠳᠦᠷ ᠠᠴᠠ 2019 ᠤᠨ ᠤ 7 ᠰᠠᠷ᠎ᠠ ᠶᠢᠨ 12᠎ ᠤ ᠡᠳᠦᠷ᠃      ᠨᠡᠷ᠎ᠡ ᠮᠡᠳᠡᠬᠦᠯᠬᠦ ᠭᠠᠵᠠᠷ᠄ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤᠨ ᠤ ᠴᠧᠨ ᠶᠤᠸᠠᠨ ᠲᠤᠮᠤ ᠠᠰᠠᠷ ᠤᠨ A ᠰᠠᠭᠤᠳᠠᠯ ᠤᠨ 607 ᠠᠯᠪᠠᠨ ᠬᠡᠷ ᠲᠤ᠃      ᠳᠠᠪᠤ᠂ ᠪᠤᠯᠪᠠᠰᠤᠷᠠᠯ ᠤᠨ ᠪᠠᠭᠰᠢ      ᠦᠪᠦᠷ ᠮᠤᠩᠭᠤᠯ ᠤᠨ ᠪᠤᠳᠠᠰ ᠤᠨ ᠪᠤᠰᠤ ᠰᠤᠶᠤᠯ ᠤᠨ ᠦᠪ ᠤᠨ ᠮᠤᠩᠭᠤᠯ ᠦᠨᠳᠦᠰᠦᠳᠡᠨ ᠤ ᠬᠠᠳᠬᠤᠮᠠᠯ ︵ᠤᠷᠳᠤᠰ ᠬᠠᠳᠬᠤᠮᠠᠯ︶᠎ ᠤᠨ ᠲᠦᠷᠦᠯ ᠵᠦᠢᠯ ᠤᠨ ᠲᠦᠯᠦᠬᠡᠯᠡᠬᠦ ᠴᠢᠨᠠᠷᠳᠠᠢ ᠤᠯᠠᠮᠵᠢᠯᠠᠭᠴᠢ ᠶᠤᠤ ᠹᠧᠩ ᠴᠢᠨ ᠨᠦᠬᠦᠷ ᠢ ᠤᠷᠢᠵᠦ ᠳᠤᠰ ᠤᠳᠠᠭᠠᠨ ᠤ ᠪᠤᠯᠪᠠᠰᠤᠷᠠᠯ ᠳᠤ ᠪᠠᠭᠰᠢᠯᠠᠭᠤᠯᠤᠨ᠎ᠠ᠃ ᠶᠤᠤ ᠹᠧᠩ ᠴᠢᠨ᠂ ᠦᠪᠦᠷ ᠮᠤᠩᠭᠤᠯ ᠤᠨ ᠦᠪᠡᠷᠳᠡᠬᠡᠨ ᠵᠰᠠᠬᠤ ᠤᠷᠤᠨ ᠤ ᠤᠷᠳᠤᠰ ᠬᠤᠳᠠ ᠶᠢᠨ ᠤᠳᠤᠭ ᠤᠨ ᠡᠮᠦᠨᠡᠳᠦ ᠬᠤᠰᠢᠭᠤᠨ ᠤ ᠬᠦᠮᠦᠨ᠂ ᠬᠠᠷᠠᠬᠠᠨ ᠪᠠᠭ᠎ᠠ ᠠᠴᠠ ᠪᠠᠨ ᠮᠤᠩᠭᠤᠯ ᠦᠨᠳᠦᠰᠦᠳᠡᠨ ᠤ ᠬᠠᠳᠬᠤᠮᠠᠯ ︵ᠤᠷᠳᠤᠰ ᠬᠠᠳᠬᠤᠮᠠᠯ︶᠎ ᠢ ᠰᠤᠷᠤᠯᠴᠠᠵᠦ᠂ ᠤᠷᠢᠳ ᠬᠤᠵᠢᠳ ᠤᠯᠤᠰ᠂ ᠮᠤᠵᠢ ᠶᠢᠨ ᠳᠡᠰ ᠤᠨ ᠠᠷᠠᠳ ᠤᠨ ᠦᠨᠳᠦᠰᠦᠳᠡᠨ ᠤ ᠭᠠᠷ ᠤᠷᠠᠯᠠᠯ ᠎ ᠤᠨ ᠪᠦᠲᠦᠭᠡᠭᠳᠡᠬᠦᠨ ᠤ ᠤᠷᠤᠯᠳᠤᠭᠠᠨ ᠳᠤ ᠤᠯᠠᠨ ᠤᠳᠠᠭ᠎ᠠ ᠤᠷᠤᠯᠴᠠᠵᠦ᠂ ᠱᠠᠩᠨᠠᠯ ᠬᠦᠷᠳᠡᠵᠡᠢ᠃      ᠵᠢᠷᠭᠤᠭ᠎ᠠ᠂ ᠪᠤᠯᠪᠠᠰᠤᠷᠠᠯ ᠤᠨ ᠡᠳᠡᠬᠡᠳ      18᠎ ᠠᠴᠠ 55 ᠨᠠᠰᠤᠨ ᠤ ᠬᠤᠳᠠ ᠬᠦᠳᠡᠭᠡ ᠶᠢᠨ ᠬᠦᠳᠡᠯᠮᠦᠷᠢ ᠬᠦᠴᠦ ᠤᠷᠤᠭᠤᠯᠵᠦ ᠪᠠᠶᠢᠭ᠎ᠠ ᠬᠦᠮᠦᠰ᠃      ᠳᠤᠯᠤᠭ᠎ᠠ᠂ ᠪᠤᠯᠪᠠᠰᠤᠷᠠᠯ ᠤᠨ ᠴᠠᠭ ᠪᠠ ᠭᠠᠵᠠᠷ      ᠪᠤᠯᠪᠠᠰᠤᠷᠠᠯ ᠤᠨ ᠴᠠᠭ ᠢ ᠠᠩᠬ᠎ᠠ ᠠᠯᠬᠤᠮ 2019 ᠤᠨ ᠤ 8 ᠰᠠᠷ᠎ᠠ ᠶᠢᠨ ᠡᠬᠢᠨ ︵ᠳᠤᠭᠳᠠᠭᠠᠳᠤᠢ︶᠂ ᠪᠤᠯᠪᠠᠰᠤᠷᠠᠯ ᠤᠨ ᠬᠤᠭᠤᠴᠠᠭ᠎ᠠ 10 ᠡᠳᠦᠷ᠃      ᠪᠤᠯᠪᠠᠰᠤᠷᠠᠯ ᠤᠨ ᠭᠠᠵᠠᠷ᠄ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤ᠂ ᠪᠤᠳᠠᠳᠠᠢ ᠪᠤᠯᠪᠠᠰᠤᠷᠠᠯ ᠤᠨ ᠭᠠᠵᠠᠷ ᠢ ᠳᠠᠬᠢᠨ ᠮᠡᠳᠡᠭᠳᠡᠨ᠎ᠡ᠃        ᠬᠠᠷᠢᠯᠴᠠᠬᠤ ᠬᠦᠮᠦᠨ᠄ ᠵᠢᠪᠬᠤᠯᠠᠩ ︵15004770607︶
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号