| | ᠵᠠᠰᠠᠭ ᠤᠨ ᠤᠷᠳᠤᠨ ᠤ ᠠᠵᠢᠯ ᠤᠨ ᠮᠡᠳᠡᠬᠦᠯᠦᠯᠳᠡ | | — — 2019 ᠤᠨ ᠤ 3 ᠰᠠᠷ᠎ᠠ ᠶᠢᠨ 16 ᠤ ᠡᠳᠦᠷ ᠡᠵᠡᠨ ᠬᠤᠷᠤᠭ᠎ᠠ ᠬᠤᠰᠢᠭᠤᠨ ᠤ ᠠᠷᠪᠠᠨ ᠳᠤᠯᠤᠳᠤᠭᠠᠷ ᠬᠤᠭᠤᠴᠠᠭᠠᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠤ ᠬᠤᠰᠢᠭᠤ ᠲᠠᠷᠤᠭ᠎ᠠ ᠬᠤᠸᠠ ᠷᠦᠢ ᠹᠧᠩ | | | ᠲᠦᠯᠦᠬᠡᠯᠡᠭᠴᠢᠳ ᠡ᠄ | ᠣᠳᠣ᠂ ᠪᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ᠬᠢᠨᠠᠨ | ᠵᠦᠪᠰᠢᠶᠡᠷᠡᠬᠦ ᠪᠣᠯᠪᠠᠣ᠂ ᠮᠥᠨᠴᠣ ᠣᠯᠣᠰ ᠲᠦᠷᠣ ᠶᠢᠨ ᠵᠦᠪᠯᠡᠯᠭᠡᠨ ᠤ ᠬᠡᠰᠢᠭᠦᠨ ᠪᠠ ᠬᠤᠷᠠᠯ ᠳᠤ ᠰᠣᠯᠠ ᠣᠷᠤᠯᠴᠠᠭᠰᠠᠳ ᠠᠴᠠ ᠰᠠᠨᠠᠯ ᠵᠦᠪᠯᠡᠯ ᠢᠶᠠᠨ ᠳᠡᠪᠰᠢᠭᠦᠯᠬᠦ | ᠪᠤᠯᠪᠠᠤ᠃ | ᠨᠢᠬᠡ᠂ 2018 ᠤᠨ ᠤ ᠠᠵᠢᠯ ᠤᠨ ᠡᠷᠬᠢᠴᠡᠬᠦᠯᠦᠯ | 2018 ᠤᠨ ᠳᠤ᠂ ᠬᠤᠰᠢᠭᠤ ᠵᠠᠰᠠᠭ ᠤᠨ ᠤᠷᠳᠤᠨ ᠬᠤᠰᠢᠭᠤ ᠨᠠᠮ ᠤᠨ ᠬᠤᠷᠢᠶᠠᠨ ᠤ ᠬᠦᠴᠦᠳᠡᠢ ᠤᠳᠤᠷᠢᠳᠤᠯᠭ᠎ᠠ᠂ ᠬᠤᠰᠢᠭᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠳᠡᠮᠵᠢᠯᠬᠡ ᠳᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ | ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠦ᠂ ᠵᠡᠮ ᠨᠡᠬᠡᠬᠡᠨ ᠰᠢᠨ᠎ᠡ ᠶᠢ ᠡᠬᠦᠳᠴᠦ᠂ ᠰᠢᠷᠭᠠᠭᠤ ᠠᠵᠢᠯᠯᠠᠨ᠂ ᠠᠵᠤ ᠠᠬᠤᠢ ᠨᠡᠶᠢᠬᠡᠮ ᠤᠨ ᠡᠷᠡᠬᠦᠯ | ᠳᠤᠭᠳᠠᠭᠤᠨ ᠬᠦᠭᠵᠢᠯᠳᠡ ᠶᠢᠨ ᠪᠠᠶᠢᠳᠠᠯ ᠢ ᠪᠠᠳᠤᠯᠠᠪᠠ᠃ ᠪᠦᠬᠦ ᠵᠢᠯ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 605 ᠳ᠋ᠦᠩᠰᠢᠭᠤᠷ | ᠲᠦᠬᠦᠷᠢᠭ ᠲᠤ ᠪᠠᠶᠢᠵᠦ᠂ 6.5% ᠪᠠᠷ ᠨᠡᠮᠡᠭᠳᠡᠪᠡ︔ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ 75 ᠳ᠋ᠦᠩᠰᠢᠭᠤᠷ ᠲᠦᠬᠦᠷᠢᠭ︔ | ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 257.3 ᠳ᠋ᠦᠩᠰᠢᠭᠤᠷ ᠲᠦᠬᠦᠷᠢᠭ ᠪᠠᠶᠢᠵᠦ᠂ ᠪᠦᠬᠦ ᠤᠷᠤᠨ ᠤ ᠳᠡᠷᠢᠬᠦᠨ ᠪᠠᠶᠢᠷᠢᠨ ᠳᠤ | ᠤᠷᠤᠪᠠ᠂ ᠡᠬᠦᠨ ᠳᠤ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ 73.6 ᠳ᠋ᠦᠩᠰᠢᠭᠤᠷ ᠲᠦᠬᠦᠷᠢᠭ ᠪᠠᠶᠢᠵᠦ᠂ 16.9% ᠪᠠᠷ ᠨᠡᠮᠡᠭᠳᠡᠵᠦ᠂ ᠲᠤᠰ | ᠪᠦᠷᠢ ᠪᠦᠬᠦ ᠤᠷᠤᠨ ᠤ ᠨᠢᠭᠡᠲᠦᠭᠡᠷ᠂ ᠬᠤᠶᠠᠳᠤᠭᠠᠷ ᠲᠤ ᠪᠠᠶᠢᠷᠢᠯᠠᠪᠠ᠃ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠳᠤᠭ᠎ᠠ | 56.3 ᠳ᠋ᠦᠩᠰᠢᠭᠤᠷ ᠲᠦᠬᠦᠷᠢᠭ ᠪᠠᠶᠢᠵᠦ᠂ 6% ᠪᠠᠷ ᠨᠡᠮᠡᠭᠳᠡᠪᠠ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ | ᠶᠢᠨ ᠡᠵᠡᠮᠳᠡᠵᠦ ᠪᠤᠯᠬᠤ ᠤᠷᠤᠯᠭ᠎ᠠ ᠳᠤᠰ ᠪᠦᠷᠢ 48314 ᠲᠦᠬᠦᠷᠢᠭ ᠪᠠ 18300 ᠲᠦᠬᠦᠷᠢᠭ ᠲᠤ ᠬᠦᠷᠴᠦ᠂ ᠳᠤᠰ ᠪᠦᠷᠢ 7.5% ᠪᠠ 9.1% ᠪᠠᠷ | ᠨᠡᠮᠡᠭᠳᠡᠵᠦ᠂ ᠬᠤᠰᠢᠭᠤ ᠰᠢᠶᠠᠨ ᠤ ᠠᠵᠦ ᠠᠬᠤᠢ ᠶᠢᠨ ᠶᠡᠷᠦᠩᠬᠡᠢ ᠦᠷᠢᠰᠦᠯᠳᠦᠬᠦ ᠬᠦᠴᠦᠨ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ 20 ᠳ᠋ᠤᠭᠠᠷ ᠲᠤ | ᠤᠷᠤᠪᠠ᠃ 500 ᠲᠦᠮᠡᠨ ᠲᠦᠬᠦᠷᠢᠭ ᠠᠴᠠ ᠳᠡᠬᠡᠭᠰᠢᠬᠢ ᠭᠤᠤᠯᠳᠠᠯᠭᠠᠳᠤ ᠲᠦᠷᠦᠯ ᠵᠦᠢᠯ 192 ᠵᠦᠢᠯ᠂ ᠬᠤᠲᠠ ᠶᠢᠨ ᠲᠡᠰ ᠠᠴᠠ ᠵᠤᠬᠢᠴᠠᠭᠤᠯᠤᠭᠰᠠᠨ | ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠭᠤᠤᠯᠳᠠᠯᠭᠠᠳᠤ ᠲᠦᠷᠦᠯ ᠵᠦᠢᠯ 40 ᠵᠦᠢᠯ ᠢ ᠪᠡᠶᠡᠯᠡᠬᠦᠯᠪᠠ︔ ᠬᠤᠳᠠᠯᠳᠤᠭᠠᠴᠢᠨ ᠤᠷᠢᠵᠦ ᠪᠡᠯᠡ ᠤᠷᠤᠭᠤᠯᠤᠨ ᠭᠡᠷ᠎ᠡ | ᠲᠤᠭᠳᠠᠭᠰᠠᠨ ᠲᠦᠷᠦᠯ ᠵᠦᠢᠯ 28 ᠵᠦᠢᠯ᠂ 6 ᠵᠦᠢᠯ ᠢ ᠪᠡᠶᠡᠯᠡᠭᠦᠯᠵᠤ᠂ 11.3 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠤᠷᠤᠭᠤᠯᠵᠦ᠂ ᠲᠦᠷᠦᠯ | ᠵᠦᠢᠯ ᠤᠨ ᠲᠤᠯᠭᠠᠭᠤᠷᠢᠯᠠᠬᠤ ᠦᠢᠯᠡᠳᠦᠯ ᠤᠯᠠᠮ ᠨᠢᠬᠡ ᠠᠯᠬᠤᠮ ᠳᠤᠳᠤᠷᠠᠪᠠ᠃ | ︵ᠨᠢᠬᠡ︶ ᠠᠵᠦ ᠦᠢᠯᠡᠰ ᠤᠨ ᠬᠡᠯᠪᠡᠷᠢ ᠶᠢᠨ ᠬᠤᠪᠢᠷᠠᠭᠠᠯᠳᠠ ᠰᠢᠨ᠎ᠡ ᠠᠯᠬᠤᠴᠠ ᠲᠠᠢ ᠪᠤᠯᠪᠠ᠃ ᠠᠵᠦ ᠦᠢᠯᠡᠳᠪᠦᠷᠢ ᠶᠢᠨ ᠠᠵᠦ ᠠᠬᠤᠢ ᠴᠢᠨᠠᠷ | ᠳᠡᠭᠡᠭᠰᠢᠯᠡᠵᠦ ᠦᠷ᠎ᠡ ᠠᠰᠢᠭ ᠨᠡᠮᠡᠭᠳᠡᠪᠠ᠃ ᠰᠢᠨ᠎ᠡ ᠵᠡᠬᠡᠯᠢ ᠳᠤᠶᠢᠭ ᠰᠦᠮ᠎ᠡ ᠶᠢᠨ ᠠᠭᠤᠷᠬᠠᠢ ᠶᠢᠨ ᠤᠷᠤᠨ ᠤ ᠲᠦᠷᠦᠯ ᠵᠦᠢᠯ ᠡᠮᠦᠨ᠎ᠡ ᠬᠤᠭᠤᠴᠠᠭᠠᠨ ᠤ ᠭᠠᠷ | ᠬᠦᠢᠴᠡᠳᠬᠡᠯ ᠢ ᠶᠠᠭ ᠬᠦᠢᠴᠡᠳᠬᠡᠵᠦ᠂ ᠡᠷᠬᠢᠬᠦᠯᠬᠡᠨ ᠲᠤᠬᠤᠢ᠂ ᠭᠤᠤ ᠵᠢᠶᠠ ᠯᠢᠶᠠᠩ᠂ ᠮᠠᠶᠢᠯ ᠤᠨ ᠰᠢᠯᠢ ᠵᠡᠷᠬᠡ 3 ᠨᠡᠬᠦᠷᠡᠰᠦᠨ ᠠᠭᠤᠷᠬᠠᠢ ᠶᠢᠨ ᠦᠢᠯᠡᠳᠪᠦᠷᠢᠯᠡᠯ | ᠤᠨ ᠴᠢᠳᠠᠪᠤᠷᠢ 830 ᠲᠦᠮᠡᠨ ᠲᠤᠨ ᠨᠡᠮᠡᠭᠳᠡᠬᠦᠯᠪᠡ᠃ ᠪᠦᠬᠦ ᠵᠢᠯ 2.1 ᠳ᠋ᠦᠩᠰᠢᠭᠤᠷ ᠲᠤᠨ ᠲᠦᠬᠦᠬᠡᠢ ᠨᠡᠬᠦᠷᠡᠰᠦ ᠦᠢᠯᠡᠳᠪᠦᠷᠢᠯᠠᠨ ᠪᠤᠷᠤᠯᠠᠭᠤᠯᠪᠠ᠃ ᠱᠧᠨ | ᠬᠤᠸᠠ ᠨᠡᠬᠦᠷᠡᠰᠦ ᠶᠢ ᠰᠢᠭᠤᠳ ᠰᠢᠩᠬᠡᠵᠢᠬᠦᠯᠬᠦ᠂ ᠵᠧᠩ ᠨᠧᠩ ᠨᠡᠬᠦᠷᠡᠰᠦ ᠶᠢ ᠳᠡᠰ ᠬᠤᠪᠢᠶᠠᠨ ᠴᠢᠨᠠᠷ ᠬᠤᠪᠢᠶᠠᠵᠦ ᠶᠡᠷᠦᠩᠬᠡᠶᠢᠯᠡᠨ ᠠᠰᠢᠭᠯᠠᠬᠤ ᠵᠡᠷᠬᠡ | ᠭᠤᠤᠯᠳᠠᠯᠭᠠᠳᠤ ᠲᠦᠷᠦᠯ ᠵᠦᠢᠯ ᠲᠤᠭᠳᠠᠭᠤᠨ ᠢᠶᠠᠷ ᠶᠠᠪᠤᠭᠳᠠᠵᠦ᠂ ᠬᠤᠢ ᠨᠧᠩ ᠨᠡᠬᠦᠷᠡᠰᠦ ᠪᠠᠷ ᠰᠢᠳᠠᠮᠠᠬᠠᠢ ᠬᠡᠢ ᠦᠢᠯᠡᠳᠪᠦᠷᠢᠯᠡᠬᠦ ᠬᠤᠶᠠᠳᠤᠭᠠᠷ ᠬᠤᠭᠤᠴᠠᠭᠠᠨ ᠤ | ᠲᠦᠷᠦᠯ ᠵᠦᠢᠯ ᠢ ᠡᠬᠢᠯᠡᠬᠦᠯᠦᠨ ᠪᠠᠶᠢᠭᠤᠯᠵᠦ᠂ ᠺᠧ ᠱᠢ ᠠᠭᠤᠷᠬᠠᠢ ᠶᠢᠨ ᠬᠡᠷᠡᠭᠯᠡᠯᠳᠡ ᠶᠢᠨ ᠲᠡᠮᠦᠷ ᠵᠠᠮ ᠦᠭᠡᠢ ᠭᠤᠮ ᠬᠥᠷᠲᠤᠲᠤ ᠲᠡᠷᠭᠡ ᠵᠡᠷᠭᠡ ᠬᠤᠳᠠᠯᠳᠤᠭᠠᠴᠢᠨ | ᠤᠷᠢᠵᠤ ᠪᠡᠯᠡ ᠤᠷᠤᠭᠤᠯᠬᠤ ᠲᠥᠷᠥᠯ ᠵᠥᠢᠯ ᠢ ᠡᠬᠢᠯᠡᠭᠦᠯᠵᠤ᠂ ᠢ ᠨᠧᠩ ᠲᠥᠩ ᠡᠨᠧᠷᠬᠢ ᠶᠢᠨ ᠳᠥᠬᠦᠭᠡᠷᠥᠮᠵᠢ ᠵᠢᠴᠢ ᠮᠡᠷᠭᠡᠵᠢᠯ ᠤᠨ ᠥᠢᠯᠡᠳᠬᠦᠨ ᠤ | ᠰᠤᠯᠢᠯᠴᠠᠭᠠᠨ ᠤ ᠥᠢᠯᠡᠴᠢᠯᠡᠭᠡ ᠶᠢᠨ ᠳᠠᠪᠴᠠᠩ ᠬᠡᠷᠡᠭᠯᠡᠯᠲᠡ ᠳᠤ ᠤᠷᠤᠪᠠ᠃ ᠪᠥᠬᠦ ᠵᠢᠯ 83.4 ᠲᠥᠮᠡᠨ ᠳᠤᠨ ᠳᠤᠰᠤᠨ ᠪᠥᠲᠥᠭᠡᠭᠳᠡᠭᠦᠨ ᠥᠢᠯᠡᠳᠪᠤᠷᠢᠯᠡᠵᠤ᠂ 4. | 8 ᠳ᠋ᠦᠩᠰᠢᠭᠤᠷ ᠺᠦᠪ ᠮᠧᠲᠷ ᠨᠡᠬᠦᠷᠡᠰᠦ ᠪᠠᠷ ᠰᠢᠳᠠᠮᠠᠬᠠᠢ ᠬᠡᠢ ᠥᠢᠯᠡᠳᠪᠤᠷᠢᠯᠡᠨ᠂ ᠴᠠᠬᠢᠯᠭᠠᠨ ᠭᠠᠷᠭᠠᠯᠲᠠ ᠶᠢᠨ ᠬᠡᠮᠵᠢᠶ᠎ᠡ ᠨᠢ 105 ᠳ᠋ᠥᠩᠰᠢᠭᠤᠷ ᠺᠢᠯᠤᠸᠤᠯᠲ | ᠴᠠᠭ ᠪᠠᠶᠢᠵᠤ᠂ ᠭᠤᠤᠯ ᠠᠵᠤ ᠥᠢᠯᠡᠳᠪᠤᠷᠢ ᠶᠢᠨ ᠪᠥᠲᠥᠭᠡᠭᠳᠡᠭᠦᠨ ᠢ ᠯᠠᠪᠳᠠᠭᠤᠨ ᠢᠶᠠᠷ ᠥᠢᠯᠡᠳᠪᠤᠷᠢᠯᠡᠨ ᠪᠤᠷᠤᠯᠠᠭᠤᠯᠪᠠ᠃ ᠪᠦᠬᠦ ᠨᠡᠶᠢᠬᠡᠮ ᠤᠨ ᠴᠠᠬᠢᠯᠭᠠᠨ | ᠬᠡᠷᠡᠭᠯᠡᠯᠳᠡ ᠶᠢᠨ ᠬᠡᠮᠵᠢᠶ᠎ᠡ ᠪᠠ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠯᠳᠡ ᠶᠢᠨ ᠬᠡᠮᠵᠢᠶ᠎ᠡ ᠲᠤᠰ ᠪᠦᠷᠢ 12.8% ᠪᠠ 5.6% ᠪᠠᠷ ᠨᠡᠮᠡᠭᠳᠡᠪᠡ᠃ | ᠬᠡᠪᠴᠢᠶ᠎ᠡ ᠠᠴᠠ ᠳᠡᠭᠡᠭᠰᠢᠬᠢ ᠠᠵᠤ ᠥᠢᠯᠡᠳᠪᠤᠷᠢ 692.4 ᠳ᠋ᠥᠩᠰᠢᠭᠤᠷ ᠲᠥᠭᠦᠷᠢᠭ ᠤᠨ ᠥᠢᠯᠡᠳᠪᠤᠷᠢᠯᠡᠯ ᠤᠨ ᠪᠥᠬᠦ ᠥᠷᠲᠡᠭ ᠢ ᠪᠡᠶᠡᠯᠡᠭᠦᠯᠵᠤ᠂ 2.5% ᠪᠠᠷ | ᠨᠡᠮᠡᠭᠳᠡᠪᠡ᠃ ᠬᠤᠶᠠᠳᠤᠭᠠᠷ ᠠᠵᠤ ᠥᠢᠯᠡᠰ 312.3 ᠳ᠋ᠥᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠤ᠂ 1.7 ᠪᠠᠷ ᠨᠡᠮᠡᠭᠳᠡᠪᠡ᠃ ᠥᠢᠯᠡᠴᠢᠯᠡᠭᠡᠨ | ᠤ ᠥᠢᠯᠡᠰ ᠤᠨ ᠬᠡᠯᠪᠡᠷᠢ ᠶᠢᠨ ᠬᠤᠪᠢᠷᠠᠭᠠᠯᠲᠠ ᠶᠢ ᠲᠥᠷᠭᠡᠳᠬᠡᠪᠡ᠃ ᠭᠤᠤᠯᠯᠠᠬᠤ ᠬᠤᠲᠠ ᠶᠢᠨ ᠲᠤᠭᠤᠷᠢᠭ ᠤᠨ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠤᠨ | ᠲᠥᠯᠥᠪᠯᠡᠭᠡ ᠶᠢ ᠪᠡᠶᠡᠯᠡᠭᠦᠯᠵᠤ᠂ ᠢ ᠱᠠᠩ ᠺᠧ᠂ ᠸᠢᠨᠠᠰ ᠬᠠᠭᠠᠨ ᠤ ᠤᠷᠳᠤᠨ ᠪᠠᠭᠤᠳᠠᠯ ᠵᠡᠷᠭᠡ ᠡᠵᠡᠩᠨᠡᠯᠲᠡ ᠶᠢᠨ ᠪᠥᠯᠬᠦᠮ ᠢ ᠤᠷᠤᠭᠤᠯᠵᠤ᠂ ᠶᠢᠨ ᠵᠢᠢ ᠨᠠᠷᠠᠨ | ᠬᠤᠲᠠ ᠵᠡᠷᠭᠡ ᠬᠠᠳᠠᠭᠠᠯᠠᠮᠵᠢ ᠶᠢᠨ ᠬᠤᠳᠠᠯᠳᠤᠭᠠᠨ ᠤ ᠪᠠᠶᠢᠭᠤᠯᠤᠮᠵᠢ ᠠᠯᠬᠤᠮ ᠳᠠᠷᠠᠭᠠᠯᠠᠨ ᠡᠬᠢᠯᠡᠪᠡ᠃ ᠤᠳᠤ ᠥᠶ᠎ᠡ ᠶᠢᠨ ᠮᠤᠷᠢᠨ ᠥᠢᠯᠡᠰ ᠢ ᠲᠥᠷᠭᠡᠳᠬᠡᠨ | ᠬᠥᠭᠵᠢᠭᠦᠯᠵᠤ᠂ ᠲᠤᠭᠲᠠᠭᠠᠯ ᠥᠭᠡᠢ ᠠᠳᠤᠭᠤᠨ ᠲᠥᠷᠥᠯ ᠤᠨ ᠠᠮᠢᠲᠠᠨ ᠤ ᠡᠪᠡᠳᠴᠢᠨ ᠬᠢᠵᠢᠭ ᠤᠨ ᠲᠤᠭᠤᠷᠢᠭ ᠢ ᠪᠠᠶᠢᠭᠤᠯᠵᠤ᠂ ᠢ ᠲᠠᠢ ᠳ᠋ᠠ ᠮᠥᠸᠧ ᠮᠤᠷᠢᠨ | ᠦᠢᠯᠡᠰ ᠤᠨ ᠰᠤᠶᠤᠯ ᠵᠢᠭᠤᠯᠴᠢᠯᠠᠯ ᠤᠨ ᠪᠠᠯᠭᠠᠰᠤ ᠶᠢ ᠪᠦᠬᠦ ᠤᠷᠤᠨ ᠤ ᠠᠩᠬᠠᠳᠠᠭᠴᠢ ᠤᠨᠴᠠᠯᠢᠭᠳᠤ ᠪᠠᠯᠭᠠᠰᠤ ᠶᠢᠨ ᠨᠡᠷᠡᠰ ᠲᠤ ᠤᠷᠤᠭᠤᠯᠪᠠ᠃ ︽ᠡᠵᠡᠨ | ᠬᠤᠷᠤᠭ᠎ᠠ ᠳᠠᠭᠠᠨ ᠤᠴᠠᠷᠠᠨ ᠵᠤᠯᠭᠠᠬᠤ︾ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠰᠡᠳᠬᠢᠯᠴᠢᠯᠡᠨ ᠬᠢᠵᠤ᠂ 2018 ᠤᠨ ᠤ ᠲᠤᠮᠲᠠᠲᠤ ᠤᠯᠤᠰ ︵ | ᠤᠷᠳᠤᠰ︶ ᠤᠨ ᠬᠡᠬᠡᠷ᠎ᠡ ᠶᠢᠨ ᠵᠢᠭᠤᠯᠴᠢᠯᠠᠯ ᠤᠨ ᠴᠤᠭᠯᠠᠭᠠᠨ᠂ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠦᠳᠡᠭᠡ ᠲᠤᠰᠬᠤᠨ ᠤ ᠰᠤᠶᠤᠯ ᠶᠢᠨ ᠨᠠᠶᠢᠷ | ᠵᠡᠷᠬᠡ 20 ᠢᠯᠡᠭᠦᠥ ᠲᠥᠷᠥᠯ ᠲᠤᠮᠤ ᠬᠡᠯᠪᠡᠷᠢ ᠶᠢᠨ ᠰᠤᠶᠤᠯ ᠲᠠᠮᠢᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠤ᠂ ︽ᠪᠥᠬᠦ ᠤᠷᠤᠨ ᠤ ᠠᠷᠪᠠᠨ ᠳᠥᠷᠪᠡᠳᠥᠭᠡᠷ | ᠬᠤᠭᠤᠴᠠᠭᠠᠨ ᠤ ᠲᠠᠮᠢᠷ ᠤᠨ ᠴᠤᠭᠯᠠᠭᠠᠨ ᠤ ᠲᠡᠷᠢᠭᠦᠨ ᠤ ᠬᠠᠮᠲᠤ︾ ᠪᠠᠷ ᠥᠨᠡᠯᠡᠭᠳᠡᠪᠡ᠃ ᠵᠠᠰᠠᠮᠠᠯ ᠵᠠᠮ ᠪᠠ ᠲᠡᠮᠦᠷ ᠵᠠᠮ ᠤᠨ ᠪᠠᠷᠠᠭᠠᠨ ᠤ ᠲᠡᠬᠡᠬᠡᠪᠦᠷᠢ ᠶᠢᠨ | ᠬᠡᠮᠵᠢᠶ᠎ᠡ᠂ ᠠᠷᠠᠳ ᠤᠨ ᠠᠭᠠᠷ ᠠᠶᠠᠯᠠᠯ ᠬᠡᠮᠵᠢᠶ᠎ᠡ ᠲᠤᠰ ᠪᠦᠷᠢ 25%᠂ 10.1%᠂ 17.5% ᠪᠠᠷ ᠨᠡᠮᠡᠭᠳᠡᠪᠡ᠃ ᠪᠥᠬᠦ ᠵᠢᠯ 410 ᠲᠥᠮᠡᠨ ᠬᠥᠮᠥᠨ | ᠤᠳᠠᠭᠠᠨ ᠤ ᠵᠤᠭᠠᠴᠠᠭᠰᠠᠳ ᠢ ᠬᠥᠯᠢᠶᠡᠨ ᠠᠪᠴᠤ᠂ 13.9% ᠪᠠᠷ ᠨᠡᠮᠡᠭᠳᠡᠪᠡ︔ ᠵᠢᠭᠤᠯᠴᠢᠯᠠᠯ ᠤᠨ ᠤᠷᠤᠯᠭ᠎ᠠ ᠶᠢ 46.2 ᠳ᠋ᠦᠩᠰᠢᠭᠤᠷ ᠲᠦᠬᠦᠷᠢᠭ | ᠪᠡᠶᠡᠯᠡᠬᠦᠯᠵᠦ᠂ 15.5% ᠪᠠᠷ ᠨᠡᠮᠡᠭᠳᠡᠪᠡ᠃ ᠭᠤᠷᠪᠠᠳᠤᠭᠠᠷ ᠠᠵᠦ ᠦᠢᠯᠡᠰ 281.1 ᠳ᠋ᠥᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠤ᠂ 12. | 5 % ᠪᠠᠷ ᠨᠡᠮᠡᠭᠳᠡᠪᠡ᠃ ᠬᠦᠳᠡᠭᠡ ᠳᠤᠰᠬᠤᠨ ᠤ ᠭᠦᠭᠵᠢᠯᠳᠡ ᠶᠢ ᠡᠬᠢᠯᠡᠬᠦᠯᠪᠡ᠃ ᠬᠦᠳᠡᠭᠡ ᠳᠤᠰᠬᠤᠨ ᠤ ᠬᠦᠭᠵᠢᠯᠳᠡ ᠶᠢ ᠳᠤᠤᠱᠯᠠᠭᠤᠯᠤᠨ | ᠨᠠᠶᠢᠳᠠᠪᠤᠷᠢᠵᠢᠭᠤᠯᠬᠤ ᠰᠠᠨᠠᠯ ᠪᠠ ᠬᠡᠷᠡᠭᠵᠢᠬᠦᠯᠬᠦ ᠳᠦᠰᠦᠯ ᠢ ᠳᠤᠭᠳᠠᠭᠠᠵᠦ᠂ 1 ᠦᠪᠡᠷᠳᠡᠬᠡᠨ ᠵᠠᠰᠠᠬᠤ ᠤᠷᠤᠨ ᠤ ᠬᠦᠳᠡᠭᠡ ᠳᠤᠰᠬᠤᠨ ᠤ ᠬᠦᠭᠵᠢᠯᠳᠡ ᠶᠢᠨ | ᠳᠠᠭᠤᠷᠢᠶᠠᠯ ᠴᠡᠭ᠂ 18 ᠬᠤᠳᠠ ᠶᠢᠨ ᠳᠡᠰ ᠤᠨ ᠳᠠᠭᠤᠷᠢᠶᠠᠯ ᠴᠡᠭ ᠢ ᠪᠠᠶᠢᠭᠤᠯᠵᠦ᠂ ᠳᠠᠷᠢᠶᠠᠯᠠᠩ ᠬᠦᠳᠡᠭᠡ ᠳᠤᠰᠬᠤᠨ ᠤ ᠭᠡᠯᠳᠡᠰ ᠠᠴᠠ ᠴᠠᠭᠠᠨ ᠴᠠᠶᠢᠳᠠᠮ | ᠳᠤᠰᠬᠤᠨ ᠢ ︽ᠳᠤᠮᠳᠠᠳᠤ ᠤᠯᠤᠰ ᠤᠨ ᠦᠵᠡᠰᠬᠦᠯᠡᠩᠳᠦ ᠬᠦᠳᠡᠭᠡ ᠳᠤᠰᠬᠤᠨ︾ ᠢᠶᠠᠷ ᠦᠨᠡᠯᠡᠵᠤ᠂ ᠮᠠᠨ ᠤ ᠬᠤᠰᠢᠭᠤ ︽ᠪᠦᠬᠦ ᠤᠯᠤᠰ ᠤᠨ ᠬᠦᠳᠡᠭᠡ ᠲᠤᠰᠬᠤᠨ | ᠢ ᠬᠦᠭᠵᠢᠬᠦᠯᠦᠨ ᠮᠠᠨᠳᠤᠭᠤᠯᠬᠤ ᠠᠷᠪᠠᠨ ᠰᠤᠳᠤᠨ ᠵᠢᠱᠢᠶᠡᠴᠢ ᠬᠤᠰᠢᠭᠤ︾ ᠪᠠᠷ ᠦᠨᠡᠯᠡᠭᠳᠡᠪᠡ᠃ 3 ᠬᠤᠳᠠ ᠶᠢᠨ ᠳᠡᠰ ᠠᠴᠠ ᠳᠡᠬᠡᠭᠰᠢᠬᠢ ᠳᠠᠷᠢᠶᠠᠯᠠᠩ ᠮᠠᠯ ᠠᠵᠦ | ᠠᠬᠤᠢ ᠶᠢᠨ ᠠᠵᠦ ᠦᠢᠯᠡᠰᠵᠢᠭᠰᠡᠨ ᠳᠤᠯᠤᠭᠠᠶᠢᠯᠠᠭᠴᠢ ᠠᠵᠦ ᠠᠬᠤᠶᠢᠯᠠᠯ ᠰᠢᠨ᠎ᠡ ᠪᠠᠷ ᠨᠡᠮᠡᠭᠳᠡᠵᠦ᠂ ᠬᠤᠳᠠ ᠶᠢᠨ ᠳᠡᠰ ᠠᠴᠠ ᠳᠡᠬᠡᠭᠰᠢᠬᠢ ᠭᠤᠤᠯᠳᠠᠯᠭᠠᠳᠤ | ᠳᠤᠯᠤᠭᠠᠶᠢᠯᠠᠭᠴᠢ ᠠᠵᠦ ᠠᠬᠤᠶᠢᠯᠠᠯ 8.8 ᠳ᠋ᠦᠩᠰᠢᠭᠤᠷ ᠲᠦᠬᠦᠷᠢᠭ ᠤᠨ ᠪᠤᠷᠤᠯᠠᠭᠤᠯᠭ᠎ᠠ ᠶᠢᠨ ᠤᠷᠤᠯᠭ᠎ᠠ ᠶᠢ ᠪᠡᠶᠡᠯᠡᠬᠦᠯᠵᠦ᠂ 60% ᠠᠴᠠ ᠳᠡᠭᠡᠭᠰᠢ | ᠳᠤᠯᠤᠭᠠᠶᠢᠯᠠᠭᠴᠢ ᠠᠵᠦ ᠠᠬᠤᠶᠢᠯᠠᠯ ᠮᠠᠯᠴᠢᠨ ᠳᠠᠷᠢᠶᠠᠴᠢᠨ ᠲᠠᠢ ᠠᠰᠢᠭ ᠳᠤᠰᠠ ᠪᠠᠨ ᠨᠢᠭᠳᠠ ᠬᠤᠯᠪᠤᠬᠤ ᠳᠤᠭᠳᠠᠯᠴᠠᠭ᠎ᠠ ᠶᠢ ᠪᠠᠶᠢᠭᠤᠯᠪᠠ᠃ ︽ᠮᠡᠩᠬᠡ︾ ᠶᠢᠨ | ᠨᠤᠤᠯᠤᠷ ᠤᠨ ᠴᠠᠭᠠᠨ ᠢᠮᠠᠭᠠᠨ ᠤ ᠨᠡᠷᠡᠳᠦ ᠲᠡᠮᠳᠡᠭ ᠨᠢ ᠤᠯᠤᠰ ᠤᠨ ᠮᠡᠳᠡᠯᠬᠡ ᠶᠢᠨ ᠪᠦᠳᠦᠬᠡᠭᠳᠡᠬᠦᠨ ᠤ ᠡᠷᠬᠡ ᠶᠢᠨ ᠲᠤᠪᠴᠢᠶᠠᠨ ᠠᠴᠠ ᠨᠡᠷ᠎ᠡ ᠠᠯᠳᠠᠷᠰᠢᠭᠤᠯᠤᠨ | ᠬᠠᠮᠠᠭᠠᠯᠠᠯᠳᠠ ᠳᠤ ᠤᠷᠤᠭᠤᠯᠪᠠ᠃ ︽ᠲᠠᠷᠢᠶᠠᠨ ᠭᠠᠵᠠᠷ ᠤᠨ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠠᠷᠢᠯᠭᠠᠨ ᠴᠡᠭᠴᠡᠯᠡᠯᠳᠡ ᠶᠢ ᠪᠦᠬᠦ ᠲᠠᠯ᠎ᠠ | ᠪᠠᠷ ᠠᠬᠢᠭᠤᠯᠪᠠ᠃ ᠭᠠᠵᠠᠷ ᠰᠢᠷᠦᠢ ᠨᠤᠳᠤᠭ ᠪᠠᠯᠴᠢᠬᠡᠷ ᠤᠨ ᠡᠷᠬᠡ ᠶᠢ ᠨᠤᠳᠠᠯᠠᠨ ᠳᠤᠭᠳᠠᠭᠠᠬᠤ ᠶᠢ ᠦᠨᠳᠦᠰᠦᠨ ᠳᠡᠭᠡᠨ ᠪᠡᠶᠡᠯᠡᠬᠦᠯᠵᠦ᠂ ᠮᠠᠯᠴᠢᠨ ᠳᠠᠷᠢᠶᠠᠴᠢᠳ | ᠠᠩᠬ᠎ᠠ ᠤᠳᠠᠭ᠎ᠠ ᠭᠠᠵᠠᠷ ᠰᠢᠷᠦᠢ ᠪᠠ ᠨᠤᠳᠤᠭ ᠪᠡᠯᠴᠢᠬᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢ ᠤᠯᠪᠠ᠃ ᠨᠢᠬᠡᠳᠦᠬᠡᠷ ᠠᠵᠦ ᠦᠢᠯᠡᠰ 8.2 | ᠳ᠋ᠥᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠤ᠂ 2.2% ᠢᠶᠠᠷ ᠨᠡᠮᠡᠭᠳᠡᠪᠡ᠃ | ︵ᠬᠤᠶᠠᠷ︶ ᠭᠤᠷᠪᠠ ᠶᠡᠭᠡ ᠰᠢᠪᠳᠦᠯᠦᠯᠳᠠ ᠰᠢᠨ᠎ᠡ ᠠᠬᠢᠴᠠ ᠲᠠᠢ ᠪᠤᠯᠪᠠ᠃ ᠴᠢᠬᠤᠯᠠ ᠶᠡᠭᠡ ᠠᠶᠤᠯ ᠳᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ ᠳᠠᠯ᠎ᠠ | ᠪᠠᠷ᠂ ᠡᠳ᠋ ᠬᠦᠷᠦᠩᠬᠡ ᠶᠢ ᠠᠮᠢᠳᠤᠯᠢᠭ ᠪᠤᠯᠭᠠᠬᠤ᠂ ᠬᠢᠨᠠᠨ ᠪᠤᠳᠤᠯᠳᠠ ᠶᠢ ᠬᠢᠨᠠᠵᠦ ᠪᠠᠭᠠᠰᠬᠠᠬᠤ ᠵᠡᠷᠬᠡ ᠦᠷᠢ ᠦᠭᠴᠡᠭᠡ ᠶᠢ ᠢᠯᠭᠠᠷᠠᠭᠤᠯᠬᠤ ᠠᠷᠭ᠎ᠠ ᠪᠠᠷᠢᠯ ᠢᠶᠠᠷ | ᠳᠠᠮᠵᠢᠨ᠂ 90.6 ᠳ᠋ᠦᠩᠰᠢᠭᠤᠷ ᠲᠦᠬᠦᠷᠢᠭ ᠤᠨ ᠵᠠᠰᠠᠭ ᠤᠨ ᠤᠷᠳᠤᠨ ᠤ ᠳᠠᠯᠳᠠ ᠴᠢᠨᠠᠷᠳᠠᠢ ᠦᠷᠢ ᠶᠢ ᠬᠠᠤᠯᠢ ᠶᠤᠰᠤᠭᠠᠷ ᠰᠢᠢᠳᠪᠤᠷᠢᠯᠠᠵᠦ᠂ ᠡᠬᠦᠨ ᠳᠤ ︽ | ᠠᠷᠪᠠ ᠶᠢ ᠪᠦᠷᠬᠦᠬᠦᠯᠬᠦ︾ ᠢᠨᠵᠧᠨᠧᠷᠢᠩ ᠤᠨ 4.2 ᠳ᠋ᠦᠩᠰᠢᠭᠤᠷ ᠲᠦᠬᠦᠷᠢᠭ ᠤᠨ ᠠᠷᠪᠠᠨ ᠲᠦᠷᠦᠯ ᠤᠨ ᠢᠨᠵᠧᠨᠧᠷᠢᠩ ᠤᠨ ᠦᠷᠢ ᠶᠢ ᠴᠦᠮ ᠲᠦᠯᠦᠵᠦ | ᠳᠠᠭᠤᠰᠬᠠᠪᠠ᠃ ᠰᠢᠶᠠᠨ ᠤ ᠬᠡᠪᠴᠢᠶᠠᠨ ᠤ ᠮᠦᠩᠬᠦᠨ ᠬᠦᠢᠯᠬᠡᠬᠡᠨ ᠤ ᠢᠨᠵᠧᠨᠧᠷᠢᠩ ᠢ ᠡᠬᠢᠯᠡᠨ ᠬᠡᠷᠡᠭᠵᠢᠬᠦᠯᠵᠦ᠂ ᠠᠵᠦ ᠠᠬᠤᠶᠢᠯᠠᠯ ᠫᠠᠶᠢᠰᠠ ᠡᠯᠬᠦᠵᠦ ᠵᠠᠬ᠎ᠠ | ᠳᠡᠯᠬᠡᠬᠦᠷ ᠲᠤ ᠭᠠᠷᠬᠤ ᠵᠤᠷᠢᠭᠵᠢᠭᠤᠯᠤᠯ ᠤᠨ ᠠᠷᠭ᠎ᠠ ᠶᠢ ᠳᠤᠭᠳᠠᠭᠠᠪᠠ᠃ᠮᠦᠩᠭᠦᠨ ᠬᠦᠢᠯᠬᠡᠬᠡᠨ ᠤ ᠠᠶᠤᠯ ᠲᠦᠭᠰᠢᠬᠦᠷᠢ ᠶᠢ ᠢᠳᠡᠪᠬᠢᠳᠠᠢ ᠰᠡᠷᠬᠡᠶᠢᠯᠡᠨ | ᠰᠢᠢᠳᠪᠦᠷᠢᠯᠡᠵᠤ᠂ ᠮᠦᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠨᠠᠶᠢᠳᠠᠪᠤᠷᠢ ᠮᠠᠭᠤᠳᠠᠢ ᠵᠢᠬᠡᠯᠡᠯᠬᠡ ᠶᠢᠨ ᠨᠤᠷᠮ᠎ᠠ ᠢ 5% ᠶᠢᠨ ᠲᠤᠳᠤᠷ᠎ᠠ ᠬᠢᠵᠠᠭᠠᠷᠯᠠᠪᠠ᠃ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠯ᠎ᠠ ᠪᠠᠷ᠂ 5533 ᠲᠥᠮᠡᠨ ᠳᠥᠭᠦᠷᠢᠭ ᠤᠨ ᠪᠡᠯᠡ ᠤᠷᠤᠭᠤᠯᠵᠤ᠂ ᠠᠵᠤ ᠥᠢᠯᠡᠰ ᠢᠶᠠᠷ ᠳᠡᠳᠬᠦᠬᠦ᠂ | ᠰᠤᠷᠭᠠᠨ ᠬᠥᠮᠥᠵᠢᠯ ᠢᠶᠠᠷ ᠳᠤᠰᠠᠯᠠᠬᠤ᠂ ᠡᠷᠡᠭᠦᠯ ᠮᠡᠨᠲᠤ ᠶᠢᠨ ᠲᠡᠳᠬᠦᠮᠵᠢ᠂ ᠨᠡᠶᠢᠬᠡᠮ ᠤᠨ ᠦᠨᠳᠦᠰᠦᠨ ᠪᠠᠳᠤᠯᠠᠭ᠎ᠠ ᠵᠡᠷᠭᠡ ᠠᠷᠭ᠎ᠠ ᠬᠡᠮᠵᠢᠶ᠎ᠡ ᠶᠢ ᠠᠪᠴᠤ᠂ ᠰᠢᠨ᠎ᠡ | ᠪᠠᠷ ᠲᠤᠳᠤᠷᠠᠭᠰᠠᠨ 20 ᠡᠷᠥᠬᠡ ᠶᠢᠨ 43 ᠨᠡᠷ᠎ᠡ ᠶᠠᠳᠠᠭᠤ ᠬᠥᠴᠢᠷᠳᠡᠯᠲᠠᠢ ᠬᠥᠮᠥᠨ ᠠᠮᠠ ᠶᠢ ᠴᠥᠮ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠤ᠂ | 2016 ᠤᠨ ᠤ ᠨᠠᠰᠢ 443 ᠡᠷᠥᠬᠡ ᠶᠢᠨ 1051 ᠨᠡᠷ᠎ᠡ ᠶᠠᠳᠠᠭᠤ ᠬᠥᠴᠢᠷᠳᠡᠯᠲᠠᠢ ᠬᠥᠮᠥᠨ ᠠᠮᠠ ᠶᠢᠨ ᠶᠠᠳᠠᠭᠤ ᠠᠴᠠ ᠠᠩᠬᠢᠵᠢᠷᠠᠭᠰᠠᠨ ᠥᠷ᠎ᠡ ᠪᠥᠲᠥᠮᠵᠢ ᠶᠢ | ᠤᠯᠠᠮ ᠨᠢᠭᠡ ᠠᠯᠬᠤᠮ ᠪᠠᠳᠤᠳᠬᠠᠪᠠ᠃ ︽ᠨᠠᠮ ᠤᠨ ᠵᠤᠬᠢᠶᠠᠨ ᠪᠠᠶᠢᠭᠤᠯᠤᠯᠳᠠ ᠪᠠᠷ ᠲᠠᠶᠢᠴᠢᠯᠠᠬᠤ︾ ᠪᠠ ︽ᠵᠠᠭᠤᠨ ᠠᠵᠤ ᠠᠬᠤᠶᠢᠯᠠᠯ ᠢᠶᠠᠷ ᠵᠠᠭᠤᠨ ᠳᠤᠰᠬᠤᠨ ᠢ | ᠳᠤᠰᠠᠯᠠᠬᠤ︾ ᠠᠵᠢᠯᠯᠠᠭ᠎ᠠ ᠶᠢ ᠬᠥᠨᠵᠡᠭᠡᠢ ᠦᠷᠨᠢᠬᠦᠯᠦᠨ᠂ ᠪᠥᠬᠦ ᠬᠤᠰᠢᠭᠤᠨ ᠤ 122 ᠠᠵᠤ ᠠᠬᠤᠶᠢᠯᠠᠯ ᠬᠤᠯᠪᠤᠭᠠᠯᠠᠨ 133 ᠭᠠᠴᠠᠭ᠎ᠠ ᠳᠤᠰᠬᠤᠨ ᠢ ᠳᠡᠳᠬᠦᠵᠤ | ᠂ ᠮᠧᠩ ᠲᠠᠢ ᠡᠯᠵᠢᠭᠡ ᠲᠡᠵᠢᠭᠡᠨ ᠥᠷᠡᠵᠢᠭᠦᠯᠬᠦ᠂ ᠬᠤᠭᠤᠯᠠᠢ ᠶᠢᠨ ᠰᠤᠭᠤ ᠶᠢᠨ ᠬᠡᠷᠬᠡᠨᠡᠭ ᠮᠥᠬᠦ ᠲᠠᠷᠢᠬᠤ ᠵᠡᠷᠭᠡ ᠳᠤᠰᠬᠤᠨ ᠠᠵᠤ ᠠᠬᠤᠶᠢᠯᠠᠯ ᠬᠠᠮᠲᠤ ᠪᠠᠷ | ᠪᠠᠶᠢᠭᠤᠯᠤᠭᠰᠠᠨ ᠲᠥᠷᠥᠯ ᠵᠥᠢᠯ 99 ᠶᠢ ᠬᠡᠷᠡᠭᠵᠢᠭᠦᠯᠵᠤ᠂ ︽ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠥᠬᠡ︾᠂ ︽ᠳᠤᠰᠬᠤᠨ ᠤ ᠬᠠᠮᠲᠤ ᠶᠢᠨ ᠠᠵᠤ | ᠠᠬᠤᠢ + ᠶᠠᠳᠠᠭᠤ ᠬᠥᠴᠢᠷᠳᠡᠯᠲᠠᠢ ᠡᠷᠥᠬᠡ︾ ᠵᠡᠷᠭᠡ ᠠᠰᠢᠭ ᠳᠤᠰᠠ ᠶᠢᠨ ᠬᠤᠯᠪᠤᠭᠠᠯᠠᠬᠤ ᠬᠡᠯᠪᠡᠷᠢ ᠶᠢ ᠪᠥᠷᠢᠯᠳᠥᠭᠦᠯᠵᠤ᠂ ᠲᠤᠰᠬᠤᠨ ᠤ ᠬᠠᠮᠳᠤ ᠶᠢᠨ ᠠᠵᠤ | ᠠᠬᠤᠢ ᠶᠢ ᠲᠠᠶᠢᠴᠢᠯᠠᠨ 9000 ᠲᠦᠮᠡᠨ ᠲᠦᠬᠦᠷᠢᠭ ᠤᠨ ᠤᠷᠤᠯᠭ᠎ᠠ ᠶᠢ ᠰᠢᠪᠳᠤᠯᠵᠤ᠂ 58% ᠪᠠᠷ ᠨᠡᠮᠡᠭᠳᠡᠪᠡ᠃ ᠪᠤᠬᠢᠷᠳᠤᠯ ᠢ ᠰᠡᠷᠭᠡᠶᠢᠡᠯᠨ ᠵᠠᠰᠠᠬᠤ ᠲᠠᠯ᠎ᠠ ᠪᠠᠷ | ᠂ ᠲᠥᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ︽ᠡᠷᠭᠢᠵᠤ ᠬᠠᠷᠠᠬᠤ︾ 20 ᠲᠥᠷᠥᠯ ᠤᠨ ᠵᠠᠬᠢᠳᠠᠯ ᠰᠤᠷᠪᠤᠯᠵᠢᠯᠠᠯ ᠤᠨ | ᠢᠯᠡᠴᠢᠯᠡᠨ ᠮᠡᠳᠡᠭᠦᠯᠥᠭᠰᠡᠨ ᠬᠡᠷᠡᠭ ᠢ ᠴᠥᠮ ᠰᠢᠢᠳᠪᠤᠷᠢᠯᠡᠵᠤ᠂ ᠥᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠶᠡᠭᠡ ᠪᠠᠶᠢᠴᠠᠭᠠᠯᠲᠠ | ᠶᠢᠨ ᠬᠠᠷᠢᠭᠤ ᠳᠤᠰᠬᠠᠯᠲᠠ ᠶᠢᠨ 14 ᠲᠥᠷᠥᠯ ᠤᠨ ᠠᠰᠠᠭᠤᠳᠠᠯ ᠢ ᠥᠨᠳᠥᠰᠥᠨ ᠳᠡᠭᠡᠨ ᠪᠡᠶᠡᠯᠡᠭᠦᠯᠪᠠ᠃ 120 ᠲᠠᠷᠬᠠᠢ ᠪᠤᠳᠠᠷᠬᠠᠢ ᠨᠡᠬᠦᠷᠡᠰᠦᠨ ᠲᠠᠯᠠᠪᠠᠢ ᠶᠢ | ᠬᠠᠤᠯᠢ ᠶᠤᠰᠤᠭᠠᠷ ᠴᠠᠭᠠᠵᠠᠯᠠᠵᠤ᠂ ᠠᠯᠲᠠᠨᠰᠢᠷᠡᠭᠡ ᠪᠠᠯᠭᠠᠰᠤᠨ ᠤ ᠪᠤᠵᠠᠷ ᠤᠰᠤ ᠶᠢ ᠰᠢᠢᠳᠪᠤᠷᠢᠯᠡᠬᠦ ᠥᠢᠯᠡᠳᠪᠤᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠦᠨ | ᠦᠬᠡᠷᠡᠴᠢᠯᠡᠬᠦ᠂ ᠵᠢᠦ ᠲᠠᠢ ᠢᠯᠴᠢ ᠬᠠᠩᠭᠠᠯᠲᠠ ᠶᠢᠨ ᠭᠥᠸᠧᠯᠤ ᠶᠢᠨ ᠬᠥᠬᠦᠷ ᠥᠬᠡᠶᠢᠳᠡᠭᠦᠯᠬᠦ ᠨᠢᠲᠷᠤᠨ ᠥᠭᠡᠶᠢᠳᠡᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠴᠦᠮ | ᠠᠵᠢᠯ ᠲᠠᠭᠤᠰᠴᠤ᠂ ᠴᠥᠮ ᠠᠵᠢᠯ ᠳᠠᠭᠤᠰᠬᠠᠵᠤ᠂ ᠱᠢ ᠵᠢᠢ ᠶᠢᠨ ᠾᠧ ᠬᠤᠭ ᠨᠤᠪᠰᠢ ᠰᠢᠢᠳᠪᠤᠷᠢᠯᠡᠬᠦ ᠥᠢᠯᠡᠳᠪᠤᠷᠢ ᠶᠢᠨ ᠲᠦᠷᠢᠮᠵᠢᠭᠰᠡᠨ ᠰᠢᠢᠳᠪᠤᠷᠢᠯᠡᠬᠦ | ᠴᠢᠳᠠᠪᠤᠷᠢ ᠢᠯᠡᠳᠳᠡ ᠳᠡᠭᠡᠭᠰᠢᠯᠡᠭᠦᠯᠪᠠ᠃ ᠭᠤᠤᠯ ᠤᠨ ᠳᠠᠷᠤᠭ᠎ᠠ ᠶᠢᠨ ᠳᠥᠷᠢᠮ᠂ ᠨᠠᠭᠤᠷ ᠤᠨ ᠳᠠᠷᠤᠭ᠎ᠠ ᠶᠢᠨ ᠳᠥᠷᠢᠮ ᠢ ᠪᠥᠬᠦ ᠲᠠᠯ᠎ᠠ ᠪᠠᠷ ᠬᠡᠷᠡᠭᠵᠢᠭᠦᠯᠵᠤ᠂ | ᠤᠯᠠᠭᠠᠨᠮᠥ᠋ᠷᠡᠨ ᠭᠤᠤᠯ᠂ ᠪᠤᠬ᠎ᠠ ᠶᠢᠨ ᠭᠤᠤᠯ ᠤᠨ ᠤᠷᠤᠰᠬᠠᠯ ᠤᠨ ᠪᠤᠬᠢᠷᠳᠤᠯ ᠤᠰᠤ ᠠᠴᠠ ᠰᠡᠷᠭᠡᠶᠢᠯᠡᠬᠦ ᠶᠢ ᠪᠡᠶᠡᠯᠡᠭᠦᠯᠪᠡ᠃ 11 ᠰᠠᠭᠤᠷᠢ ᠪᠠᠭ᠎ᠠ ᠬᠡᠯᠪᠡᠷᠢ ᠶᠢᠨ | ᠪᠤᠵᠠᠷ ᠤᠰᠤ ᠶᠢ ᠰᠢᠢᠳᠪᠤᠷᠢᠯᠡᠬᠦ ᠥᠢᠯᠡᠳᠪᠤᠷᠢ ᠶᠢ ᠪᠠᠶᠢᠭᠤᠯᠵᠤ᠂ ᠪᠥᠬᠦ ᠬᠤᠲᠠ ᠳᠤ ᠡᠯ᠎ᠡ ᠪᠠᠯᠭᠠᠰᠤᠨ ᠲᠤᠭᠤᠷᠢᠭ ᠲᠤ ᠪᠤᠵᠠᠷ ᠤᠰᠤ ᠶᠢ ᠰᠢᠢᠳᠪᠤᠷᠢᠯᠡᠬᠦ ᠶᠢ | ᠪᠥᠷᠬᠦᠭᠦᠯᠬᠦ ᠶᠢ ᠡᠩ ᠲᠡᠷᠢᠭᠦᠨ ᠳᠤ ᠪᠡᠶᠡᠯᠡᠭᠦᠯᠪᠡ᠃ ᠭᠤᠤᠯᠳᠠᠯᠭᠠᠳᠤ ᠤᠢ ᠰᠢᠭᠤᠢ ᠪᠠ ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠯᠠᠪᠳᠠᠭᠤᠨ ᠢᠶᠠᠷ | ᠠᠬᠢᠭᠤᠯᠵᠤ᠂ 2.9 ᠲᠥᠮᠡᠨ ᠮᠤ᠋ ᠨᠤᠭᠤᠭᠠᠷᠠᠭᠤᠯᠤᠯᠲᠠ ᠤᠶᠢᠵᠢᠭᠤᠯᠤᠯᠲᠠ᠂ 6 ᠲᠥᠮᠡᠨ ᠮᠤ᠋ ᠬᠥᠷᠥᠰᠤ ᠰᠢᠷᠤᠢ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠳᠠ ᠶᠢ | ᠪᠡᠶᠡᠯᠡᠭᠦᠯᠪᠡ᠃ | ︵ᠭᠤᠷᠪᠠ︶ ᠴᠢᠨᠠᠷ ᠳᠡᠰ ᠪᠥᠬᠦᠢ ᠬᠤᠲᠠ ᠶᠢᠨ ᠰᠢᠨ᠎ᠡ ᠳᠥᠷᠢ ᠳᠥᠷᠬᠦ ᠲᠠᠢ ᠪᠤᠯᠪᠠ᠃ ᠬᠤᠲᠠ ᠶᠢᠨ ᠤᠷᠴᠢᠨ ᠲᠤᠭᠤᠷᠢᠨ ᠢᠯᠡᠳᠳᠡ ᠰᠠᠶᠢᠵᠢᠷᠠᠪᠠ᠃ ︽ | ᠭᠤᠷᠪᠠᠨ ᠭᠤᠤᠯ ᠬᠤᠶᠠᠷ ᠨᠠᠭᠤᠷ︾ ᠢ ᠬᠤᠯᠪᠤᠬᠤ᠂ ᠲᠤᠲᠤᠨ᠎ᠠ ᠭᠠᠳᠠᠨ᠎ᠠ ᠡᠷᠬᠢᠯᠲᠠ ᠲᠠᠢ ᠬᠤᠲᠠ ᠶᠢ ᠲᠤᠭᠤᠷᠢᠬᠤ ᠠᠮᠢ ᠠᠬᠤᠢ ᠶᠢᠨ ᠤᠰᠤᠨ ᠰᠢᠰᠲ᠋ᠧᠮ ᠤᠨ | ᠢᠨᠵᠧᠨᠧᠷᠢᠩ ᠢ ᠡᠬᠢᠯᠡᠭᠦᠯᠵᠤ᠂ 9 ᠥᠵᠡᠮᠵᠢ ᠶᠢᠨ ᠨᠠᠭᠤᠷ ᠢ ᠰᠢᠨ᠎ᠡ ᠪᠠᠷ ᠨᠡᠮᠡᠵᠤ᠂ ᠤᠰᠤᠨ ᠳᠡᠭᠡᠷᠡᠬᠢ ᠲᠠᠯᠠᠪᠠᠢ ᠨᠢ 197 ᠲᠥᠮᠡᠨ ᠳᠡᠭᠰᠢ ᠳᠥᠷᠪᠡᠯᠵᠢᠨ ᠮᠧᠲᠷ | ᠪᠠᠶᠢᠵᠤ᠂ ᠠᠭᠤᠷᠬᠠᠢ ᠶᠢᠨ ᠤᠷᠤᠨ ᠤ ᠨᠡᠬᠦᠷᠡᠰᠦᠨ ᠲᠠᠪᠬᠤᠷᠭ᠎ᠠ ᠶᠢᠨ ᠤᠰᠤ ᠶᠢ ᠴᠡᠪᠡᠷᠯᠡᠨ ᠭᠠᠳᠠᠭᠰᠢᠯᠠᠭᠤᠯᠬᠤ ᠪᠠ ᠬᠤᠲᠠ ᠶᠢᠨ ᠠᠮᠢ ᠠᠬᠤᠢ ᠶᠢᠨ ᠤᠰᠤ | ᠲᠤᠲᠠᠬᠤ ᠠᠠᠰᠭᠤᠳᠠᠯ ᠢ ᠪᠥᠲᠥᠮᠵᠢᠲᠠᠢ ᠰᠢᠢᠳᠪᠤᠷᠢᠯᠡᠬᠦ ᠶᠢᠨ ᠬᠠᠮᠲᠤ ᠬᠤᠲᠠ ᠶᠢᠨ ᠤᠰᠤ ᠶᠢ ᠴᠡᠪᠡᠷᠰᠢᠭᠦᠯᠵᠤ᠂ ᠬᠤᠲᠠ ᠶᠢᠨ ᠴᠢᠭᠢᠭ ᠤᠨ ᠬᠡᠮᠵᠢᠶ᠎ᠡ ᠶᠢ | ᠨᠡᠮᠡᠭᠳᠡᠭᠦᠯᠪᠡ᠃ ︽ᠡᠪᠡᠰᠥ ᠮᠤᠳᠤ ᠶᠢ ᠭᠠᠵᠠᠷ ᠰᠢᠷᠤᠢ ᠳᠤᠨᠢ ᠳᠤᠬᠢᠷᠠᠭᠤᠯᠤᠨ ᠲᠠᠷᠢᠬᠤ︾ ᠶᠢ ᠪᠠᠷᠢᠮᠲᠠᠯᠠᠵᠤ᠂ ᠪᠤᠷᠭᠠᠰᠤᠲᠤ ᠶᠢᠨ ᠭᠤᠤᠯ ᠤᠨ ᠥᠵᠡᠮᠵᠢ ᠶᠢᠨ | ᠨᠠᠭᠤᠷ ᠤᠨ ᠴᠡᠴᠡᠷᠯᠢᠭ᠂ ᠸᠠᠩ ᠤᠨ ᠤᠷᠳᠤᠨ ᠤ ᠤᠰᠤᠨ ᠵᠡᠭᠡᠯᠢ ᠵᠡᠷᠭᠡ 4 ᠭᠠᠵᠠᠷ ᠤᠷᠤᠨ᠂ 5 ᠵᠠᠮ᠂ 91 ᠠᠭᠤᠯᠵᠠᠭᠤᠷ ᠴᠡᠭ ᠲᠤ 29 ᠨᠠᠭᠠᠳᠤᠮ ᠴᠡᠩᠬᠡᠯ | ᠤᠨ ᠵᠥᠯᠭᠡ᠂ ᠤᠰᠤᠨ ᠳᠤ ᠨᠠᠭᠠᠳᠬᠤ ᠴᠡᠩᠬᠡᠯ ᠤᠨ ᠤᠷᠤᠨ ᠢ ᠪᠠᠶᠢᠭᠤᠯᠵᠤ᠂ 67 ᠲᠥᠮᠡᠨ ᠳᠡᠭᠰᠢ ᠳᠥᠷᠪᠡᠯᠵᠢᠨ ᠮᠧᠲᠷ ᠤᠨ ᠵᠦᠯᠭᠡ ᠶᠢᠨ ᠲᠠᠯᠠᠪᠠᠢ ᠨᠡᠮᠡᠵᠤ᠂ | 102 ᠲᠥᠮᠡᠨ ᠳᠡᠭᠰᠢ ᠳᠥᠷᠪᠡᠯᠵᠢᠨ ᠮᠧᠲᠷ ᠤᠨ ᠲᠠᠯᠠᠪᠠᠢ ᠲᠠᠢ ᠨᠤᠭᠤᠭᠠᠷᠠᠭᠤᠯᠤᠯᠲᠠ ᠶᠢ ᠨᠡᠮᠡᠵᠤ ᠬᠢᠨ᠂ ᠰᠠᠭᠤᠭᠠᠯᠢ ᠠᠷᠠᠳ ᠢ ᠥᠨᠡᠨᠬᠦ ᠡᠬᠡ ᠪᠠᠶᠢᠭᠠᠯᠢ ᠲᠠᠢ | ᠤᠶᠢᠷᠠᠲᠠᠭᠤᠯᠤᠨ ᠠᠭᠤᠰᠤᠯᠴᠠᠭᠤᠯᠤᠨ ᠤᠶᠢᠯᠠᠭᠤᠯᠪᠠ᠃ 95 ᠺᠢᠯᠤᠮᠧᠲᠷ ᠳᠠᠬᠢᠨ ᠬᠡᠷᠡᠭᠯᠡᠬᠦ ᠤᠰᠤᠨ ᠤ ᠬᠤᠭᠤᠯᠠᠢ ᠶᠢ ᠰᠢᠨ᠎ᠡ ᠪᠠᠷ ᠪᠠᠶᠢᠭᠤᠯᠵᠤ᠂ ᠠᠯᠳᠠᠨᠰᠢᠷᠡᠭᠡ | ᠪᠠᠯᠭᠠᠰᠤᠨ ᠤ ᠬᠤᠲᠠ ᠶᠢᠨ ᠲᠤᠭᠤᠷᠢᠭ ᠤᠨ ᠴᠡᠴᠡᠷᠯᠢᠭ ᠪᠠ ᠭᠤᠤᠯ ᠵᠡᠭᠡᠯᠢ ᠭᠤᠳᠤᠮᠵᠢ ᠶᠢᠨ ᠨᠤᠭᠤᠭᠠᠷᠠᠭᠤᠯᠤᠯᠲᠠ ᠶᠢᠨ ᠪᠥᠰᠡ ᠶᠢ ᠴᠥᠮ ᠳᠠᠬᠢᠨ ᠬᠡᠷᠡᠭᠯᠡᠬᠦ ᠤᠰᠤ | ᠪᠠᠷ ᠤᠰᠤᠯᠠᠵᠤ᠂ ᠠᠷᠪᠢᠯᠠᠨ ᠭᠠᠮᠨᠠᠭᠰᠠᠨ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ 2000 ᠲᠥᠮᠡᠨ ᠲᠥᠭᠦᠷᠢᠭ ᠲᠤ ᠬᠦᠷᠪᠡ᠃ ᠬᠤᠲᠠ ᠶᠢᠨ ᠴᠢᠳᠠᠪᠬᠢ | ᠨᠡᠩ ᠲᠡᠭᠦᠯᠳᠡᠷᠵᠢᠪᠡ᠃ ᠪᠢᠨ ᠾᠧ ᠵᠠᠮ᠂ ᠪᠤᠯᠪᠠᠰᠤᠨ ᠵᠡᠭᠡᠯᠢ ᠵᠡᠷᠭᠡ 13 ᠵᠤᠷᠪᠤᠰ ᠵᠠᠮ ᠳᠤ 51.2 ᠺᠢᠯᠤᠮᠧᠲᠷ ᠬᠤᠲᠠ ᠶᠢᠨ ᠠᠯᠭᠤᠷ ᠶᠠᠪᠤᠬᠤ ᠰᠢᠰᠲ᠋ᠧᠮ ᠢ | ᠪᠠᠶᠢᠭᠤᠯᠵᠤ᠂ 19.1 ᠲᠥᠮᠡᠨ ᠳᠡᠭᠰᠢ ᠳᠥᠷᠪᠡᠯᠵᠢᠨ ᠮᠧᠲᠷ ᠤᠨ ᠶᠠᠪᠠᠭᠠᠨ ᠬᠥᠮᠥᠨ ᠤ ᠵᠠᠮ ᠳᠡᠪᠢᠰᠴᠤ᠂ 3000 ᠲᠡᠷᠬᠡᠨ ᠵᠤᠭᠰᠤᠭᠠᠯ ᠢ ᠰᠢᠨ᠎ᠡ ᠪᠠᠷ ᠨᠡᠮᠡᠵᠦ᠂ | ᠨᠡᠶᠢᠳᠡ ᠶᠢᠨ ᠵᠠᠮ ᠬᠠᠷᠢᠯᠴᠠᠭᠠᠨ ᠤ ᠱᠤᠭᠤᠮ ᠢ 3 ᠵᠤᠷᠪᠤᠰ ᠰᠢᠨ᠎ᠡ ᠪᠠᠷ ᠨᠡᠪᠳᠡᠷᠡᠬᠦᠯᠵᠦ᠂ 26 ᠨᠡᠶᠢᠳᠡ ᠶᠢᠨ ᠵᠠᠮ ᠬᠠᠷᠢᠯᠴᠠᠭᠠᠨ ᠤ ᠴᠡᠭ ᠢ ᠰᠢᠨ᠎ᠡ ᠪᠠᠷ ᠨᠡᠮᠡᠵᠦ᠂ | ᠬᠤᠳᠠ ᠶᠢᠨ ᠠᠷᠠᠳ ᠤᠨ ᠭᠠᠳᠠᠭᠰᠢ ᠶᠠᠪᠤᠬᠤ ᠳᠤ ᠳᠥᠭᠦᠮ ᠥᠵᠡᠭᠦᠯᠪᠡ᠃ ᠭᠠᠷ ᠳᠠᠮᠵᠢᠭᠰᠠᠨ ᠮᠠᠰᠢᠨ ᠲᠡᠷᠭᠡᠨ ᠤ ᠰᠤᠯᠢᠯᠴᠠᠭᠠᠨ ᠤ ᠵᠠᠬ᠎ᠠ ᠳᠡᠯᠭᠡᠭᠦᠷ ᠢ | ᠲᠦᠯᠦᠪᠯᠡᠨ ᠪᠠᠶᠢᠭᠤᠯᠪᠠ᠃ ᠰᠢᠩ ᠮᠧᠩ᠂ ᠪᠥᠸᠧ ᠶᠧ᠂ ᠶᠠ ᠹᠧᠩ ᠵᠡᠷᠭᠡ 13 ︽ᠬᠠᠭᠠᠰ ᠲᠤᠲᠠᠭᠤ︾ ᠢᠨᠵᠧᠨᠧᠷᠢᠩ ᠤᠨ ᠲᠥᠷᠥᠯ ᠵᠥᠢᠯ ᠢ ᠯᠠᠪᠳᠠᠭᠤᠨ ᠢᠶᠠᠷ | ᠠᠬᠢᠭᠤᠯᠵᠤ᠂ 120 ᠡᠷᠥᠬᠡ ᠶᠢᠨ ᠨᠡᠭᠦᠯᠬᠡᠨ ᠳᠥᠪᠬᠢᠨᠡᠭᠦᠯᠬᠦ ᠥᠯᠡᠳᠡᠭᠳᠡᠯ ᠠᠰᠠᠭᠤᠳᠠᠯ ᠢ ᠰᠢᠢᠳᠪᠤᠷᠢᠯᠡᠪᠡ᠃ ᠱᠦᠢ ᠠᠨ ᠰᠢᠨ᠎ᠡ ᠬᠤᠳᠠ ᠶᠢ ᠪᠦᠬᠦᠯᠢ ᠴᠤᠭᠴᠠ | ᠪᠠᠷ ᠰᠢᠯᠵᠢᠬᠦᠯᠦᠨ ᠮᠠᠨ ᠤ ᠬᠤᠰᠢᠭᠤ ᠪᠠᠶᠢᠭᠤᠯᠤᠨ ᠬᠠᠮᠢᠶᠠᠷᠤᠯᠳᠠ ᠬᠢᠵᠦ᠂ ᠴᠢᠨᠠᠷ ᠳᠡᠰ ᠤᠨ ᠳᠡᠭᠡᠭᠰᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ 17 ᠰᠠᠭᠤᠭᠠᠯᠢ | ᠲᠤᠭᠤᠷᠢᠭ ᠤᠨ ᠰᠠᠭᠤᠭᠳᠠᠭᠰᠠᠨ ᠢᠨᠵᠧᠨᠧᠷᠢᠩ ᠢ ᠳᠠᠬᠢᠨ ᠡᠬᠢᠯᠡᠬᠦᠯᠵᠦ᠂ ᠰᠠᠭᠤᠭᠠᠯᠢ ᠠᠷᠠᠳ ᠤᠨ ᠳᠤᠰᠬᠠᠯ ᠢᠶᠠᠷ ᠴᠢᠩᠭ᠎ᠠ ᠢᠯᠴᠢ ᠬᠠᠩᠭᠠᠬᠤ᠂ ᠤᠰᠤ ᠬᠠᠩᠭᠠᠬᠤ | ᠵᠡᠷᠭᠡ ᠳᠤᠪᠤᠶᠢᠮ᠎ᠠ ᠠᠰᠠᠭᠤᠳᠠᠯ ᠢ ᠥᠨᠳᠥᠰᠥᠨ ᠳᠡᠭᠡᠨ ᠰᠢᠢᠳᠪᠤᠷᠢᠯᠡᠪᠡ᠃ | ︵ᠳᠥᠷᠪᠡ︶ ᠬᠦᠭᠵᠢᠯᠲᠡ ᠶᠢᠨ ᠤᠷᠴᠢᠨ ᠲᠤᠭᠤᠷᠢᠨ ᠰᠢᠨ᠎ᠡ ᠬᠤᠪᠢᠷᠠᠯᠲᠠ ᠲᠠᠢ ᠪᠤᠯᠪᠠ᠃ ᠰᠠᠭᠤᠷᠢ ᠳᠥᠬᠦᠭᠡᠷᠥᠮᠵᠢ ᠤᠯᠠᠮ ᠢᠶᠠᠷ ᠳᠡᠭᠦᠯᠲᠡᠷᠵᠢᠪᠡ᠃ | ᠠᠯᠲᠠᠨᠰᠢᠷᠡᠭᠡ ᠠᠴᠠ ᠳᠥᠴᠢᠨ ᠭᠠᠵᠠᠷ ᠤᠨ ᠰᠢᠯᠢ ᠬᠥᠷᠬᠦ ᠱᠤᠭᠤᠮ ᠢ ᠥᠷᠭᠡᠳᠬᠡᠨ ᠰᠠᠶᠢᠵᠢᠷᠠᠭᠤᠯᠬᠤ ᠬᠤᠲᠠ ᠶᠢᠨ ᠲᠤᠭᠤᠷᠢᠭ ᠤᠨ ᠭᠡᠰᠡᠭ ᠨᠢ ᠲᠡᠷᠭᠡ ᠨᠡᠪᠲᠡᠷᠡᠬᠦ | ᠨᠥᠬᠦᠴᠡᠯ ᠲᠠᠢ ᠪᠤᠯᠵᠤ᠂ ᠠᠯᠲᠠᠨᠰᠢᠷᠡᠭᠡ ᠠᠴᠠ ᠳ᠋ᠠ ᠯᠢᠦ ᠲᠠ ᠬᠥᠷᠬᠦ ᠱᠤᠭᠤᠮ᠂ ᠠᠯᠲᠠᠨᠰᠢᠷᠡᠭᠡ ᠠᠴᠠ ᠰᠢᠨ᠎ᠡ ᠵᠡᠭᠡᠯᠢ ᠬᠥᠷᠬᠦ ᠱᠤᠭᠤᠮ᠂ ᠪᠠᠭ᠎ᠠ ᠬᠤᠷᠤᠭ᠎ᠠ ᠠᠴᠠ | ᠳ᠋ᠠ ᠯᠢᠦ ᠲᠠ ᠬᠥᠷᠬᠦ ᠱᠤᠭᠤᠮ ᠤᠨ ᠤᠷᠴᠢᠨ ᠲᠤᠭᠤᠷᠢᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ᠪᠦᠬᠦ ᠲᠠᠯ᠎ᠠ ᠪᠠᠷ ᠠᠵᠢᠯ ᠲᠠᠭᠤᠰᠪᠠ᠃ 110 | ᠺᠢᠯᠤᠮᠧᠲᠷ ᠤᠨ ︽ᠳᠥᠷᠪᠡᠨ ᠰᠠᠶᠢᠨ ᠬᠥᠳᠡᠭᠡ ᠳᠤᠰᠬᠤᠨ ᠤ ᠵᠠᠮ︾ ᠢ ᠪᠠᠶᠢᠭᠤᠯᠪᠠ᠃ ᠬᠥᠬᠡᠬᠤᠲᠠ ᠵᠡᠭᠦᠠᠭᠠᠷ ᠤᠷᠳᠤᠰ ᠤᠨ ᠲᠡᠮᠤᠷ ᠵᠠᠮ ᠤᠨ ᠵᠢᠩᠬᠢᠨᠢ ᠪᠠᠷ | ᠨᠡᠪᠳᠡᠷᠡᠵᠦ ᠠᠰᠢᠭᠯᠠᠯᠳᠠ ᠲᠤ ᠤᠷᠤᠪᠠ᠃ ᠪᠠᠷᠠᠭᠤᠨ ᠤᠯᠠᠭᠠᠨᠨᠠᠭᠤᠷ ᠠᠴᠠ ᠵᠢᠶᠠᠩᠰᠤ ᠠᠵᠤ ᠦᠢᠯᠡᠳᠪᠦᠷᠢ ᠶᠢᠨ ᠬᠦᠷᠢᠶᠡᠯᠡᠩ ᠬᠦᠷᠬᠦ ᠤᠰᠤ ᠲᠠᠲᠠᠪᠤᠷᠢᠯᠠᠬᠤ | ᠢᠨᠵᠧᠨᠧᠷᠢᠩ ᠤᠰᠤ ᠲᠠᠲᠠᠪᠤᠷᠢᠯᠠᠬᠤ ᠨᠦᠬᠦᠴᠡᠯ ᠲᠠᠢ ᠪᠤᠯᠪᠠ᠃ ᠬᠦᠩ ᠤᠨ ᠵᠤᠤ ᠠᠴᠠ ᠵᠢᠶᠠᠩᠰᠤ ᠠᠵᠦ ᠦᠢᠯᠡᠳᠪᠦᠷᠢ ᠶᠢᠨ ᠬᠦᠷᠢᠶᠡᠯᠡᠩ ᠬᠦᠷᠬᠦ 110 | ᠺᠢᠯᠦᠸᠤᠯᠲ ᠤᠨ ᠴᠠᠬᠢᠯᠭᠠᠨ ᠬᠦᠷᠬᠡᠯᠳᠡ ᠶᠢᠨ ᠤᠳᠠᠰᠤ ᠶᠢ ᠪᠦᠬᠦᠨ ᠢ ᠪᠡᠶᠡᠯᠡᠬᠦᠯᠵᠦ᠂ ᠬᠤᠨᠢᠴᠢᠨ ᠭᠤᠤᠯ ᠤᠨ 500 ᠺᠢᠯᠦᠸᠤᠯᠲ ᠪᠠ ᠱᠧᠩ ᠶᠤᠸᠠᠨ 220 | ᠺᠢᠯᠦᠸᠤᠯᠲ ᠤᠨ ᠴᠠᠬᠢᠯᠭᠠᠨ ᠬᠦᠷᠬᠡᠯᠳᠡ ᠬᠦᠴᠦᠳᠡᠯ ᠦᠬᠡᠷᠡᠴᠢᠯᠡᠬᠦ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠬᠦᠯᠪᠡ᠃ ︽ᠬᠡᠷᠡᠯ ᠰᠦᠯᠵᠢᠶ᠎ᠠ ᠲᠠᠢ ᠬᠦᠳᠡᠭᠡ | ᠳᠤᠰᠬᠤᠨ︾ ᠤ ᠢᠨ᠋ᠧᠵᠨᠧᠷᠢᠩ ᠢ ᠬᠦᠴᠦᠳᠡᠢ ᠠᠬᠢᠭᠤᠯᠵᠦ᠂ 138 ᠵᠠᠰᠠᠭ ᠵᠠᠬᠢᠷᠭᠠᠨ ᠤ ᠳᠤᠰᠬᠤᠨ ᠳᠤ ᠢᠨᠲ᠋ᠧᠷᠨᠧᠲ ᠰᠦᠯᠵᠢᠶ᠎ᠠ ᠶᠢᠨ ᠪᠦᠷᠬᠦᠴᠡ᠂ ᠵᠠᠰᠠᠭ ᠤᠨ | ᠶᠠᠪᠤᠳᠠᠯ ᠤᠨ ᠰᠦᠯᠵᠢᠶ᠎ᠡ ᠶᠢᠨ ᠪᠦᠷᠬᠦᠴᠡ 74% ᠳᠤ ᠬᠦᠷᠪᠡ᠃ ︽ᠲᠠᠯᠪᠢᠬᠤ ᠬᠠᠮᠢᠶᠠᠷᠬᠤ ᠥᠢᠯᠡᠴᠢᠯᠡᠬᠦ︾ ᠦᠬᠡᠷᠡᠴᠢᠯᠡᠯᠳᠡ ᠶᠢ ᠦᠷᠬᠦᠯᠵᠢᠯᠡᠨ | ᠬᠦᠨᠵᠡᠬᠡᠶᠢᠷᠡᠬᠦᠯᠪᠡ᠃ 442 ᠲᠦᠷᠦᠯ ᠬᠤᠰᠢᠭᠤ ᠱᠠᠳᠤᠨ ᠤ ︽ᠬᠠᠮᠤᠭ ᠤᠯᠠᠨ ᠳᠠᠭᠠᠨ ᠨᠢᠬᠡ ᠤᠳᠠᠭ᠎ᠠ ᠬᠦᠶᠦᠬᠦ︾ ᠵᠦᠢᠯ᠂ 17 ᠳᠤᠰᠬᠤᠨ ᠤ ᠱᠠᠳᠤᠨ ᠤ ︽ | ᠬᠠᠮᠤᠭ ᠤᠯᠠᠨ ᠳᠠᠭᠠᠨ ᠨᠢᠬᠡ ᠤᠳᠠᠭ᠎ᠠ ᠬᠦᠶᠦᠬᠦ︾ ᠵᠦᠢᠯ ᠢ ᠵᠠᠰᠠᠨ ᠴᠡᠭᠴᠡᠯᠠᠵᠦ᠂ 6566 ᠲᠦᠷᠦᠯ ᠤᠨ ᠳᠤᠰ ᠱᠠᠳᠤᠨ ᠤ ᠡᠷᠬᠡ ᠬᠠᠷᠢᠭᠤᠴᠠᠯᠭ᠎ᠠ ᠶᠢᠨ ᠨᠠᠷᠢᠨ | ᠳᠠᠩᠰᠠ ᠶᠢ ᠵᠠᠰᠠᠨ ᠴᠡᠭᠴᠡᠯᠠᠪᠠ᠃ ︽ᠤᠯᠠᠨ ᠥᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠨᠢᠭᠡ ᠨᠤᠮᠧᠷ︾ ᠤᠨ ᠳᠠᠩᠰᠠᠯᠠᠬᠤ ᠳᠥᠷᠢᠮ ᠤᠨ ᠥᠭᠡᠷᠡᠴᠢᠯᠡᠯᠲᠡ ᠶᠢ | ᠪᠡᠶᠡᠯᠡᠭᠦᠯᠵᠤ᠂ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠴᠠᠭ ᠢ 1 ᠰᠠᠷ᠎ᠠ ᠠᠴᠠ 5 ᠠᠵᠢᠯ ᠤᠨ ᠡᠳᠥᠷ ᠤᠨ ᠲᠤᠲᠤᠷ᠎ᠠ ᠪᠤᠯᠭᠠᠨ ᠪᠠᠭᠠᠰᠬᠠᠨ᠂ 3370 ᠡᠷᠥᠬᠡ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠰᠢᠨ᠎ᠡ ᠪᠠᠷ ᠨᠡᠮᠡᠪᠡ᠃ ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ | ᠶᠢᠨ ᠥᠷ᠎ᠡ ᠪᠥᠲᠥᠮᠵᠢ ᠢᠯᠡᠷᠡᠬᠡᠢ ᠪᠤᠯᠪᠠ᠃ ᠪᠥᠬᠦ ᠤᠷᠤᠨ ᠳᠤ ᠡᠩ ᠲᠡᠷᠢᠭᠦᠨ ᠬᠤᠰᠢᠭᠤ ᠪᠠᠯᠭᠠᠰᠤ ᠬᠤᠶᠠᠷ ᠱᠠᠲᠤᠨ ᠤ ᠡᠳ᠋ ᠤᠨ ᠵᠠᠰᠠᠭ ᠤᠨ ᠭᠠᠶᠢᠯᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠶᠠᠪᠤᠭᠳᠠᠭᠤᠯᠵᠤ᠂ ᠭᠠᠶᠢᠯᠢ ᠬᠤᠷᠢᠶᠠᠯᠲᠠ ᠶᠢ ᠬᠤᠪᠢᠶᠠᠨ ᠡᠳ᠋ᠯᠡᠬᠦ ᠲᠤᠭᠲᠠᠯᠴᠠᠭ᠎ᠠ ᠶᠢ ᠪᠠᠶᠢᠭᠤᠯᠤᠨ᠂ ᠪᠠᠯᠭᠠᠰᠤᠨ ᠳᠡᠰ ᠤᠨ | ᠬᠡᠷᠡᠭᠯᠡᠵᠤ ᠪᠤᠯᠬᠤ ᠡᠳ᠋ ᠤᠨ ᠬᠥᠴᠥᠨ ᠢ 21% ᠪᠠᠷ ᠨᠡᠮᠡᠭᠳᠡᠭᠦᠯᠪᠡ᠃ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠤᠷᠤᠨ ᠲᠤᠭ᠎ᠠ ᠪᠠ ᠡᠳ᠋ ᠤ ᠵᠠᠰᠠᠭ ᠢ | ᠬᠤᠯᠪᠤᠭᠳᠠᠭᠤᠯᠬᠤ᠂ ᠠᠯᠪᠠᠨ ᠵᠠᠷᠤᠳᠠᠯ ᠢ ᠳᠠᠭᠠᠭᠠᠴᠢᠯᠠᠬᠤ ᠪᠠ ᠴᠠᠯᠢᠩ ᠳᠠᠷᠬᠠᠭᠠᠬᠤ︾ ᠲᠦᠷᠢᠮ ᠤᠨ ᠥᠭᠡᠷᠡᠴᠢᠯᠡᠯᠲᠡ ᠶᠢ ᠭᠥᠨᠵᠡᠭᠡᠢ ᠠᠬᠢᠭᠤᠯᠵᠤ᠂ ᠡᠳ᠋ ᠤᠨ | ᠵᠠᠰᠠᠭ ᠤᠨ ᠪᠡᠯᠡ ᠮᠥᠩᠬᠦ ᠶᠢᠨ ᠬᠡᠷᠡᠭᠯᠡᠯᠲᠡ ᠶᠢᠨ ᠥᠷ᠎ᠡ ᠠᠰᠢᠭ ᠢ ᠪᠥᠲᠥᠮᠵᠢᠲᠠᠢ ᠳᠡᠭᠡᠭᠰᠢᠯᠡᠭᠦᠯᠪᠡ᠃ ᠤᠯᠠᠭᠠᠨᠮᠦ᠋ᠷᠡᠨ ᠪᠠᠯᠭᠠᠰᠤ ᠨᠢ ᠪᠦᠬᠦ ᠤᠯᠤᠰ ᠤᠨ ᠠᠵᠤ | ᠠᠬᠤᠢ ᠶᠢᠨ ᠬᠦᠭᠵᠢᠯᠳᠡ ᠶᠢᠨ ᠪᠠᠯᠭᠠᠰᠤ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠬᠠᠮᠢᠶᠠᠷᠤᠯᠳᠠ ᠶᠢᠨ ᠲᠤᠭᠳᠠᠯᠴᠠᠭᠠᠨ ᠤ ᠦᠬᠡᠷᠡᠴᠢᠯᠡᠯᠳᠡ ᠶᠢᠨ ᠲᠤᠷᠰᠢᠯᠳᠠ | ᠶᠢᠨ ᠴᠡᠭ ᠪᠤᠯᠪᠠ᠃ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠵᠦ᠂ ᠡᠨᠧᠷᠬᠢ ᠶᠢᠨ ᠡᠬᠢ ᠰᠤᠷᠪᠤᠯᠵᠢ᠂ ᠬᠤᠲᠠ ᠶᠢᠨ | ᠪᠡᠯᠡ ᠤᠷᠤᠭᠤᠯᠤᠯᠲᠠ ᠵᠡᠷᠭᠡ 8 ᠭᠤᠤᠯ ᠥᠢᠯᠡᠰ ᠢᠶᠠᠷ ᠳᠤᠪᠤᠶᠢᠮ᠎ᠠ᠂ ᠥᠷᠢᠰᠥᠯᠳᠥᠬᠦ ᠬᠥᠴᠥᠨ ᠢᠶᠠᠷ ᠴᠢᠩᠭ᠎ᠠ ᠪᠥᠯᠥᠭᠯᠡᠯ ᠤᠨ ᠺᠤᠮᠫᠠᠨᠢ ᠶᠢ ᠵᠤᠬᠢᠶᠠᠨ ᠪᠠᠶᠢᠭᠤᠯᠵᠤ᠂ | ᠤᠯᠤᠰ ᠤᠨ ᠥᠮᠴᠢᠯᠡᠯᠲᠤ ᠡᠳ᠋ ᠬᠥᠷᠥᠩᠬᠡ ᠶᠢᠨ ᠡᠵᠡᠩᠨᠡᠯᠲᠡ ᠶᠢᠨ ᠴᠢᠳᠠᠪᠤᠷᠢ ᠢᠯᠡᠳᠳᠡ ᠳᠡᠭᠡᠭᠰᠢᠯᠡᠪᠡ᠃ ᠰᠢᠨ᠎ᠡ ᠶᠢ ᠡᠭᠦᠳᠴᠤ ᠥᠢᠯᠡᠰ ᠪᠥᠲᠥᠭᠡᠬᠦ ᠠᠮᠢᠵᠢᠷᠠᠯ | ᠤᠨ ᠬᠥᠴᠥᠨ ᠬᠦᠭᠵᠢᠪᠡ᠃ ︽ᠪᠸᠢ ᠳ᠋ᠸᠦ ᠮᠠᠯ ᠬᠠᠷᠢᠭᠤᠯᠬᠤ︾ ᠮᠡᠷᠬᠡᠵᠢᠯ ᠠᠩᠬ᠎ᠠ ᠠᠯᠬᠤᠮ ᠤᠨ ᠠᠮᠵᠢᠯᠳᠠ ᠲᠠᠢ ᠪᠤᠯᠵᠦ᠂ ︽ᠮᠡᠩᠬᠡ︾ ᠶᠢᠨ ᠨᠤᠤᠯᠤᠭᠤᠷ ᠤᠨ | ᠴᠠᠭᠠᠨ ᠢᠮᠠᠭᠠᠨ ᠤ ᠮᠡᠳᠡᠭᠡ ᠵᠠᠩᠬᠢᠵᠢᠯᠳᠠ ᠶᠢᠨ ᠬᠠᠮᠢᠶᠠᠷᠤᠯᠳᠠ ᠶᠢᠨ ᠮᠦᠷᠳᠡᠬᠦ ᠳᠠᠪᠴᠠᠩ ᠪᠠᠶᠢᠭᠤᠯᠤᠭᠳᠠᠵᠦ ᠬᠡᠷᠡᠭᠯᠡᠯᠳᠡ ᠳᠤ ᠤᠷᠤᠪᠠ︔ ᠱᠧᠨ ᠬᠤᠸᠠ ᠨᠡᠬᠦᠷᠡᠰᠦ | ᠪᠠᠷ ᠴᠢᠯᠠᠭᠤᠨ ᠳᠤᠰᠤ ᠦᠢᠯᠡᠳᠪᠦᠷᠢᠯᠡᠬᠦ ᠺᠤᠮᠫᠠᠨᠢ ᠬᠤᠳᠠ ᠶᠢᠨ ᠳᠠᠷᠤᠭ᠎ᠠ ᠶᠢᠨ ᠴᠢᠨᠠᠷ ᠴᠢᠨᠰᠠᠭ᠎ᠠ ᠶᠢᠨ ᠱᠠᠩᠨᠠᠯ ᠢ ᠬᠦᠷᠳᠡᠵᠦ᠂ ︽ᠱᠧᠨ ᠬᠤᠸᠠ ᠨᠡᠬᠦᠷᠡᠰᠦ ᠶᠢ | ᠰᠢᠭᠤᠳ ᠰᠢᠩᠭᠡᠵᠢᠭᠦᠯᠵᠤ ᠬᠤᠯᠢᠮᠠᠭ ᠥᠨᠥᠷᠲᠤ ᠨᠡᠭᠦᠷᠥᠭᠴᠢ ᠥᠢᠯᠡᠳᠪᠤᠷᠢᠯᠡᠬᠦ︾᠂ ︽ᠨᠡᠬᠦᠷᠡᠰᠦ ᠶᠢ ᠰᠢᠭᠤᠳ ᠰᠢᠩᠭᠡᠵᠢᠭᠦᠯᠵᠤ ᠨᠡᠪᠲᠡ ᠥᠢᠯᠡᠳᠪᠤᠷᠢᠯᠡᠬᠦ︾ | ᠪᠠᠷᠢᠮᠵᠢᠶ᠎ᠠ ᠨᠢ ᠤᠯᠤᠰ ᠤᠨ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ ᠠᠴᠠ ᠵᠢᠩᠭᠢᠨᠢ ᠪᠠᠷ ᠨᠡᠶᠢᠳᠡᠯᠡᠪᠡ᠃ ᠲᠡᠭᠷᠢᠯᠢᠭ ᠤᠯᠠᠨ | ᠳᠠᠶᠠᠭᠠᠷ ᠢᠶᠠᠨ ᠥᠢᠯᠡᠰ ᠪᠥᠲᠥᠭᠡᠬᠦ ᠬᠥᠷᠢᠶᠡᠯᠡᠩ ᠪᠠ 478 ᠨᠡᠶᠢᠬᠡᠮ ᠤᠨ ᠵᠤᠬᠢᠶᠠᠨ ᠪᠠᠶᠢᠭᠤᠯᠤᠯᠳᠠ᠂ ᠤᠯᠤᠰ ᠤᠨ ᠳᠡᠰ ᠤᠨ ᠤᠯᠠᠨ ᠳᠠᠶᠠᠭᠠᠷ ᠢᠶᠠᠨ ᠥᠢᠯᠡᠰ | ᠪᠥᠲᠥᠭᠡᠬᠦ ᠤᠷᠤᠨ ᠵᠠᠢ ᠪᠠ ᠪᠥᠬᠦ ᠤᠷᠤᠨ ᠤ ᠠᠩᠬᠠᠳᠤᠭᠠᠷ ᠬᠤᠤᠰ ᠥᠢᠯᠡᠰ ᠪᠥᠲᠥᠭᠡᠯᠲᠡ ᠶᠢᠨ ᠵᠢᠱᠢᠶᠡᠴᠢ ᠰᠠᠭᠤᠷᠢᠨ ᠭᠠᠵᠠᠷ ᠢᠶᠠᠷ ᠥᠨᠡᠯᠡᠭᠳᠡᠪᠡ᠃ | ︵ᠲᠠᠪᠤ︶ ᠠᠷᠠᠳ ᠤᠨ ᠠᠮᠢᠳᠤᠷᠠᠯ ᠤᠨ ᠰᠠᠶᠢᠵᠢᠷᠠᠯᠲᠠ ᠰᠢᠨ᠎ᠡ ᠥᠷ᠎ᠡ ᠪᠥᠲᠥᠮᠵᠢ ᠲᠠᠢ ᠪᠤᠯᠪᠠ᠃ 2018 ᠤᠨ ᠳᠤ ᠲᠤᠭᠲᠠᠭᠠᠭᠰᠠᠨ 8 ᠠᠷᠠᠳ ᠲᠤ | ᠠᠰᠢᠭ ᠬᠥᠷᠲᠡᠭᠡᠬᠦ ᠪᠤᠳᠠᠳᠤ ᠬᠡᠷᠡᠭ ᠥᠨᠳᠥᠰᠥᠨ ᠳᠡᠭᠡᠨ ᠪᠡᠶᠡᠯᠡᠭᠳᠡᠵᠤ᠂ ᠨᠢᠭᠡ ᠪᠥᠯᠥᠭ ᠠᠷᠠᠳ ᠤᠯᠠᠨ ᠤ ᠬᠠᠮᠤᠭ ᠠᠴᠠ ᠰᠡᠳᠬᠢᠯ ᠲᠠᠯᠪᠢᠵᠤ᠂ ᠬᠠᠮᠤᠭ ᠰᠢᠭᠤᠳ᠂ | ᠬᠠᠮᠤᠭ ᠪᠤᠳᠠᠳᠤ ᠡᠷᠬᠡ ᠠᠰᠢᠭ ᠤᠨ ᠠᠰᠠᠭᠤᠳᠠᠯ ᠢ ᠰᠢᠢᠳᠪᠤᠷᠢᠯᠡᠪᠡ᠃ ᠰᠤᠷᠭᠠᠭᠤᠯᠢ ᠶᠢᠨ ᠠᠩᠬᠢ ᠶᠢᠨ ᠰᠤᠷᠤᠭᠴᠢ ᠶᠢᠨ ᠲᠤᠭ᠎ᠠ ᠤᠯᠠᠨ ᠠᠰᠠᠭᠤᠳᠠᠯ ᠢ ᠬᠥᠴᠥᠯᠡᠨ | ᠰᠢᠢᠳᠪᠤᠷᠢᠯᠡᠵᠤ᠂ ᠮᠤᠩᠭᠤᠯ ᠥᠨᠳᠥᠰᠥᠲᠡᠨ ᠤ ᠳᠤᠮᠳᠠᠳᠤ ᠰᠤᠷᠭᠠᠭᠤᠯᠢ ᠵᠡᠷᠬᠡ 14 ᠰᠤᠷᠭᠠᠨ ᠬᠦᠮᠦᠵᠢᠯ ᠤᠨ ᠭᠤᠤᠯᠳᠠᠭᠠᠳᠤ ᠲᠥᠷᠥᠯ ᠵᠥᠢᠯ ᠢ ᠡᠬᠢᠯᠡᠨ | ᠬᠡᠷᠡᠭᠵᠢᠭᠦᠯᠵᠤ᠂ ᠮᠤᠷᠢᠨ ᠬᠤᠭᠤᠷ ᠤᠨ ᠤᠯᠠᠨ ᠤᠯᠤᠰ ᠤᠨ ᠰᠤᠷᠭᠠᠭᠤᠯᠢ᠂ ᠱᠥᠢ ᠠᠨ ᠰᠢᠨ᠎ᠡ ᠬᠤᠳᠠ ᠶᠢᠨ ᠥᠨᠳᠥᠰᠥᠲᠡᠨ ᠤ ᠬᠡᠤᠬᠡᠳ ᠤᠨ ᠴᠡᠴᠡᠷᠯᠢᠭ ᠢ | ᠡᠬᠢᠯᠡᠨ ᠪᠠᠶᠢᠭᠤᠯᠵᠤ᠂ ᠲᠤᠯᠤᠳᠤᠭᠠᠷ ᠳᠤᠮᠳᠠᠳᠤ ᠰᠤᠷᠭᠠᠭᠤᠯᠢ ᠬᠡᠷᠡᠭᠯᠡᠯᠲᠡ ᠳᠤ ᠤᠷᠤᠵᠤ᠂ 1800 ᠰᠤᠷᠤᠭᠴᠢ ᠶᠢᠨ ᠤᠷᠤ ᠰᠢᠨ᠎ᠡ ᠪᠠᠷ ᠨᠡᠮᠡᠭᠳᠡᠪᠡ᠃ ᠨᠡᠶᠢᠬᠡᠮ | ᠤᠨ ᠪᠠᠲᠤᠯᠠᠭ᠎ᠠ ᠶᠢᠨ ᠳᠥᠪᠰᠢᠨ ᠢ ᠬᠥᠴᠥᠯᠡᠨ ᠳᠡᠭᠡᠭᠰᠢᠯᠡᠭᠦᠯᠵᠤ᠂ ᠬᠥᠳᠡᠭᠡ ᠳᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠬᠤᠲᠠ ᠪᠠᠯᠭᠠᠰᠤᠨ | ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠬᠦ᠂ ᠥᠨᠳᠥᠰᠥᠨ ᠡᠮ ᠡᠮᠨᠡᠯᠭᠡ ᠶᠢᠨ ᠳᠠᠭᠠᠳᠬᠠᠯ | ᠤᠨ ᠪᠡᠯᠡ ᠬᠤᠷᠠᠮᠳᠤᠭᠤᠯᠬᠤ ᠪᠠᠷᠢᠮᠵᠢᠶ᠎ᠠ ᠶᠢ ᠬᠥᠮᠥᠨ ᠪᠥᠷᠢ ᠰᠠᠷ᠎ᠠ ᠶᠢᠨ ᠲᠤᠰ ᠪᠥᠷᠢ 31 ᠲᠥᠭᠦᠷᠢᠭ᠂ 68 ᠲᠥᠭᠦᠷᠢᠭ ᠪᠠ 93 ᠲᠥᠭᠦᠷᠢᠭ ᠨᠡᠮᠡᠭᠳᠡᠪᠡ᠃ | ᠮᠤᠵᠢ ᠠᠯᠤᠰᠯᠠᠨ ᠤᠨᠳᠤᠤ ᠭᠠᠵᠠᠷ ᠡᠮᠴᠢᠯᠡᠭᠦᠯᠵᠤ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠲᠤᠭᠤᠴᠠᠬᠤ ᠶᠢ ᠪᠡᠶᠡᠯᠡᠭᠦᠯᠪᠡ᠃ ᠠᠵᠤ ᠠᠬᠤᠶᠢᠯᠠᠯ ᠤᠨ ᠠᠵᠢᠯ | ᠠᠴᠠ ᠠᠮᠠᠷᠠᠭᠰᠠᠨ᠂ ᠳᠤᠰᠢᠶᠠᠯ ᠠᠴᠠ ᠪᠠᠭᠤᠭᠰᠠᠨ ᠬᠥᠮᠥᠰ ᠤᠨ ᠥᠨᠳᠥᠰᠥᠨ ᠨᠠᠰᠤᠵᠢᠯ ᠤᠨ ᠠᠰᠠᠷᠠᠮᠵᠢ ᠶᠢᠨ ᠮᠥᠩᠬᠦ ᠶᠢ ᠬᠥᠮᠥᠨ ᠪᠥᠷᠢ ᠰᠠᠷ᠎ᠠ ᠶᠢᠨ 131 | ᠲᠥᠭᠦᠷᠢᠭ ᠨᠡᠮᠡᠭᠳᠡᠭᠦᠯᠵᠦ᠂ ︽ ᠠᠷᠪᠠᠨ ᠲᠦᠷᠪᠡᠳᠡᠬᠢ ᠦᠰᠦᠯᠳᠡ︾ ᠶᠢ ᠪᠡᠶᠡᠯᠡᠭᠦᠯᠪᠡ᠃ ᠤᠨᠴᠠᠭᠠᠢ ᠬᠥᠴᠢᠷᠳᠡᠯᠲᠠᠢ ᠬᠥᠮᠥᠰ ᠢ ᠲᠥᠪᠯᠡᠷᠡᠭᠦᠯᠬᠦ ᠪᠠ ᠲᠠᠷᠬᠠᠭᠠᠵᠤ | ᠲᠡᠵᠢᠭᠡᠨ ᠠᠰᠠᠷᠠᠬᠤ ᠪᠠᠷᠢᠮᠵᠢᠶ᠎ᠠ ᠶᠢ ᠬᠥᠮᠥᠨ ᠪᠥᠷᠢ ᠵᠢᠯ ᠤᠨ ᠲᠤᠰ ᠪᠥᠷᠢ 1000 ᠲᠥᠭᠦᠷᠢᠭ ᠪᠠ 492 ᠲᠥᠭᠦᠷᠢᠭ ᠨᠡᠮᠡᠭᠳᠡᠭᠦᠯᠵᠦ᠂ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠵᠡᠮᠳᠡᠭ ᠵᠡᠷᠭᠡ ᠡᠯ᠎ᠡ ᠲᠥᠷᠥᠯ ᠤᠨ ᠬᠥᠮᠥᠰ ᠲᠤ 7279 ᠲᠥᠮᠡᠨ ᠲᠥᠭᠦᠷᠢᠭ ᠤᠨ ᠠᠪᠤᠷᠠᠨ ᠳᠤᠰᠠᠯᠠᠬᠤ ᠨᠥᠬᠦᠪᠤᠷᠢ ᠮᠥᠩᠬᠦ | ᠳᠠᠷᠬᠠᠭᠠᠵᠤ᠂ 2.96 ᠲᠦᠮᠡᠨ ᠬᠥᠮᠥᠨ ᠤᠳᠠᠭ᠎ᠠ ᠠᠰᠢᠭ ᠬᠥᠷᠲᠡᠪᠡ᠃ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢᠨ ᠲᠤᠲᠠᠭᠳᠠᠯ ᠢ ᠬᠥᠴᠥᠯᠡᠨ | ᠨᠥᠬᠦᠵᠤ᠂ ︽ᠵᠤᠷᠯᠤᠩ ᠤᠨ ᠦᠬᠡᠷᠡᠴᠢᠯᠡᠯᠳᠡ︾ ᠶᠢᠨ ᠭᠤᠷᠪᠠᠨ ᠵᠢᠯ ᠶᠠᠪᠤᠭᠳᠠᠭᠤᠯᠬᠤ ᠲᠥᠯᠥᠪᠯᠡᠭᠡ ᠶᠢ ᠡᠬᠢᠯᠡᠭᠦᠯᠥᠨ ᠬᠡᠷᠡᠭᠵᠢᠭᠦᠯᠵᠤ᠂ ᠠᠯᠳᠠᠨᠰᠢᠷᠡᠭᠡ ᠪᠠᠯᠭᠠᠰᠤᠨ | ᠤ ᠭᠤᠤᠯ ᠬᠤᠲᠠ ᠶᠢᠨ ᠲᠤᠭᠤᠷᠢᠭ ᠪᠠ ᠪᠠᠯᠭᠠᠰᠤᠨ ᠤ ᠲᠤᠭᠤᠷᠢᠭ ᠲᠤ 79 ᠲᠤᠭᠲᠠᠮᠠᠯ ᠮᠠᠶ᠋ᠢᠭ ᠤᠨ ᠤᠰᠤ ᠪᠠᠷ ᠤᠬᠢᠶᠠᠬᠤ ᠵᠤᠷᠯᠤᠩ ᠢ ᠰᠢᠨ᠎ᠡ ᠪᠠᠷ ᠪᠠᠶᠢᠭᠤᠯᠵᠤ᠂ | ᠥᠭᠡᠷᠡᠴᠢᠯᠡᠨ ᠪᠠᠶᠢᠭᠤᠯᠵᠤ᠂ ᠬᠥᠳᠡᠭᠡ ᠳᠤᠰᠬᠤᠨ ᠮᠠᠯᠵᠢᠬᠤ ᠤᠷᠤᠨ ᠳᠤ 1000 ᠬᠤᠤᠷ ᠬᠦᠨᠦᠭᠡᠯ ᠥᠬᠡᠢ ᠠᠷᠢᠭᠤᠨ ᠴᠡᠪᠡᠷ ᠵᠤᠷᠯᠤᠩ ᠢ ᠰᠢᠨ᠎ᠡ ᠪᠠᠷ | ᠪᠠᠶᠢᠭᠤᠯᠵᠤ᠂ ᠠᠷᠢᠭᠤᠨ ᠴᠡᠪᠡᠷ ᠵᠤᠷᠯᠤᠩ ᠤᠨ ᠲᠥᠭᠡᠮᠡᠯᠵᠢᠯᠲᠡ 80% ᠠᠴᠠ ᠳᠡᠭᠡᠭᠰᠢ ᠪᠤᠯᠪᠠ᠃ ︽ᠦᠨᠡᠮᠯᠡᠯ ᠬᠦᠢᠴᠡᠳᠬᠡᠬᠦ ᠳᠤ ᠬᠦᠴᠢᠷ︾ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ 7972 ᠡᠷᠥᠬᠡ ᠶᠢᠨ ᠦᠯᠦ ᠬᠦᠳᠡᠯᠬᠦ ᠭᠡᠷ ᠬᠥᠷᠥᠩᠬᠡ ᠶᠢᠨ ᠡᠷᠬᠡ ᠶᠢᠨ ᠥᠨᠡᠮᠯᠡᠯ ᠢ ᠰᠢᠨ᠎ᠡ ᠪᠠᠷ ᠭᠥᠢᠴᠡᠳᠬᠡᠪᠡ᠃ | ᠬᠥᠴᠢᠷᠳᠡᠯᠲᠠᠢ ᠠᠷᠠᠳ ᠤᠯᠠᠨ ᠤ ᠭᠥᠢᠴᠡᠳ ᠠᠵᠢᠯ ᠠᠯᠭᠤᠯᠲᠠ ᠶᠢ ᠪᠠᠲᠤᠯᠠᠵᠤ᠂ ᠠᠵᠢᠯ ᠤᠯᠭᠤᠯᠲᠠ ᠶᠢᠨ ᠥᠨᠡᠨ ᠨᠡᠷ᠎ᠡ ᠶᠢᠨ ᠳᠥᠷᠢᠮ ᠢᠶᠠᠷ ᠭᠡᠷᠡᠴᠢᠯᠡᠬᠦ | ᠳᠠᠪᠴᠠᠩ ᠢ ᠪᠠᠶᠢᠭᠤᠯᠵᠤ᠂ ᠤᠷᠴᠢᠨ ᠲᠤᠭᠤᠷᠢᠨ ᠤ ᠠᠷᠢᠭᠤᠨ ᠴᠡᠪᠡᠷ᠂ ᠴᠡᠴᠡᠷᠯᠢᠭᠵᠢᠭᠦᠯᠭᠡ᠂ ᠬᠤᠲᠠ ᠶᠢᠨ ᠶᠠᠪᠤᠳᠠᠯ ᠵᠡᠷᠭᠡ ᠬᠥᠳᠡᠯᠮᠥᠷᠢ ᠶᠢᠨ ᠥᠢᠯᠡᠴᠢᠯᠡᠭᠡᠨ ᠤ | ᠠᠵᠢᠯ ᠤᠨ ᠪᠠᠶᠢᠷᠢᠨ ᠳᠤ 60% ᠠᠴᠠ ᠳᠡᠭᠡᠭᠰᠢᠬᠢ ᠬᠤᠰᠢᠭᠤᠨ ᠤ ᠠᠮᠠᠨ ᠲᠤᠭ᠎ᠠ ᠲᠠᠢ ᠨᠡᠭᠦᠨ ᠰᠢᠯᠵᠢᠭᠰᠡᠨ ᠮᠠᠯᠴᠢᠨ ᠲᠠᠷᠢᠶᠠᠴᠢᠳ ᠲᠤ ᠠᠵᠢᠯ ᠤᠯᠭᠤᠪᠠ᠃ | ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠳ 3155 ᠬᠥᠮᠥᠨ᠂ ᠬᠤᠲᠠ ᠪᠠᠯᠭᠠᠰᠤ ᠶᠢᠨ ᠳᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠶᠢ 2.7% ᠶᠢᠨ | ᠲᠤᠲᠤᠷ᠎ᠠ ᠬᠢᠵᠠᠭᠠᠷᠯᠠᠪᠠ᠃ ᠠᠷᠠᠳ ᠲᠤ ᠳᠥᠭᠦᠮ ᠥᠵᠡᠭᠦᠯᠬᠦ ᠥᠢᠯᠡᠴᠢᠯᠡᠭᠡᠨ ᠤ ᠬᠢᠷᠢ ᠳᠥᠪᠰᠢᠨ ᠢ ᠳᠡᠭᠡᠭᠰᠢᠯᠡᠭᠦᠯᠵᠤ᠂ ᠠᠯᠲᠠᠨᠰᠢᠷᠡᠭᠡ ᠪᠠᠯᠭᠠᠰᠤᠨ ᠳᠤ 4 | ᠨᠡᠶᠢᠬᠡᠮ ᠲᠤᠭᠤᠷᠢᠭ ᠢ ᠰᠢᠨ᠎ᠡ ᠪᠠᠷ ᠪᠠᠶᠢᠭᠤᠯᠤᠨ᠂ ᠡᠯ᠎ᠡ ᠪᠠᠯᠭᠠᠰᠤᠨ ᠤ ᠬᠥᠮᠥᠨ ᠠᠮᠠ ᠲᠥᠪᠯᠡᠷᠡᠩᠭᠦᠢ ᠭᠡᠰᠡᠭ ᠭᠠᠴᠠᠭ᠎ᠠ ᠳᠤᠰᠬᠤᠨ ᠳᠤ ᠠᠷᠠᠳ ᠲᠤ ᠳᠥᠭᠦᠮ | ᠥᠵᠡᠭᠦᠯᠬᠦ ᠥᠢᠯᠡᠴᠢᠯᠡᠭᠡᠨ ᠤ ᠤᠷᠤᠯᠠᠨ ᠭᠥᠢᠴᠡᠳᠬᠡᠬᠦ ᠴᠡᠭ ᠢ ᠪᠠᠶᠢᠭᠤᠯᠵᠤ᠂ ᠠᠯᠲᠠᠨᠰᠢᠷᠡᠭᠡ ᠪᠠᠯᠭᠠᠰᠤᠨ ᠤ ︽ᠨᠡᠶᠢᠬᠡᠮ ᠲᠤᠭᠤᠷᠢᠭ ᠤᠨ ᠰᠡᠳᠬᠢᠯ ᠢ | ᠳᠤᠯᠠᠭᠠᠴᠠᠭᠤᠯᠬᠤ ᠠᠵᠢᠯᠯᠠᠭ᠎ᠠ︾ ᠪᠥᠬᠦ ᠤᠷᠤᠨ ᠤ ᠴᠤᠷ ᠤᠨ ᠭᠠᠭᠴᠠ ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠᠷᠢᠮᠵᠢᠶᠠᠵᠢᠯᠲᠠ ᠶᠢᠨ | ᠳᠤᠷᠰᠢᠯᠲᠠ ᠤᠨ ᠴᠡᠭ ᠤᠨ ᠲᠥᠷᠥᠯ ᠵᠥᠢᠯ ᠪᠤᠯᠪᠠ᠃ ︽ᠠᠮᠤᠷ ᠲᠠᠶᠢᠪᠤᠩ ᠡᠵᠡᠨ ᠬᠤᠷᠤᠭ᠎ᠠ︾ ᠶᠢᠨ ᠪᠠᠶᠢᠭᠤᠯᠤᠯᠲᠠ ᠶᠢ ᠭᠥᠨᠵᠡᠭᠡᠶᠢᠷᠡᠭᠦᠯᠵᠤ᠂ ᠰᠢᠨ᠎ᠡ ᠪᠠᠷ | ᠤᠨᠴᠠ ᠲᠤᠳᠤ ᠬᠢᠨᠠᠨ ᠡᠵᠡᠮᠰᠢᠯᠳᠡ ᠶᠢ 1 ᠲᠦᠮᠡ ᠨᠡᠮᠡᠭᠳᠡᠬᠦᠯᠵᠦ᠂ ᠨᠡᠶᠢᠬᠡᠮ ᠤᠨ ᠬᠠᠷᠠᠭᠠᠨ ᠲᠠᠪᠲᠠᠮᠵᠢ ᠶᠢᠨ ᠬᠢᠨᠠᠨ ᠡᠵᠡᠮᠰᠢᠯᠲᠡ ᠶᠢᠨ ᠰᠥᠯᠵᠢᠶ᠎ᠡ | ᠬᠤᠯᠪᠤᠭᠠᠯᠠᠭᠰᠠᠨ ᠨᠡᠶᠢᠯᠡᠯᠲᠡ ᠶᠢᠨ ᠨᠤᠷᠮ᠎ᠠ ᠨᠢ 90% ᠬᠥᠷᠴᠤ᠂ ᠪᠥᠬᠦ ᠬᠤᠰᠢᠭᠤᠨ ᠤ ᠭᠤᠤᠯᠳᠠᠯᠭᠠᠲᠤ ᠲᠠᠯᠠᠪᠤᠷ᠂ ᠴᠢᠬᠤᠯᠠ ᠤᠷᠤᠨ ᠬᠡᠪᠴᠢᠶ᠎ᠡ᠂ ᠭᠤᠤᠯ | ᠵᠡᠭᠡᠯᠢ ᠭᠤᠳᠤᠮᠵᠢ ᠳᠤ ᠬᠠᠷᠠᠭᠠᠨ ᠲᠠᠪᠲᠠᠮᠵᠢ ᠶᠢᠨ ᠬᠢᠨᠠᠨ ᠡᠵᠡᠮᠰᠢᠯᠲᠡ ᠶᠢ ᠪᠥᠷᠬᠦᠭᠦᠯᠪᠡ᠃ ᠨᠤᠲᠤᠭ ᠤᠨ ᠭᠠᠷᠤᠯᠳᠠ ᠢᠳᠡᠭᠡᠨ ᠤ ᠵᠥᠢᠯ ᠤᠨ ᠥᠢᠯᠡᠳᠪᠤᠷᠢᠯᠡᠯ | ᠡᠵᠡᠩᠨᠡᠯᠲᠡ ᠶᠢ ᠳᠥᠷᠢᠮᠵᠢᠭᠦᠯᠵᠤ᠂ ᠠᠯᠲᠠᠨᠰᠢᠷᠡᠭᠡ ᠪᠠᠯᠭᠠᠰᠤᠨ ᠤ ᠨᠤᠲᠤᠭ ᠤᠨ ᠭᠠᠷᠤᠯᠳᠠ ᠢᠳᠡᠭᠡᠨ ᠤ ᠵᠥᠢᠯ ᠤᠨ ᠪᠤᠯᠪᠠᠰᠤᠷᠠᠭᠤᠯᠬᠤ ᠬᠥᠷᠢᠶᠡᠯᠡᠩ ᠤᠨ ᠭᠠᠵᠠᠷ ᠢ | ᠰᠤᠩᠭᠤᠵᠤ᠂ ᠡᠮᠥᠨ᠎ᠡ ᠬᠤᠭᠤᠴᠠᠭᠠᠨ ᠤ ᠠᠵᠢᠯ ᠢ ᠥᠷᠨᠢᠭᠦᠯᠵᠤ ᠪᠤᠢ᠃ ᠨᠡᠶᠢᠬᠡᠮ ᠤᠨ ᠠᠵᠢᠯ ᠥᠢᠯᠡᠰ ᠤᠨ ᠬᠥᠭᠵᠢᠯᠲᠡ ᠶᠢᠨ ᠬᠢᠷᠢ ᠳᠥᠪᠰᠢᠨ ᠥᠷᠭᠦᠯᠵᠢᠯᠡᠨ | ᠳᠡᠭᠡᠭᠰᠢᠯᠡᠪᠡ᠃ ᠪᠠᠭᠰᠢ ᠶᠢ ᠬᠦᠨᠳᠦᠳᠬᠡᠵᠦ ᠰᠤᠷᠭᠠᠨ ᠬᠦᠮᠦᠵᠢᠯ ᠢ ᠴᠢᠬᠤᠯᠠᠴᠢᠯᠠᠬᠤ ᠤᠷᠴᠢᠨ ᠲᠤᠭᠤᠷᠢᠨ ᠢ ᠢᠳᠡᠭ ᠢᠳᠡᠭ ᠢᠶᠠᠷ ᠨᠡᠮᠡᠭᠳᠡᠬᠦᠯᠵᠦ᠂13 ᠰᠠᠭᠤᠭ᠎ᠠ | ᠭᠠᠵᠠᠷ ᠤᠨ ᠠᠵᠤ ᠠᠬᠤᠶᠢᠯᠠᠯ 1.22 ᠳ᠋ᠥᠩᠰᠢᠭᠤᠷ ᠲᠥᠭᠦᠷᠢᠭ ᠳᠤᠰᠠᠯᠠᠪᠠ᠃ 215 ᠪᠠᠭᠰᠢ ᠡᠯᠰᠡᠪᠡ᠃ ᠳᠡᠭᠡᠳᠤ ᠰᠤᠷᠭᠠᠭᠤᠯᠢ ᠶᠢᠨ ᠰᠢᠯᠭᠠᠯᠲᠠ ᠶᠢᠨ ᠵᠢᠩᠬᠢᠨᠢ | ᠠᠩᠬᠢ ᠳᠤ ᠰᠢᠯᠭᠠᠭᠳᠠᠬᠤ ᠨᠤᠷᠮ᠎ᠠ ᠳᠥᠷᠪᠡᠨ ᠵᠢᠯ ᠥᠷᠭᠦᠯᠵᠢᠯᠡᠨ 75% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠵᠢᠩᠬᠢᠨᠢ ᠠᠩᠬᠢ ᠳᠤ ᠰᠢᠯᠭᠠᠭᠳᠠᠬᠤ ᠨᠤᠷᠮ᠎ᠠ | ᠳᠡᠭᠡᠷ᠎ᠡ ᠵᠢᠯ ᠤᠨ ᠬᠢ ᠠᠴᠠ 5.5 ᠵᠠᠭᠤᠨ ᠤ ᠴᠡᠭ ᠳᠡᠭᠡᠭᠰᠢᠯᠡᠪᠡ᠃ ᠪᠥᠬᠦ ᠬᠤᠰᠢᠭᠤᠨ ᠤ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠴᠥᠮ | ᠡᠪᠡᠳᠴᠢᠨ ᠤ ᠲᠥᠷᠥᠯ ᠢᠶᠠᠷ ᠰᠥᠢᠳᠬᠡᠯ ᠬᠤᠷᠢᠶᠠᠨ ᠳᠤᠰᠢᠶᠠᠵᠤ᠂ ᠮᠤᠩᠭᠤᠯ ᠡᠮᠨᠡᠯᠭᠡ ᠶᠢᠨ ᠶᠡᠷᠥᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠬᠤᠶᠠᠳᠤᠭᠠᠷ ᠳᠡᠰ ᠤᠨ | ᠬᠥᠭᠡ ᠵᠡᠷᠭᠡ ᠶᠢᠨ ᠥᠨᠳᠥᠰᠥᠲᠡᠨ ᠤ ᠡᠮᠨᠡᠯᠭᠡ ᠶᠢᠨ ᠬᠤᠷᠢᠶ᠎ᠠ ᠪᠠᠷ ᠥᠨᠡᠯᠡᠭᠳᠡᠪᠡ᠃ 8940 ᠲᠥᠮᠡᠨ ᠲᠥᠭᠦᠷᠢᠭ ᠤᠨ ᠪᠡᠯᠡ ᠤᠷᠤᠭᠤᠯᠵᠤ ᠴᠥᠭᠡᠨ ᠲᠤᠭᠠᠲᠤ | ᠥᠨᠳᠥᠰᠥᠲᠡᠨ ᠤ ᠠᠵᠤ ᠥᠢᠯᠡᠰ ᠤᠨ ᠬᠥᠭᠵᠢᠯᠲᠡ᠂ ᠠᠵᠢᠯ ᠤᠯᠭᠤᠵᠤ ᠥᠢᠯᠡᠰ ᠪᠥᠲᠥᠭᠡᠬᠦ ᠵᠢᠴᠢ ᠱᠠᠰᠢᠨ ᠰᠤᠷᠲᠠᠬᠤᠨ ᠤ ᠬᠡᠷᠡᠭ ᠶᠠᠪᠤᠳᠠᠯ ᠵᠡᠷᠭᠡ ᠠᠵᠢᠯ ᠳᠤ | ᠵᠠᠷᠤᠴᠠᠭᠤᠯᠪᠠ᠃ ︽ᠤᠯᠠᠭᠠᠨᠮᠥ᠋ᠴᠢᠷ︾ ᠰᠤᠶᠤᠯ ᠤᠨ ᠨᠡᠷᠡᠲᠤ ᠲᠡᠮᠲᠡᠭ ᠢ ᠳᠠᠬᠢᠨᠳᠠ ᠱᠤᠭᠤᠵᠤ᠂ 16 ᠲᠤᠭᠯᠠᠭᠴᠢᠳ ᠪᠠ ᠠᠵᠢᠯᠲᠠᠳ ᠡᠯᠰᠡᠵᠤ᠂ ᠥᠨᠳᠥᠰᠥᠨ | ᠱᠠᠲᠤᠨ ᠳᠤ ᠭᠥᠨᠵᠡᠭᠡᠶᠢᠷᠡᠨ 120 ᠢᠯᠡᠭᠦᠥ ᠤᠳᠠᠭᠠᠨ ᠤ ᠲᠤᠭᠯᠠᠯᠲᠠ ᠭᠠᠷᠭᠠᠵᠤ᠂ ᠪᠥᠬᠦ ᠤᠷᠤᠨ ᠳᠤ ᠴᠤᠷ ᠤᠨ ᠭᠠᠭᠴᠠ ᠤᠷᠢᠯᠭ᠎ᠠ ᠤᠯᠵᠤ ᠲᠥᠪ ᠤᠨ | ᠲᠧᠯᠸᠢᠰ ᠬᠤᠷᠢᠶᠠᠨ ᠤ 2019 ᠤᠨ ᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠤᠭᠯᠠᠯᠳᠠ ᠳᠤ ᠤᠷᠤᠯᠴᠠᠭᠰᠠᠨ ᠨᠢᠬᠡᠴᠡ ᠪᠤᠯᠪᠠ᠃ 7 ᠨᠤᠮ ᠤᠨ ᠰᠠᠩ ᠤᠨ | ᠬᠤᠪᠢᠶᠠᠷᠢ ᠰᠠᠩ ᠪᠠᠶᠢᠭᠤᠯᠵᠤ᠂ 180 ᠢᠯᠡᠭᠦᠥ ᠤᠳᠠᠭᠠᠨ ᠤ ᠡᠯ᠎ᠡ ᠲᠥᠷᠥᠯ ᠤᠨ ᠤᠯᠠᠨ ᠲᠥᠮᠡᠨᠴᠢ ᠴᠢᠨᠠᠷᠲᠠᠢ ᠰᠤᠶᠤᠯ ᠤᠨ ᠠᠵᠢᠯᠯᠠᠭ᠎ᠠ ᠥᠷᠨᠢᠭᠦᠯᠵᠤ᠂ ︽ | ᠲᠡᠭᠷᠢᠯᠢᠭ ᠰᠤᠶᠤᠯ᠂ ᠲᠦᠷᠪᠡᠨ ᠤᠯᠠᠷᠢᠯ ᠢᠶᠠᠨ ᠤᠶᠠᠩᠭᠠᠯᠠᠬᠤ︾ ᠰᠤᠶᠤᠯ ᠤᠨ ᠠᠵᠢᠯᠯᠠᠭ᠎ᠠ ᠶᠢᠨ ᠨᠡᠷᠡᠲᠤ ᠲᠡᠮᠲᠡᠭ ᠢ ᠡᠭᠦᠳᠪᠡ᠃ ᠨᠡᠶᠢᠬᠡᠮ ᠤᠨ ᠶᠡᠷᠥᠩᠬᠡᠢ ᠪᠠᠶᠢᠳᠠᠯ | ᠲᠤᠭᠲᠠᠭᠤᠨ ᠢ ᠪᠠᠲᠤᠯᠠᠪᠠ᠃ ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠥᠷᠥᠯ ᠤᠨ ᠲᠡᠮᠡᠴᠡᠭᠡᠨ ᠢ ᠪᠠᠲᠤᠲᠠᠢ ᠠᠬᠢᠭᠤᠯᠵᠤ᠂ 46 ᠬᠥᠮᠥᠨ | ᠲᠠᠢ ᠬᠤᠯᠪᠤᠭᠳᠠᠬᠤ 24 ᠵᠠᠭᠠᠯᠳᠤᠯᠭ᠎ᠠ ᠶᠢᠨ ᠭᠡᠷᠡᠭ ᠢ ᠰᠢᠯᠵᠢᠭᠦᠯᠥᠨ ᠬᠥᠷᠭᠡᠪᠡ᠃ ᠡᠷᠡᠭᠦᠥ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠪᠠ ᠵᠠᠮ ᠬᠠᠷᠢᠯᠴᠠᠭᠠᠨ ᠤ | ᠬᠠᠤᠯᠢ ᠶᠢ ᠵᠥᠷᠢᠴᠡᠭᠰᠡᠨ ᠶᠡᠷᠥᠩᠬᠡᠢ ᠬᠡᠮᠵᠢᠶ᠎ᠡ ᠲᠤᠰ ᠪᠥᠷᠢ 12%᠂ 4% ᠪᠠ 24.3% ᠲᠤᠷᠤᠭᠰᠢᠯᠠᠪᠠ᠃ ᠵᠠᠬᠢᠳᠠᠯ ᠰᠤᠷᠪᠤᠯᠵᠢᠯᠠᠭ᠎ᠠ ᠵᠦᠷᠢᠴᠡᠯ | ᠮᠦᠷᠬᠦᠯᠳᠦᠬᠡᠨ ᠢ ᠰᠢᠢᠳᠪᠦᠷᠢᠯᠡᠬᠦ ᠪᠠ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠬᠦᠨᠵᠡᠬᠡᠢ ᠦᠷᠨᠢᠬᠦᠯᠵᠦ᠂ ᠨᠠᠯᠢᠶᠠᠳ ᠶᠡᠭᠡ ᠠᠶᠤᠯᠬᠦᠢ | ᠦᠢᠯᠡᠳᠪᠦᠷᠢᠯᠡᠯ ᠤᠨ ᠬᠡᠨᠡᠳᠡᠯ ᠬᠡᠷᠡᠭ ᠪᠠ ᠤᠯᠠᠨ ᠲᠦᠮᠡᠨᠴᠢ ᠴᠢᠨᠠᠷᠳᠠᠢ ᠬᠡᠷᠡᠭ ᠡᠬᠦᠰᠦᠭᠰᠡᠨ ᠦᠬᠡᠢ᠂ ︽ᠠᠹᠷᠢᠺᠠ ᠶᠢᠨ ᠭᠠᠭ᠋ᠠᠢ ᠶᠢᠨ ᠬᠢᠵᠢᠭ︾ ᠤᠨ ᠡᠪᠡᠳᠴᠢᠨ | ᠪᠠ ᠢᠳᠡᠬᠡᠨ ᠡᠮ ᠤᠨ ᠵᠦᠢᠯ ᠤᠨ ᠠᠮᠦᠷ ᠲᠦᠪᠰᠢᠨ ᠤ ᠬᠡᠨᠡᠳᠡᠯ ᠬᠡᠷᠡᠭ ᠡᠬᠦᠰᠦᠭᠰᠡᠨ ᠦᠬᠡᠢ᠂ ᠨᠢᠬᠡ ᠪᠦᠯᠦᠭ ᠨᠠᠮ ᠵᠠᠰᠠᠭ ᠪᠠᠶᠢᠭᠤᠯᠭ᠎ᠠ ᠬᠠᠤᠯᠢ ᠴᠠᠭᠠᠵᠠ ᠲᠠᠢ | ᠬᠤᠯᠪᠤᠭᠳᠠᠭᠰᠠᠨ ᠬᠡᠷᠡᠭ ᠢ ᠪᠦᠳᠦᠮᠵᠢᠳᠠᠢ ᠰᠢᠢᠳᠪᠦᠷᠢᠯᠡᠵᠦ᠂ ᠨᠡᠶᠢᠲᠡ ᠶᠢᠨ ᠠᠮᠤᠷ ᠳᠥᠪᠰᠢᠨ ᠤ ᠪᠠᠶᠢᠳᠠᠯ ᠥᠷᠭᠦᠯᠵᠢᠯᠡᠨ ᠰᠠᠶᠢᠵᠢᠷᠠᠪᠠ᠃ | ︵ᠵᠢᠷᠭᠤᠭ᠎ᠠ︶ ᠵᠠᠰᠠᠭ ᠤᠨ ᠤᠷᠳᠤᠨ ᠤ ᠦᠪᠡᠷ ᠤᠨ ᠪᠠᠶᠢᠭᠤᠯᠤᠯᠲᠠ ᠰᠢᠨ᠎ᠡ ᠲᠡᠭᠲᠡᠷ ᠲᠤ ᠭᠠᠷᠪᠠ᠃ ︽ᠲᠦᠷᠪᠡᠨ ᠤᠬᠠᠮᠰᠠᠷ︾ ᠢ ᠪᠠᠳᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠡᠷᠡᠰ ᠪᠠᠶᠡᠯᠡᠬᠦᠯᠵᠦ᠂ ᠥᠵᠡᠯ ᠰᠠᠨᠠᠭ᠎ᠠ ᠤᠯᠤᠰ ᠲᠥᠷᠥ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ | ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠬᠦ ᠶᠢ ᠡᠭᠦᠷᠢᠳᠡ ᠪᠠᠲᠤᠯᠠᠪᠠ᠃ ︽ᠲᠡᠭ ᠬᠥᠯᠢᠴᠡᠯ︾ ᠤᠨ ᠤᠪᠤᠷ ᠢᠶᠠᠷ ᠢᠯᠵᠠᠷᠠᠯ ᠢ | ᠵᠠᠯᠬᠠᠭᠠᠨ ᠰᠢᠢᠳᠬᠡᠬᠦ ᠶᠢ ᠪᠠᠲᠤᠯᠠᠵᠤ᠂ ᠪᠦᠬᠦ ᠵᠢᠯ ᠳᠤ ᠨᠡᠶᠢᠲᠡ 148 ᠬᠡᠷᠡᠭ ᠢ ᠳᠠᠩᠰᠠᠯᠠᠨ᠂ 146 ᠬᠥᠮᠥᠨ ᠳᠤ ᠨᠠᠮ ᠵᠠᠰᠠᠭ ᠤᠨ ᠰᠠᠬᠢᠯᠭ᠎ᠠ ᠶᠢᠨ ᠰᠢᠢᠳᠬᠡᠯ | ᠥᠭᠭᠪᠡ᠃ ᠲᠥᠪ ᠤᠨ ᠨᠠᠢᠮᠠᠨ ᠲᠥᠷᠥᠯ ᠤᠨ ᠲᠤᠭᠲᠠᠭᠠᠯ ᠤᠨ ᠵᠤᠷᠢᠭ ᠰᠠᠨᠠᠭ᠎ᠠ ᠡᠷᠡᠰ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠡᠷᠡᠰ | ᠴᠢᠩᠭ᠎ᠠ ᠵᠠᠯᠠᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠬᠡᠮ ᠤᠨ ᠡᠯ᠎ᠡ ᠡᠲᠡᠭᠡᠳ ᠤᠨ ᠬᠢᠨᠠᠯᠲᠠ | ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 45 ᠵᠤᠷᠪᠤᠰ ᠰᠠᠨᠠᠯ ᠪᠠ ᠤᠯᠤᠰ ᠲᠥᠷᠥ | ᠶᠢᠨ ᠵᠥᠪᠯᠡᠯᠭᠡᠨ ᠤ ᠭᠡᠰᠢᠭᠦᠳ ᠤᠨ 85 ᠵᠤᠷᠪᠤᠰ ᠰᠠᠨᠠᠯ ᠲᠤᠷᠠᠳᠤᠯᠭ᠎ᠠ ᠶᠢ ᠴᠥᠮ ᠭᠥᠢᠴᠡᠳᠬᠡᠪᠡ᠃ ᠬᠢᠨᠠᠨ ᠪᠤᠳᠤᠯᠲᠠ ᠶᠢᠨ ᠬᠢᠨᠠᠯᠲᠠ ᠶᠢ ᠴᠢᠩᠭᠠᠳᠬᠠᠵᠤ᠂ | 250 ᠲᠦᠷᠦᠯ ᠵᠦᠢᠯ ᠤᠨ 55.8 ᠳ᠋ᠥᠩᠰᠢᠭᠤᠷ ᠲᠥᠭᠦᠷᠢᠭ ᠤᠨ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠥᠷᠥᠯ ᠵᠥᠢᠯ ᠤᠨ ᠪᠠᠷᠢᠯᠭ᠎ᠠ | ᠲᠠᠭᠤᠰᠬᠤ ᠬᠢᠨᠠᠨ ᠪᠤᠳᠤᠯᠲᠠ ᠶᠢ ᠪᠡᠶᠡᠯᠡᠭᠦᠯᠵᠤ᠂ 6.2 ᠳ᠋ᠥᠩᠰᠢᠭᠤᠷ ᠲᠥᠭᠦᠷᠢᠭ ᠡᠳ᠋ ᠤᠨ ᠵᠠᠰᠠᠭ ᠤᠨ ᠪᠡᠯᠡ ᠮᠥᠩᠭᠦ ᠶᠢ ᠠᠷᠪᠢᠯᠠᠪᠠ᠃ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠭᠤᠷᠢᠨ ᠪᠠᠶᠢᠴᠠᠭᠠᠭᠰᠠᠨ ᠬᠠᠷᠢᠭᠤ ᠲᠤᠰᠬᠠᠯᠳᠠ ᠶᠢᠨ ᠠᠰᠠᠭᠤᠳᠠᠯ ᠢ ᠪᠦᠬᠦ | ᠬᠦᠴᠦᠨ ᠢᠶᠠᠷ ᠴᠡᠭᠴᠡᠯᠡᠨ ᠵᠠᠰᠠᠪᠠ᠃ ᠨᠤᠲᠤᠭ ᠪᠡᠯᠴᠢᠭᠡᠷ ᠢ ᠳᠠᠭᠠᠭᠤᠯᠢ ᠤᠳᠤ ᠪᠠᠷ ᠪᠠᠶᠢᠷᠢᠯᠠᠯ ᠲᠤᠭᠲᠠᠭᠠᠬᠤ ᠬᠠᠤᠯᠢ ᠬᠡᠷᠡᠭᠵᠢᠭᠦᠯᠥᠯᠲᠡ ᠶᠢᠨ ᠪᠠᠶᠢᠴᠠᠭᠠᠯᠲᠠ ᠪᠠ | ᠬᠡᠪᠰᠢᠭᠰᠡᠨ ᠬᠢᠨᠠᠨ ᠪᠠᠶᠢᠴᠠᠭᠠᠯᠲᠠ ᠴᠡᠴᠡᠭᠯᠡᠯᠲᠡ ᠶᠢᠨ ᠠᠵᠢᠯ ᠥᠨᠳᠥᠰᠥᠨ ᠳᠡᠭᠡᠨ ᠪᠡᠶᠡᠯᠡᠭᠳᠡᠪᠡ᠃ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠥᠲᠥᠬᠡᠨ | ᠪᠠᠶᠢᠭᠤᠯᠤᠯᠲᠠ ᠰᠢᠨ᠎ᠡ ᠠᠬᠢᠴᠠ ᠲᠠᠢ ᠪᠤᠯᠵᠤ᠂ ᠪᠥᠬᠦ ᠤᠷᠤᠨ ᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠥᠲᠥᠬᠡᠨ ᠪᠠᠶᠢᠭᠤᠯᠤᠯᠲᠠ ᠶᠢᠨ ᠵᠢᠱᠢᠶᠡᠴᠢ | ᠬᠤᠰᠢᠭᠤ ᠰᠢᠶᠠᠨ ᠤ ᠳᠤᠷᠰᠢᠯᠭ᠎ᠠ ᠰᠤᠯᠢᠯᠴᠠᠬᠤ ᠠᠬᠤᠢ ᠲᠠᠯᠠᠪᠠᠢ ᠶᠢᠨ ᠬᠤᠷᠠᠯ ᠢ ᠥᠨᠳᠥᠷ ᠴᠢᠨᠠᠷ ᠴᠢᠨᠰᠠᠭ᠎ᠠ ᠲᠠᠢ ᠪᠠᠷ ᠳᠠᠭᠠᠭᠠᠴᠢᠯᠠᠨ ᠡᠷᠬᠢᠯᠡᠪᠠ᠃ | ᠡᠮᠡᠭᠲᠠᠶᠢᠴᠤᠳ ᠬᠡᠤᠬᠡᠳ ᠤᠨ ᠡᠷᠬᠡ ᠠᠰᠢᠭ ᠪᠥᠲᠥᠮᠵᠢᠲᠠᠢ ᠪᠠᠲᠤᠯᠠᠭ᠎ᠠ ᠲᠠᠢ ᠪᠤᠯᠵᠤ᠂ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠂ ᠠᠷᠠᠳ ᠤᠨ ᠠᠭᠠᠷ ᠤᠨ | ᠰᠡᠷᠭᠡᠶᠢᠯᠡᠯᠲᠡ᠂ ᠠᠮᠤ ᠪᠤᠳᠠᠭ᠎ᠠ᠂ ᠬᠠᠩᠭᠠᠨ ᠪᠤᠷᠤᠯᠠᠭᠤᠯᠬᠤ᠂ ᠳᠠᠩᠰᠠ ᠡᠪᠬᠡᠮᠡᠯ ᠵᠡᠷᠭᠡ ᠠᠵᠢᠯ ᠴᠥᠮ ᠰᠢᠨ᠎ᠡ ᠥᠷ᠎ᠡ ᠪᠥᠲᠥᠮᠵᠢ ᠤᠯᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠬᠡ ᠵᠢᠯ᠂ ᠪᠢᠳᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠵᠤᠷᠢᠭᠲᠠᠢ ᠪᠠᠷ | ᠡᠭᠦᠷᠭᠡᠯᠡᠨ᠂ ᠯᠠᠪᠳᠠᠭᠤᠨ ᠢᠶᠠᠷ ᠠᠵᠢᠯᠯᠠᠵᠤ᠂ ᠠᠵᠤ ᠠᠬᠤᠢ ᠨᠡᠶᠢᠬᠡᠮ ᠤᠨ ᠡᠯ᠎ᠡ ᠲᠥᠷᠥᠯ ᠤᠨ ᠠᠵᠢᠯ ᠥᠢᠯᠡᠰ ᠰᠢᠨ᠎ᠡ ᠳᠡᠭᠲᠡᠷ ᠲᠤ ᠭᠠᠷᠪᠠ᠃ ᠡᠨᠡ ᠪᠤᠯ ᠳᠡᠭᠡᠲᠤ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠲᠠᠢ ᠤᠳᠤᠷᠢᠳᠤᠯᠭ᠎ᠠ ᠶᠢᠨ ᠥᠷ᠎ᠡ ᠳ᠋ᠥᠩ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠥᠴᠥᠲᠠᠢ ᠳᠡᠮᠵᠢᠯᠭᠡ ᠶᠢᠨ ᠥᠷ᠎ᠡ ᠳ᠋ᠥᠩ᠂ ᠨᠡᠩ ᠴᠦ ᠪᠥᠬᠦ | ᠬᠤᠰᠢᠭᠤᠨ ᠤ ᠡᠯ᠎ᠡ ᠥᠨᠳᠥᠰᠥᠲᠡᠨ ᠤ ᠠᠷᠠᠳ ᠲᠥᠮᠡᠨ ᠬᠠᠷᠢᠯᠴᠠᠨ ᠬᠠᠪᠰᠤᠷᠤᠯᠴᠠᠵᠤ᠂ ᠪᠥᠯᠬᠦᠮᠳᠡᠨ ᠲᠡᠮᠡᠴᠡᠭᠰᠡᠨ ᠤ ᠥᠷ᠎ᠡ ᠳ᠋ᠥᠩ ᠮᠥᠨ᠃ ᠠᠳᠡ ᠪᠢ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠪᠥᠬᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠥᠮᠡᠨ᠂ ᠡᠵᠡᠨ ᠬᠤᠷᠤᠭ᠎ᠠ ᠬᠤᠰᠢᠭᠤᠨ ᠤ | ᠬᠥᠭᠵᠢᠯᠲᠡ ᠶᠢ ᠬᠠᠯᠠᠮᠵᠢᠯᠠᠨ ᠳᠡᠮᠵᠢᠵᠤ ᠪᠠᠶᠢᠭ᠎ᠠ ᠨᠡᠶᠢᠬᠡᠮ ᠤᠨ ᠡᠯ᠎ᠡ ᠡᠳᠡᠭᠡᠳ ᠤᠨ ᠨᠠᠶᠢᠵᠠ ᠨᠠᠷ ᠲᠤ ᠪᠠᠨ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠵᠤ | ᠪᠠᠶᠢᠨ᠎ᠠ︕ | ᠠᠮᠤᠭᠤᠯᠠᠩ ᠴᠠᠭ ᠲᠤ ᠠᠶᠤᠯ ᠢ ᠥᠯᠥ ᠮᠠᠷᠲᠠᠨ᠂ ᠪᠠᠶᠠᠷᠯᠠᠬᠤ ᠴᠠᠭ ᠲᠤ ᠵᠤᠪᠠᠨᠢᠯ ᠢ ᠥᠯᠥ ᠮᠠᠷᠲᠠᠮᠤᠢ᠃ ᠡᠬᠢ ᠪᠠᠶᠠᠯᠢᠭ ᠤᠨ ᠮᠠᠶ᠋ᠢᠭ ᠤᠨ ᠭᠠᠵᠠᠷ ᠤᠷᠤᠨ | ᠪᠤᠯᠤᠭᠰᠠᠨ ᠬᠤᠪᠢ ᠳᠤ᠂ ᠤᠳᠤᠬᠠᠨ ᠤ ᠠᠵᠤ ᠠᠬᠤᠢ ᠶᠢᠨ ᠥᠰᠥᠯᠲᠡ ᠭᠤᠤᠯᠳᠠᠭᠤ ᠨᠡᠭᠦᠷᠡᠰᠥᠨ ᠥᠢᠯᠡᠰ ᠲᠤ ᠳᠥᠰᠢᠭᠯᠡᠨ ᠳᠠᠶᠢᠴᠢᠯᠠᠵᠤ᠂ ᠬᠡᠯᠪᠡᠷᠢ ᠶᠢᠨ | ᠬᠤᠪᠢᠷᠠᠭᠠᠯᠳᠠ ᠶᠢᠨ ᠲᠦᠷᠦᠯ ᠵᠦᠢᠯ ᠤᠨ ᠨᠦᠬᠡᠴᠡᠯᠡᠯᠳᠡ ᠬᠦᠷᠦᠯᠴᠡᠬᠦ ᠦᠬᠡᠢ᠂ ᠰᠢᠨ᠎ᠡ ᠬᠠᠭᠤᠴᠢᠨ ᠬᠥᠳᠡᠯᠭᠡᠭᠡᠨ ᠡᠨᠧᠷᠬᠢ ᠶᠢᠨ ᠬᠤᠪᠢᠷᠠᠯᠲᠠ ᠶᠢᠨ ᠦᠷᠬᠦᠯᠵᠢᠯᠡᠯ | ᠬᠦᠢᠴᠡᠳ ᠦᠬᠡᠢ ᠂ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠡᠭᠦᠷᠭᠡ ᠬᠥᠨᠳᠤ ᠵᠠᠮ ᠬᠤᠯᠠ︔ ᠥᠢᠯᠡᠴᠢᠯᠡᠬᠡᠨ ᠤ ᠠᠵᠤ ᠠᠬᠤᠶᠢᠯᠠᠯ ᠨᠠᠶᠢᠳᠠᠪᠤᠷᠢᠵᠢᠵᠤ | ᠳᠡᠶᠢᠯᠬᠦ ᠥᠬᠡᠢ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠲᠥᠷᠥᠯ ᠵᠥᠢᠯ ᠬᠡᠷᠡᠭᠯᠡᠯᠲᠡ ᠳᠤ ᠤᠷᠤᠬᠤ ᠳᠤ ᠬᠥᠴᠢᠷ᠂ ᠡᠵᠡᠩᠨᠡᠯᠲᠡ ᠬᠤᠳᠠᠯᠳᠤᠭ᠎ᠠ ᠶᠢᠨ | ᠤᠷᠴᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠴᠢᠬᠤᠯᠠᠲᠠᠢ︔ ᠬᠦᠳᠡᠭᠡ ᠳᠤᠰᠬᠤᠨ ᠤ ᠬᠥᠭᠵᠢᠯᠲᠡ ᠶᠢᠨ ᠠᠵᠤ ᠥᠢᠯᠡᠰ ᠤᠨ ᠲᠤᠯᠭᠠᠭᠤᠷᠢ ᠬᠦᠴᠦᠨ | ᠬᠥᠷᠥᠯᠴᠡᠭᠦ ᠥᠬᠡᠢ᠂ ᠮᠠᠯᠴᠢᠨ ᠲᠠᠷᠢᠶᠠᠴᠢᠳ ᠤᠨ ᠤᠷᠤᠯᠭ᠎ᠠ ᠨᠡᠮᠡᠭᠳᠡᠬᠦ ᠳᠤ ᠬᠥᠴᠢᠷ︔ ᠰᠤᠷᠭᠠᠨ ᠬᠥᠮᠥᠵᠢᠯ ᠵᠢᠭᠠᠨ ᠰᠤᠷᠭᠠᠯᠲᠠ᠂ ᠡᠮ ᠡᠮᠨᠡᠯᠭᠡ ᠡᠷᠡᠭᠦᠯ | ᠬᠠᠮᠠᠭᠠᠯᠠᠯ ᠪᠠ ᠨᠡᠶᠢᠲᠡ ᠶᠢᠨ ᠰᠤᠶᠤᠯ ᠤᠨ ᠥᠢᠯᠡᠴᠢᠯᠡᠬᠡᠨ ᠤ ᠬᠢᠷᠢ ᠳᠥᠪᠰᠢᠨ ᠳ᠋ᠥᠩᠱᠧᠩ᠂ ᠬᠢᠶ᠎ᠠ ᠪᠠᠭᠰᠢ ᠶᠢᠨ ᠬᠢ ᠠᠴᠠ ᠵᠥᠷᠢᠶ᠎ᠡ ᠲᠠᠢ︔ ᠡᠳ᠋ ᠤᠨ ᠵᠠᠰᠠᠭ ᠤᠨ | ᠤᠷᠤᠯᠭ᠎ᠠ ᠪᠠ ᠬᠤᠪᠢᠷᠠᠰᠢ ᠥᠬᠡᠢ ᠵᠠᠷᠤᠯᠭ᠎ᠠ ᠶᠢᠨ ᠵᠤᠷᠢᠴᠡᠯ ᠤᠯᠠᠮ ᠨᠢᠭᠡ ᠠᠯᠬᠤᠮ ᠢᠯᠡᠳᠳᠡ ᠪᠤᠯᠬᠤ︔ ᠨᠢᠭᠡ ᠪᠥᠯᠥᠭ ᠺᠠᠳ᠋ᠷ ᠵᠤᠷᠢᠭᠲᠠᠢ ᠪᠠᠷ ᠡᠭᠦᠷᠭᠡᠯᠡᠬᠦ ᠥᠬᠡᠢ | ᠂ ᠡᠷᠴᠢ ᠵᠤᠷᠢᠭ ᠬᠥᠷᠥᠯᠴᠡᠬᠦ ᠥᠭᠡᠢ᠂ ᠳᠤᠰᠢᠶᠠᠯ ᠢᠶᠠᠨ ᠭᠥᠢᠴᠡᠳᠬᠡᠬᠦ ᠥᠬᠡᠢ ᠪᠠᠶᠢᠳᠠᠯ ᠠᠳᠠᠯᠢ ᠪᠤᠰᠤ ᠬᠡᠮᠵᠢᠶ᠎ᠡ ᠪᠠᠷ ᠤᠷᠤᠰᠢᠬᠤ ᠵᠡᠷᠭᠡ︔ ᠡᠳᠡᠭᠡᠷ ᠠᠰᠠᠭᠤᠳᠠᠯ | ᠳᠤ ᠬᠠᠨᠳᠤᠭᠤᠯᠤᠨ᠂ ᠪᠢᠳᠠ ᠬᠤᠶᠢᠰᠢᠳᠠ ᠶᠢᠨ ᠠᠵᠢᠯ ᠤᠨ ᠳᠤᠮᠳᠠ ᠪᠥᠲᠥᠮᠵᠢᠲᠠᠢ ᠠᠷᠭ᠎ᠠ ᠬᠡᠮᠵᠢᠶ᠎ᠡ ᠠᠪᠴᠤ ᠬᠥᠴᠥᠯᠡᠨ ᠰᠢᠢᠳᠪᠦᠷᠢᠯᠡᠬᠦ ᠪᠤᠯᠤᠨ᠎ᠠ᠃ | ᠬᠤᠶᠠᠷ᠂ 2019 ᠤᠨ ᠤ ᠠᠵᠢᠯ ᠤᠨ ᠲᠤᠬᠢᠷᠠᠭᠤᠯᠭ᠎ᠠ | 2019 ᠤᠨ ᠪᠤᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠪᠦᠬᠦ ᠲᠠᠯ᠎ᠠ ᠶᠢᠨ ᠴᠢᠨᠡᠬᠡᠯᠢᠭ ᠨᠡᠶᠢᠬᠡᠮ ᠢ ᠪᠠᠶᠢᠭᠤᠯᠬᠤ | ᠵᠠᠩᠭᠢᠯᠠᠭ᠎ᠠ ᠶᠢᠨ ᠵᠢᠯ ᠪᠤᠯᠤᠨ᠎ᠠ᠃ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠤᠯᠤᠳᠤᠭᠠᠷ ᠤᠳᠠᠭᠠᠨ ᠤ ᠪᠦᠬᠦᠳᠡ ᠬᠤᠷᠠᠯ ᠵᠢᠴᠢ | ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠤᠰᠤᠭᠠᠷ᠂ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ | ᠰᠡᠳᠬᠢᠴᠡ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠠᠨ | ᠪᠤᠯᠭᠠᠬᠤ ᠶᠢ ᠪᠠᠷᠢᠮᠳᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠢ ᠪᠠᠶᠢᠴᠠᠭᠠᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠨᠢᠬᠡᠳᠦᠬᠡᠷ᠂ ᠬᠤᠶᠠᠳᠤᠭᠠᠷ ᠤᠳᠠᠭᠠᠨ ᠤ ᠬᠤᠷᠠᠯᠳᠤᠭᠠᠨ | ᠤ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠶᠢ ᠲᠦᠯᠦᠪᠵᠢᠬᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ᠂ ᠦᠨᠳᠦᠷ ᠴᠢᠨᠠᠷ ᠴᠢᠨᠰᠠᠭ᠎ᠠ ᠲᠠᠢ | ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠱᠤᠭᠤᠮ ᠢᠶᠠᠨ ᠪᠤᠯᠭᠠᠬᠤ | ᠶᠢ ᠪᠠᠷᠢᠮᠳᠠᠯᠠᠵᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠠᠳᠬᠤᠵᠤ᠂ ᠲᠤᠭᠳᠠᠭᠤᠨ ᠢᠶᠠᠷ ᠨᠡᠮᠡᠭᠳᠡᠬᠦ᠂ ᠦᠬᠡᠷᠡᠴᠢᠯᠡᠯᠳᠡ | ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠬᠦᠷᠢ ᠠᠴᠠ ᠰᠡᠷᠬᠡᠶᠢᠯᠡᠬᠦ ᠡᠯ᠎ᠡ ᠲᠦᠷᠦᠯ ᠤᠨ ᠠᠵᠢᠯ | ᠢ ᠲᠦᠯᠦᠪᠵᠢᠬᠦᠯᠵᠦ᠂ ᠡᠯ᠎ᠡ ᠦᠨᠳᠦᠰᠦᠳᠡᠨ ᠤ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠨᠡᠮᠡᠭᠳᠡᠬᠦᠯᠵᠦ᠂ ᠪᠦᠬᠦ ᠬᠤᠰᠢᠭᠤᠨ ᠤ ᠠᠵᠤ ᠠᠬᠤᠢ ᠶᠢᠨ ᠦᠷᠬᠦᠯᠵᠢᠯᠡᠭᠰᠡᠨ ᠡᠷᠡᠬᠦᠯ ᠬᠦᠭᠵᠢᠯᠳᠡ ᠪᠠ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ | ᠢ ᠪᠠᠳᠤᠯᠠᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠪᠳᠤᠷᠭᠠᠨ ᠤ ᠠᠵᠢᠯ ᠳᠤ ᠰᠢᠢᠳᠪᠦᠷᠢᠳᠤ ᠴᠢᠨᠠᠷᠳᠠᠢ ᠰᠠᠭᠤᠷᠢ ᠲᠠᠯᠪᠢᠵᠤ᠂ ᠰᠢᠯᠢᠳᠡᠭ ᠬᠢᠷᠢ | ᠪᠦᠳᠦᠮᠵᠢ ᠪᠠᠷ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠢ ᠪᠠᠶᠠᠷᠯᠠᠨ ᠪᠡᠯᠬᠡᠯᠡᠶ᠎ᠡ᠃ ᠭᠤᠤᠯ ᠵᠢᠱᠢᠭᠰᠡᠨ ᠬᠠᠷᠠᠯᠳᠠ᠄ | ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠪᠠᠷ ᠨᠡᠮᠡᠭᠳᠡᠬᠦᠯᠵᠦ᠂ ᠨᠡᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠬᠤ | ᠶᠡᠷᠦᠩᠬᠡᠢ ᠲᠤᠭ᠎ᠠ ᠶᠢ 7% ᠤᠷᠴᠢᠨ ᠨᠡᠮᠡᠭᠳᠡᠬᠦᠯᠵᠦ᠂ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ 7% ᠨᠡᠮᠡᠭᠳᠡᠬᠦᠯᠵᠦ | ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ ᠲᠤᠰ ᠪᠦᠷᠢ 7% ᠪᠠ 8% ᠨᠡᠮᠡᠭᠳᠡᠬᠦᠯᠵᠦ᠂ ︽ | ᠬᠤᠤᠰ ᠵᠠᠭᠤᠨ ᠬᠤᠤᠰ ᠮᠢᠩᠭ᠎ᠠ ᠬᠤᠤᠰ ᠲᠡᠬᠡᠭᠰᠢᠯᠡᠯᠳᠡ︾ ᠶᠢ ᠠᠬᠢᠭᠤᠯᠤᠨ ᠪᠡᠶᠡᠯᠡᠬᠦᠯᠦᠨ᠎ᠡ᠃ ᠲᠠᠷᠤᠢ ᠭᠠᠵᠠᠷ ᠤᠷᠤᠨ ᠤ ᠵᠠᠰᠠᠭ ᠤᠨ ᠤᠷᠳᠤᠨ ᠤ ᠤᠷᠤᠯᠭ᠎ᠠ ᠪᠠ | ᠲᠤᠭᠳᠠᠮᠠᠯ ᠡᠳ᠋ ᠬᠦᠷᠦᠩᠬᠡ ᠶᠢᠨ ᠪᠡᠯᠡ ᠤᠷᠤᠭᠤᠯᠤᠯᠳᠠ ᠶᠢ ᠲᠤᠰᠪᠤᠷᠢ ᠵᠠᠭᠤᠨ ᠳ᠋ᠦᠩᠰᠢᠭᠤᠷ ᠲᠦᠬᠦᠷᠢᠭ ᠤᠨ ᠪᠤᠭᠤᠮᠳᠠ ᠠᠴᠠ ᠲᠠᠪᠠᠭᠤᠯᠤᠨ᠂ ᠡᠬᠦᠨ ᠳᠤ ᠡᠩ | ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 2% ᠢᠶᠠᠷ ᠨᠡᠮᠡᠭᠳᠡᠬᠦᠯᠦᠨ᠂ 75 ᠳ᠋ᠦᠩᠰᠢᠭᠤᠷ ᠲᠦᠬᠦᠷᠢᠭ ᠲᠤ ᠬᠦᠷᠬᠡᠨ᠎ᠡ︔ ︽ᠬᠤᠤᠰ ᠮᠢᠩᠭ᠎ᠠ︾᠂ | ᠲᠠᠷᠤᠢ ᠰᠢᠨ᠎ᠡ ᠪᠠᠷ ᠲᠠᠩᠰᠠᠯᠠᠭᠰᠠᠨ ᠠᠵᠤ ᠠᠬᠤᠶᠢᠯᠠᠯ ᠢ 1000 ᠡᠷᠦᠬᠡ ᠠᠴᠠ ᠲᠡᠬᠡᠭᠰᠢ᠂ ᠠᠵᠤ ᠠᠬᠤᠶᠢᠯᠠᠯ ᠤᠨ ᠡᠵᠡᠩᠨᠡᠯᠳᠡ ᠶᠢᠨ ᠤᠷᠤᠯᠭ᠎ᠠ ᠶᠢ 1000 | ᠳ᠋ᠦᠩᠰᠢᠭᠤᠷ ᠠᠴᠠ ᠲᠡᠬᠡᠭᠰᠢ ᠬᠦᠷᠬᠡᠨ᠎ᠡ︔ ︽ᠬᠤᠤᠰ ᠲᠡᠬᠡᠭᠰᠢᠯᠡᠯᠳᠡ︾ ᠲᠠᠷᠤᠢ ᠭᠠᠵᠠᠷ ᠤᠷᠤᠨ ᠤ ᠵᠠᠰᠠᠭ ᠤᠨ ᠤᠷᠳᠤᠨ ᠤ ᠤᠷᠤᠯᠭ᠎ᠠ ᠶᠢᠨ GDP ᠤᠨ | ᠡᠵᠡᠯᠡᠬᠦ ᠬᠠᠷᠢᠴᠠᠯ ᠢ ᠦᠷᠬᠦᠯᠵᠢᠯᠡᠨ ᠲᠡᠬᠡᠭᠰᠢᠯᠡᠬᠦᠯᠬᠦ᠂ ᠦᠢᠯᠡᠴᠢᠯᠡᠬᠡᠨ ᠤ ᠦᠢᠯᠡᠰ ᠤᠨ ᠨᠡᠮᠡᠭᠳᠡᠯ ᠦᠷᠳᠡᠭ ᠤᠨ GDP ᠤᠨ ᠡᠵᠡᠯᠡᠬᠦ ᠬᠠᠷᠢᠴᠠᠯ ᠤᠨ | ᠲᠡᠬᠡᠭᠰᠢᠯᠡᠯᠳᠡ ᠪᠤᠯᠤᠨ᠎ᠠ᠃ | ︵ᠨᠢᠬᠡ︶ ᠭᠤᠷᠪᠠᠨ ᠶᠡᠭᠡ ᠪᠤᠭᠤᠮᠳᠠ ᠰᠢᠪᠳᠤᠯᠤᠯᠳᠠ ᠶᠢ ᠦᠷᠬᠦᠯᠵᠢᠯᠡᠨ ᠰᠠᠶᠢᠳᠤᠷ ᠬᠢᠵᠦ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠠᠭᠤᠷᠢ | ᠱᠤᠭᠤᠮ ᠢ ᠪᠠᠳᠤᠳᠬᠠᠨ᠎ᠠ᠃ | ᠨᠢᠬᠡ ᠳᠤ᠂ ᠤᠨᠴᠠ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠪᠤᠭᠤᠮᠳᠠ ᠰᠢᠪᠳᠤᠯᠤᠯᠳᠠ ᠶᠢ ᠦᠷᠬᠦᠯᠵᠢᠯᠡᠨ ᠰᠠᠶᠢᠳᠤᠷ ᠬᠢᠨ᠎ᠡ᠃ ᠵᠠᠰᠠᠭ ᠤᠨ | ᠤᠷᠳᠤᠨ ᠤ ᠲᠠᠯᠳᠠ ᠴᠢᠨᠠᠷ ᠲᠠᠢ ᠦᠷᠢ ᠶᠢ 10 ᠵᠢᠯ ᠳᠤ ᠰᠢᠢᠳᠪᠦᠷᠢᠯᠡᠬᠦ ᠲᠦᠰᠦᠯ ᠤᠨ ᠱᠠᠭᠠᠷᠳᠠᠯᠭ᠎ᠠ ᠶᠤᠰᠤᠭᠠᠷ᠂ ᠲᠦᠰᠦᠪ ᠤᠨ ᠤᠷᠤᠯᠭ᠎ᠠ ᠶᠢ ᠲᠤᠬᠢᠷᠠᠭᠤᠯᠬᠤ᠂ | ᠦᠯᠡᠳᠡᠪᠦᠷᠢ ᠨᠡᠬᠦᠷᠡᠰᠦ ᠶᠢ ᠰᠢᠢᠳᠪᠦᠷᠢᠯᠡᠬᠦ᠂ ᠡᠷᠬᠢᠯᠳᠡ ᠳᠤ ᠤᠷᠤᠭᠤᠯᠬᠤ ᠪᠠᠷ ᠵᠦᠪᠰᠢᠶᠡᠷᠡᠬᠡᠳ ᠭᠠᠵᠠᠷ ᠰᠢᠷᠤᠢ ᠦᠯᠦ ᠬᠠᠩᠭᠠᠬᠤ᠂ ᠡᠵᠡᠩᠨᠡᠯᠳᠡ ᠶᠢᠨ ᠬᠤᠳᠠ | ᠵᠡᠷᠬᠡ ᠬᠡᠯᠪᠡᠷᠢ ᠪᠠᠷ ᠲᠠᠮᠵᠢᠨ᠂ ᠵᠢᠯ ᠤᠨ ᠲᠤᠳᠤᠷ᠎ᠠ 20.3 ᠳ᠋ᠦᠩᠰᠢᠭᠤᠷ ᠲᠦᠬᠦᠷᠢᠭ ᠲᠠᠯᠳᠠ ᠴᠢᠨᠠᠷᠳᠠᠢ ᠦᠷᠢ ᠦᠭᠴᠡᠭᠡ ᠶᠢ ᠰᠢᠢᠳᠪᠦᠷᠢᠯᠡᠵᠦ᠂ ᠡᠬᠦᠨ ᠳᠤ ︽ | ᠠᠷᠪᠠ ᠶᠢ ᠪᠦᠷᠬᠦᠬᠦᠯᠬᠦ︾ ᠪᠠᠷ ᠦᠷᠢᠳᠦᠭᠰᠡᠨ ᠰᠢᠭᠤᠳ ᠬᠤᠯᠪᠤᠭᠳᠠᠬᠤ ᠢᠨᠵᠧᠨᠧᠷᠢᠩ ᠤᠨ ᠵᠤᠭᠤᠰ 3.2 ᠳ᠋ᠦᠩᠰᠢᠭᠤᠷ ᠲᠦᠬᠦᠷᠢᠭ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ 2.4 ᠳ᠋ᠦᠩᠰᠢᠭᠤᠷ ᠲᠦᠬᠦᠷᠢᠭ ᠤᠨ ᠦᠷᠢ ᠶᠢ ᠠᠷᠢᠯᠭᠠᠨ ᠰᠢᠢᠳᠪᠦᠷᠢᠯᠡᠨ᠎ᠡ᠃ ᠲᠦᠪ ᠠᠴᠠ ᠤᠷᠤᠨ ᠨᠤᠳᠤᠭ ᠤᠨ ᠵᠠᠰᠠᠭ ᠤᠨ ᠤᠷᠳᠤᠨ ᠤ | ᠲᠤᠰᠬᠠᠢ ᠲᠦᠷᠦᠯ ᠤᠨ ᠵᠢᠬᠡᠯᠡᠯᠬᠡ ᠶᠢᠨ ᠲᠡᠮᠳᠡᠭᠳᠦ ᠶᠢ ᠨᠡᠮᠡᠭᠳᠡᠬᠦᠯᠬᠦ ᠲᠦᠷᠦ ᠶᠢᠨ ᠪᠤᠳᠤᠯᠭ᠎ᠠ ᠤᠨ ᠲᠤᠬᠢᠶᠠᠯ ᠢ ᠰᠠᠶᠢᠳᠤᠷ ᠠᠳᠬᠤᠵᠤ᠂ ᠨᠢᠬᠡᠨᠳᠡ ᠭᠤᠶᠤᠴᠢᠯᠠᠨ | ᠮᠡᠳᠡᠬᠦᠯᠦᠭᠰᠡᠨ 31.4 ᠳ᠋ᠦᠩᠰᠢᠭᠤᠷ ᠲᠦᠬᠦᠷᠢᠭ ᠤᠨ ᠵᠢᠬᠡᠯᠡᠯᠬᠡ ᠶᠢᠨ ᠲᠡᠮᠳᠡᠭᠳᠦ ᠶᠢᠨ ᠪᠡᠯᠡ ᠮᠦᠩᠭᠦ ᠶᠢ ᠤᠯᠵᠤ᠂ ᠭᠤᠤᠯᠳᠠᠯᠭᠠᠳᠤ ᠲᠦᠷᠦᠯ ᠵᠦᠢᠯ ᠤᠨ | ᠪᠠᠶᠢᠭᠤᠯᠤᠯᠳᠠ ᠳᠤ ᠪᠡᠯᠡ ᠮᠦᠩᠭᠦᠨ ᠤ ᠪᠠᠳᠤᠯᠠᠭ᠎ᠠ ᠶᠢ ᠬᠠᠩᠭᠠᠵᠤ᠂ ᠲᠠᠯᠳᠠ ᠦᠷᠢ ᠰᠢᠷᠢ ᠶᠢ ᠰᠢᠢᠳᠪᠦᠷᠢᠯᠡᠬᠦ ᠳᠤ ᠨᠡᠩ ᠰᠠᠶᠢᠨ ᠨᠦᠬᠦᠴᠡᠯ ᠢ ᠡᠬᠦᠳᠦᠨ᠎ᠡ᠃ ᠡᠳ᠋ | ᠤᠨ ᠵᠠᠰᠠᠭ ᠤᠨ ᠭᠠᠶᠢᠯᠢ ᠶᠢᠨ ᠬᠠᠮᠢᠶᠠᠷᠤᠯᠳᠠ ᠶᠢᠨ ᠲᠤᠭᠳᠠᠯᠴᠠᠭ᠎ᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠡᠳ᠋ ᠤᠨ ᠵᠠᠰᠠᠭ ᠤᠨ ᠪᠡᠯᠡ ᠮᠦᠩᠭᠦᠨ ᠤ | ᠬᠢᠨᠠᠨ ᠵᠦᠪᠰᠢᠶᠡᠷᠡᠬᠦ ᠬᠠᠮᠢᠶᠠᠷᠤᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠵᠦ᠂ ᠪᠠᠯᠭᠠᠰᠤᠨ ᠤ ᠲᠡᠰ ᠤᠨ ᠮᠦᠩᠭᠦᠨ ᠬᠦᠮᠦᠷᠬᠡ ᠶᠢ ᠲᠦᠷᠬᠡᠳᠬᠡᠨ ᠪᠠᠶᠢᠭᠤᠯᠵᠤ᠂ | ᠡᠯ᠎ᠡ ᠪᠠᠯᠭᠠᠰᠤ ᠡᠯ᠎ᠡ ᠰᠠᠯᠠᠭ᠎ᠠ ᠮᠦᠴᠢᠷ ᠤᠨ ᠤᠷᠤᠯᠭ᠎ᠠ ᠶᠢᠨ ᠢᠳᠡᠪᠬᠢᠵᠢᠯ ᠢ ᠤᠯᠠᠮ ᠨᠢᠬᠡ ᠠᠯᠬᠤᠮ ᠲᠠᠶᠢᠴᠢᠯᠠᠨ᠎ᠠ᠂ ᠦᠷᠢ ᠠᠴᠠ ᠵᠠᠶᠢᠯᠠᠬᠤ ᠵᠡᠷᠬᠡ ᠬᠠᠤᠯᠢ | ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ ᠬᠠᠤᠯᠢ ᠪᠤᠰᠤ ᠪᠠᠷ ᠪᠡᠯᠡ ᠮᠦᠩᠭᠦ ᠬᠤᠷᠠᠮᠳᠤᠭᠤᠯᠬᠤ ᠬᠡᠷᠡᠭ ᠲᠤ ᠬᠤᠯᠪᠤᠭᠳᠠᠬᠤ ᠡᠳ᠋ ᠬᠦᠷᠦᠩᠬᠡ ᠶᠢ | ᠲᠦᠷᠬᠡᠳᠭᠡᠨ ᠰᠢᠢᠳᠪᠦᠷᠢᠯᠡᠨ᠎ᠡ᠃ ᠮᠦᠩᠭᠦᠨ ᠬᠦᠢᠯᠬᠡᠬᠡᠨ ᠤ ᠲᠤᠭᠳᠠᠯᠴᠠᠭ᠎ᠠ ᠶᠢᠨ ᠲᠦᠷᠢᠮ ᠢ ᠬᠦᠨᠵᠡᠬᠡᠶᠢᠷᠡᠬᠦᠯᠵᠦ᠂ ᠲᠦᠷᠦ ᠶᠢᠨ ᠪᠤᠳᠤᠯᠭ᠎ᠠ ᠶᠢᠨ ᠴᠢᠨᠠᠷᠳᠠᠢ | ᠮᠦᠩᠭᠦ ᠴᠤᠭᠯᠠᠭᠤᠯᠬᠤ ᠲᠠᠭᠠᠭᠠᠯᠳᠠ ᠶᠢᠨ ᠺᠤᠮᠫᠠᠨᠢ ᠶᠢ ᠦᠷᠬᠡᠳᠬᠡᠨ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠮᠦᠩᠭᠦ ᠴᠤᠭᠯᠠᠭᠤᠯᠬᠤ ᠲᠠᠭᠠᠭᠠᠯᠳᠠ ᠪᠠ ᠠᠶᠤᠯ | ᠲᠦᠭᠰᠢᠬᠦᠷᠢ ᠶᠢᠨ ᠨᠦᠬᠦᠪᠦᠷᠢ ᠶᠢᠨ ᠲᠤᠭᠳᠠᠯᠴᠠᠭ᠎ᠠ ᠶᠢ ᠪᠦᠷᠢᠨᠰᠢᠬᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠵᠢᠵᠢᠭ ᠠᠵᠤ ᠠᠬᠤᠶᠢᠯᠠᠯ ᠤᠨ ᠪᠡᠯᠡ | ᠮᠦᠩᠭᠦ ᠬᠤᠷᠠᠮᠳᠤᠭᠤᠯᠬᠤ ᠬᠦᠴᠢᠷ᠂ ᠪᠡᠯᠡ ᠮᠦᠩᠭᠦ ᠬᠤᠷᠠᠮᠳᠤᠭᠤᠯᠬᠤ ᠦᠨᠡᠳᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠮᠦᠩᠭᠦᠨ ᠬᠦᠢᠯᠬᠡᠬᠡᠨ ᠤ | ᠦᠢᠯᠡᠴᠢᠯᠡᠬᠡᠨ ᠤ ᠵᠢᠵᠢᠭ ᠠᠵᠤ ᠠᠬᠤᠶᠢᠯᠠᠯ ᠪᠠ ᠪᠤᠳᠠᠳᠤ ᠠᠵᠤ ᠠᠬᠤᠢ ᠶᠢᠨ ᠴᠢᠳᠠᠪᠤᠷᠢ ᠶᠢ ᠴᠢᠩᠭᠠᠳᠬᠠᠨ᠎ᠠ᠃ | ᠬᠤᠶᠠᠷ ᠲᠤ᠂ ᠤᠨᠢᠨ ᠲᠡᠬᠡᠷ᠎ᠡ ᠨᠢ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠤᠯᠳᠠ ᠶᠢ ᠦᠷᠬᠦᠯᠵᠢᠯᠡᠨ ᠰᠠᠶᠢᠳᠤᠷ ᠬᠢᠨ᠎ᠡ᠃ ᠠᠵᠤ ᠦᠢᠯᠡᠰ | ᠢᠶᠠᠷ ᠶᠠᠳᠠᠭᠤ ᠶᠢ ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠳᠦᠬᠡᠯ ᠢᠶᠠᠨ ᠪᠠᠳᠤᠳᠬᠠᠬᠤ᠂ ᠤᠷᠤᠯᠭ᠎ᠠ ᠶᠢᠨ ᠨᠡᠮᠡᠭᠳᠡᠯ ᠢ ᠦᠷᠬᠦᠯᠵᠢᠯᠡᠨ ᠲᠤᠭᠳᠠᠭᠤᠨ | ᠪᠤᠯᠭᠠᠵᠤ ᠦᠨᠳᠦᠰᠦᠨ ᠴᠢᠨᠠᠷᠳᠠᠢ ᠠᠷᠭ᠎ᠠ ᠪᠠᠷᠢᠯ ᠪᠤᠯᠭᠠᠬᠤ ᠶᠢ ᠪᠠᠷᠢᠮᠳᠠᠯᠠᠵᠤ᠂ ︽ᠨᠠᠮ ᠤᠨ ᠪᠠᠶᠢᠭᠤᠯᠤᠯᠳᠠ ᠪᠠᠷ ᠲᠠᠶᠢᠴᠢᠯᠠᠬᠤ︾ ᠪᠠ ︽ᠵᠠᠭᠤᠨ ᠠᠵᠤ ᠠᠬᠤᠶᠢᠯᠠᠯ | ᠢᠶᠠᠷ ᠵᠠᠭᠤᠨ ᠲᠤᠰᠬᠤᠨ ᠢ ᠬᠠᠪᠰᠤᠷᠬᠤ︾ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠤᠨᠴᠠᠯᠢᠳᠤ ᠲᠠᠷᠢᠵᠦ ᠦᠷᠡᠵᠢᠬᠦᠯᠬᠦ᠂ ᠲᠤᠰᠬᠤᠨ ᠤ ᠵᠢᠭᠤᠯᠴᠢᠯᠠᠯ᠂ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ᠂ ᠬᠦᠳᠡᠯᠮᠦᠷᠢ ᠦᠢᠯᠡᠴᠢᠯᠡᠭᠡ ᠵᠡᠷᠭᠡ ᠬᠦᠭᠵᠢᠯᠳᠡ ᠶᠢᠨ ᠲᠤᠭᠤᠷᠢᠨ ᠳᠤ ᠲᠤᠰᠬᠤᠨ ᠤ ᠬᠠᠮᠳᠤ ᠶᠢᠨ ᠠᠵᠤ ᠠᠬᠤᠢ ᠶᠢ | ᠭᠦᠭᠵᠢᠬᠦᠯᠦᠨ᠂ ᠶᠠᠳᠠᠭᠤ ᠬᠦᠴᠢᠷᠳᠡᠯᠳᠠᠢ ᠡᠷᠦᠬᠡ ᠶᠢ ᠠᠵᠤ ᠦᠢᠯᠡᠰ ᠢᠶᠠᠷ ᠲᠡᠳᠬᠦᠬᠦ ᠶᠢ ᠪᠡᠶᠡᠯᠡᠬᠦᠯᠦᠨ᠎ᠡ︔ ᠲᠤᠯᠤᠭᠠᠶᠢᠯᠠᠭᠴᠢ ᠠᠵᠤ ᠠᠬᠤᠶᠢᠯᠠᠯ ᠤᠨ ᠲᠠᠶᠢᠴᠢᠯᠠᠬᠤ | ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠪᠢᠴᠠᠭ᠎ᠠ ᠶᠢ ᠬᠡᠰᠡᠭᠯᠡᠨ ᠬᠤᠪᠢᠶᠠᠵᠤ ᠬᠡᠮᠵᠢᠶᠡᠯᠡᠬᠦ᠂ ᠵᠠᠬᠢᠶᠠᠯᠠᠭ᠎ᠠ ᠶᠢᠨ ᠪᠤᠷᠤᠯᠠᠭᠤᠯᠬᠤ ᠵᠡᠷᠬᠡ ᠠᠮᠵᠢᠯᠳᠠ ᠶᠢᠨ | ᠲᠤᠷᠰᠢᠯᠭ᠎ᠠ ᠪᠠᠨ ᠲᠦᠬᠡᠮᠡᠯᠵᠢᠬᠦᠯᠵᠦ᠂ ᠶᠠᠳᠠᠭᠤ ᠬᠦᠴᠢᠷᠳᠡᠯᠳᠠᠢ ᠡᠷᠦᠬᠡ ᠬᠢᠬᠡᠳ ᠲᠤᠬᠠᠢ ᠶᠢᠨ ᠭᠠᠵᠠᠷ ᠤᠨ ᠲᠠᠷᠢᠶᠠᠯᠠᠩ ᠲᠠᠢ ᠬᠤᠯᠪᠤᠭᠳᠠᠭᠰᠠᠨ ᠠᠵᠤ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠠᠰᠢᠭ ᠲᠤᠰᠠ ᠲᠠᠢ ᠬᠤᠯᠪᠤᠬᠤ ᠶᠢ ᠪᠦᠬᠦᠨ ᠢ ᠪᠦᠷᠬᠦᠬᠦᠯᠬᠦ ᠶᠢ ᠪᠠᠶᠠᠯᠡᠬᠦᠯᠵᠦ᠂ ᠬᠦᠮᠦᠨ ᠲᠤᠮᠳᠠᠴᠢ ᠶᠢᠨ ᠵᠢᠯ ᠤᠨ ᠴᠡᠪᠡᠷ | ᠤᠷᠤᠯᠭ᠎ᠠ ᠶᠢ 2000 ᠲᠦᠬᠦᠷᠢᠭ ᠠᠴᠠ ᠲᠡᠬᠡᠭᠰᠢ ᠨᠡᠮᠡᠭᠳᠡᠬᠦᠯᠤᠨ᠎ᠡ᠃ ︽ᠬᠤᠶᠠᠷ ᠲᠤ ᠵᠤᠪᠠᠭ᠋ᠤ ᠦᠬᠡᠢ᠂ ᠭᠤᠷᠪᠠᠨ ᠪᠠᠳᠤᠯᠠᠭ᠎ᠠ︾ ᠶᠢᠨ ᠲᠤᠪᠤᠶᠢᠮ᠎ᠠ ᠠᠰᠠᠭᠤᠳᠠᠯ | ᠳᠤ ᠲᠦᠪᠯᠡᠷᠡᠬᠦᠯᠦᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠤᠯᠳᠠ ᠶᠢᠨ ︽ᠠᠩᠭᠢᠵᠢᠷᠠᠭᠤᠯᠬᠤ ᠪᠠᠷᠢᠮᠵᠢᠶ᠎ᠠ ᠳᠤ ᠬᠦᠷᠬᠡᠬᠦ︾ ᠲᠤᠰᠬᠠᠢ ᠲᠦᠷᠦᠯ | ᠤᠨ ᠠᠵᠢᠯᠯᠠᠭ᠎ᠠ ᠶᠢ ᠬᠡᠷᠡᠭᠵᠢᠬᠦᠯᠤᠨ᠎ᠠ᠃ ᠡᠷᠡᠬᠦᠯ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠦᠮᠦᠵᠢᠯ ᠤᠨ ᠲᠡᠮᠵᠢᠯᠬᠡ᠂ ᠨᠡᠶᠢᠬᠡᠮ ᠤᠨ ᠰᠠᠭᠤᠷᠢ ᠪᠠᠳᠤᠯᠠᠭ᠎ᠠ ᠵᠡᠷᠬᠡ | ᠲᠡᠳᠬᠦᠬᠦ ᠲᠦᠷᠦ ᠶᠢᠨ ᠪᠤᠳᠤᠯᠭ᠎ᠠ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ︽ᠤᠷᠤᠯᠭ᠎ᠠ ᠶᠢᠨ ᠲᠦᠪᠰᠢᠨ ᠨᠢ ᠲᠠᠩᠰᠠ ᠪᠠᠶᠢᠭᠤᠯᠬᠤ ᠺᠠᠷᠲ ᠤᠨ ᠶᠠᠳᠠᠭᠤ | ᠬᠦᠴᠢᠷᠳᠡᠯᠳᠠᠢ ᠡᠷᠦᠬᠡ ᠠᠴᠠ ᠵᠢᠭᠠᠬᠠᠨ ᠦᠨᠳᠦᠷ ᠬᠦᠪᠡᠭᠡ ᠵᠠᠬ᠎ᠠ ᠶᠢᠨ ᠡᠷᠦᠬᠡ ᠶᠢᠨ ᠠᠪᠤᠷᠠᠨ ᠲᠤᠰᠠᠯᠠᠬᠤ ᠠᠷᠭ᠎ᠠ︾ ᠶᠢ ᠲᠤᠭᠳᠠᠭᠠᠨ ᠭᠠᠷᠭᠠᠵᠤ᠂ ᠬᠦᠪᠡᠭᠡ ᠵᠠᠬ᠎ᠠ | ᠶᠢᠨ ᠤᠯᠠᠨ ᠲᠦᠮᠡᠨ ᠤ ᠠᠮᠢᠳᠤᠷᠠᠯ ᠤᠨ ᠬᠦᠴᠢᠷᠳᠡᠯ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠲᠦᠪ ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ | ᠰᠢᠪᠳᠤᠯᠤᠯᠳᠠ ᠶᠢᠨ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠳᠤᠷ ᠠᠳᠬᠤᠨ᠎ᠠ᠃ ᠶᠠᠳᠠᠭᠤ ᠶᠢ ᠲᠡᠳᠬᠦᠬᠦ᠂ ᠤᠶᠤᠨ | ᠤᠬᠠᠭᠠᠨ ᠵᠤᠷᠢᠭ ᠰᠠᠨᠠᠭ᠎ᠠ ᠶᠢ ᠲᠡᠳᠬᠦᠬᠦ ᠶᠡᠷᠦᠩᠬᠡᠶᠢᠯᠡᠭᠰᠡᠨ ᠪᠤᠳᠤᠯᠭ᠎ᠠ ᠶᠢ ᠬᠡᠷᠡᠭᠵᠢᠬᠦᠯᠬᠦ ᠶᠢ ᠪᠠᠷᠢᠮᠳᠠᠯᠠᠵᠤ᠂ ᠲᠦᠷᠦ ᠶᠢᠨ ᠪᠤᠳᠤᠯᠭ᠎ᠠ ᠶᠢ ᠤᠬᠠᠭᠤᠯᠬᠤ ᠪᠠ ︽ | ᠶᠠᠳᠠᠭᠤ ᠠᠴᠠ ᠠᠩᠭᠢᠵᠢᠷᠠᠭᠤᠯᠤᠨ ᠴᠢᠨᠡᠬᠡᠯᠢᠭᠵᠢᠭᠰᠡᠨ ᠵᠢᠱᠢᠶᠡᠴᠢ ᠡᠷᠦᠬᠡ︾ ︽ᠴᠢᠨᠡᠬᠡᠯᠢᠭᠵᠢᠯ ᠤᠨ ᠲᠠᠶᠢᠴᠢᠯᠠᠭᠴᠢ︾ ᠵᠡᠷᠬᠡ ᠲᠠᠭᠤᠷᠢᠶᠠᠯ ᠰᠤᠩᠭᠤᠬᠤ ᠠᠵᠢᠯᠯᠠᠭ᠎ᠠ | ᠶᠢ ᠦᠷᠨᠢᠬᠦᠯᠵᠦ᠂ ᠬᠦᠬᠢᠬᠦᠯᠬᠡ ᠪᠠᠷ ᠨᠦᠬᠦᠪᠦᠷᠢ ᠶᠢ ᠤᠷᠤᠯᠠᠬᠤ ᠵᠡᠷᠬᠡ ᠬᠡᠯᠪᠡᠷᠢ ᠶᠢ ᠠᠪᠴᠤ᠂ ᠤᠯᠠᠨ ᠲᠦᠮᠡᠨ ᠢ ᠲᠠᠶᠢᠴᠢᠯᠠᠨ ᠭᠤᠤᠯ ᠴᠤᠭᠴᠠ ᠶᠢᠨ ᠦᠵᠡᠯ | ᠤᠬᠠᠮᠰᠠᠷ ᠢ ᠪᠤᠢ ᠪᠤᠯᠭᠠᠵᠤ᠂ ᠲᠤᠭᠳᠠᠭᠤᠨ ᠢᠶᠠᠷ ᠤᠷᠤᠯᠭ᠎ᠠ ᠶᠢ ᠨᠡᠮᠡᠭᠳᠡᠬᠦᠯᠬᠦ ᠤᠷᠮᠠᠰᠢᠯ ᠢ ᠪᠤᠢ ᠪᠤᠯᠭᠠᠨ᠎ᠠ᠃ | ᠭᠤᠷᠪᠠ ᠳᠤ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠤᠯᠳᠠ ᠶᠢ ᠦᠷᠬᠦᠯᠵᠢᠯᠡᠨ ᠰᠠᠶᠢᠳᠤᠷ ᠬᠢᠨ᠎ᠡ᠃ ︽ᠬᠦᠬᠡ ᠠᠭᠤᠯᠠ ᠬᠦᠬᠡᠮᠳᠦᠭ ᠤᠰᠤ | ᠪᠤᠯ ᠠᠯᠳᠠ ᠮᠦᠩᠭᠦᠨ ᠠᠭᠤᠯᠠ︾ ᠶᠢᠨ ᠤᠶᠢᠯᠠᠭᠠᠭᠳᠠᠬᠤᠨ ᠢ ᠪᠠᠳᠤ ᠱᠤᠭᠤᠵᠤ᠂ ︽ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠪᠠᠯᠴᠢᠬᠡᠷ ᠤᠨ | ᠶᠡᠷᠦᠩᠬᠡᠶᠢᠯᠡᠭᠰᠡᠨ ᠵᠠᠰᠠᠯᠳᠠ ᠬᠢᠬᠡᠳ ᠪᠤᠬᠢᠷᠳᠤᠯ ᠦᠬᠡᠢ ᠬᠦᠭᠵᠢᠬᠦᠯᠦᠯᠳᠡ ᠶᠢᠨ ᠲᠦᠯᠦᠪᠵᠢᠬᠦᠯᠬᠡ︾ ᠶᠢ ᠨᠠᠶᠢᠷᠠᠭᠤᠯᠤᠨ ᠲᠠᠭᠤᠰᠬᠠᠵᠤ᠂ ᠬᠦᠬᠡ ᠤᠭᠳᠠᠷᠭᠤᠢ᠂ | ᠴᠡᠩᠬᠡᠭ ᠤᠰᠤ᠂ ᠠᠯᠳᠠᠨ ᠲᠡᠯᠡᠬᠡᠢ ᠪᠠᠨ ᠬᠠᠮᠠᠭᠯᠠᠬᠤ ᠲᠠᠶᠢᠯᠠᠯᠳᠤᠭᠠᠨ ᠢ ᠰᠠᠶᠢᠳᠤᠷ ᠬᠢᠵᠦ᠂ ᠤᠯᠤᠰ ᠤᠨ ᠠᠮᠢ ᠠᠬᠤᠢ ᠶᠢᠨ ᠪᠤᠯᠪᠠᠰᠤᠨ ᠤ ᠵᠢᠱᠢᠶᠡᠴᠢ ᠬᠤᠰᠢᠭᠤ ᠶᠢ | ᠡᠬᠦᠳᠦᠨ ᠪᠠᠶᠢᠭᠤᠯᠤᠨ᠎ᠠ᠃ ᠪᠡᠬᠡᠵᠢᠩ ᠲᠢᠶᠠᠨᠵᠢᠨ ᠤ ᠡᠯᠡᠰᠦ ᠰᠢᠭᠤᠷᠭᠠᠨ ᠤ ᠡᠬᠢ ᠶᠢᠨ ᠵᠠᠰᠠᠯᠳᠠ ᠪᠠ ᠪᠠᠶᠢᠭᠠᠯᠢᠯᠢᠭ ᠤᠢ ᠶᠢᠨ ᠬᠠᠮᠠᠭᠠᠯᠠᠯᠳᠠ᠂ ᠲᠠᠷᠢᠶᠠᠯᠠᠬᠤ ᠪᠠᠨ | ᠪᠤᠯᠢᠵᠤ ᠤᠶᠢᠵᠢᠭᠤᠯᠬᠤ᠂ ᠪᠡᠯᠴᠢᠬᠡᠷᠯᠡᠬᠦᠯᠬᠦ ᠶᠢ ᠵᠤᠭᠰᠤᠭᠠᠵᠤ ᠪᠡᠯᠴᠢᠬᠡᠷ ᠶᠢ ᠰᠡᠷᠬᠦᠬᠡᠬᠦ ᠵᠡᠷᠬᠡ ᠠᠮᠢ ᠠᠬᠤᠢ ᠶᠢᠨ ᠰᠡᠷᠬᠦᠬᠡᠯᠳᠡ ᠶᠢᠨ ᠢᠨᠵᠧᠨᠧᠷᠢᠩ ᠢ ᠯᠠᠪᠳᠠᠭᠤᠨ | ᠪᠠᠳᠤᠳᠠᠢ ᠠᠬᠢᠭᠤᠯᠵᠤ᠂ ᠨᠤᠭᠤᠭᠠᠷᠠᠭᠤᠯᠤᠨ ᠤᠶᠢᠵᠢᠭᠤᠯᠤᠯᠳᠠ 2.5 ᠲᠦᠮᠡᠨ ᠮᠤ᠋᠂ ᠤᠢ ᠰᠢᠭᠤᠢ ᠶᠢᠨ ᠤᠶᠢᠵᠢᠭᠤᠯᠤᠯᠳᠠ ᠪᠠ ᠲᠤᠷᠤᠶᠢᠳᠠᠵᠤ ᠮᠠᠭᠤᠳᠠᠭᠰᠠᠨ | ᠤᠶᠢᠳᠤ ᠭᠠᠵᠠᠷ ᠢ ᠬᠡᠰᠡᠭᠯᠡᠨ ᠰᠡᠯᠪᠢᠨ ᠰᠡᠷᠬᠦᠬᠡᠭᠰᠡᠨ 10.5 ᠲᠦᠮᠡᠨ ᠮᠤ᠋᠂ ᠬᠦᠷᠦᠰᠦ ᠰᠢᠷᠤᠢ ᠶᠢᠨ ᠤᠷᠤᠰᠬᠠᠭᠳᠠᠯ ᠤᠨ ᠵᠠᠰᠠᠯᠳᠠ ᠶᠢᠨ 3.2 ᠲᠦᠮᠡᠨ ᠮᠤ᠋ ᠶᠢ | ᠪᠡᠶᠡᠯᠡᠬᠦᠯᠦᠨ᠎ᠡ᠃ ᠲᠠᠷᠢᠶᠠᠨ ᠭᠠᠵᠠᠷ ᠢ ᠡᠷᠡᠰ ᠬᠠᠮᠠᠭᠠᠯᠠᠵᠤ᠂ ᠲᠠᠷᠢᠶᠠᠨ ᠭᠠᠵᠠᠷ ᠤᠨ ᠡᠰᠡ ᠲᠠᠷᠢᠶᠠᠯᠠᠬᠤ ᠶᠢ ᠡᠷᠡᠰ ᠬᠤᠷᠢᠭᠯᠠᠨ᠎ᠠ᠃ ᠤᠯᠠᠭᠠᠨᠮᠦ᠋ᠷᠡᠨ᠂ ᠪᠤᠬ᠎ᠠ ᠶᠢᠨ | ᠭᠤᠤᠯ ᠤᠨ ᠤᠷᠤᠰᠬᠠᠯ ᠤᠨ ᠤᠷᠤᠨ ᠤ ᠵᠠᠰᠠᠯᠳᠠ ᠶᠢᠨ ᠬᠦᠴᠦᠯᠡᠴᠡ ᠶᠢ ᠦᠷᠬᠦᠯᠵᠢᠯᠡᠨ ᠴᠢᠩᠭᠠᠳᠬᠠᠵᠤ᠂ ᠱᠧᠨ ᠳ᠋ᠦᠩ ᠺᠤᠮᠫᠠᠨᠢ ᠢ 4 ᠨᠡᠬᠦᠷᠡᠰᠦᠨ ᠠᠭᠤᠷᠬᠠᠢ | ᠶᠢᠨ ᠠᠭᠤᠷᠬᠠᠢ ᠶᠢᠨ ᠬᠤᠳᠳᠤᠭ ᠤᠨ ᠤᠰᠤ ᠶᠢ ᠪᠦᠬᠦᠨ ᠢ ᠶᠡᠷᠦᠩᠬᠡᠶᠢᠯᠡᠨ ᠠᠰᠢᠭᠯᠠᠬᠤ ᠶᠢ ᠪᠡᠶᠡᠯᠡᠬᠦᠯᠬᠦ ᠶᠢ ᠪᠠᠳᠤᠯᠠᠨ᠎ᠠ᠃ ᠵᠡᠬᠦᠨ ᠪᠠᠷᠠᠭᠤᠨ ᠤᠯᠠᠭᠠᠨᠨᠠᠭᠤᠷ ᠤᠨ | ᠤᠰᠤᠨ ᠤ ᠵᠠᠰᠠᠯᠳᠠ ᠪᠠ ᠯᠠᠭ ᠰᠢᠪᠠᠷ ᠢ ᠴᠡᠪᠡᠷᠯᠡᠬᠦ ᠢᠨᠵᠧᠨᠧᠷᠢᠩ ᠢ ᠬᠡᠷᠡᠭᠵᠢᠬᠦᠯᠵᠦ᠂ ᠱᠢ ᠵᠢᠢ ᠶᠢᠨ ᠾᠧ ᠬᠤᠭ ᠯᠠᠭ ᠰᠢᠢᠳᠪᠦᠷᠢᠯᠡᠬᠦ ᠦᠢᠯᠡᠳᠪᠦᠷᠢ ᠶᠢᠨ | ᠪᠠᠷᠢᠮᠵᠢᠶ᠎ᠠ ᠳᠤ ᠬᠦᠷᠬᠡᠨ ᠰᠢᠯᠭᠠᠨ ᠬᠤᠷᠢᠶᠠᠯᠳᠠ ᠶᠢ ᠤᠯᠤᠨ᠎ᠠ᠃ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ | ᠴᠢᠩᠭᠠᠳᠬᠠᠵᠤ᠂ ᠲᠢᠶᠠᠨ ᠵᠢᠶᠤᠤ ᠢᠦᠢ ᠶᠤᠸᠠᠨ ᠨᠡᠬᠦᠷᠡᠰᠦ ᠮᠠᠯᠳᠠᠨ ᠨᠤᠷᠠᠵᠤ ᠴᠦᠮᠦᠷᠡᠭᠰᠡᠨ ᠤᠷᠤᠨ ᠤ ᠠᠮᠢ ᠠᠬᠤᠢ ᠶᠢᠨ ᠰᠡᠷᠬᠦᠬᠡᠨ ᠵᠠᠰᠠᠯᠳᠠ ᠶᠢᠨ ᠲᠦᠷᠦᠯ | ᠵᠦᠢᠯ ᠢ ᠵᠢᠯ ᠤᠨ ᠲᠤᠳᠤᠷ᠎ᠠ ᠪᠡᠶᠡᠯᠡᠬᠦᠯᠬᠦ ᠶᠢ ᠪᠠᠳᠤᠯᠠᠵᠤ᠂ ᠶᠦᠨ ᠳ᠋ᠦᠩ ᠠᠮᠢ ᠠᠬᠤᠢ ᠶᠢᠨ ᠰᠡᠷᠬᠦᠬᠡᠨ ᠵᠠᠰᠠᠯᠳᠠ ᠶᠢᠨ ᠲᠦᠷᠦᠯ ᠵᠦᠢᠯ ᠢ 70% ᠠᠴᠠ ᠲᠡᠬᠡᠭᠰᠢ | ᠶᠢ ᠪᠡᠶᠡᠯᠡᠬᠦᠯᠦᠨ᠎ᠡ᠃ ᠪᠠᠳᠤ ᠶᠢᠨ ᠲᠤᠬᠤᠢ ᠵᠡᠷᠬᠡ 9 ᠲᠦᠪᠯᠡᠷᠡᠬᠦᠯᠦᠨ ᠰᠠᠪᠠᠯᠠᠬᠤ ᠦᠷᠳᠡᠭᠡ᠂ 6 ᠨᠤᠨᠳᠠᠭᠯᠢᠭ ᠪᠤᠳᠠᠰ ᠤᠪᠤᠭᠠᠯᠠᠬᠤ ᠲᠠᠯᠠᠪᠠᠢ ᠶᠢ ᠪᠦᠷᠢᠨ | ᠪᠢᠳᠡᠬᠦᠮᠵᠢᠯᠡᠨ ᠦᠬᠡᠷᠡᠴᠢᠯᠡᠵᠦ᠂ ᠬᠠᠶᠢᠯᠠᠰᠤᠨ ᠬᠤᠭᠤᠯᠠᠢ ᠵᠡᠷᠬᠡ 9 ᠭᠠᠵᠠᠷ ᠤᠨ ᠲᠦᠪᠯᠡᠷᠡᠩᠭᠦᠢ ᠨᠡᠬᠦᠷᠡᠰᠦᠨ ᠲᠠᠯᠠᠪᠠᠢ ᠪᠠ ᠬᠤᠨᠢᠴᠢᠨ ᠭᠤᠤᠯ᠂ ᠮᠠ ᠲᠠᠢ ᠬᠤᠤ | ᠵᠡᠷᠬᠡ 5 ᠭᠠᠵᠠᠷ ᠤᠨ ᠨᠡᠬᠦᠷᠡᠰᠦᠨ ᠤ ᠢᠵᠢ ᠶᠡᠷᠦᠩᠬᠡᠶᠢᠯᠡᠭᠰᠡᠨ ᠦᠢᠯᠡᠴᠢᠯᠡᠬᠡᠨ ᠤ ᠲᠤᠭᠤᠷᠢᠭ ᠢ ᠪᠠᠶᠢᠭᠤᠯᠬᠤ ᠶᠢ ᠲᠦᠷᠬᠡᠳᠬᠡᠨ ᠠᠬᠢᠭᠤᠯᠵᠤ᠂ ᠲᠦᠷᠢᠮᠵᠢᠭᠰᠡᠨ | ᠬᠠᠮᠢᠶᠠᠷᠤᠯᠳᠠ ᠪᠠ ᠦᠢᠯᠡᠴᠢᠯᠡᠬᠡᠨ ᠤ ᠲᠦᠪᠰᠢᠨ ᠢᠶᠠᠨ ᠲᠡᠬᠡᠭᠰᠢᠯᠡᠬᠦᠯᠦᠨ᠎ᠡ᠃ ᠤᠷᠴᠢᠨ ᠲᠤᠭᠤᠷᠢᠨ ᠤ ᠬᠠᠤᠯᠢ ᠵᠦᠷᠢᠴᠡᠭᠰᠡᠨ ᠬᠠᠷᠢᠭᠤᠴᠠᠯᠭ᠎ᠠ ᠶᠢ ᠴᠢᠩᠭ᠎ᠠ | ᠨᠡᠬᠡᠮᠵᠢᠯᠡᠵᠦ᠂ ᠬᠠᠮᠤᠭ ᠡᠷᠡᠰ ᠴᠢᠩᠭ᠎ᠠ ᠬᠢᠨᠠᠨ ᠬᠠᠮᠢᠶᠠᠷᠤᠯᠳᠠ᠂ ᠬᠠᠮᠤᠭ ᠡᠷᠡᠰ ᠲᠠᠰᠤ ᠰᠢᠳᠬᠡᠯ᠂ ᠬᠠᠮᠤᠭ ᠡᠷᠡᠰ ᠰᠢᠭᠤᠷᠬᠠᠢ ᠬᠠᠷᠢᠭᠤᠴᠠᠯᠭ᠎ᠠ ᠨᠡᠬᠡᠮᠵᠢᠯᠡᠬᠦ ᠪᠠᠷ | ᠤᠷᠴᠢᠨ ᠲᠤᠭᠤᠷᠢᠨ ᠤ ᠠᠮᠦᠷ ᠲᠦᠪᠰᠢᠨ ᠢ ᠪᠠᠳᠤᠯᠠᠵᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠢ ᠠᠬᠤᠢ ᠶᠢᠨ ᠬᠠᠯᠬᠠᠪᠴᠢ ᠡᠵᠡᠨ ᠬᠤᠷᠤᠭ᠎ᠠ ᠶᠢᠨ | ᠬᠤᠷᠢᠭ᠎ᠠ ᠱᠤᠭᠤᠮ ᠢ ᠴᠢᠩᠭ᠎ᠠ ᠱᠤᠭᠤᠨ᠎ᠠ᠃ | ︵ᠬᠤᠶᠠᠷ︶ ᠪᠤᠳᠠᠳᠤ ᠠᠵᠤ ᠠᠬᠤᠢ ᠶᠢ ᠪᠦᠬᠦ ᠲᠠᠯ᠎ᠠ ᠪᠠᠷ ᠬᠦᠭᠵᠢᠬᠦᠯᠵᠦ᠂ ᠪᠦᠬᠦᠯᠢ ᠴᠤᠭᠴᠠ ᠠᠵᠤ ᠠᠬᠤᠢ ᠶᠢᠨ ᠦᠷᠬᠦᠯᠵᠢᠯᠡᠨ ᠯᠠᠪᠳᠠᠭᠤᠨ ᠨᠡᠮᠡᠭᠳᠡᠯ ᠢ | ᠠᠬᠢᠭᠤᠯᠤᠨ᠎ᠠ᠃ | ᠨᠢᠭᠡ ᠳᠤ᠂ ᠲᠦᠷᠦᠯ ᠵᠦᠢᠯ ᠤᠨ ᠪᠤᠭᠤᠮᠳᠠ ᠰᠢᠪᠳᠤᠯᠤᠯᠳᠠ ᠳᠤ ᠴᠢᠭᠯᠡᠬᠦᠯᠵᠤ᠂ ᠬᠦᠭᠵᠢᠯᠳᠡ ᠶᠢᠨ ᠰᠢᠨ᠎ᠡ ᠬᠦᠳᠡᠯᠭᠡᠭᠴᠢ ᠬᠦᠴᠦᠨ ᠢ ᠲᠦᠪᠯᠡᠷᠡᠬᠦᠯᠦᠨ᠎ᠡ᠃ | ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠠᠷ ᠦᠨᠳᠦᠷ ᠴᠢᠨᠠᠷ ᠲᠠᠢ ᠬᠦᠭᠵᠢᠯᠳᠡ ᠶᠢ ᠠᠬᠢᠭᠤᠯᠬᠤ ︽ᠨᠢᠬᠡᠳᠦᠬᠡᠷ ᠬᠦᠴᠦᠨ︾ ᠪᠤᠯᠭᠠᠬᠤ ᠶᠢ ᠪᠠᠷᠢᠮᠳᠠᠯᠠᠵᠤ᠂ | ᠭᠤᠤᠯᠳᠠᠯᠭᠠᠳᠤ ᠲᠦᠷᠦᠯ ᠵᠦᠢᠯ 234 ᠲᠦᠷᠦᠯ ᠢ ᠬᠡᠷᠡᠭᠵᠢᠬᠦᠯᠵᠦ᠂ 173.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠠᠶᠠᠯᠡᠬᠦᠯᠵᠦ᠂ ᠡᠬᠦᠨ | ᠳᠤ ᠬᠤᠳᠠ ᠶᠢᠨ ᠲᠡᠰ ᠤᠨ ᠳ᠋ᠦᠩᠰᠢᠭᠤᠷ ᠲᠦᠬᠦᠷᠢᠭ ᠠᠴᠠ ᠲᠡᠬᠡᠭᠰᠢ ᠲᠦᠷᠦᠯ ᠵᠦᠢᠯ 25 ᠲᠦᠷᠦᠯ ᠢ ᠤᠷᠤᠭᠤᠯᠵᠤ᠂ 63.2 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠤᠯᠳᠠ ᠶᠢ ᠪᠡᠶᠡᠯᠡᠬᠦᠯᠦᠨ᠎ᠡ᠃ ᠡᠮᠦᠨᠡᠬᠢ ᠬᠤᠭᠤᠴᠠᠭᠠᠨ ᠤ ᠦᠢᠯᠡᠴᠢᠯᠡᠭᠡ ᠶᠢ ᠴᠢᠩᠭ᠎ᠠ ᠠᠩᠬᠠᠷᠤᠨ᠎ᠠ᠃ ᠰᠢᠶᠠᠨ ᠤ ᠲᠡᠰ ᠤᠨ ᠣᠳᠣᠷᠢᠳᠤᠯᠭ᠎ᠠ ᠶᠢᠨ | ᠬᠤᠯᠪᠤᠭᠠᠯᠠᠨ ᠲᠠᠭᠠᠭᠠᠴᠢᠯᠠᠭᠰᠠᠨ ᠭᠤᠤᠯᠳᠠᠯᠭᠠᠳᠤ ᠲᠦᠷᠦᠯ ᠵᠦᠢᠯ ᠠᠵᠢᠯ ᠤᠨ ᠲᠤᠭᠳᠠᠯᠴᠠᠭ᠎ᠠ ᠶᠢ ᠴᠢᠩᠭ᠎ᠠ ᠬᠡᠷᠡᠭᠵᠢᠬᠦᠯᠵᠦ᠂ ᠠᠵᠤ ᠠᠬᠤᠶᠢᠯᠠᠯ ᠤᠨ ᠠᠬᠤᠢ | ᠲᠠᠯᠠᠪᠠᠢ ᠬᠦᠨᠵᠡᠬᠡᠶᠢᠷᠡᠨ ᠭᠠᠷ ᠬᠦᠢᠴᠡᠳᠬᠡᠯ᠂ ᠭᠠᠵᠠᠷ ᠲᠡᠳᠠᠪᠤᠷᠢᠯᠠᠨ ᠨᠡᠬᠦᠯᠬᠡᠬᠦ ᠵᠡᠷᠬᠡ ᠠᠵᠢᠯ ᠡᠬᠢᠯᠡᠬᠦ ᠪᠠ ᠠᠬᠢᠴᠠ ᠶᠢ ᠨᠦᠯᠦᠬᠡᠯᠡᠬᠦ ᠡᠯ᠎ᠡ ᠲᠦᠷᠦᠯ ᠤᠨ | ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠢ ᠬᠡᠷᠡᠭᠵᠢᠬᠦᠯᠬᠦ ᠬᠦᠴᠢᠷ᠂ ᠠᠵᠢᠯ ᠡᠬᠢᠯᠡᠬᠦ ᠬᠦᠴᠢᠷ ᠵᠡᠷᠬᠡ ᠪᠤᠭᠤᠮᠢ ᠬᠢᠵᠠᠭᠠᠷᠯᠠᠯ ᠢ ᠰᠢᠢᠳᠪᠦᠷᠢᠯᠡᠨ᠎ᠡ᠃ | ᠤᠷᠤᠨᠰᠢᠭᠤᠯᠤᠨ ᠠᠵᠢᠯ ᠡᠬᠢᠯᠡᠬᠦ ᠶᠢ ᠴᠢᠩᠭ᠎ᠠ ᠠᠩᠬᠠᠷᠤᠨ᠎ᠠ᠃ ᠴᠢᠬᠤᠯᠠ ᠶᠡᠭᠡ ᠲᠦᠷᠦᠯ ᠵᠦᠢᠯ ᠢ ᠲᠦᠪᠯᠡᠷᠡᠬᠦᠯᠦᠨ ᠠᠵᠢᠯ ᠡᠬᠢᠯᠡᠬᠦ ᠠᠵᠢᠯᠯᠠᠭ᠎ᠠ ᠶᠢ ᠵᠤᠬᠢᠶᠠᠨ | ᠪᠠᠶᠢᠭᠤᠯᠵᠤ᠂ ᠶᠢᠨ ᠷᠦᠨ ᠳ᠋ᠠ ᠲᠡᠬᠡᠳᠦ ᠮᠤᠯᠧᠺᠦ᠋ᠯ ᠤᠨ ᠬᠤᠭᠤᠯᠠᠢ᠂ ᠰᠤ᠋ ᠳ᠋ᠠ ᠨᠡᠬᠦᠷᠡᠰᠦᠨ ᠮᠧᠬᠠᠨᠢᠭ ᠤᠨ ᠲᠠᠬᠢᠨ ᠦᠢᠯᠡᠳᠬᠦ ᠵᠡᠷᠬᠡ 20 ᠬᠡᠷ᠎ᠡ ᠲᠤᠭᠳᠠᠭᠰᠠᠨ | ᠲᠦᠷᠦᠯ ᠵᠦᠢᠯ ᠢ ᠤᠷᠤᠨᠰᠢᠭᠤᠯᠤᠨ ᠠᠵᠢᠯ ᠡᠬᠢᠯᠡᠬᠦ ᠶᠢ ᠠᠬᠢᠭᠤᠯᠤᠨ᠎ᠠ᠃ ᠠᠰᠢᠭᠯᠠᠯᠳᠠ ᠳᠤ ᠤᠷᠤᠭᠤᠯᠤᠨ ᠦᠷ᠎ᠡ ᠪᠦᠳᠦᠮᠵᠢ ᠭᠠᠷᠭᠠᠬᠤ ᠶᠢ ᠴᠢᠩᠭ᠎ᠠ ᠠᠩᠬᠠᠷᠤᠨ᠎ᠠ᠃ | ᠵᠧᠩ ᠲᠠᠢ ᠢ ᠳ᠋ᠠ ᠪᠠᠶᠢᠭᠠᠯᠢ ᠶᠢᠨ ᠰᠢᠳᠠᠮᠠᠬᠠᠢ ᠬᠡᠢ ᠶᠡᠷᠦᠩᠬᠡᠶᠢᠯᠡᠨ ᠠᠰᠢᠭᠯᠠᠬᠤ᠂ ᠵᠧᠨ ᠳ᠋ᠦᠩ ᠨᠡᠬᠦᠷᠡᠰᠦᠨ ᠤ ᠡᠳ᠋ ᠪᠠᠷᠠᠭᠠᠨ ᠤ ᠬᠦᠢᠯᠬᠡᠬᠡᠨ ᠤ ᠲᠤᠬᠢᠷᠠᠭᠤᠯᠤᠨ | ᠬᠦᠷᠬᠡᠬᠦ ᠲᠦᠪ ᠵᠡᠷᠬᠡ 15 ᠭᠤᠤᠯᠳᠠᠯᠭᠠᠳᠤ ᠲᠦᠷᠦᠯ ᠵᠦᠢᠯ ᠤᠨ ᠠᠵᠢᠯ ᠢ ᠲᠠᠭᠤᠰᠬᠠᠵᠤ ᠠᠰᠢᠭᠯᠠᠯᠳᠠ ᠳᠤ ᠤᠷᠤᠭᠤᠯᠬᠤ ᠶᠢ ᠪᠠᠳᠤᠯᠠᠵᠤ᠂ ᠲᠦᠷᠦᠯ ᠵᠦᠢᠯ ᠤᠨ | ᠪᠦᠳᠦᠬᠡᠨ ᠪᠠᠶᠢᠭᠤᠯᠬᠤ ᠰᠢᠨ᠎ᠡ ᠦᠷ᠎ᠡ ᠪᠦᠳᠦᠮᠵᠢ ᠪᠠᠷ ᠬᠦᠭᠵᠢᠯᠳᠡ ᠶᠢ ᠠᠬᠢᠭᠤᠯᠤᠨ ᠰᠢᠨ᠎ᠡ ᠲᠡᠭᠳᠡᠷ ᠲᠤ ᠭᠠᠷᠭᠠᠨ᠎ᠠ᠃ | ᠬᠤᠶᠠᠷ ᠲᠤ᠂ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠳᠤ ᠬᠠᠨᠳᠤᠭᠤᠯᠵᠤ᠂ ᠬᠦᠭᠵᠢᠯᠳᠡ ᠶᠢᠨ ᠰᠢᠨ᠎ᠡ ᠲᠤᠯᠭᠠᠭᠤᠷᠢ ᠬᠦᠴᠦᠨ ᠢ ᠪᠠᠶᠢᠭᠤᠯᠤᠨ᠎ᠠ᠃ | ᠲᠦᠷᠦ ᠶᠢᠨ ᠪᠤᠳᠤᠯᠭ᠎ᠠ ᠪᠠᠷ ᠲᠠᠶᠢᠴᠢᠯᠠᠬᠤ ᠶᠢ ᠲᠤᠪᠤᠶᠢᠯᠭᠠᠨ᠎ᠠ᠃ ︽ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠬᠠᠷᠠᠭᠠᠯᠵᠠᠯᠳᠤ ᠲᠦᠷᠦ ᠶᠢᠨ ᠪᠤᠳᠤᠯᠭ᠎ᠠ︾ | ᠪᠠ ︽ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠱᠠᠩᠨᠠᠨ ᠬᠦᠬᠢᠬᠦᠯᠬᠦ ᠠᠷᠭ᠎ᠠ︾ ᠶᠢ ᠵᠠᠰᠠᠪᠤᠷᠢᠯᠠᠨ ᠲᠡᠬᠦᠯᠳᠡᠷᠵᠢᠬᠦᠯᠵᠦ᠂ ᠲᠦᠷᠦ ᠶᠢᠨ ᠪᠤᠳᠤᠯᠭ᠎ᠠ ᠶᠢᠨ | ᠠᠮᠠᠯᠠᠯᠳᠠ ᠶᠢ ᠪᠡᠶᠡᠯᠡᠬᠦᠯᠵᠦ᠂ ᠲᠦᠷᠦᠯ ᠵᠦᠢᠯ ᠢ ᠬᠡᠷᠡᠭᠵᠢᠬᠦᠯᠬᠦ ᠳᠤ ᠲᠦᠷᠦ ᠶᠢᠨ ᠪᠤᠳᠤᠯᠭ᠎ᠠ ᠶᠢᠨ ᠪᠠᠳᠤᠯᠠᠭ᠎ᠠ ᠶᠢ ᠬᠠᠩᠭᠠᠨ᠎ᠠ᠃ ᠬᠦᠳᠡᠯᠬᠡᠬᠡᠨ ᠤ ᠡᠨᠧᠷᠬᠢ ᠶᠢᠨ | ᠰᠤᠯᠪᠢᠴᠠᠯ ᠢ ᠲᠤᠪᠤᠶᠢᠯᠭᠠᠨ᠎ᠠ᠃ ᠠᠵᠤ ᠦᠢᠯᠡᠰ ᠤᠨ ᠰᠠᠭᠤᠷᠢ᠂ ᠤᠷᠤᠨ ᠪᠦᠰᠡ ᠶᠢᠨ ᠲᠠᠪᠠᠭᠤᠯᠢᠭ ᠲᠤ ᠰᠠᠭᠤᠷᠢᠯᠠᠨ᠂ ᠲᠤᠤᠷ᠎ᠠ ᠦᠨᠡᠳᠦ ᠨᠡᠬᠦᠷᠡᠰᠦᠨ ᠤ ᠲᠡᠰ | ᠬᠤᠪᠢᠶᠠᠵᠤ ᠴᠢᠨᠠᠷ ᠬᠤᠪᠢᠶᠠᠨ ᠠᠰᠢᠭᠯᠠᠬᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠪᠠ ᠰᠢᠨ᠎ᠡ ᠮᠠᠲ᠋ᠧᠷᠢᠶᠠᠯ᠂ ᠲᠡᠬᠡᠳᠦ ᠵᠡᠷᠬᠡ ᠶᠢᠨ ᠲᠤᠨᠤᠭ | ᠲᠦᠬᠦᠬᠡᠷᠦᠮᠵᠢ ᠦᠢᠯᠡᠳᠬᠦ᠂ ᠡᠷᠡᠬᠦᠯ ᠴᠢᠬᠢᠷᠠᠭ ᠪᠡᠶ᠎ᠡ ᠰᠤᠪᠢᠯᠠᠬᠤ᠂ ᠪᠤᠬᠢᠷᠳᠤᠯ ᠦᠬᠡᠢ ᠠᠮᠢ ᠠᠬᠤᠢ ᠶᠢᠨ ᠠᠵᠤ ᠠᠬᠤᠢ ᠵᠡᠷᠬᠡ ᠤᠷᠤᠨ ᠪᠦᠰᠡ ᠶᠢᠨ ᠲᠤᠭᠤᠷᠢᠨ | ᠳᠤ ᠭᠤᠤᠯᠯᠠᠨ᠂ ᠲᠡᠷᠢᠬᠦᠨ ᠤ ᠠᠵᠤ ᠦᠢᠯᠡᠰ ᠤᠨ ᠰᠢᠯᠵᠢᠯᠳᠠ ᠶᠢ ᠬᠦᠯᠢᠶᠡᠨ ᠠᠪᠤᠨ᠎ᠠ᠃ ᠨᠠᠷᠢᠨ ᠤᠨᠤᠪᠴᠢᠳᠠᠢ ᠪᠠᠷ ᠬᠤᠳᠠᠯᠳᠤᠭᠠᠴᠢᠨ ᠤᠷᠢᠬᠤ ᠶᠢ | ᠲᠤᠪᠤᠶᠢᠯᠭᠠᠨ᠎ᠠ᠃ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠲᠦᠷᠦᠯ ᠵᠦᠢᠯ ᠤᠨ ᠬᠦᠮᠦᠷᠬᠡ ᠶᠢ ᠪᠠᠶᠢᠭᠤᠯᠵᠤ᠂ ︽ᠵᠠᠭᠤᠨ ᠠᠵᠤ ᠠᠬᠤᠶᠢᠯᠠᠯ ᠢᠶᠠᠷ ᠵᠠᠭᠤᠨ | ᠬᠤᠳᠠᠯᠳᠤᠭᠠᠴᠢᠨ ᠢ ᠤᠷᠢᠬᠤ︾ ᠵᠡᠷᠬᠡ ᠨᠠᠷᠢᠨ ᠤᠨᠤᠪᠴᠢᠳᠠᠢ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠪᠦᠬᠦ ᠵᠢᠯ ᠳᠤ 50 ᠬᠡᠷ᠎ᠡ | ᠲᠤᠭᠳᠠᠭᠰᠠᠨ ᠲᠦᠷᠦᠯ ᠵᠦᠢᠯ ᠢ ᠤᠯᠵᠤ᠂ 20 ᠲᠦᠷᠦᠯ ᠵᠦᠢᠯ ᠢ ᠤᠷᠤᠨᠰᠢᠭᠤᠯᠵᠤ᠂ 25 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ | ᠪᠡᠶᠡᠯᠡᠬᠦᠯᠦᠨ᠎ᠡ᠃ | ᠭᠤᠷᠪᠠ ᠳᠤ᠂ ᠠᠷᠠᠳ ᠠᠴᠠ ᠡᠵᠡᠩᠨᠡᠭᠰᠡᠨ ᠠᠵᠤ ᠠᠬᠤᠢ ᠳᠤ ᠴᠢᠭᠯᠡᠬᠦᠯᠦᠨ᠂ ᠬᠦᠭᠵᠢᠯᠳᠡ ᠶᠢᠨ ᠰᠢᠨ᠎ᠡ ᠲᠠᠪᠠᠭᠤᠯᠢᠭ ᠢᠶᠠᠨ ᠪᠠᠬᠢᠵᠢᠬᠦᠯᠦᠨ᠎ᠡ᠃ ︽ᠠᠷᠠᠳ | ᠠᠴᠠ ᠡᠵᠡᠩᠨᠡᠭᠰᠡᠨ ᠠᠵᠤ ᠠᠬᠤᠢ ᠶᠢᠨ ᠡᠷᠡᠬᠦᠯ ᠬᠦᠭᠵᠢᠯᠳᠡ ᠶᠢ ᠲᠡᠳᠬᠦᠬᠦ ᠬᠡᠷᠡᠭᠵᠢᠬᠦᠯᠬᠦ ᠰᠠᠨᠠᠯ︾ ᠢ ᠲᠤᠭᠳᠠᠭᠠᠨ ᠭᠠᠷᠭᠠᠵᠤ᠂ ᠭᠠᠵᠠᠷ ᠰᠢᠷᠤᠢ᠂ ᠪᠡᠯᠡ ᠮᠦᠩᠭᠦ | ᠬᠤᠷᠠᠮᠳᠤᠭᠤᠯᠬᠤ᠂ ᠴᠢᠳᠠᠪᠤᠷᠢᠳᠡᠨ ᠵᠡᠷᠬᠡ ᠲᠠᠯ᠎ᠠ ᠶᠢᠨ ᠪᠤᠳᠠᠳᠠᠢ ᠲᠡᠳᠬᠦᠬᠦ ᠠᠷᠭ᠎ᠠ ᠬᠡᠮᠵᠢᠶ᠎ᠡ ᠶᠢ ᠲᠤᠭᠳᠠᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠬᠦᠳᠡᠯᠬᠡᠬᠡᠨ ᠤ ᠡᠨᠧᠷᠬᠢ ᠶᠢᠨ ᠰᠢᠯᠵᠢᠯᠳᠠ ᠪᠠ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠳᠤ ᠤᠷᠤᠯᠴᠠᠬᠤ ᠶᠢ ᠲᠡᠮᠵᠢᠨ᠎ᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠨ᠎ᠡ ᠲᠢᠩᠭᠢᠮ ᠢ ᠲᠠᠷᠤᠢ ᠲᠦᠷᠬᠡᠨ | ᠬᠡᠷᠡᠭᠯᠡᠯᠳᠡ ᠳᠤ ᠤᠷᠤᠭᠤᠯᠵᠤ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠡᠷᠬᠡ ᠲᠤᠰᠢᠶᠠᠯ ᠤᠨ ᠰᠠᠯᠠᠭ᠎ᠠ ᠮᠦᠴᠢᠷ ᠢ ᠪᠦᠬᠦᠨ ᠢ ᠤᠷᠤᠭᠤᠯᠵᠤ᠂ 70% ᠠᠴᠠ | ᠲᠡᠬᠡᠭᠰᠢ ᠬᠡᠷᠡᠭ ᠶᠠᠪᠤᠳᠠᠯ ᠢ ︽ᠨᠢᠬᠡ ᠴᠤᠩᠬᠤᠪᠴᠢ︾ ᠪᠠᠷ ᠲᠦᠷᠦᠯ ᠬᠤᠪᠢᠶᠠᠨ ᠬᠦᠯᠢᠶᠡᠨ ᠰᠢᠢᠳᠪᠦᠷᠢᠯᠡᠬᠦ ᠶᠢ ᠪᠠᠶᠠᠯᠡᠬᠦᠯᠵᠦ᠂ ᠰᠦᠯᠵᠢᠶᠡᠨ ᠲᠡᠬᠡᠷ᠎ᠡ ᠬᠡᠷᠡᠭ | ᠡᠷᠬᠢᠯᠡᠬᠦ ᠨᠤᠷᠮ᠎ᠠ ᠶᠢ 75% ᠠᠴᠠ ᠲᠡᠬᠡᠭᠰᠢ ᠳᠤ ᠬᠦᠷᠬᠡᠵᠦ᠂ ︽ᠰᠦᠯᠵᠢᠶᠡᠨ ᠠᠴᠠ ᠭᠠᠳᠠᠨ᠎ᠠ ᠨᠢᠬᠡᠯᠡ ᠡᠬᠦᠳᠡ ᠪᠠᠷ ᠪᠡᠶᠡᠯᠡᠬᠦᠯᠬᠦ᠂ ᠰᠦᠯᠵᠢᠶᠡᠨ ᠲᠡᠬᠡᠷ᠎ᠡ ᠪᠦᠬᠦᠨ | ᠢ ᠬᠦᠢᠴᠡᠳᠬᠡᠬᠦ︾ ᠪᠠ ᠠᠬᠤᠢ ᠲᠠᠯᠠᠪᠠᠢ ᠳᠤ ᠬᠦᠢᠴᠡᠳᠬᠡᠬᠦ ︽ᠬᠠᠮᠤᠭ ᠤᠨ ᠤᠯᠠᠨ ᠳᠠᠭᠠᠨ ᠨᠢᠬᠡ ᠤᠳᠠᠭ᠎ᠠ ᠬᠦᠶᠦᠬᠦ︾ ᠶᠢ ᠪᠡᠶᠡᠯᠡᠬᠦᠯᠦᠨ᠎ᠡ᠃ ᠠᠵᠤ ᠠᠬᠤᠶᠢᠯᠠᠯ | ᠲᠠᠢ ᠴᠢᠩ ᠦᠨᠡᠨᠴᠢ ᠪᠠᠷ ᠬᠠᠷᠢᠯᠴᠠᠵᠤ᠂ ᠦᠨᠡᠨ ᠰᠡᠳᠬᠢᠯ ᠢᠶᠠᠷ ᠠᠵᠤ ᠠᠬᠤᠶᠢᠯᠠᠯ ᠤᠨ ᠬᠦᠴᠢᠷ ᠵᠤᠪᠠᠯᠠᠩ ᠢ ᠰᠢᠢᠳᠪᠦᠷᠢᠯᠡᠵᠦ᠂ ︽ᠲᠤᠳᠤᠨᠤ︾᠂ ᠰᠢᠨ᠎ᠡ ᠬᠡᠯᠪᠡᠷᠢ | ᠶᠢᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯᠳᠠᠨ ᠤ ᠰᠠᠨᠠᠭ᠎ᠠ ᠠᠮᠤᠷ ᠡᠵᠡᠩᠨᠡᠬᠦ᠂ ᠰᠡᠳᠬᠢᠯ ᠲᠠᠯᠪᠢᠭᠤ ᠪᠡᠯᠡ ᠤᠷᠤᠭᠤᠯᠬᠤ᠂ | ᠦᠢᠯᠡᠰ ᠪᠦᠳᠦᠬᠡᠵᠦ ᠬᠦᠭᠵᠢᠬᠦᠯᠦᠨ᠎ᠡ᠃ | ︵ᠭᠤᠷᠪᠠ︶ ᠰᠢᠨ᠎ᠡ ᠬᠠᠭᠤᠴᠢᠨ ᠬᠦᠳᠡᠯᠬᠡᠬᠡᠨ ᠤ ᠡᠨᠧᠷᠬᠢ ᠶᠢᠨ ᠰᠢᠯᠵᠢᠯᠳᠠ ᠶᠢ ᠲᠦᠷᠬᠡᠳᠬᠡᠨ ᠠᠬᠢᠭᠤᠯᠵᠤ᠂ ᠴᠢᠨᠠᠷ ᠰᠠᠶᠢᠳᠠᠢ ᠬᠦᠭᠵᠢᠬᠦᠯᠬᠦ ᠤᠳᠤ ᠦᠶ᠎ᠡ | ᠶᠢᠨ ᠠᠵᠤ ᠦᠢᠯᠡᠰ ᠤᠨ ᠰᠢᠨ᠎ᠡ ᠲᠤᠭᠳᠠᠯᠴᠠᠭ᠎ᠠ ᠶᠢ ᠪᠠᠶᠢᠭᠤᠯᠤᠨ᠎ᠠ᠃ | ᠨᠢᠬᠡ ᠳᠤ᠂ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠴᠢᠨᠠᠷᠵᠢᠭᠤᠨ ᠬᠦᠭᠵᠢᠯᠳᠡ ᠶᠢ ᠠᠬᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ | ᠤᠯᠤᠰ ᠤᠨ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠬᠦᠯᠬᠦ ᠤᠷᠤᠨ ᠢ ᠲᠦᠯᠦᠪᠵᠢᠬᠦᠯᠦᠨ ᠪᠠᠶᠢᠭᠤᠯᠬᠤ ᠲᠤᠬᠢᠶᠠᠯ ᠢ ᠠᠳᠬᠤᠵᠤ᠂ | ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠬᠦᠯᠦᠯᠳᠡ ᠶᠢᠨ ᠰᠤᠳᠤᠯᠤᠯᠳᠠ ᠶᠢᠨ ᠲᠦᠪ ᠲᠠᠢ ᠬᠤᠷᠰᠢᠨ᠂ ︽ᠮᠧᠩ ᠰᠢ ︵ᠡᠵᠡᠨ ᠬᠤᠷᠤᠭ᠎ᠠ︶ ᠡᠨᠧᠷᠬᠢ ᠶᠢᠨ | ᠬᠤᠪᠢᠰᠬᠠᠯ ᠤᠨ ᠵᠢᠱᠢᠶ᠎ᠡ ᠦᠵᠡᠬᠦᠯᠬᠦ ᠤᠷᠤᠨ︾ ᠤ ᠪᠠᠶᠢᠯᠳᠤᠬᠤ ᠪᠤᠳᠤᠯᠭ᠎ᠠ ᠶᠢᠨ ᠰᠤᠳᠤᠯᠤᠯᠳᠠ ᠶᠢ ᠡᠬᠢᠯᠡᠬᠦᠯᠵᠦ᠂ ᠨᠡᠬᠦᠷᠡᠰᠦᠨ ᠤ ᠬᠠᠩᠭᠠᠯᠭ᠎ᠠ ᠶᠢᠨ ᠬᠤᠯᠪᠤᠭᠠᠰᠤ | ᠶᠢᠨ ᠲᠤᠭᠳᠠᠯᠴᠠᠭ᠎ᠠ᠂ ᠡᠨᠧᠷᠬᠢ ᠶᠢᠨ ᠠᠵᠤ ᠦᠢᠯᠡᠰ ᠤᠨ ᠪᠠᠶᠢᠷᠢᠯᠠᠭᠤᠯᠤᠯᠳᠠ᠂ ᠡᠨᠧᠷᠬᠢ ᠶᠢᠨ ᠵᠠᠬ᠎ᠠ ᠲᠡᠯᠬᠡᠬᠦᠷ ᠤᠨ ᠰᠤᠯᠢᠯᠴᠠᠭ᠎ᠠ ᠵᠡᠷᠬᠡ ᠲᠠᠯ᠎ᠠ ᠪᠠᠷ ᠤᠷᠢᠳᠴᠢᠯᠠᠨ | ᠲᠡᠷᠢᠬᠦᠯᠡᠨ ᠲᠤᠷᠰᠢᠬᠤ ᠳᠤ ᠬᠦᠴᠦᠯᠡᠨ᠎ᠡ︔ ᠤᠯᠤᠰ ᠤᠨ ᠲᠦᠷᠦ ᠶᠢᠨ ᠪᠤᠳᠤᠯᠭ᠎ᠠ ᠪᠠ ᠢᠵᠢ ᠲᠦᠷᠦᠯ ᠵᠦᠢᠯ ᠤᠨ ᠲᠡᠮᠵᠢᠯᠬᠡ ᠶᠢ ᠢᠳᠡᠪᠬᠢᠳᠠᠢ ᠤᠯᠵᠤ᠂ ᠤᠷᠳᠤᠰ | ᠤᠨ ᠤᠯᠤᠰ ᠤᠨ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶᠡᠴᠢ ᠬᠤᠳᠠ ᠶᠢ ᠡᠩ ᠲᠡᠷᠢᠬᠦᠨ ᠳᠤ ᠡᠵᠡᠨ ᠬᠤᠷᠤᠭ᠎ᠠ ᠬᠤᠰᠢᠭᠤᠨ ᠳᠤ | ᠤᠷᠤᠨᠰᠢᠭᠤᠯᠤᠨ ᠬᠡᠷᠡᠭᠵᠢᠬᠦᠯᠬᠦ ᠪᠠᠷ ᠴᠢᠷᠮᠠᠶᠢᠵᠦ᠂ ᠤᠳᠦ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠴᠢᠨᠠᠷᠯᠢᠭ ᠰᠠᠶᠢᠨ ᠬᠦᠭᠵᠢᠯᠳᠡ ᠶᠢ ᠲᠠᠶᠢᠴᠢᠯᠠᠨ᠎ᠠ᠃ | ᠰᠢᠨ᠎ᠡ ᠵᠡᠬᠡᠯᠢ ᠲᠤᠶᠢᠭ ᠤᠨ ᠰᠦᠮ᠎ᠡ ᠶᠢᠨ ᠠᠭᠤᠷᠬᠠᠢ ᠶᠢᠨ ᠤᠷᠤᠨ ᠤ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢ ᠪᠦᠬᠦ ᠬᠦᠴᠦ ᠪᠠᠷ ᠠᠬᠢᠭᠤᠯᠵᠤ᠂ | ᠵᠢᠯ ᠤᠨ ᠲᠤᠳᠤᠷ᠎ᠠ ᠠᠵᠢᠯ ᠡᠬᠢᠯᠡᠬᠦᠯᠦᠨ ᠪᠠᠶᠢᠭᠤᠯᠬᠤ ᠪᠠᠷ ᠴᠢᠷᠮᠠᠶᠢᠨ᠎ᠠ︔ ᠦᠯᠦᠩᠳᠦ᠂ ᠴᠠᠭᠠᠨᠰᠤᠭᠤ᠂ ᠰᠢᠷᠬᠤᠰᠤᠨ ᠤ 3 ᠰᠠᠭᠤᠷᠢ ᠲᠤᠮᠤ ᠬᠡᠯᠪᠡᠷᠢ ᠶᠢᠨ | ᠨᠡᠬᠦᠷᠡᠰᠦᠨ ᠠᠭᠤᠷᠬᠠᠢ ᠶᠢ ᠪᠦᠬᠦ ᠬᠦᠴᠦᠨ ᠢᠶᠠᠷ ᠬᠠᠪᠰᠤᠷᠤᠨ ᠭᠠᠷ ᠬᠦᠢᠴᠡᠳᠬᠡᠯ ᠢ ᠲᠦᠷᠬᠡᠳᠬᠡᠨ ᠲᠡᠬᠦᠯᠳᠡᠷᠵᠢᠬᠦᠯᠦᠨ᠎ᠡ᠃ ᠦᠢᠯᠡᠳᠪᠦᠷᠢᠯᠡᠯ ᠤᠨ ᠬᠦᠴᠦᠨ ᠤ | ᠰᠤᠯᠢᠯᠴᠠᠭᠠᠨ ᠤ ᠲᠠᠪᠴᠠᠩ ᠢ ᠪᠡᠯᠡᠳᠬᠡᠨ ᠪᠠᠶᠢᠭᠤᠯᠵᠤ᠂ ᠨᠡᠬᠦᠷᠡᠰᠦᠨ ᠤ ᠠᠵᠤ ᠠᠬᠤᠶᠢᠯᠠᠯ ᠢ ᠲᠠᠶᠢᠴᠢᠯᠠᠨ ᠵᠠᠬ᠎ᠠ ᠲᠡᠯᠬᠡᠬᠦᠷᠵᠢᠯᠳᠡ ᠶᠢᠨ ᠬᠡᠯᠪᠡᠷᠢ ᠪᠠᠷ ᠵᠢᠭᠠᠯᠳᠠ | ᠲᠤᠭ᠎ᠠ ᠪᠠᠨ ᠰᠤᠯᠢᠵᠤ᠂ ᠦᠢᠯᠡᠳᠪᠦᠷᠢᠯᠡᠯ ᠤᠨ ᠬᠦᠴᠦᠨ ᠢ ᠲᠠᠯᠪᠢᠵᠤ᠂ ᠪᠦᠬᠦ ᠵᠢᠯ ᠤᠨ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠯ ᠤᠨ ᠬᠦᠴᠦᠨ 640 ᠲᠦᠮᠡᠨ | ᠲᠤᠨ᠂ ᠨᠡᠬᠦᠷᠡᠰᠦᠨ ᠤ ᠪᠤᠷᠤᠯᠠᠭᠤᠯᠭ᠎ᠠ ᠶᠢ 2 ᠳ᠋ᠦᠩᠰᠢᠭᠤᠷ ᠲᠤᠨ ᠠᠴᠠ ᠲᠡᠬᠡᠭᠰᠢ ᠪᠠᠶᠢᠯᠭᠠᠬᠤ ᠶᠢ ᠪᠠᠳᠤᠯᠠᠨ᠎ᠠ᠃ ᠨᠡᠬᠦᠷᠡᠰᠦᠨ ᠤ ︽ᠨᠢᠬᠡ ᠪᠢᠯᠧᠲ ᠤᠨ ᠲᠦᠷᠢᠮ︾ | ᠤᠨ ᠲᠤᠭᠠᠴᠠᠭ᠎ᠠ ᠶᠢᠨ ᠬᠡᠯᠪᠡᠷᠢᠯ ᠤᠨ ᠰᠢᠨ᠎ᠡ ᠶᠢ ᠡᠬᠦᠳᠦᠨ᠂ ᠤᠬᠢ ᠰᠠᠶᠢᠨ ᠨᠡᠬᠦᠷᠡᠰᠦ ᠦᠯᠡᠳᠡᠬᠦ ᠭᠠᠵᠠᠷ ᠤᠷᠤᠨ ᠤ ᠦᠷᠳᠡᠭ ᠢ ᠲᠡᠬᠡᠭᠰᠢᠯᠡᠬᠦᠯᠦᠨ᠎ᠡ᠃ ᠡᠵᠡᠨ | ᠬᠤᠷᠤᠭ᠎ᠠ ᠶᠢᠨ ᠰᠢᠯᠢᠳᠡᠭ ᠨᠡᠬᠦᠷᠡᠰᠦᠨ ᠤ ᠲᠠᠪᠠᠭᠤᠯᠢᠭ ᠢᠶᠠᠨ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠨᠡᠬᠦᠷᠡᠰᠦᠨ ᠤ ᠴᠢᠨᠠᠷ ᠢ ᠰᠢᠯᠭᠠᠬᠤ ᠡᠷᠬᠡ ᠰᠦᠷ | ᠲᠠᠢ ᠪᠠᠶᠢᠭᠤᠯᠤᠮᠵᠢ ᠲᠠᠢ ᠬᠠᠮᠳᠤᠷᠠᠯᠴᠠᠵᠤ᠂ ᠭᠠᠷᠠᠮ ᠤᠨ ᠰᠢᠯᠭᠠᠵᠤ ᠰᠤᠩᠭᠤᠨ ᠬᠦᠷᠬᠡᠬᠦ ᠴᠢᠳᠠᠪᠬᠢ ᠶᠢ ᠨᠡᠬᠦᠷᠡᠰᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠲᠤ | ᠤᠷᠢᠳᠠᠭᠤᠯᠤᠨ᠂ ᠤᠷᠤᠨ ᠬᠡᠪᠴᠢᠶᠡᠨ ᠤ ᠨᠡᠬᠦᠷᠡᠰᠦ ᠲᠤᠬᠢᠷᠠᠭᠤᠯᠬᠤ ᠰᠠᠭᠤᠷᠢᠨ ᠭᠠᠵᠠᠷ ᠪᠠ ᠤᠯᠤᠰ ᠤᠨ ᠲᠤᠳᠤᠭᠠᠳᠤ ᠶᠢᠨ ᠨᠡᠬᠦᠷᠡᠰᠤᠨ ᠤ ᠴᠢᠨᠠᠷ ᠢ ᠰᠢᠯᠭᠠᠨ | ᠪᠠᠶᠢᠴᠠᠭᠠᠬᠤ ᠲᠦᠪ ᠢ ᠴᠤᠭᠴᠠᠯᠠᠵᠤ᠂ ︽ᠭᠠᠷᠠᠮ︾ ᠤᠨ ᠨᠡᠬᠦᠷᠡᠰᠦ ᠲᠤᠬᠢᠷᠠᠭᠤᠯᠬᠤ ᠠᠴᠠ ︽ᠠᠭᠤᠷᠬᠠᠢ ᠶᠢᠨ ᠠᠮᠠᠰᠠᠷ︾ ᠤᠨ ᠨᠡᠬᠦᠷᠡᠰᠦ ᠲᠤᠬᠢᠷᠠᠭᠤᠯᠬᠤ ᠲᠡᠰᠢ | ᠬᠤᠪᠢᠷᠠᠭᠠᠨ᠂ ︽ᠲᠤᠨ ᠢᠶᠠᠷ ᠦᠨ᠎ᠡ ᠲᠤᠭᠳᠠᠭᠠᠬᠤ︾ ᠠᠴᠠ ︽ᠺᠠᠷᠲ ᠢᠶᠠᠷ ᠦᠨ᠎ᠡ ᠲᠤᠭᠳᠠᠭᠠᠬᠤ︾ ᠴᠢᠨᠠᠷᠯᠢᠭ ᠰᠠᠶᠢᠳᠠᠢ ᠬᠠᠩᠭᠠᠯᠭ᠎ᠠ ᠶᠢᠨ ᠬᠡᠯᠪᠡᠷᠢ ᠶᠢᠨ | ᠰᠢᠯᠵᠢᠯᠳᠡ ᠶᠢ ᠪᠡᠶᠡᠯᠡᠬᠦᠯᠦᠨ᠎ᠡ᠃ ᠨᠡᠬᠦᠷᠡᠰᠦ ᠪᠠᠷ ᠰᠠᠭᠤᠷᠢᠯᠠᠭᠰᠠᠨ ᠤᠯᠠᠨ ᠡᠰᠢᠵᠢᠭᠰᠡᠨ ᠬᠦᠭᠵᠢᠯᠳᠡ ᠶᠢ ᠪᠠᠷᠢᠮᠳᠠᠯᠠᠵᠤ᠂ ᠱᠧᠨ ᠬᠤᠸᠠ ᠶᠢᠨ ᠨᠡᠬᠦᠷᠡᠰᠦ ᠪᠠᠷ ᠲᠤᠰᠤ | ᠭᠠᠷᠭᠠᠬᠤ ᠬᠤᠶᠠᠷ᠂ ᠭᠤᠷᠪᠠᠳᠤᠭᠠᠷ ᠦᠢᠯᠡᠳᠪᠦᠷᠢᠯᠡᠯ ᠤᠨ ᠱᠤᠭᠤᠮ ᠤᠨ ᠡᠮᠦᠨᠡᠬᠢ ᠬᠤᠭᠤᠴᠠᠭᠠᠨ ᠤ ᠠᠵᠢᠯ ᠪᠠ ᠬᠤᠢ ᠨᠧᠩ ᠨᠡᠬᠦᠷᠡᠰᠦ ᠪᠠᠷ ᠬᠡᠢ ᠭᠠᠷᠭᠠᠬᠤ | ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠠᠶᠢᠭᠤᠯᠤᠯᠳᠠ ᠶᠢ ᠲᠦᠷᠬᠡᠳᠬᠡᠵᠦ᠂ ᠵᠧᠨ ᠳ᠋ᠦᠩ ᠵᠡᠷᠬᠡ ᠲᠤᠤᠷᠠᠳᠤ ᠲᠡᠰ ᠤᠨ ᠨᠡᠬᠦᠷᠡᠰᠦ ᠶᠢ ᠲᠡᠰ ᠬᠤᠪᠢᠶᠠᠨ | ᠴᠢᠨᠠᠷ ᠬᠤᠪᠢᠶᠠᠵᠤ ᠠᠰᠢᠭᠯᠠᠬᠤ ᠲᠦᠷᠦᠯ ᠵᠦᠢᠯ ᠤᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠤ᠂ ᠨᠡᠬᠦᠷᠡᠰᠦᠨ ᠤ ᠪᠤᠬᠢᠷᠳᠤᠯ ᠦᠬᠡᠢ ᠡᠷᠬᠢᠯᠳᠡᠳᠦ ᠠᠵᠤ ᠠᠬᠤᠢ | ᠶᠢ ᠬᠦᠭᠵᠢᠬᠦᠯᠦᠨ᠎ᠡ᠃ | ᠬᠤᠶᠠᠷ ᠲᠤ᠂ ᠲᠤᠨᠤᠭ ᠲᠦᠬᠦᠬᠡᠷᠦᠮᠵᠢ ᠦᠢᠯᠡᠳᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠴᠢᠨᠠᠷᠯᠢᠭ ᠰᠠᠶᠢᠨ ᠬᠦᠭᠵᠢᠯᠳᠡ ᠶᠢ ᠠᠬᠢᠭᠤᠯᠤᠨ᠎ᠠ᠃ | ᠤᠷᠳᠤᠰ ᠵᠢᠶᠠᠩᠰᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠳᠤ ᠲᠦᠰᠢᠭᠯᠡᠨ᠂ ᠲᠡᠬᠡᠳᠦ ᠵᠡᠷᠬᠡ ᠶᠢᠨ ᠲᠤᠨᠤᠭ ᠲᠦᠬᠦᠬᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ | ᠂ ᠰᠢᠨ᠎ᠡ ᠡᠨᠧᠷᠬᠢ ᠵᠡᠷᠬᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠳᠤ᠂ ᠬᠤᠯᠪᠤᠭᠠᠰᠤ ᠮᠠᠶ᠋ᠢᠭ ᠤᠨ ᠤᠷᠤᠨ | ᠰᠠᠭᠤᠷᠢᠰᠢᠬᠤ ᠶᠢ ᠢᠳᠡᠪᠬᠢᠳᠠᠢ ᠤᠷᠤᠭᠤᠯᠤᠨ᠎ᠠ︔ ᠤᠬᠢ ᠰᠠᠶᠢᠨ ᠠᠵᠤ ᠦᠢᠯᠡᠳᠪᠦᠷᠢ ᠶᠢᠨ ᠬᠦᠭᠵᠢᠯᠳᠡ ᠶᠢᠨ ᠰᠠᠭᠤᠷᠢ ᠪᠠ ᠨᠡᠬᠦᠷᠡᠰᠦᠨ ᠴᠢᠯᠠᠭᠤ᠂ ᠨᠤᠨᠳᠠᠭ | ᠨᠡᠬᠦᠷᠡᠰᠦᠨ ᠤ ᠦᠨᠡᠰᠦ ᠵᠡᠷᠬᠡ ᠦᠨᠢᠷ ᠪᠠᠶᠠᠯᠢᠭ ᠠᠵᠤ ᠦᠢᠯᠡᠳᠪᠦᠷᠢ ᠶᠢᠨ ᠬᠠᠳᠠᠭᠤ ᠬᠠᠶᠠᠭᠳᠠᠮᠠᠯ ᠡᠬᠢ ᠪᠠᠶᠠᠯᠢᠭ ᠲᠤ ᠲᠦᠰᠢᠭᠯᠡᠨ᠂ ᠲᠡᠬᠡᠳᠦ ᠵᠡᠷᠬᠡ ᠶᠢᠨ | ᠪᠤᠭᠤᠳᠠᠯᠯᠠᠬᠤ ᠤᠭᠤᠳᠠ᠂ ᠲᠠᠪᠠᠭ ᠵᠡᠷᠬᠡ ᠰᠢᠨ᠎ᠡ ᠮᠠᠲ᠋ᠧᠷᠢᠶᠠᠯ ᠪᠠ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠰ ᠢ ᠶᠡᠬᠡᠪᠡᠷ ᠬᠦᠭᠵᠢᠬᠦᠯᠵᠦ᠂ ᠵᠢᠯ ᠤᠨ | ᠲᠤᠳᠤᠷ᠎ᠠ ᠬᠤᠢ ᠰᠧᠨ ᠠᠭᠤᠷᠬᠠᠢ ᠶᠢᠨ ᠬᠡᠷᠡᠭᠯᠡᠬᠡᠨ ᠤ ᠲᠠᠮᠵᠢᠭᠤᠯᠬᠤ ᠪᠦᠰᠡ᠂ ᠱᠧᠨ ᠨᠢᠦ ᠨᠡᠬᠦᠷᠡᠰᠦᠨ ᠤ ᠮᠠᠰᠢᠨ ᠰᠡᠯᠪᠢᠨ ᠦᠢᠯᠡᠳᠬᠦ ᠵᠡᠷᠬᠡ ᠲᠦᠷᠦᠯ ᠵᠦᠢᠯ ᠤᠨ | ᠠᠵᠢᠯ ᠡᠬᠢᠯᠡᠬᠦᠯᠦᠨ ᠬᠡᠷᠡᠭᠵᠢᠬᠦᠯᠬᠦ ᠶᠢ ᠠᠬᠢᠭᠤᠯᠵᠤ᠂ ᠱᠧᠨ ᠴᠤᠸᠠᠨ ᠠᠭᠤᠷᠬᠠᠢ ᠶᠢᠨ ᠬᠡᠷᠡᠭᠯᠡᠬᠡᠨ ᠤ ᠲᠤᠨᠤᠭ ᠲᠦᠬᠦᠬᠡᠷᠦᠮᠵᠢ ᠦᠢᠯᠡᠳᠬᠦ᠂ ᠺᠧ ᠱᠢ ᠠᠭᠤᠷᠬᠠᠢ | ᠶᠢᠨ ᠬᠡᠷᠡᠭᠯᠡᠬᠡᠨ ᠤ ᠲᠡᠮᠦᠷ ᠵᠠᠮ ᠦᠬᠡᠢ ᠭᠤᠮ ᠬᠦᠷᠳᠦᠳᠦ ᠲᠡᠷᠬᠡᠨ ᠤ ᠲᠦᠷᠦᠯ ᠵᠦᠢᠯ ᠤᠨ ᠠᠰᠢᠭᠯᠠᠯᠳᠠ ᠳᠤ ᠤᠷᠤᠭᠤᠯᠤᠨ ᠦᠷ᠎ᠡ ᠪᠦᠳᠦᠮᠵᠢ ᠭᠠᠷᠭᠠᠬᠤ ᠶᠢ | ᠪᠠᠳᠤᠯᠠᠨ᠎ᠠ᠃ ᠦᠨᠢᠷ ᠪᠠᠶᠠᠯᠢᠭ ᠤᠢ ᠰᠢᠭᠤᠢ ᠶᠢᠨ ᠡᠬᠢ ᠪᠠᠶᠠᠯᠢᠭ ᠲᠤ ᠲᠦᠰᠢᠭᠯᠡᠨ᠂ ᠪᠤᠬᠢᠷᠳᠤᠯ ᠦᠬᠡᠢ ᠠᠮᠢ ᠠᠬᠤᠢ ᠶᠢᠨ ᠠᠵᠤ ᠠᠬᠤᠢ ᠶᠢ ᠶᠡᠬᠡᠪᠡᠷ | ᠬᠦᠭᠵᠢᠬᠦᠯᠵᠦ᠂ ᠴᠢᠩ ᠶᠠᠨ 10 ᠲᠦᠮᠡᠨ ᠺᠦᠪ ᠮᠧᠲᠷ ᠤᠨ ᠪᠤᠷᠭᠠᠰᠤ ᠵᠢᠴᠢ 30 ᠲᠦᠮᠡᠨ ᠲᠡᠭᠰᠢ ᠲᠦᠷᠪᠡᠯᠵᠢᠨ ᠮᠧᠲᠷ ᠤᠨ ᠤᠭᠰᠠᠷᠠᠮᠠᠯ ᠮᠤᠳᠤᠨ ᠪᠦᠳᠦᠴᠡᠳᠦ | ᠬᠡᠷ ᠪᠠᠶᠢᠰᠢᠩ ᠤᠨ ᠦᠢᠯᠡᠳᠪᠦᠷᠢᠯᠡᠯ ᠤᠨ ᠱᠤᠭᠤᠮ ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠪᠠᠷ ᠠᠬᠢᠭᠤᠯᠵᠤ᠂ ᠪᠦᠬᠦ ᠤᠯᠤᠰ ᠤᠨ ᠪᠤᠬᠢᠷᠳᠤᠯ ᠦᠬᠡᠢ ᠪᠠᠷᠢᠯᠭ᠎ᠠ | ᠮᠠᠲ᠋ᠧᠷᠢᠶᠠᠯ ᠦᠢᠯᠡᠳᠪᠦᠷᠢᠯᠡᠨ ᠪᠤᠯᠪᠠᠰᠤᠷᠠᠭᠤᠯᠬᠤ ᠰᠠᠭᠤᠷᠢᠨ ᠭᠠᠵᠠᠷ ᠪᠠ ᠤᠯᠤᠰ ᠤᠨ ᠪᠤᠬᠢᠷᠳᠤᠯ ᠦᠬᠡᠢ ᠤᠷᠤᠨ ᠰᠠᠭᠤᠴᠠ ᠵᠢᠴᠢ ᠤᠭᠰᠠᠷᠠᠮᠠᠯ ᠪᠠᠷᠢᠯᠭ᠎ᠠ ᠶᠢᠨ | ᠦᠢᠯᠡᠳᠪᠦᠷᠢᠯᠡᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ 2019 ᠤᠨ ᠳᠤ ᠪᠦᠬᠦ ᠬᠤᠰᠢᠭᠤᠨ ᠤ ᠨᠡᠬᠦᠷᠡᠰᠦᠨ ᠤ ᠪᠤᠰᠤ ᠠᠵᠤ ᠦᠢᠯᠡᠰ | ᠤᠨ ᠡᠵᠡᠯᠡᠬᠦ ᠬᠡᠪᠴᠢᠶᠡᠵᠢᠯ ᠠᠴᠠ ᠲᠡᠬᠡᠭᠰᠢᠬᠢ ᠠᠵᠤ ᠦᠢᠯᠡᠳᠪᠦᠷᠢ ᠶᠢᠨ ᠬᠠᠷᠢᠴᠠᠯ ᠢ 15% ᠪᠠᠷ ᠲᠡᠬᠡᠭᠰᠢᠯᠡᠬᠦᠯᠵᠦ᠂ ᠲᠡᠬᠡᠷ᠎ᠡ ᠵᠢᠯ ᠠᠴᠠ 3 ᠵᠠᠭᠤᠨ ᠤ ᠭᠤᠷᠪᠠ | ᠪᠠᠷ ᠲᠡᠬᠡᠭᠰᠢᠯᠡᠬᠦᠯᠦᠨ᠎ᠡ᠃ | ᠭᠤᠷᠪᠠ ᠳᠤ᠂ ᠰᠤᠶᠤᠯ ᠵᠢᠭᠤᠯᠴᠢᠯᠠᠯ ᠤᠨ ᠦᠢᠯᠡᠰ ᠤᠨ ᠴᠢᠨᠠᠷᠯᠢᠭ ᠰᠠᠶᠢᠨ ᠬᠦᠭᠵᠢᠯᠳᠡ ᠶᠢ ᠠᠬᠢᠭᠤᠯᠤᠨ᠎ᠠ᠃ ᠴᠢᠨᠠᠷᠯᠢᠭ ᠲᠡᠰ ᠤᠨ ᠦᠵᠡᠮᠵᠢ ᠶᠢᠨ ᠤᠷᠤᠨ | ᠢ ᠪᠠᠶᠢᠭᠤᠯᠤᠨ᠎ᠠ᠃ ︽ᠴᠢᠩᠭᠢᠰ ᠬᠠᠭᠠᠨ ᠤ ᠤᠩᠭᠤᠨ︾ ᠤ ᠵᠢᠭᠤᠯᠴᠢᠯᠠᠯ ᠤᠨ ᠤᠷᠤᠨ ᠤ ᠪᠠᠶᠢᠭᠤᠯᠤᠯᠳᠠ ᠶᠢ ᠠᠬᠢᠭᠤᠯᠵᠤ᠂ ᠡᠵᠡᠨ ᠬᠤᠷᠤᠭ᠎ᠠ ᠪᠠᠯᠭᠠᠰᠤ ᠶᠢ | ᠤᠨᠴᠠᠯᠢᠭᠳᠤ ᠵᠢᠭᠤᠯᠴᠢᠯᠠᠯ ᠤᠨ ᠪᠠᠯᠭᠠᠰᠤ ᠪᠤᠯᠭᠠᠨ ᠪᠠᠶᠢᠭᠤᠯᠬᠤ ᠶᠢ ᠲᠡᠮᠵᠢᠵᠦ᠂ ᠰᠢᠪᠠᠷᠳᠠᠢ ᠶᠢᠨ ᠠᠮᠢ ᠠᠬᠤᠢ ᠶᠢᠨ ᠰᠤᠶᠤᠯ ᠤᠨ ᠲᠤᠷᠰᠢᠨ ᠤᠶᠢᠯᠠᠭᠠᠯᠳᠠ᠂ | ᠲᠠᠷᠬᠠᠳ ᠵᠢᠭᠤᠯᠴᠢᠯᠠᠯ ᠤᠨ ᠦᠵᠡᠮᠵᠢ ᠶᠢᠨ ᠤᠷᠤᠨ ᠵᠡᠷᠬᠡ ᠲᠦᠷᠦᠯ ᠵᠦᠢᠯ ᠤᠨ ᠪᠠᠶᠢᠭᠤᠯᠤᠯᠳᠠ ᠶᠢ ᠲᠦᠷᠬᠡᠳᠬᠡᠵᠦ᠂ ᠰᠤᠪᠤᠷᠭ᠎ᠠ ᠶᠢᠨ ᠲᠠᠯ᠎ᠠ ᠨᠤᠳᠤᠭ᠂ | ᠤᠯᠠᠭᠠᠨᠨᠠᠭᠤᠷ ᠤᠨ ᠨᠤᠭᠤ ᠭᠠᠵᠠᠷ ᠤᠨ ᠴᠡᠴᠡᠷᠯᠢᠭ᠂ ᠵᠢᠶᠦ᠋ᠨ ᠸᠠᠩ ᠤᠨ ᠤᠷᠳᠤᠨ᠂ ᠦᠪᠦᠷ ᠮᠤᠩᠭᠤᠯ ᠤᠨ ᠪᠤᠳ᠋ᠳ᠋ᠾᠨ ᠶᠢᠨ ᠱᠠᠰᠢᠨ ᠤ ᠰᠤᠶᠤᠯ ᠤᠨ ᠦᠵᠡᠰᠬᠦᠯᠡᠩ | ᠤᠨ ᠬᠦᠷᠢᠶᠡᠯᠡᠩ ᠤᠨ ᠵᠢᠭᠤᠯᠴᠢᠯᠠᠯ ᠤᠨ ᠦᠢᠯᠡᠴᠢᠯᠡᠬᠡᠨ ᠤ ᠴᠢᠳᠠᠪᠬᠢ ᠶᠢ ᠦᠷᠬᠦᠯᠵᠢᠯᠡᠨ ᠲᠡᠬᠦᠯᠳᠡᠷᠵᠢᠬᠦᠯᠵᠦ᠂ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ | ᠤᠷᠤᠨ ᠲᠠᠢ ᠤᠷᠭᠠᠯᠢᠭ ᠢᠶᠠᠷ ᠨᠦᠬᠦᠪᠦᠷᠢᠯᠡᠬᠦ᠂ ᠤᠷᠤᠨ ᠪᠠᠶᠢᠷᠢ ᠰᠢᠯᠵᠢᠭᠰᠡᠨ ᠬᠦᠭᠵᠢᠯᠳᠡ ᠶᠢᠨ ᠪᠠᠶᠢᠳᠠᠯ ᠢ ᠪᠦᠷᠢᠯᠳᠦᠬᠦᠯᠦᠨ᠎ᠡ᠃ ᠡᠷᠳᠡᠨᠢ ᠶᠢᠨ ᠲᠤᠪᠴᠢ ᠰᠤᠶᠤᠯ | ᠤᠨ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠳᠡ ᠬᠠᠮᠢᠶᠠᠷᠤᠯᠳᠠ ᠶᠢᠨ ᠲᠤᠭᠳᠠᠯᠭᠠ ᠶᠢ ᠪᠦᠬᠦ ᠲᠠᠯ᠎ᠠ ᠪᠠᠷ ᠵᠤᠬᠢᠴᠠᠭᠤᠯᠵᠤ᠂ ᠨᠡᠶᠢᠬᠡᠮ ᠤᠨ ᠬᠦᠷᠦᠩᠬᠡ ᠶᠢ | ᠤᠷᠤᠭᠤᠯᠤᠨ ᠸᠠᠩ ᠤᠨ ᠤᠷᠳᠤᠨ ᠤ ᠰᠤᠶᠤᠯ ᠤᠨ ᠲᠤᠷᠰᠢᠨ ᠤᠶᠢᠯᠠᠭᠠᠯᠳᠠ ᠶᠢᠨ ᠬᠦᠷᠢᠶᠡᠯᠡᠩ ᠢ ᠪᠠᠶᠢᠭᠤᠯᠵᠤ᠂ ᠵᠸᠦ ᠡᠤ᠂ ᠳ᠋ᠠ ᠮᠢᠩ ᠬᠠᠷᠰᠢ ᠪᠠ ᠶᠤᠸᠠᠨ ᠤᠯᠤᠰ | ᠠᠴᠠ ᠤᠯᠠᠮᠵᠢᠯᠠᠯᠳᠤ ᠮᠤᠩᠭᠤᠯ ᠰᠤᠶᠤᠯ ᠤᠨ ᠤᠷᠠᠯᠢᠭ ᠤᠨ ᠦᠵᠡᠬᠦᠯᠦᠯᠬᠡ ᠶᠢᠨ ᠲᠦᠪ ᠤᠨ ᠦᠨᠳᠦᠰᠦᠨ ᠠᠵᠢᠯ ᠲᠠᠭᠤᠰᠬᠠᠬᠤ ᠶᠢ ᠪᠠᠳᠤᠯᠠᠵᠤ᠂ ᠶᠤᠸᠠᠨ ᠤ | ᠳ᠋ᠠᠶᠢᠳᠤ ᠶᠢᠨ ᠪᠦᠬᠦᠯᠢ ᠴᠤᠭᠴᠠ ᠪᠠᠷ ᠭᠠᠳᠠᠭᠰᠢ ᠨᠡᠬᠡᠬᠡᠬᠦ ᠨᠦᠬᠦᠴᠡᠯ ᠳᠤ ᠬᠦᠷᠬᠡᠨ᠎ᠡ᠃ ᠵᠢᠭᠤᠯᠴᠢᠯᠠᠯ ᠤᠨ ᠰᠢᠨ᠎ᠡ ᠦᠢᠯᠡᠰ ᠤᠨ ᠬᠠᠨᠳᠤᠰᠢ ᠶᠢ ᠢᠳᠡᠪᠬᠢᠳᠠᠢ | ᠬᠦᠭᠵᠢᠬᠦᠯᠦᠨ᠎ᠡ᠃ ᠤᠳᠤ ᠦᠶ᠎ᠡ ᠶᠢᠨ ᠠᠳᠤᠭᠤᠨ ᠦᠢᠯᠡᠰ ᠢ ᠶᠡᠬᠡᠪᠡᠷ ᠬᠦᠭᠵᠢᠬᠦᠯᠵᠦ᠂ ︽ᠲᠤᠮᠳᠠᠳᠤ ᠤᠯᠤᠰ᠂ ᠡᠵᠡᠨ ᠬᠤᠷᠤᠭ᠎ᠠ ᠶᠢᠨ ᠲᠤᠭᠳᠠᠭᠠᠯ ᠦᠬᠡᠢ | ᠮᠤᠷᠢᠨ ᠤ ᠲᠦᠷᠦᠯ ᠤᠨ ᠠᠮᠢᠳᠠᠨ ᠤ ᠬᠢᠵᠢᠭ ᠡᠪᠡᠳᠴᠢᠨ ᠤ ᠤᠷᠤᠨ︾ ᠢ ᠪᠠᠶᠢᠭᠤᠯᠬᠤ ᠠᠬᠢᠴᠠ ᠶᠢ ᠲᠦᠷᠬᠡᠳᠬᠡᠵᠦ᠂ ᠢ ᠲᠠᠢ ᠳ᠋ᠠ ᠮᠥᠸᠧ ᠠᠳᠤᠭᠤᠨ ᠦᠢᠯᠡᠰ | ᠤᠨ ᠤᠨᠴᠠᠯᠢᠭᠳᠤ ᠵᠢᠵᠢᠭ ᠪᠠᠯᠭᠠᠰᠤ ᠶᠢᠨ ᠲᠦᠷᠦᠯ ᠵᠦᠢᠯ ᠢ ᠵᠢᠯ ᠤᠨ ᠲᠤᠳᠤᠷ᠎ᠠ ᠤᠷᠤᠨᠰᠢᠭᠤᠯᠤᠨ ᠬᠡᠷᠡᠭᠵᠢᠬᠦᠯᠬᠦ ᠶᠢ ᠠᠬᠢᠭᠤᠯᠤᠨ᠎ᠠ᠃ ᠺᠢᠨᠤ᠋ ᠲᠧᠯᠸᠢᠰ ᠤᠨ ᠠᠵᠤ | ᠦᠢᠯᠡᠰ ᠢ ᠢᠳᠡᠪᠬᠢᠳᠠᠢ ᠭᠦᠭᠵᠢᠬᠦᠯᠵᠦ᠂ 1 - 2 ᠪᠦᠯᠦᠭ ᠨᠡᠷᠡᠳᠦ ᠺᠢᠨᠤ᠋ ᠲᠧᠯᠸᠢᠰ ᠤᠨ ᠵᠦᠴᠦᠬᠡ ᠰᠡᠬᠦᠳᠡᠷᠯᠡᠬᠦ ᠶᠢ ᠴᠢᠷᠮᠠᠶᠢᠨ ᠤᠯᠤᠨ᠎ᠠ᠃ ᠲᠠᠷᠢᠶᠠᠯᠠᠩ ᠤᠨ | ᠡᠳ᠋ᠯᠡᠩ ᠤᠨ ᠲᠤᠷᠰᠢᠨ ᠤᠶᠢᠯᠠᠭᠠᠬᠤ᠂ ᠤᠨᠴᠠᠯᠢᠭᠳᠤ ᠠᠷᠠᠳ ᠤᠨ ᠤᠷᠤᠨ ᠰᠠᠭᠤᠴᠠ᠂ ᠡᠷᠡᠬᠦᠯ ᠴᠢᠬᠢᠷᠠᠭ ᠪᠡᠶ᠎ᠡ ᠰᠤᠪᠢᠯᠠᠬᠤ ᠵᠡᠷᠬᠡ ᠵᠢᠭᠤᠯᠴᠢᠯᠠᠯ ᠤᠨ ᠰᠢᠨ᠎ᠡ | ᠦᠢᠯᠡᠳᠬᠦᠨ ᠢ ᠨᠠᠷᠢᠯᠢᠭ ᠰᠠᠶᠢᠬᠠᠨ ᠴᠤᠭᠴᠠᠯᠠᠵᠤ᠂ ᠴᠠᠭᠠᠨ ᠴᠠᠶᠢᠳᠠᠮ ᠤᠨ ᠮᠤᠳᠤᠨ ᠴᠠᠶᠢᠵᠠ ᠶᠢᠨ ᠭᠤᠳᠤᠮᠵᠢ᠂ ᠤᠯᠠᠭᠠᠨᠨᠠᠭᠤᠷ ᠤᠨ ᠰᠤᠷᠭᠤᠭ ᠵᠢᠭᠠᠰᠤᠨ ᠤ | ᠵᠡᠬᠡᠯᠢ᠂ ᠮᠧᠩ ᠵᠢᠩ ᠡᠮᠨᠡᠯᠬᠡ ᠶᠢᠨ ᠬᠤᠷᠢᠶ᠎ᠠ ᠵᠡᠷᠬᠡ ᠤᠨᠴᠠᠯᠢᠭᠳᠤ ᠲᠦᠷᠦᠯ ᠵᠦᠢᠯ ᠢ ᠠᠬᠢᠭᠤᠯᠤᠨ ᠪᠠᠶᠢᠭᠤᠯᠵᠤ᠂ ᠭᠠᠷᠠᠭ ᠤᠨ ᠡᠴᠦᠰ ᠤᠨ ᠵᠤᠭᠠᠴᠠᠯ᠂ | ᠰᠤᠳᠤᠯᠤᠨ ᠰᠤᠷᠬᠤ ᠵᠤᠭᠠᠴᠠᠯ ᠪᠠ ᠬᠡᠷ ᠪᠦᠯᠢ ᠶᠢᠨ ᠵᠤᠭᠠᠴᠠᠯ ᠢ ᠲᠠᠶᠢᠴᠢᠯᠠᠨ ᠬᠦᠭᠵᠢᠬᠦᠯᠦᠨ᠎ᠡ᠃ ᠨᠡᠷᠡᠳᠦ ᠲᠡᠮᠳᠡᠭᠳᠦ ᠶᠢᠨ ᠡᠵᠡᠩᠨᠡᠨ ᠪᠤᠷᠤᠯᠠᠭᠤᠯᠭ᠎ᠠ ᠶᠢ | ᠬᠦᠴᠦᠨᠯᠡᠨ ᠴᠢᠩᠭᠠᠳᠬᠠᠨ᠎ᠠ᠃ ᠵᠠᠬ᠎ᠠ ᠲᠡᠯᠬᠡᠬᠦᠷᠵᠢᠯᠳᠡ ᠶᠢᠨ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠪᠠ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠤᠷᠤᠭᠤᠯᠤᠨ | ᠰᠢᠷᠢᠰ ᠠᠵᠢᠯᠯᠠᠭ᠎ᠠ ᠶᠢ ᠶᠠᠪᠤᠭᠳᠠᠭᠤᠯᠵᠤ᠂ ᠦᠨᠳᠦᠷ ᠪᠠᠷᠢᠮᠵᠢᠶ᠎ᠠ ᠪᠠᠷ 12 ᠬᠤᠭᠤᠴᠠᠭᠠᠨ ᠤ ᠲᠤᠮᠳᠠᠳᠤ ᠤᠯᠤᠰ ᠤᠨ ᠤᠶᠤᠳᠠᠳ ᠤᠨ ᠠᠷᠰᠯᠠᠨ ᠲᠤᠭᠯᠠᠬᠤ ᠪᠦᠵᠢᠭ | ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ 22 ᠬᠤᠭᠤᠴᠠᠭᠠᠨ ᠤ ᠪᠦᠬᠦ ᠤᠯᠤᠰ ᠤᠨ ᠨᠠᠰᠤᠨ ᠳᠤ ᠬᠦᠷᠦᠭᠰᠡᠳ ᠤᠨ ᠤᠮᠪᠠᠯᠳᠠ ᠶᠢᠨ ᠮᠠᠩᠯᠠᠢ ᠰᠢᠯᠭᠠᠷᠠᠭᠤᠯᠬᠤ | ᠤᠷᠤᠯᠳᠤᠭᠠᠨ ᠵᠡᠷᠬᠡ ᠤᠯᠤᠰ ᠪᠠ ᠦᠪᠡᠷᠳᠡᠬᠡᠨ ᠵᠠᠰᠠᠬᠤ ᠤᠷᠤᠨ ᠤ ᠲᠡᠰ ᠤᠨ ᠤᠷᠤᠯᠳᠤᠭᠠᠨ ᠢ 15 ᠲᠠᠯᠠᠪᠠᠢ ᠠᠴᠠ ᠲᠡᠬᠡᠭᠰᠢ ᠲᠠᠭᠠᠭᠠᠴᠢᠯᠠᠨ ᠡᠷᠬᠢᠯᠡᠵᠦ᠂ 4 | ᠲᠠᠯᠠᠪᠠᠢ ᠤᠯᠠᠨ ᠤᠯᠤᠰ ᠤᠨ ᠴᠡᠪᠡᠷ ᠤᠳᠤᠮ ᠤᠨ ᠠᠳᠤᠭᠤᠨ ᠤ ᠬᠤᠷᠳᠤᠨ ᠮᠤᠷᠢᠨ ᠤ ᠤᠷᠤᠯᠳᠤᠭᠠᠨ ᠢ ᠡᠷᠬᠢᠯᠡᠵᠦ᠂ ᠤᠷᠳᠤᠰ ᠬᠤᠷᠢᠮ ᠤᠨ ᠰᠤᠶᠤᠯ ᠤᠨ | ᠴᠢᠭᠤᠯᠭᠠᠨ ᠵᠡᠷᠬᠡ 10 ᠨᠡᠷᠡᠳᠦ ᠲᠡᠮᠳᠡᠭᠳᠦ ᠪᠠᠶᠠᠷ ᠲᠤᠷᠠᠰᠬᠠᠯ ᠤᠨ ᠠᠵᠢᠯᠯᠠᠭ᠎ᠠ ᠶᠢ ᠲᠦᠪᠯᠡᠷᠡᠬᠦᠯᠦᠨ ᠡᠷᠬᠢᠯᠡᠵᠤ ︽ᠭᠠᠷᠠᠭ ᠭᠠᠷᠠᠭ ᠠᠵᠢᠯᠯᠠᠭ᠎ᠠ ᠲᠠᠢ᠂ ᠰᠠᠷ᠎ᠠ ᠰᠠᠷ᠎ᠠ | ᠤᠷᠤᠯᠳᠤᠭᠠᠨ ᠲᠠᠢ︾ ᠪᠠᠶᠢᠬᠤ ᠶᠢ ᠦᠨᠳᠦᠰᠦᠨ ᠳᠡᠭᠡᠨ ᠪᠠᠶᠡᠯᠡᠬᠦᠯᠦᠨ᠎ᠡ᠃ ᠵᠢᠭᠤᠯᠴᠢᠯᠠᠯ ᠤᠨ ︽ᠰᠦᠯᠵᠢᠶᠡᠨ ᠲᠡᠬᠡᠷ᠎ᠡ ᠲᠤᠤᠷ᠎ᠠ︾ ᠬᠦᠳᠦᠯᠦᠯᠴᠡᠨ ᠡᠵᠡᠩᠨᠡᠨ | ᠪᠤᠷᠤᠯᠠᠭᠤᠯᠬᠤ ᠪᠠ ︽ᠡᠵᠡᠨ ᠬᠤᠷᠤᠭ᠎ᠠ ᠶᠢᠨ ᠵᠢᠭᠤᠯᠴᠢᠯᠠᠯ ᠤᠨ ᠲᠤᠰᠬᠠᠢ ᠲᠠᠯᠠᠪᠠᠢ︾ ᠶᠢᠨ ᠲᠦᠬᠡᠮᠡᠯᠵᠢᠬᠦᠯᠬᠦ ᠠᠵᠢᠯᠯᠠᠭ᠎ᠠ ᠶᠢ ᠬᠦᠨᠵᠡᠬᠡᠶᠢᠷᠡᠬᠦᠯᠦᠨ ᠦᠷᠨᠢᠬᠦᠯᠵᠦ᠂ | ︽ᠲᠡᠭᠷᠢᠯᠢᠭ ᠲᠠᠷᠬᠠᠨ ᠤᠷᠤᠨ᠂ ᠡᠵᠡᠨ ᠬᠤᠷᠤᠭ᠎ᠠ︾ ᠶᠢᠨ ᠨᠠᠷ᠎ᠡ ᠠᠯᠳᠠᠷᠰᠢᠯ ᠪᠠ ᠰᠠᠶᠢᠰᠢᠶᠠᠯ ᠢ ᠦᠷᠬᠡᠳᠬᠡᠨ᠎ᠡ᠃ ᠪᠦᠬᠦ ᠵᠢᠯ ᠳᠤ ᠬᠦᠯᠢᠶᠡᠨ ᠵᠤᠴᠢᠯᠠᠭᠰᠠᠨ | ᠵᠤᠭᠠᠴᠠᠭᠰᠠᠳ ᠪᠠ ᠵᠢᠭᠤᠯᠴᠢᠯᠠᠯ ᠤᠨ ᠤᠷᠤᠯᠭ᠎ᠠ ᠶᠢ 13% ᠪᠠ 15% ᠪᠠᠷ ᠨᠡᠮᠡᠭᠳᠡᠬᠦᠯᠵᠦ᠂ ᠲᠤᠰ ᠪᠦᠷᠢ 460 ᠲᠦᠮᠡᠨ ᠬᠦᠮᠦᠨ ᠤᠳᠠᠭ᠎ᠠ ᠪᠠ 53 | ᠳ᠋ᠦᠩᠰᠢᠭᠤᠷ ᠲᠦᠬᠦᠷᠢᠭ ᠲᠤ ᠬᠦᠷᠬᠡᠨ᠎ᠡ᠃ | ᠲᠦᠷᠪᠡ ᠳᠤ᠂ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠴᠢᠨᠠᠷᠯᠢᠭ ᠰᠠᠶᠢᠨ ᠬᠦᠭᠵᠢᠯᠳᠡ ᠶᠢ ᠠᠬᠢᠭᠤᠯᠤᠨ᠎ᠠ᠃ ᠨᠡᠬᠦᠷᠡᠰᠦᠨ ᠤ ᠡᠳ᠋ ᠪᠠᠷᠠᠭᠠᠨ ᠤ | ᠬᠦᠢᠯᠬᠡᠬᠡᠨ ᠤ ᠬᠠᠩᠭᠠᠯᠭ᠎ᠠ ᠶᠢᠨ ᠬᠤᠯᠪᠤᠭᠠᠰᠤ ᠶᠢᠨ ᠲᠤᠭᠳᠠᠯᠭᠠ ᠶᠢ ᠬᠦᠴᠦᠯᠡᠨ ᠪᠠᠶᠢᠭᠤᠯᠤᠨ᠎ᠠ᠃ ᠨᠡᠬᠦᠷᠡᠰᠦᠨ ᠤ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ᠂ | ᠵᠠᠮ ᠲᠡᠬᠡᠬᠡᠪᠦᠷᠢ ᠶᠢᠨ ᠨᠡᠪᠳᠡᠷᠡᠬᠦ ᠵᠠᠮ᠂ ᠬᠦᠮᠦᠷᠬᠡᠨ ᠤ ᠰᠠᠭᠤᠷᠢᠨ ᠭᠠᠵᠠᠷ ᠵᠡᠷᠬᠡ ᠲᠦᠪᠯᠡᠷᠡᠬᠦᠯᠦᠨ ᠲᠠᠷᠬᠠᠭᠠᠵᠤ ᠲᠡᠬᠡᠬᠡᠪᠦᠷᠢᠯᠡᠬᠦ ᠲᠤᠭᠳᠠᠯᠴᠠᠭ᠎ᠠ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠯᠠᠭᠤᠯᠵᠤ᠂ ᠨᠡᠬᠦᠷᠡᠰᠦ ᠪᠤᠷᠤᠯᠠᠭᠤᠯᠬᠤ᠂ ᠲᠡᠬᠡᠬᠡᠪᠦᠷᠢᠯᠡᠬᠦ᠂ ᠡᠵᠡᠩᠨᠡᠬᠦ ᠵᠡᠷᠭᠡ ᠬᠠᠩᠭᠠᠯᠭ᠎ᠠ ᠶᠢᠨ ᠬᠤᠯᠪᠤᠭᠠᠰᠤ ᠶᠢᠨ ᠭᠤᠭᠴᠤᠭ᠎ᠠ ᠶᠢᠨ | ᠶᠠᠷᠢᠶᠠᠨ ᠤ ᠡᠷᠬᠡ ᠶᠢ ᠪᠦᠬᠦ ᠲᠠᠯ᠎ᠠ ᠪᠠᠷ ᠲᠡᠬᠡᠭᠰᠢᠯᠡᠬᠦᠯᠦᠨ᠎ᠡ᠃ ᠳ᠋ᠦᠩᠱᠧᠩ ᠠᠴᠠ ᠬᠠᠶᠢᠯᠠᠰᠤᠨ ᠬᠤᠭᠤᠯᠠᠢ ᠬᠦᠷᠬᠦ ᠲᠡᠮᠦᠷ ᠵᠠᠮ ᠤᠨ ᠡᠮᠦᠨᠡᠬᠢ ᠬᠤᠭᠤᠴᠠᠭᠠᠨ ᠤ | ᠪᠠᠶᠢᠭᠤᠯᠤᠯᠳᠠ ᠶᠢ ᠡᠬᠢᠯᠡᠬᠦᠯᠦᠨ᠂ ᠬᠠᠶᠢᠯᠠᠰᠤᠨ ᠬᠤᠭᠤᠯᠠᠢ ᠠᠴᠠ ᠲᠤᠶᠢᠭ ᠬᠦᠷᠬᠦ᠂ ᠮᠠᠶᠢᠯ ᠤᠨ ᠰᠢᠯᠢ ᠠᠴᠠ ᠬᠤᠨᠵᠢᠨ ᠬᠦᠷᠬᠦ ᠵᠡᠷᠬᠡ ᠲᠡᠮᠦᠷ ᠵᠠᠮ ᠤᠨ ᠲᠦᠷᠦᠯ | ᠵᠦᠢᠯ ᠢ ᠵᠡᠷᠬᠡᠴᠡᠪᠡᠷ ᠲᠦᠯᠦᠪᠵᠢᠬᠦᠯᠵᠦ᠂ ᠪᠡᠬᠡᠵᠢᠩ ᠲᠢᠶᠠᠨᠵᠢᠨ ᠡᠾᠧᠪᠸᠢ ᠪᠠ ᠵᠡᠬᠦᠨ ᠬᠤᠶᠢᠳᠤ ᠤᠷᠤᠨ ᠤ ᠬᠡᠷᠡᠭᠯᠡᠬᠡᠨ ᠤ ᠵᠠᠬ᠎ᠠ ᠲᠡᠯᠬᠡᠬᠦᠷ ᠢ ᠦᠷᠬᠡᠳᠬᠡᠨ᠎ᠡ︔ | ᠤᠯᠤᠰ ᠤᠨ ︽ᠤᠮᠠᠷᠠᠳᠤ ᠶᠢᠨ ᠨᠡᠬᠦᠷᠡᠰᠦ ᠶᠢ ᠡᠮᠦᠨᠡᠰᠢ ᠲᠡᠬᠡᠬᠡᠬᠦ︾ ᠪᠠᠶᠢᠯᠳᠤᠬᠤ ᠪᠤᠳᠤᠯᠭ᠎ᠠ ᠶᠢᠨ ᠲᠡᠬᠡᠬᠡᠪᠦᠷᠢ ᠶᠢᠨ ᠨᠡᠪᠳᠡᠷᠡᠬᠦ ᠵᠠᠮ ᠤᠨ ᠮᠧᠩ ᠬᠤᠸᠠ ᠲᠡᠮᠦᠷ ᠵᠠᠮ | ᠢ ᠨᠡᠪᠳᠡᠷᠡᠬᠦᠯᠬᠦ ᠲᠤᠬᠢᠶᠠᠯ ᠢ ᠠᠳᠬᠤᠵᠤ᠂ ᠬᠦᠬᠡᠬᠤᠳᠠ ᠶᠢᠨ ᠲᠡᠮᠦᠷ ᠵᠠᠮ ᠤᠨ ᠲᠤᠪᠴᠢᠶ᠎ᠠ᠂ ᠲᠠᠶᠢᠶᠤᠸᠠᠨ ᠤ ᠲᠤᠪᠴᠢᠶ᠎ᠠ ᠪᠠ ᠮᠧᠩ ᠬᠤᠸᠠ ᠲᠡᠮᠦᠷ ᠵᠠᠮ ᠤᠨ | ᠲᠠᠭᠠᠤ ᠭᠠᠵᠠᠷ ᠤᠷᠤᠨ ᠤ ᠵᠠᠰᠠᠭ ᠤᠨ ᠤᠷᠳᠤᠨ᠂ ᠡᠨᠧᠷᠬᠢ ᠶᠢᠨ ᠠᠵᠤ ᠠᠬᠤᠶᠢᠯᠠᠯ ᠲᠠᠢ ᠢᠳᠡᠪᠬᠢᠳᠠᠢ ᠬᠠᠮᠳᠤᠷᠠᠯᠴᠠᠵᠤ᠂ ᠵᠠᠮ ᠱᠤᠭᠤᠮ ᠲᠠᠭᠠᠤ ᠶᠢᠨ ᠰᠢᠪᠳᠤᠷᠠᠭᠠ | ᠨᠡᠬᠦᠷᠡᠰᠦᠨ ᠤ ᠬᠦᠮᠦᠷᠬᠡ ᠶᠢᠨ ᠲᠤᠬᠢᠷᠠᠭᠤᠯᠤᠨ ᠬᠦᠷᠬᠡᠬᠦ ᠰᠠᠭᠤᠷᠢᠨ ᠭᠠᠵᠠᠷ ᠢ ᠲᠦᠷᠬᠡᠳᠬᠡᠨ ᠪᠠᠶᠢᠷᠢᠯᠠᠭᠤᠯᠵᠤ᠂ ᠬᠦᠬᠡ ᠮᠦᠷᠡᠨ ᠤ ᠠᠵᠤ ᠠᠬᠤᠢ ᠶᠢᠨ ᠪᠦᠰᠡ ᠶᠢᠨ | ᠪᠤᠷᠤᠯᠠᠭᠤᠯᠭ᠎ᠠ ᠶᠢᠨ ᠵᠠᠬ᠎ᠠ ᠲᠡᠯᠬᠡᠬᠦᠷ ᠢ ᠦᠷᠬᠡᠳᠬᠡᠨ᠎ᠡ᠃ ᠤᠯᠤᠰ ᠤᠨ ᠨᠡᠬᠦᠷᠡᠰᠦ ᠲᠡᠬᠡᠬᠡᠪᠦᠷᠢᠯᠡᠬᠦ ︽ᠵᠠᠰᠠᠮᠠᠯ ᠵᠠᠮ ᠤᠨ ᠲᠡᠬᠡᠬᠡᠪᠦᠷᠢ ᠠᠴᠠ ᠲᠡᠮᠦᠷ ᠵᠠᠮ ᠤᠨ | ᠲᠡᠬᠡᠬᠡᠪᠦᠷᠢ ᠲᠡᠰᠢ ᠰᠢᠯᠵᠢᠬᠦ︾ ᠲᠦᠷᠦ ᠶᠢᠨ ᠪᠤᠳᠤᠯᠭ᠎ᠠ ᠶᠢᠨ ᠲᠤᠬᠢᠶᠠᠯ ᠢ ᠠᠳᠬᠤᠵᠤ᠂ ᠲᠠᠢ ᠢ ᠾᠧᠩ᠂ ᠬᠤ᠋ ᠲᠢᠶᠧ ᠶᠧᠦ ᠪᠠᠩ ᠵᠡᠷᠬᠡ 4 ᠨᠡᠬᠦᠷᠡᠰᠦᠨ ᠤ ᠡᠳ᠋ | ᠪᠠᠷᠠᠭᠠᠨ ᠤ ᠬᠦᠢᠯᠬᠡᠬᠡᠨ ᠤ ᠲᠤᠬᠢᠷᠠᠭᠤᠯᠤᠨ ᠬᠦᠷᠬᠡᠬᠦ ᠲᠦᠷᠦᠯ ᠵᠦᠢᠯ ᠢ ᠲᠦᠯᠦᠪᠵᠢᠬᠦᠯᠦᠨ ᠠᠬᠢᠭᠤᠯᠵᠤ᠂ ᠲᠦᠷᠬᠡᠨ ᠰᠠᠪᠠᠯᠠᠬᠤ ᠴᠢᠳᠠᠪᠤᠷᠢ 2000 ᠲᠦᠮᠡᠨ | ᠲᠤᠨ ᠰᠢᠨ᠎ᠡ ᠪᠠᠷ ᠨᠡᠮᠡᠭᠳᠡᠬᠦᠯᠦᠨ᠎ᠡ᠃ ᠨᠡᠬᠦᠷᠡᠰᠦᠨ ᠤ ︽ᠨᠢᠬᠡ ᠪᠢᠯᠧᠲ ᠤᠨ ᠲᠦᠷᠢᠮ︾ ᠢᠶᠠᠷ ᠲᠤᠭᠠᠴᠠᠬᠤ ᠬᠡᠯᠪᠡᠷᠢ ᠶᠢ ᠡᠬᠦᠳᠴᠦ᠂ ᠰᠢᠯᠢᠳᠡᠭ ᠨᠡᠬᠦᠷᠡᠰᠦᠨ ᠤ | ᠬᠠᠳᠠᠭᠠᠯᠠᠨ ᠦᠯᠡᠳᠡᠬᠡᠬᠦ ᠭᠠᠵᠠᠷ ᠤᠷᠤᠨ ᠤ ᠦᠷᠳᠡᠭ ᠢ ᠲᠡᠬᠡᠭᠰᠢᠯᠡᠬᠦᠯᠦᠨ᠎ᠡ᠃ ᠠᠷᠠᠯᠵᠢᠶ᠎ᠠ ᠬᠤᠳᠠᠯᠳᠤᠭ᠎ᠠ ᠦᠢᠯᠡᠴᠢᠯᠡᠬᠡᠨ ᠤᠨ ᠦᠢᠯᠡᠰ ᠢ ᠬᠦᠭᠵᠢᠬᠦᠯᠦᠨ᠎ᠡ᠃ | ᠭᠤᠤᠯᠳᠠᠯᠭᠠᠳᠤ ᠬᠤᠳᠠ ᠶᠢᠨ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠦᠢᠯᠡᠰ ᠤᠨ ᠬᠠᠨᠳᠤᠰᠢ ᠶᠢ ᠰᠢᠯᠢᠳᠡᠭᠵᠢᠬᠦᠯᠵᠦ᠂ ᠶᠤᠸᠠᠨ ᠤᠯᠤᠰ ᠠᠴᠠ | ᠤᠯᠠᠮᠵᠢᠯᠠᠯᠳᠤ ᠮᠤᠩᠭᠤᠯ ᠰᠤᠶᠤᠯ᠂ ᠬᠠᠭᠤᠴᠢᠨ ᠬᠤᠳᠠ ᠶᠢᠨ ᠰᠡᠳᠬᠢᠭᠳᠡᠯ᠂ ᠯᠢ ᠵᠢᠩ ᠶᠠᠪᠠᠭᠠᠨ ᠵᠡᠬᠡᠯᠢ ᠶᠢᠨ 3 ᠵᠤᠷᠪᠤᠰ ᠤᠨᠴᠠᠯᠢᠭᠳᠤ ᠵᠡᠬᠡᠯᠢ ᠶᠢ ᠦᠬᠡᠷᠡᠴᠢᠯᠡᠨ | ᠲᠡᠬᠡᠭᠰᠢᠯᠡᠬᠦᠯᠵᠦ᠂ ᠪᠠᠷᠠᠭ᠎ᠠ ᠬᠤᠳᠠᠯᠳᠤᠨ ᠠᠪᠬᠤ ᠲᠦᠪ ᠵᠡᠷᠬᠡ ᠬᠤᠳᠠᠯᠳᠤᠭᠠᠨ ᠤ ᠲᠤᠭᠤᠷᠢᠭ ᠤᠨ ᠰᠢᠨᠡᠴᠢᠯᠡᠯᠳᠡ ᠶᠢᠨ ᠬᠠᠨᠳᠤᠰᠢ᠂ ᠴᠢᠨᠠᠷ ᠢ ᠲᠡᠬᠡᠭᠰᠢᠯᠡᠬᠦᠯᠦᠨ | ᠪᠦᠳᠦᠮᠵᠢ ᠶᠢ ᠨᠡᠮᠡᠭᠳᠡᠬᠦᠯᠬᠦ ᠶᠢ ᠠᠬᠢᠭᠤᠯᠵᠤ᠂ ᠶᠢᠨ ᠵᠢᠢ ᠨᠠᠷᠠᠨ ᠬᠤᠳᠠ ᠶᠢᠨ ᠪᠦᠬᠦ ᠲᠠᠯ᠎ᠠ ᠪᠠᠷ ᠡᠬᠢᠯᠡᠬᠦᠯᠦᠨ ᠡᠵᠡᠩᠨᠡᠯᠳᠡ ᠳᠤ ᠤᠷᠤᠭᠤᠯᠤᠨ᠎ᠠ᠃ ᠱᠦᠢ ᠠᠨ | ᠰᠢᠨ᠎ᠡ ᠬᠤᠳᠠ ᠶᠢᠨ ᠬᠤᠳᠠᠯᠳᠤᠭᠠᠨ ᠤ ᠲᠤᠭᠤᠷᠢᠭ ᠢ ᠢᠳᠡᠪᠬᠢᠳᠠᠢ ᠪᠠᠶᠢᠭᠤᠯᠵᠤ᠂ ᠵᠢᠯ ᠤᠨ ᠲᠤᠳᠤᠷ᠎ᠠ ᠭᠥᠸᠧ ᠲᠠᠢ ᠬᠤᠳᠠᠯᠳᠤᠭᠠᠨ ᠤ ᠲᠠᠯᠠᠪᠠᠢ ᠶᠢ ᠡᠬᠢᠯᠡᠬᠦᠯᠵᠦ᠂ | ᠤᠳᠤᠬᠢᠴᠢᠯᠠᠭᠰᠠᠨ ᠠᠷᠠᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠲᠦᠪ 2 ᠭᠠᠵᠠᠷ᠂ ᠲᠡᠬᠡᠳᠦ ᠲᠡᠰ ᠤᠨ ᠶᠡᠷᠦᠩᠬᠡᠶᠢᠯᠡᠭᠰᠡᠨ ᠴᠢᠯᠦᠬᠡᠳᠦ ᠲᠡᠯᠬᠡᠬᠦᠷ 1 | ᠭᠠᠵᠠᠷ᠂ 10 ᠲᠦᠬᠦᠮ ᠦᠵᠡᠬᠦᠯᠬᠦ ᠲᠡᠯᠬᠡᠬᠦᠷ ᠢ ᠴᠤᠭᠴᠠᠯᠠᠨ᠎ᠠ᠃ ᠸᠢᠨᠠᠰ᠂ ᠶᠠ ᠭᠤᠤ ᠮᠸᠢ ᠵᠢᠦᠢ ᠪᠠᠭᠤᠳᠠᠯ ᠢ ᠪᠡᠯᠡ ᠤᠷᠤᠭᠤᠯᠤᠨ ᠡᠵᠡᠩᠨᠡᠯᠳᠡ ᠳᠤ | ᠤᠷᠤᠭᠤᠯᠬᠤ ᠶᠢ ᠠᠬᠢᠭᠤᠯᠵᠤ᠂ ᠸᠧᠨ ᠳ᠋ᠧ ᠮᠤ᠋᠂ ᠰᠢᠶᠠᠩ ᠭᠧ ᠯᠢ ᠯᠠ ᠵᠡᠷᠬᠡ ᠠᠵᠤ ᠠᠬᠤᠶᠢᠯᠠᠯ ᠲᠠᠢ ᠢᠳᠡᠪᠬᠢᠳᠠᠢ ᠬᠤᠷᠰᠢᠵᠤ᠂ ᠬᠠᠢ ᠳ᠋ᠠ᠂ ᠬᠤ᠋ ᠨᠧᠩ ᠪᠠ ᠯᠢᠨ | ᠵᠢᠶᠠᠩ ᠲᠤᠮᠤ ᠠᠰᠠᠷ ᠢ ᠡᠬᠢᠯᠡᠬᠦᠯᠦᠨ ᠡᠵᠡᠩᠨᠡᠬᠦᠯᠬᠦ ᠶᠢ ᠠᠬᠢᠭᠤᠯᠵᠤ᠂ 2 ᠲᠠᠪᠤᠨ ᠤᠳᠤᠨ ᠲᠡᠰ ᠤᠨ ᠪᠠᠷᠢᠮᠵᠢᠶ᠎ᠠ ᠶᠢᠨ ᠪᠠᠭᠤᠳᠠᠯ ᠢ ᠴᠤᠭᠴᠠᠯᠠᠨ᠎ᠠ᠃ ᠭᠠᠳᠠᠨ᠎ᠠ | ᠣᠷᠣᠨ ᠤ ᠠᠵᠢᠯᠴᠢᠨ ᠤ ᠬᠡᠪ ᠴᠢᠨᠠᠷ ᠤᠨ ᠲᠡᠬᠡᠭᠰᠢᠯᠡᠯᠳᠡ ᠶᠢᠨ ᠢᠨᠵᠧᠨᠧᠷᠢᠩ ᠢ ᠬᠡᠷᠡᠭᠵᠢᠬᠦᠯᠵᠦ᠂ ᠠᠮᠢᠳᠤᠷᠠᠯ᠂ ᠪᠤᠯᠪᠠᠰᠤᠷᠠᠯ ᠵᠡᠷᠬᠡ ᠴᠢᠳᠠᠪᠬᠢ ᠶᠢ ᠨᠢᠬᠡ | ᠴᠤᠭᠴᠠᠵᠢᠭᠤᠯᠤᠭᠰᠠᠨ ᠦᠢᠯᠡᠴᠢᠯᠡᠬᠡᠨ ᠤ ᠲᠦᠪ 1 ᠭᠠᠵᠠᠷ ᠢ ᠴᠤᠭᠴᠠᠯᠠᠵᠤ᠂ ᠭᠠᠳᠠᠨ᠎ᠠ ᠤᠷᠤᠨ ᠤ ᠠᠵᠢᠯᠴᠢᠨ ᠤ ᠠᠮᠢᠳᠤᠷᠠᠯ ᠤᠨ ᠦᠪᠡᠷ ᠤᠨ ᠦᠷᠳᠡᠭ ᠢ | ᠲᠤᠷᠤᠭᠰᠢᠯᠠᠭᠤᠯᠵᠤ᠂ ᠨᠡᠷ᠎ᠡ ᠠᠯᠳᠠᠷᠰᠢᠯ ᠢ ᠲᠦᠪᠯᠡᠷᠡᠬᠦᠯᠵᠦ᠂ ᠬᠤᠳᠠᠯᠳᠤᠭᠠᠨ ᠤ ᠬᠦᠭ ᠠᠶᠠᠰ ᠢ ᠬᠤᠷᠠᠮᠳᠤᠭᠤᠯᠤᠨ᠎ᠠ᠃ | ︵ᠲᠦᠷᠪᠡ︶ ᠤᠷᠤᠰᠢᠨ ᠰᠠᠭᠤᠬᠤ ᠴᠢᠨᠠᠷ ᠲᠡᠰ ᠢ ᠬᠦᠴᠦᠯᠡᠨ ᠲᠡᠬᠡᠭᠰᠢᠯᠡᠬᠦᠯᠵᠦ᠂ ᠡᠷᠡᠬᠦᠯ ᠴᠢᠬᠢᠷᠠᠭ᠂ ᠪᠠᠶᠠᠷ ᠴᠡᠩᠬᠡᠯᠳᠦ᠂ ᠨᠠᠮᠵᠢᠭᠤᠨ ᠤᠳᠤ ᠦᠶ᠎ᠡ ᠶᠢᠨ | ᠭᠤᠤᠯᠯᠠᠬᠤ ᠬᠤᠳᠠ ᠶᠢ ᠴᠤᠭᠴᠠᠯᠠᠨ᠎ᠠ᠃ | ᠨᠢᠭᠡ ᠳᠤ᠂ ᠡᠷᠡᠭᠦᠯ ᠴᠢᠬᠢᠷᠠᠭ ᠬᠤᠲᠠ ᠤᠷᠤᠨ ᠢ ᠴᠤᠭᠴᠠᠯᠠᠬᠤ ᠪᠠᠷ ᠬᠠᠷᠠᠯᠳᠠ ᠪᠤᠯᠭᠠᠨ᠂ ᠤᠷᠤᠰᠢᠨ ᠰᠠᠭᠤᠬᠤ ᠴᠢᠨᠡᠷ ᠲᠡᠰ ᠢ ᠬᠦᠴᠦᠯᠡᠨ | ᠲᠡᠭᠡᠭᠰᠢᠯᠡᠭᠦᠯᠵᠤ᠂ ᠬᠤᠲᠠ ᠤᠷᠤᠨ ᠢ ᠨᠡᠩ ᠰᠠᠶᠢᠬᠠᠨ ᠪᠤᠯᠭᠠᠵᠤ᠂ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠡ᠃ ᠡᠷᠡᠭᠦᠯ ᠴᠢᠬᠢᠷᠠᠭ ᠤᠨ | ᠤᠨᠤᠯᠵᠢᠭᠤᠨ ᠢ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠭᠤᠯᠤᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠬᠤ ᠶᠢ ᠪᠠᠷᠢᠮᠳᠠᠯᠠᠵᠤ᠂ ᠡᠷᠡᠭᠦᠯ | ᠴᠢᠬᠢᠷᠠᠭ ᠤᠷᠴᠢᠨ ᠲᠤᠭᠤᠷᠢᠨ ᠢ ᠪᠤᠢ ᠪᠤᠯᠭᠠᠨ᠂ ᠡᠷᠡᠭᠦᠯ ᠴᠢᠬᠢᠷᠠᠭ ᠠᠮᠢᠳᠤᠷᠠᠯ ᠢ ᠰᠠᠨᠠᠭᠠᠴᠢᠯᠠᠵᠤ᠂ ᠡᠷᠡᠭᠦᠯ ᠴᠢᠬᠢᠷᠠᠭ ᠤᠨ ᠪᠦᠬᠦᠢ ᠦᠢᠯᠡᠴᠢᠯᠡᠭᠡ ᠶᠢ | ᠰᠢᠯᠢᠳᠡᠭᠵᠢᠬᠦᠯᠦᠨ᠂ ᠤᠯᠠᠨ ᠲᠦᠮᠡᠨ ᠤ ᠤᠯᠠᠨ ᠶᠠᠩᠵᠤᠲᠤ᠂ ᠤᠯᠠᠨ ᠲᠠᠪᠬᠤᠷᠭᠠᠲᠤ ᠡᠷᠡᠭᠦᠯ ᠴᠢᠬᠢᠷᠠᠭ ᠤᠨ ᠲᠤᠬᠠᠢ ᠱᠠᠭᠠᠷᠳᠠᠯᠭ᠎ᠠ ᠶᠢ ᠲᠠᠰᠤᠷᠠᠯᠲᠠ ᠦᠭᠡᠢ | ᠬᠠᠩᠭᠠᠨ᠎ᠠ᠃ ᠠᠮᠢ ᠠᠬᠤᠢ ᠶᠢᠨ ᠤᠷᠤᠰᠢᠨ ᠰᠠᠭᠤᠬᠤ ᠤᠷᠴᠢᠨ ᠲᠤᠭᠤᠷᠢᠨ ᠢ ᠪᠦᠬᠦ ᠬᠦᠴᠦᠨ ᠢᠶᠠᠷ ᠴᠤᠭᠴᠠᠯᠠᠨ᠎ᠠ᠃ ᠨᠡᠬᠦᠷᠡᠰᠦᠨ ᠲᠠᠪᠬᠤᠷᠭ᠎ᠠ ᠶᠢᠨ ᠤᠰᠤ ᠪᠠ | ᠬᠤᠲᠠ ᠶᠢᠨ ᠲᠤᠲᠤᠷᠠᠬᠢ ᠤᠰᠤ ᠶᠢ ᠨᠢᠭᠡᠲᠦᠯᠲᠠᠢ ᠪᠠᠷ ᠲᠦᠯᠦᠪᠯᠡᠵᠤ᠂ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠪᠤᠷᠭᠠᠰᠤᠲᠤ ᠶᠢᠨ ᠭᠤᠤᠯ᠂ ᠵᠠᠩᠭᠤᠲᠤ ᠶᠢᠨ | ᠭᠤᠤᠯ ᠢ ᠵᠠᠯᠭᠠᠯᠳᠤᠭᠤᠯᠬᠤ ᠢᠨᠵᠧᠨᠧᠷᠢᠩ ᠢ ᠡᠬᠢᠯᠡᠬᠦᠯᠵᠤ᠂ ᠠᠯᠳᠠᠨᠰᠢᠷᠡᠭᠡ ᠪᠠᠯᠭᠠᠰᠤᠨ ᠤ ᠪᠠᠷᠠᠭᠤᠨ ᠤᠷᠤᠢ ᠶᠢᠨ ᠬᠡᠰᠡᠭ ᠤᠨ ᠤᠷᠴᠢᠨ ᠲᠤᠭᠤᠷᠢᠨ ᠤ | ᠶᠡᠷᠦᠩᠬᠡᠶᠢᠯᠡᠨ ᠵᠠᠰᠠᠯᠲᠠ ᠶᠢ ᠪᠦᠬᠦ ᠬᠦᠴᠦᠨ ᠢᠶᠠᠷ ᠠᠬᠢᠭᠤᠯᠤᠨ᠂ ᠬᠤᠲᠠ ᠶᠢ ᠲᠤᠭᠤᠷᠢᠭᠰᠠᠨ ᠤᠰᠤᠨ ᠤ ᠰᠢᠰᠲ᠋ᠧᠮ ᠤᠨ ᠠᠮᠢ ᠠᠬᠤᠢ ᠶᠢᠨ ᠦᠵᠡᠮᠵᠢ ᠶᠢᠨ | ᠬᠤᠶᠠᠳᠤᠭᠠᠷ ᠬᠤᠭᠤᠴᠠᠭ᠎ᠠ᠂ ᠺᠠᠢ ᠶᠤᠸᠠᠨ ᠵᠠᠮ ᠤᠨ ᠦᠵᠡᠮᠵᠢ ᠶᠢᠨ ᠤᠰᠤᠨ ᠤ ᠰᠢᠰᠲ᠋ᠧᠮ ᠬᠢᠬᠡᠳ ᠵᠠᠩᠭᠤᠲᠤ ᠶᠢᠨ ᠭᠤᠤᠯ ᠠᠴᠠ ᠱᠦᠢ ᠠᠨ ᠰᠢᠨ᠎ᠡ ᠬᠤᠲᠠ | ᠶᠢᠨ ᠤᠰᠤᠨ ᠤ ᠰᠢᠰᠲ᠋ᠧᠮ ᠬᠦᠷᠲᠡᠯᠡᠬᠢ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠵᠤ᠂ ︽ᠭᠤᠷᠪᠠᠨ ᠭᠤᠤᠯ ᠬᠤᠶᠠᠷ ᠨᠠᠭᠤᠷ︾ ᠤᠨ ᠬᠤᠲᠠ ᠶᠢ | ᠲᠤᠭᠤᠷᠢᠭᠰᠠᠨ ᠤᠰᠤᠨ ᠤ ᠰᠢᠰᠲ᠋ᠧᠮ ᠢ ᠪᠦᠬᠦ ᠱᠤᠭᠤᠮ ᠢᠶᠠᠷ ᠨᠡᠪᠲᠡᠷᠡᠭᠦᠯᠦᠨ᠂ ᠬᠤᠲᠠ ᠶᠢᠨ ᠲᠤᠭᠤᠷᠢᠭ ᠤᠨ ᠤᠰᠤᠨ ᠪᠦᠰᠠ ᠶᠢ 20 ᠲᠡᠭᠰᠢ ᠲᠦᠷᠪᠡᠯᠵᠢᠨ | ᠺᠢᠯᠤᠮᠧᠲᠷ ᠲᠤ ᠬᠦᠷᠬᠡᠨ᠎ᠡ᠃ ᠸᠠᠩ ᠤᠨ ᠤᠷᠳᠤᠨ ᠤ ᠠᠭᠤᠳᠠᠮ ᠲᠠᠯᠠᠪᠠᠢ᠂ ᠡᠵᠢ ᠴᠡᠴᠡᠷᠯᠢᠭ ᠵᠡᠷᠭᠡ 9 ᠴᠡᠴᠡᠷᠯᠢᠭ ᠠᠭᠤᠳᠠᠮ ᠲᠠᠯᠠᠪᠠᠢ᠂ 26 ᠵᠤᠷᠪᠤᠰ ᠬᠤᠲᠠ | ᠶᠢᠨ ᠵᠠᠮ ᠱᠤᠭᠤᠮ᠂ 91 ᠴᠢᠬᠤᠯᠠ ᠠᠮᠢ ᠠᠬᠤᠢ ᠶᠢᠨ ᠦᠵᠡᠮᠵᠢ ᠶᠢ ᠰᠠᠶᠢᠵᠢᠷᠠᠭᠤᠯᠬᠤ ᠢᠨᠵᠧᠨᠧᠷᠢᠩ ᠶᠢ ᠶᠠᠪᠤᠭᠳᠠᠭᠤᠯᠵᠤ᠂ ᠰᠢᠨ᠎ᠡ ᠪᠠᠷ 100 ᠲᠦᠮᠡᠨ ᠲᠡᠭᠰᠢ | ᠲᠦᠷᠪᠡᠯᠵᠢᠨ ᠮᠧᠲᠷ ᠤᠨ ᠨᠤᠭᠤᠭᠠᠷᠠᠭᠤᠯᠤᠯᠤᠲᠠ ᠶᠢᠨ ᠭᠠᠵᠠᠷ ᠢ ᠨᠡᠮᠡᠭᠳᠡᠭᠦᠯᠦᠨ᠎ᠡ᠃ ᠰᠢᠩ ᠹᠦ᠋ ᠭᠤᠳᠤᠮᠵᠢ᠂ ᠯᠢᠨ ᠶᠢᠨ ᠭᠤᠲᠤᠮᠵᠢ ᠵᠡᠷᠭᠡ 21 ᠵᠡᠭᠡᠯᠢ ᠭᠤᠲᠤᠮᠵᠢ | ᠶᠢᠨ ᠤᠷᠴᠢᠨ ᠲᠤᠭᠤᠷᠢᠨ ︽ᠪᠤᠵᠠᠷ ᠪᠤᠷᠳᠠᠭ ᠡᠷᠦᠢ ᠬᠤᠷᠤᠢ ᠦᠭᠡᠢ︾ ᠪᠠᠶᠢᠬᠤ ᠠᠰᠠᠭᠤᠳᠠᠯ ᠢ ᠲᠦᠷᠢᠮᠵᠢᠬᠦᠯᠦᠨ ᠴᠡᠭᠴᠡᠯᠡᠨ᠎ᠡ᠃ ᠤᠰᠤ ᠤᠷᠤᠭᠤᠯᠵᠤ ᠬᠤᠲᠠ ᠶᠢ | ᠲᠤᠭᠤᠷᠢᠭᠤᠯᠬᠤ᠂ ᠬᠦᠷᠦᠰᠤ ᠶᠢ ᠨᠤᠭᠤᠭᠠᠷᠠᠭᠤᠯᠬᠤ ᠪᠠ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠠᠷ ᠲᠠᠮᠵᠢᠨ᠂ ᠬᠤᠲᠠ ᠶᠢᠨ ᠠᠭᠤᠷ ᠠᠮᠢᠰᠬᠤᠯ ᠢ | ᠪᠦᠲᠦᠮᠵᠢᠲᠠᠢ ᠲᠤᠬᠢᠷᠠᠭᠤᠯᠤᠨ ᠴᠡᠪᠡᠷᠰᠢᠬᠦᠯᠵᠤ᠂ ᠬᠤᠲᠠ ᠶᠢᠨ ᠲᠦᠷᠢ ᠲᠦᠷᠬᠦ ᠶᠢ ᠭᠤᠶᠤᠵᠢᠭᠤᠯᠤᠨ᠂ ᠠᠮᠢ ᠠᠬᠤᠢ ᠶᠢᠨ ᠲᠤᠬᠢᠯᠢᠭ ᠰᠠᠭᠤᠷᠢᠰᠢᠬᠤ ᠡᠷᠡᠭᠦᠯ | ᠴᠢᠬᠢᠷᠠᠭ ᠤᠷᠴᠢᠨ ᠲᠤᠭᠤᠷᠢᠨ ᠢ ᠪᠤᠢ ᠪᠤᠯᠭᠠᠨ᠎ᠠ᠃ ᠡᠷᠡᠬᠦᠯ ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠪᠦᠬᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠠᠭᠤᠳᠠᠮ ᠲᠠᠯᠠᠪᠠᠢ ᠪᠠ ᠰᠤᠶᠤᠯ ᠤᠨ ᠲᠠᠯᠠᠪᠤᠷ ᠢ ᠠᠰᠢᠭᠯᠠᠨ 140 ᠠᠴᠠ ᠲᠡᠭᠡᠭᠰᠢᠬᠢ ᠤᠳᠠᠭᠠᠨ ᠤ | ᠤᠯᠠᠨ ᠲᠦᠮᠡᠨ ᠤ ᠰᠤᠶᠤᠯ ᠲᠠᠮᠢᠷ ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠬᠦᠯᠦᠨ᠎ᠡ᠃ ᠬᠤᠲᠠ ᠶᠢᠨ ᠠᠷᠠᠳ ᠤᠨ ᠪᠤᠬᠢᠷᠳᠤᠯ ᠦᠭᠡᠢ ᠪᠠᠷ ᠭᠠᠳᠠᠭᠰᠢ | ᠭᠠᠷᠬᠤ᠂ ᠪᠡᠶ᠎ᠡ ᠴᠢᠬᠢᠷᠠᠭᠵᠢᠭᠤᠯᠵᠤ ᠰᠡᠯᠡᠬᠦᠴᠡᠬᠦ ᠤᠷᠤᠨ ᠵᠠᠢ ᠶᠢ ᠦᠷᠭᠡᠳᠬᠡᠵᠤ᠂ 34 ᠺᠢᠯᠤᠮᠧᠲᠷ ᠤᠨ ᠶᠠᠪᠠᠭᠠᠨ ᠢᠶᠠᠷ ᠠᠯᠬᠤᠬᠤ ᠵᠠᠮ᠂ 11 ᠺᠢᠯᠤᠮᠧᠲᠷ ᠤᠨ | ᠮᠤᠲᠤᠵᠢᠭᠤᠯᠤᠭᠰᠠᠨ ᠵᠠᠮ ᠢ ᠲᠡᠪᠢᠰᠴᠤ᠂ ᠰᠠᠭᠤᠭᠠᠯᠢ ᠠᠷᠠᠳ ᠤᠨ ᠢᠯᠡᠭᠦᠭᠡᠨ ᠬᠡᠬᠡᠷ᠎ᠡ ᠭᠠᠳᠠᠨ᠎ᠠ ᠭᠠᠷᠴᠤ ᠬᠦᠳᠡᠯᠭᠡᠭᠡᠨ ᠬᠢᠵᠤ᠂ ᠪᠡᠶ᠎ᠡ ᠮᠠᠬᠠᠪᠤᠳ ᠢᠶᠠᠨ | ᠴᠢᠬᠢᠷᠠᠭᠵᠢᠭᠤᠯᠵᠤ᠂ ᠡᠪᠡᠳᠴᠢᠨ ᠢ ᠰᠡᠷᠬᠡᠶᠢᠯᠡᠬᠦ ᠶᠢ ᠰᠠᠨᠠᠭᠠᠴᠢᠯᠠᠨ ᠲᠠᠭᠠᠭᠤᠯᠤᠨ᠎ᠠ᠃ ᠤᠯᠤᠰ ᠤᠨ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ | ᠪᠠᠲᠤᠯᠭᠠᠲᠤ ᠬᠤᠲᠠ ᠶᠢ ᠢᠳᠡᠪᠬᠢᠲᠠᠢ ᠡᠭᠦᠳᠦᠨ ᠪᠠᠶᠢᠭᠤᠯᠵᠤ᠂ ᠢᠳᠡᠭᠡᠨ ᠤ ᠵᠦᠢᠯ ᠤᠨ ᠶᠡᠷᠦᠩᠬᠡᠢ ᠬᠦᠮᠦᠷᠭᠡ ᠶᠢ ᠲᠦᠯᠦᠪᠡᠯᠡᠨ ᠪᠠᠶᠢᠭᠤᠯᠵᠤ᠂ ᠤᠷᠤᠨ ᠨᠤᠲᠤᠭ | ᠤᠨ ᠢᠳᠡᠭᠡᠨ ᠤ ᠵᠦᠢᠯ ᠢ ᠪᠤᠯᠪᠠᠰᠤᠷᠠᠭᠤᠯᠬᠤ ᠲᠤᠭᠤᠷᠢᠭ ᠤᠨ ᠪᠠᠶᠢᠭᠤᠯᠤᠭᠳᠠᠵᠤ ᠬᠡᠷᠡᠭᠯᠡᠯᠲᠡ ᠳᠤ ᠤᠷᠤᠬᠤ ᠶᠢ ᠪᠠᠲᠤᠯᠠᠨ᠂ ᠭᠠᠷᠤᠯᠲᠠ ᠶᠢᠨ ᠭᠠᠵᠠᠷ ᠠᠴᠠ | ᠬᠤᠭᠤᠯᠠᠨ ᠤ ᠰᠢᠷᠡᠭᠡ ᠬᠦᠷᠳᠡᠯᠡᠬᠢ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ ︽ᠢᠳᠡᠬᠦ ᠬᠤᠭᠤᠯᠠ ᠢᠳᠡᠭᠡᠨ ᠤ | ᠠᠮᠤᠷ ᠲᠦᠪᠰᠢᠨ︾ ᠢ ᠪᠠᠲᠤᠯᠠᠨ᠎ᠠ᠃ | ᠬᠤᠶᠠᠷ ᠲᠤ᠂ ᠪᠡᠶᠠᠷ ᠵᠢᠷᠭᠠᠯᠲᠤ ᠬᠤᠲᠠ ᠤᠷᠤᠨ ᠢ ᠪᠠᠶᠢᠭᠤᠯᠬᠤ ᠪᠠᠷ ᠬᠠᠷᠠᠯᠲᠠ ᠪᠤᠯᠭᠠᠨ᠂ ᠦᠢᠯᠡᠴᠢᠯᠡᠭᠡᠨ ᠤ ᠬᠦᠷᠦᠯᠴᠡᠬᠦ ᠦᠭᠡᠢ ᠲᠠᠯ᠎ᠠ ᠶᠢ ᠬᠦᠴᠦᠯᠡᠨ | ᠨᠦᠬᠦᠪᠦᠷᠢᠯᠡᠵᠤ᠂ ᠬᠤᠲᠠ ᠤᠷᠤᠨ ᠢ ᠰᠠᠭᠤᠷᠢᠰᠢᠬᠤ ᠳᠤ ᠨᠡᠩ ᠲᠤᠬᠢᠯᠢᠭ ᠪᠤᠯᠭᠠᠵᠤ᠂ ᠰᠠᠭᠤᠭᠠᠯᠢ ᠠᠷᠠᠳ ᠢ ᠤᠯᠠᠮ ᠰᠡᠳᠬᠢᠯ ᠲᠠᠭᠠᠯᠠᠮᠵᠢᠲᠠᠢ ᠪᠠᠶᠢᠯᠭᠠᠨ᠎ᠠ᠃ | ᠤᠯᠠᠨ ᠲᠦᠮᠡᠨ ᠤ ᠬᠠᠨᠤᠮᠵᠢ ᠶᠢᠨ ᠲᠦᠪᠰᠢᠨ ᠪᠠ ᠵᠤᠯ ᠵᠢᠷᠭᠠᠯ ᠤᠨ ᠮᠡᠳᠡᠷᠡᠮᠵᠢ ᠶᠢ ᠲᠡᠭᠡᠭᠰᠢᠯᠡᠬᠦᠯᠬᠦ ᠪᠠᠷ ᠬᠤᠲᠠ ᠶᠢᠨ ᠠᠵᠢᠯ ᠤᠨ ᠤᠭ ᠰᠠᠨᠠᠭ᠎ᠠ ᠪᠠ ᠡᠴᠦᠰ ᠤᠨ | ᠬᠠᠷᠠᠯᠲᠠ ᠪᠤᠯᠭᠠᠬᠤ ᠶᠢ ᠪᠠᠷᠢᠮᠳᠠᠯᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠦᠯᠦᠭᠡ ᠲᠠᠢ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠨ᠂ | ᠲᠠᠶᠢᠪᠤᠩ ᠠᠵᠤ ᠲᠦᠷᠦᠵᠤ ᠠᠮᠢᠳᠤᠷᠠᠨ ᠰᠠᠭᠤᠷᠢᠰᠢᠬᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ᠎ᠠ᠃ ᠬᠠᠨᠳᠤᠯᠭᠠᠲᠤ ᠴᠢᠨᠠᠷ ᠲᠠᠢ ᠪᠠᠷ ᠪᠠᠷᠢᠴᠠᠭᠠᠯᠠᠵᠤ | ᠪᠡᠯᠡ ᠨᠡᠮᠡᠬᠦ᠂ ᠬᠠᠤᠯᠢ ᠶᠤᠰᠤᠭᠠᠷ ᠰᠢᠢᠳᠪᠦᠷᠢᠯᠡᠬᠦ ᠵᠡᠷᠭᠡ ᠠᠷᠭ᠎ᠠ ᠪᠠᠷᠢᠯ ᠢᠶᠠᠷ᠂ 13 ︽ᠬᠠᠭᠠᠰ ᠲᠤᠳᠠᠭᠤ︾ ᠢᠨᠵᠧᠨᠧᠷᠢᠩ ᠤᠨ ᠪᠠᠶᠢᠭᠤᠯᠤᠯᠤᠲᠠ ᠶᠢ ᠪᠦᠬᠦ ᠲᠠᠯ᠎ᠠ | ᠪᠠᠷ ᠲᠦᠯᠭᠢᠨ ᠠᠬᠢᠭᠤᠯᠵᠤ᠂ ᠵᠢᠯ ᠤᠨ ᠲᠤᠲᠤᠷ᠎ᠠ ᠶᠠ ᠹᠧᠩ ᠱᠦᠢ ᠲᠢᠶᠠᠨ ᠶᠢᠨ ᠰᠢᠦ᠂ ᠱᠧᠩ ᠲᠠᠢ ᠬᠤᠸᠠ ᠹᠦ᠋ ᠵᠡᠷᠭᠡ ᠶᠢᠨ 6 ᠲᠦᠷᠦᠯ ᠵᠦᠢᠯ ᠤᠨ ᠬᠡᠷᠡᠭᠯᠡᠯᠲᠡ | ᠳᠤ ᠤᠷᠤᠬᠤ ᠶᠢ ᠪᠠᠲᠤᠯᠠᠨ᠎ᠠ᠃ 3 ᠦᠨᠳᠦᠷ ᠶᠠᠰᠤ ᠴᠢᠨᠠᠷᠲᠤ ᠰᠠᠭᠤᠭᠠᠯᠢ ᠲᠤᠭᠤᠷᠢᠭ ᠢ ᠡᠬᠢᠯᠡᠬᠦᠯᠦᠨ ᠪᠠᠶᠢᠭᠤᠯᠵᠤ᠂ ᠪᠤᠴᠠᠭᠠᠨ ᠨᠡᠬᠦᠯᠭᠡᠵᠤ ᠲᠤᠬᠢᠨᠠᠭᠤᠯᠬᠤ | ᠦᠯᠡᠳᠡᠭᠳᠡᠯ ᠠᠰᠠᠭᠤᠳᠠᠯ ᠢ ᠨᠢᠭᠡᠲᠦᠯᠲᠠᠢ ᠰᠢᠢᠳᠪᠦᠷᠢᠯᠡᠵᠤ᠂ ᠬᠤᠲᠠ ᠶᠢᠨ ᠠᠷᠠᠳ ᠤᠨ ᠤᠷᠤᠨ ᠰᠠᠭᠤᠴᠠ ᠪᠠᠨ ᠰᠠᠶᠢᠵᠢᠷᠠᠭᠤᠯᠬᠤ ᠴᠢᠨᠠᠷᠲᠠᠢ ᠱᠠᠭᠠᠷᠲᠠᠯᠭ᠎ᠠ ᠶᠢ | ᠬᠠᠩᠭᠠᠨ᠎ᠠ᠃ ᠠᠵᠢᠯ ᠶᠠᠪᠤᠳᠠᠯ ᠬᠦᠢᠴᠡᠳᠬᠡᠬᠦ ᠶᠠᠪᠤᠴᠠ ᠶᠢ ᠴᠤᠮᠬᠠᠳᠬᠠᠵᠤ᠂ ᠲᠦᠷᠦᠯ ᠵᠦᠢᠯ ᠤᠨ ᠭᠠᠷ ᠬᠦᠢᠴᠡᠳᠬᠡᠯ ᠢ ᠪᠦᠷᠢᠨᠰᠢᠬᠦᠯᠦᠨ᠂ ᠵᠢᠯ ᠤᠨ ᠲᠤᠲᠤᠷ᠎ᠠ | 10000 ᠤᠷᠤᠨ ᠰᠠᠭᠤᠴᠠ ᠶᠢᠨ ᠲᠤᠭᠳᠠᠮᠠᠯ ᠬᠦᠷᠦᠩᠬᠡ ᠶᠢᠨ ᠡᠷᠬᠡ ᠶᠢᠨ ᠲᠡᠪᠳᠡᠷ ᠢ ᠬᠦᠢᠴᠡᠳᠬᠡᠵᠤ ᠭᠠᠷᠭᠠᠨ᠎ᠠ᠃ ᠤᠯᠠᠨ ᠲᠦᠮᠡᠨ ᠤ ᠡᠷᠡᠮᠠᠯᠵᠠᠯ ᠲᠠᠢ | ᠤᠶᠠᠯᠳᠤᠭᠤᠯᠤᠨ᠂ 3 ᠵᠢᠯ ᠤᠨ ᠬᠤᠭᠤᠴᠠᠭ᠎ᠠ ᠬᠡᠷᠡᠭᠯᠡᠵᠤ᠂ ᠠᠯᠬᠤᠮ ᠲᠠᠷᠠᠭᠠᠯᠠᠯ ᠢᠶᠠᠷ ᠨᠦᠬᠦᠴᠡᠯ ᠳᠤ ᠨᠡᠶᠢᠴᠡᠭᠰᠡᠨ 41 ᠰᠠᠭᠤᠭᠠᠯᠢ ᠲᠤᠭᠤᠷᠢᠭ ᠤᠨ 860 | ᠰᠠᠭᠤᠷᠢ ᠤᠷᠤᠨ ᠰᠠᠭᠤᠴᠠ ᠶᠢᠨ ᠠᠰᠠᠷ ᠲᠤ ᠴᠠᠬᠢᠯᠭᠠᠨ ᠱᠠᠲᠤ ᠤᠭᠰᠠᠷᠠᠨ᠂ ᠰᠠᠭᠤᠭᠠᠯᠢ ᠲᠤᠭᠤᠷᠢᠭ ᠤᠨ 1650 ᠴᠠᠬᠢᠯᠭᠠᠨ ᠱᠠᠳᠤᠨ ᠳᠤ ᠠᠮᠤᠷ ᠲᠦᠪᠰᠢᠨ ᠢ | ᠬᠠᠮᠠᠭᠠᠯᠠᠬᠤ ᠲᠦᠰᠢᠭᠦᠷ ᠤᠭᠰᠠᠷᠠᠬᠤ ᠪᠤᠯᠤᠨ᠎ᠠ᠃ ᠫᠢᠩ ᠠᠨ ᠰᠠᠭᠤᠭᠠᠯᠢ ᠲᠤᠭᠤᠷᠢᠭ ᠤᠨ ᠬᠤᠶᠢᠨ᠎ᠠ ᠪᠠ ᠮᠠᠰᠢᠨ ᠲᠡᠷᠭᠡᠨ ᠤ ᠬᠤᠲᠠ ᠶᠢᠨ ᠲᠤᠭᠤᠷᠢᠭ ᠤᠨ | ᠲᠤᠯᠠᠭᠠᠨ ᠬᠠᠩᠭᠠᠬᠤ ᠬᠤᠭᠤᠯᠠᠢ ᠶᠢᠨ ᠦᠭᠡᠷᠡᠴᠢᠯᠡᠯᠲᠡ ᠶᠢᠨ ᠢᠨᠵᠧᠨᠧᠷᠢᠩ ᠢ ᠠᠬᠢᠭᠤᠯᠵᠤ᠂ ᠵᠠᠰᠠᠭ ᠵᠡᠭᠡᠯᠢ ᠵᠡᠷᠭᠡ 8 ᠵᠡᠭᠡᠯᠢ ᠲᠤᠭᠤᠷᠢᠭ ᠤᠨ ᠪᠤᠷᠤᠭ᠎ᠠ ᠪᠤᠬᠢᠷ | ᠤᠰᠤᠨ ᠤ ᠬᠤᠭᠤᠯᠠᠢ ᠪᠠ ᠲᠠᠢ ᠺᠠᠩ ᠵᠡᠭᠦᠨ ᠵᠡᠭᠡᠯᠢ᠂ ᠬᠠᠭᠠᠨ ᠵᠡᠬᠡᠯᠢ᠂ ᠪᠤᠯᠪᠠᠰᠤᠨ ᠵᠡᠭᠡᠯᠢ ᠶᠢᠨ 3 ᠤᠰᠤ ᠲᠤᠨᠤᠳᠠᠭ ᠭᠠᠵᠠᠷ ᠤᠨ ᠭᠠᠵᠠᠷ ᠲᠤᠤᠷᠠᠬᠢ ᠬᠤᠭᠤᠯᠠᠢ | ᠶᠢ ᠦᠭᠡᠷᠡᠴᠢᠯᠡᠨ ᠰᠠᠶᠢᠵᠢᠷᠠᠭᠤᠯᠤᠨ᠎ᠠ᠃ 15 ᠰᠠᠭᠤᠷᠢ ᠵᠢᠭᠤᠯᠴᠢᠯᠠᠯ ᠤᠨ ᠮᠠᠶ᠋ᠢᠭ ᠤᠨ ᠨᠡᠶᠢᠲᠠ ᠶᠢᠨ ᠵᠤᠷᠯᠤᠩ ᠢ ᠰᠢᠨ᠎ᠡ ᠪᠠᠷ ᠪᠤᠶᠤ ᠦᠭᠡᠷᠡᠴᠢᠯᠡᠨ ᠪᠠᠶᠢᠭᠤᠯᠵᠤ᠂ | ᠠᠯᠳᠠᠨᠰᠢᠷᠡᠭᠡ ᠪᠠᠯᠭᠠᠰᠤᠨ ᠤ ᠬᠤᠲᠠ ᠶᠢᠨ ᠲᠤᠭᠤᠷᠢᠭ ᠤᠨ ᠲᠦᠪ ᠤᠨ ᠬᠠᠭᠤᠴᠢᠨ ᠮᠠᠶ᠋ᠢᠭ ᠤᠨ ᠵᠤᠷᠯᠤᠩ ᠢ ᠪᠦᠷᠢᠮᠰᠤᠨ ᠦᠭᠡᠶᠢᠰᠬᠡᠨ᠎ᠡ᠃ ᠪᠢᠨ ᠬᠠᠢ ᠪᠠᠷᠠᠭᠤᠨ | ᠵᠠᠮ ᠵᠡᠷᠭᠡ 4 ᠵᠤᠷᠪᠤᠰ ︽ᠲᠠᠰᠤᠷᠬᠠᠢ ᠵᠠᠮ︾ ᠢ ᠨᠡᠪᠲᠡᠷᠡᠭᠦᠯᠦᠨ ᠵᠠᠯᠭᠠᠵᠤ᠂ ᠬᠦᠮᠦᠨ ᠤ ᠤᠷᠤᠰᠬᠠᠯ ᠢᠶᠠᠷ ᠶᠡᠭᠡ ᠵᠠᠮ ᠱᠤᠭᠤᠮ ᠢᠶᠠᠷ ᠵᠡᠭᠡᠯᠢ ᠬᠡᠳᠦᠯᠬᠦ ᠬᠦᠬᠦᠷᠭᠡ | ᠲᠦᠯᠦᠪᠯᠡᠨ ᠪᠠᠶᠢᠭᠤᠯᠵᠤ᠂ ᠤᠯᠡᠨ ᠲᠦᠮᠡᠨ ᠤ ᠭᠠᠳᠠᠭᠰᠢ ᠶᠠᠪᠤᠬᠤ ᠳᠤᠨᠢ ᠲᠦᠭᠦᠮ ᠦᠵᠡᠭᠦᠯᠵᠤ᠂ ᠠᠮᠤᠷ ᠲᠦᠪᠰᠢᠨ ᠢ ᠪᠠᠳᠤᠯᠠᠨ᠎ᠠ᠃ ᠠᠷᠠᠳ ᠤᠨ ᠠᠮᠢᠳᠤᠷᠠᠯ ᠤᠨ | ᠠᠰᠠᠭᠤᠳᠠᠯ ᠪᠠ ᠴᠢᠳᠠᠮᠵᠢ ᠶᠢᠨ ᠴᠢᠨᠠᠷᠲᠠᠢ ᠠᠰᠠᠭᠤᠳᠠᠯ ᠢ ᠲᠡᠷᠢᠭᠦᠯᠡᠨ ᠰᠢᠢᠳᠪᠦᠷᠢᠯᠡᠬᠦ ᠵᠠᠷᠴᠢᠮ ᠢᠶᠠᠷ᠂ ᠱᠦᠢ ᠠᠨ ᠰᠢᠨ᠎ᠡ ᠬᠤᠲᠠ ᠶᠢᠨ ᠰᠠᠭᠤᠭᠠᠯᠢ ᠲᠤᠭᠤᠷᠢᠭ | ᠤᠨ 17 ᠦᠯᠡᠳᠡᠭᠳᠡᠯ ᠲᠦᠷᠦᠯ ᠵᠦᠢᠯ ᠪᠠ ᠶᠠᠰᠤ ᠴᠢᠨᠠᠷ ᠢ ᠲᠡᠭᠡᠭᠰᠢᠯᠡᠬᠦᠯᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠪᠤᠯᠪᠠᠰᠤᠨ ᠵᠡᠭᠦᠨ ᠵᠡᠭᠡᠯᠢ᠂ | ᠪᠢᠨ ᠾᠧ ᠶᠡᠭᠡ ᠵᠠᠮ ᠵᠡᠷᠭᠡ 9 ᠵᠤᠷᠪᠤᠰ ᠭᠤᠤᠯ ᠵᠠᠮ ᠪᠠ ᠴᠢᠬᠤᠯᠠ ᠦᠵᠡᠮᠵᠢ ᠶᠢᠨ ᠦᠢᠯᠡᠳᠦᠯ ᠢ ᠬᠦᠴᠦᠯᠡᠨ ᠲᠡᠭᠡᠭᠰᠢᠯᠡᠭᠦᠯᠵᠤ᠂ ᠱᠦᠢ ᠠᠨ ᠰᠢᠨ᠎ᠡ ᠬᠤᠲᠠ ᠶᠢᠨ | ᠭᠤᠤᠯ ᠴᠡᠴᠡᠷᠯᠢᠭ ᠪᠠ ᠪᠢᠨ ᠬᠠᠢ ᠪᠠᠷᠠᠭᠤᠨ ᠵᠠᠮ ᠳ᠋ᠦᠩᠱᠧᠩ ᠠᠴᠠ ᠦᠬᠠᠢ ᠬᠦᠷᠬᠦ ᠲᠡᠮᠦᠷ ᠵᠠᠮ ᠤᠨ ᠲᠤᠤᠭᠤᠷ ᠨᠡᠪᠳᠡᠷᠡᠬᠦ ᠬᠤᠲᠠ ᠶᠢᠨ ᠵᠠᠮ ᠱᠤᠭᠤᠮ ᠤᠨ | ᠢᠨᠵᠧᠨᠧᠷᠢᠩ ᠢ ᠠᠬᠢᠭᠤᠯᠤᠨ ᠬᠡᠷᠡᠭᠵᠢᠬᠦᠯᠦᠨ᠎ᠡ᠃ ᠤᠯᠠᠭᠠᠨᠮᠦ᠋ᠷᠡᠨ ᠭᠤᠤᠯ ᠤᠨ ᠭᠤᠷᠪᠠᠳᠤᠭᠠᠷ ᠬᠦᠬᠦᠷᠭᠡ ᠶᠢᠨ ᠪᠠᠶᠢᠭᠤᠯᠤᠯᠲᠠ ᠶᠢ ᠪᠦᠬᠦ ᠬᠦᠴᠣ ᠪᠠᠷ ᠲᠡᠮᠵᠢᠨ | ᠠᠬᠢᠭᠤᠯᠵᠤ᠂ ᠱᠦᠢ ᠠᠨ ᠰᠢᠨ᠎ᠡ ᠬᠤᠲᠠ ᠪᠤᠯᠤᠨ ᠬᠢᠶ᠎ᠡ ᠪᠠᠭᠰᠢ ᠲᠤᠭᠤᠷᠢᠭ ᠢ ᠤᠶᠢᠷᠠᠳᠠᠭᠤᠯᠤᠨ᠂ ᠬᠤᠲᠠ ᠶᠢᠨ ᠲᠤᠭᠤᠷᠢᠭ ᠤᠨ ᠲᠦᠪ ᠤᠨ ᠨᠢᠭᠡ ᠴᠤᠭᠴᠠᠵᠢᠬᠤ | ᠬᠦᠭᠵᠢᠯᠲᠠ ᠲᠠᠢ ᠨᠢᠭᠡᠳᠦᠭᠦᠯᠦᠨ᠎ᠡ᠃ ᠱᠦᠢ ᠠᠨ ᠰᠢᠨ᠎ᠡ ᠬᠤᠲᠠ ᠶᠢ ᠤᠷᠳᠤᠰ ᠤᠨ ᠬᠤᠲᠠ ᠶᠢᠨ ᠲᠤᠭᠤᠷᠢᠭ ᠤᠨ ᠲᠦᠪ ᠤᠨ ᠪᠠᠶᠢᠭᠤᠯᠤᠯᠲᠠ ᠶᠢᠨ ᠰᠢᠨ᠎ᠡ | ᠲᠡᠮᠳᠡᠭ᠂ ᠵᠠᠰᠠᠯᠲᠠ ᠴᠡᠭᠴᠡᠯᠡᠯᠲᠡ ᠶᠢᠨ ᠰᠢᠨ᠎ᠡ ᠦᠯᠢᠭᠡᠷ ᠲᠠᠭᠤᠷᠢᠶᠠᠯ ᠪᠤᠯᠭᠠᠨ ᠪᠠᠶᠢᠭᠤᠯᠤᠨ᠎ᠠ᠃ | ᠭᠤᠷᠪᠠ ᠳᠤ᠂ ᠨᠠᠮᠵᠢᠭᠤᠨ ᠬᠤᠲᠠ ᠤᠷᠤᠨ ᠢ ᠪᠠᠶᠢᠭᠤᠯᠬᠤ ᠪᠠᠷ ᠬᠠᠷᠠᠯᠲᠠ ᠪᠤᠯᠭᠠᠨ᠂ ᠨᠠᠷᠢᠯᠢᠭᠵᠢᠭᠤᠨ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ | ᠬᠤᠲᠠ ᠤᠷᠤᠨ ᠢ ᠨᠡᠩ ᠪᠤᠯᠪᠠᠰᠤᠨ᠂ ᠨᠡᠶᠢᠬᠡᠮ ᠢ ᠨᠡᠩ ᠡᠩ ᠵᠤᠬᠢᠴᠠᠯ ᠲᠠᠢ ᠪᠤᠯᠭᠠᠨ᠎ᠠ᠃ ᠤᠶᠤᠨᠴᠢ ᠬᠤᠲᠠ ᠶᠢᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠵᠤ᠂ | ᠬᠤᠲᠠ ᠶᠢᠨ ᠲᠤᠮᠤ ᠳ᠋ᠡᠶᠢᠲ᠋ᠠ ᠶᠢᠨ ᠲᠦᠪ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠶᠢ ᠡᠬᠢᠯᠡᠭᠦᠯᠦᠨ ᠬᠡᠷᠡᠭᠵᠢᠭᠦᠯᠵᠤ᠂ ᠬᠤᠲᠠ ᠶᠢᠨ | ᠤᠶᠤᠨᠴᠢᠯᠠᠭᠰᠠᠨ ᠬᠠᠮᠢᠶᠠᠷᠤᠯᠲᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ︽ᠬᠤᠳᠠ ᠶᠢᠨ ᠬᠠᠮᠢᠶᠠᠷᠤᠯᠳᠠ ᠶᠢᠨ ᠠᠵᠢᠯ ᠤᠨ ᠬᠦᠳᠦᠯᠪᠦᠷᠢ︾ ︽ᠬᠤᠳᠠ | ᠶᠢᠨ ᠶᠠᠪᠤᠳᠠᠯ ᠤᠨ ᠢᠨᠵᠧᠨᠧᠷᠢᠩ ᠢ ᠬᠡᠷᠡᠭᠵᠢᠬᠦᠯᠬᠦ ᠬᠦᠳᠦᠯᠪᠦᠷᠢ︾ ᠵᠡᠷᠬᠡ ᠨᠠᠷᠢᠯᠢᠭᠵᠢᠭᠰᠠᠨ ᠬᠠᠮᠢᠶᠠᠷᠤᠯᠳᠠ ᠶᠢᠨ ᠲᠤᠭᠳᠠᠭᠠᠯ᠂ ᠲᠤᠭᠳᠠᠭᠠᠨ ᠭᠠᠷᠭᠠᠵᠤ᠂ | ᠴᠡᠴᠡᠷᠯᠢᠭᠵᠢᠬᠦᠯᠬᠡ᠂ ᠬᠤᠳᠠ ᠶᠢᠨ ᠶᠠᠪᠤᠳᠠᠯ᠂ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠰᠦᠯᠵᠢᠶᠡᠵᠢᠭᠰᠡᠨ ᠬᠠᠮᠢᠶᠠᠷᠤᠯᠳᠠ ᠶᠢᠨ ᠲᠤᠭᠳᠠᠯᠴᠠᠭ᠎ᠠ ᠶᠢ | ᠢᠵᠢᠮ ᠠᠯᠬᠤᠮ ᠢᠶᠠᠷ ᠠᠬᠢᠭᠤᠯᠵᠤ᠂ ᠦᠨᠳᠦᠷ ᠪᠦᠳᠦᠮᠵᠢᠳᠠᠢ ᠠᠷᠠᠳ ᠲᠤ ᠲᠦᠬᠦᠮ ᠦᠵᠡᠬᠦᠯᠬᠦ ᠬᠤᠳᠠ ᠶᠢᠨ ᠬᠠᠮᠢᠶ᠋ᠷᠠᠷᠤᠯᠳᠠ ᠶᠢᠨ ᠲᠤᠭᠳᠠᠯᠴᠠᠭ᠎ᠠ ᠶᠢ | ᠪᠠᠶᠢᠭᠤᠯᠤᠨ᠎ᠠ᠃ ᠠᠳᠠᠯ ᠠᠬᠤᠢ ᠶᠢᠨ ᠠᠵᠤ ᠠᠬᠤᠶᠢᠯᠠᠯ ᠤᠨ ᠬᠠᠮᠢᠶᠠᠷᠤᠯᠳᠠ ᠶᠢ ᠲᠦᠷᠢᠮᠵᠢᠬᠦᠯᠵᠦ᠂ ᠬᠢᠨᠠᠨ ᠰᠢᠯᠭᠠᠷᠠᠭᠤᠯᠵᠤ ᠦᠨᠡᠯᠡᠯᠳᠡ ᠬᠢᠬᠦ ᠪᠠ ᠵᠠᠬ᠎ᠠ | ᠲᠡᠯᠬᠡᠬᠦᠷᠵᠢᠯᠳᠡ ᠶᠢᠨ ᠰᠢᠯᠢᠭᠳᠡᠯ ᠤᠨ ᠲᠤᠭᠳᠠᠯᠴᠠᠭ᠎ᠠ ᠶᠢ ᠪᠦᠷᠢᠨᠰᠢᠬᠦᠯᠵᠦ᠂ ᠵᠤᠷᠢᠭᠤᠳᠠ ᠪᠠᠷ ᠠᠳᠠᠯ ᠠᠬᠤᠢ ᠶᠢᠨ ᠰᠦᠢᠳᠬᠡᠯ ᠢ ᠦᠷᠢᠳᠦᠬᠦ ᠪᠠ ᠲᠤᠰᠢᠶᠠᠬᠤ ᠦᠬᠡᠢ | ᠂ ᠤᠷᠤᠨ ᠰᠠᠭᠤᠴᠠ ᠶᠢᠨ ᠲᠤᠰᠬᠠᠢ ᠲᠦᠷᠦᠯ ᠤᠨ ᠰᠡᠯᠪᠢᠨ ᠵᠠᠰᠠᠬᠤ ᠪᠡᠯᠡ ᠮᠦᠩᠭᠦ ᠵᠡᠷᠬᠡ ᠠᠵᠢᠯᠯᠠᠭ᠎ᠠ ᠶᠢᠨ ᠵᠠᠯᠬᠠᠭᠠᠨ ᠴᠡᠬᠡᠷᠯᠡᠬᠦᠯᠬᠦ ᠬᠦᠴᠦᠯᠡᠴᠡ ᠶᠢ ᠬᠠᠤᠯᠢ | ᠶᠤᠰᠤᠭᠠᠷ ᠴᠢᠩᠭᠠᠳᠬᠠᠨ᠎ᠠ︔ ᠠᠳᠠᠯ ᠠᠬᠤᠢ ᠶᠢᠨ ᠠᠵᠤ ᠠᠬᠤᠶᠢᠯᠠᠯ ᠬᠤᠯᠪᠤᠭᠠᠯᠠᠬᠤ᠂ ᠲᠠᠬᠢᠨ ᠪᠠᠶᠢᠭᠤᠯᠬᠤ ᠵᠡᠷᠬᠡ ᠬᠡᠯᠪᠡᠷᠢ ᠪᠠᠷ ᠲᠠᠮᠵᠢᠨ ᠲᠦᠷᠢᠮᠵᠢᠭᠰᠡᠨ᠂ ᠨᠡᠷᠡᠳᠦ | ᠲᠡᠮᠳᠡᠭ ᠦᠬᠡᠳᠡ ᠬᠦᠭᠵᠢᠬᠦ ᠶᠢ ᠵᠤᠷᠢᠭᠵᠢᠭᠤᠯᠵᠤ᠂ ᠠᠳᠠᠯ ᠠᠬᠤᠢ ᠶᠢᠨ ᠦᠢᠯᠡᠴᠢᠯᠡᠬᠡᠨ ᠤ ᠲᠦᠷᠢᠮᠵᠢᠭᠰᠡᠨ ᠲᠦᠪᠰᠢᠨ ᠢ ᠲᠡᠬᠡᠭᠰᠢᠯᠡᠬᠦᠯᠦᠨ᠎ᠡ᠃ ︽ᠠᠮᠦᠭᠤᠯᠠᠩ | ᠡᠵᠡᠨ ᠬᠤᠷᠤᠭ᠎ᠠ︾ ᠤᠯᠠᠨ ᠨᠡᠶᠢᠳᠡ ᠶᠢᠨ ᠠᠮᠦᠷ ᠲᠦᠪᠰᠢᠨ ᠤ ᠪᠦᠬᠦ ᠬᠠᠷᠠᠭᠠᠨ ᠲᠠᠪᠳᠠᠮᠵᠢ ᠶᠢᠨ ᠬᠤᠯᠪᠤᠭ᠎ᠠ ᠰᠦᠯᠵᠢᠶ᠎ᠡ ᠶᠢᠨ ᠬᠤᠶᠠᠳᠤᠭᠠᠷ ᠱᠠᠲᠤᠨ ᠤ ᠠᠵᠢᠯ ᠢ | ᠬᠡᠷᠡᠭᠵᠢᠬᠦᠯᠵᠦ᠂ ᠪᠦᠬᠦ ᠲᠠᠯ᠎ᠠ ᠶᠢᠨ᠂ ᠪᠤᠰᠤᠭ᠎ᠠ ᠴᠤᠭᠴᠠᠲᠤ ᠨᠡᠶᠢᠲᠡ ᠶᠢᠨ ᠠᠮᠤᠷ ᠲᠦᠪᠰᠢᠨ ᠤ ᠲᠤᠤᠷ ᠰᠦᠯᠵᠢᠶᠡᠨ ᠤ ᠰᠧᠰᠲ᠋ᠧᠮ ᠢ ᠪᠤᠢ ᠪᠤᠯᠭᠠᠨ᠎ᠠ᠃ ᠪᠤᠯᠪᠠᠰᠤᠨ | ᠬᠤᠳᠠ ᠶᠢ ᠡᠬᠦᠳᠦᠨ ᠪᠠᠶᠢᠭᠤᠯᠬᠤ ᠠᠵᠢᠯᠯᠠᠭ᠎ᠠ ᠶᠢ ᠪᠠᠳᠤᠳᠠᠢ ᠦᠷᠨᠢᠬᠦᠯᠵᠦ᠂ ᠪᠤᠯᠪᠠᠰᠤᠨ ᠨᠢᠬᠡᠴᠡ᠂ ᠪᠤᠯᠪᠠᠰᠤᠨ ᠬᠡᠷ ᠪᠦᠯᠢ᠂ ᠪᠤᠯᠪᠠᠰᠤᠨ ᠰᠤᠷᠭᠠᠭᠤᠯᠢ ᠶᠢ | ᠡᠬᠦᠳᠦᠨ ᠪᠠᠶᠢᠭᠤᠯᠬᠤ ᠠᠵᠢᠯ ᠢ ᠲᠦᠯᠦᠪᠵᠢᠬᠦᠯᠦᠨ ᠠᠳᠬᠤᠵᠤ᠂ ᠰᠠᠶᠢᠨ ᠲᠤᠷᠠᠴᠢᠳ ᠤᠨ ᠬᠦᠨᠳᠦᠳᠬᠡᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠪᠠᠷ | ᠨᠠᠶᠢᠳᠠᠪᠤᠷᠢᠵᠢᠭᠤᠯᠵᠤ᠂ ︽ᠰᠠᠶᠢᠨ ᠠᠨᠳᠠ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠦᠷᠬᠡᠨ ᠢᠶᠠᠷ ᠦᠷᠨᠢᠬᠦᠯᠵᠦ᠂ ᠨᠡᠶᠢᠬᠡᠮ ᠤᠨ ᠵᠤᠬᠢᠶᠠᠨ | ᠪᠠᠶᠢᠭᠤᠯᠤᠯᠳᠠ᠂ ᠬᠤᠳᠠ ᠶᠢᠨ ᠰᠠᠭᠤᠭᠠᠯᠢ ᠠᠷᠠᠳ ᠪᠠ ᠰᠠᠶᠢᠨ ᠲᠤᠷ᠎ᠠ ᠶᠢᠨ ᠦᠢᠯᠡᠴᠢᠯᠡᠭᠴᠢᠳ ᠢ ᠬᠤᠳᠠ ᠶᠢᠨ ᠬᠠᠮᠢᠶᠠᠷᠤᠯᠳᠠ ᠳᠤ ᠤᠷᠤᠯᠴᠠᠬᠤ ᠶᠢ ᠲᠠᠶᠢᠴᠢᠯᠠᠨ᠂ | ᠬᠤᠳᠠ ᠶᠢᠨ ᠪᠤᠯᠪᠠᠰᠤᠨ ᠤ ᠬᠡᠪ ᠲᠦᠷᠢ ᠶᠢ ᠲᠡᠬᠡᠭᠰᠢᠯᠡᠬᠦᠯᠦᠨ᠎ᠡ᠃ | ︵ᠲᠠᠪᠤ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠬᠦᠨᠵᠡᠬᠡᠢ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠭᠵᠢᠯᠳᠡ ᠶᠢᠨ | ᠲᠦᠪᠰᠢᠨ ᠢ ᠬᠦᠴᠦᠯᠡᠨ ᠲᠡᠬᠡᠭᠰᠢᠯᠡᠬᠦᠯᠦᠨ᠎ᠡ᠃ | ᠨᠢᠬᠡ ᠳᠤ᠂ ᠠᠵᠤ ᠦᠢᠯᠡᠰ ᠢᠶᠠᠷ ᠲᠤᠯᠭᠠᠭᠤᠷᠢᠯᠠᠬᠤ ᠲᠦᠪᠰᠢᠨ ᠢ ᠶᠡᠬᠡᠪᠡᠷ ᠲᠡᠬᠡᠭᠰᠢᠯᠡᠬᠦᠯᠦᠨ᠎ᠡ᠃ 1 ᠳ᠋ᠦᠩᠰᠢᠭᠤᠷ ᠲᠦᠬᠦᠷᠢᠭ ᠤᠨ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠲᠠᠭᠠᠭᠤᠯᠬᠤ ᠪᠡᠯᠡ ᠮᠦᠩᠭᠦ ᠶᠢ ᠪᠠᠶᠢᠭᠤᠯᠵᠤ᠂ ᠡᠯ᠎ᠡ ᠪᠠᠯᠭᠠᠰᠤᠨ ᠤ ᠲᠤᠬᠠᠢ ᠶᠢᠨ ᠭᠠᠵᠠᠷ ᠲᠤᠨᠢ ᠲᠤᠬᠢᠷᠠᠭᠰᠠᠨ ᠭᠦᠭᠵᠢᠯᠳᠡ ᠶᠢ | ᠲᠡᠮᠵᠢᠵᠦ ᠲᠤᠰᠬᠤᠨ ᠤ ᠬᠠᠮᠳᠤ ᠶᠢᠨ ᠠᠵᠤ ᠠᠬᠤᠢ᠂ ᠲᠤᠯᠤᠭᠠᠶᠢᠯᠠᠭᠴᠢ ᠠᠵᠤ ᠠᠬᠤᠶᠢᠯᠠᠯ ᠪᠠ ᠲᠠᠪᠠᠭᠤᠯᠢᠭ ᠤᠨᠴᠠᠯᠢᠭᠳᠤ ᠠᠵᠤ ᠦᠢᠯᠡᠰ ᠢ ᠭᠦᠭᠵᠢᠬᠦᠯᠦᠨ᠎ᠡ᠃ | ᠠᠭᠤᠷ ᠠᠮᠢᠰᠬᠤᠯ ᠴᠡᠪᠡᠷᠬᠡᠨ᠂ ᠤᠰᠤ ᠬᠦᠷᠦᠰᠦ ᠰᠢᠷᠤᠢ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠬᠤᠨᠢᠴᠢᠨ ᠭᠤᠤᠯ ᠤᠨ ᠢᠳᠡᠰᠢᠨ ᠨᠤᠭᠤᠭ᠎ᠠ᠂ | ᠮᠧᠩ ᠲᠠᠢ ᠶᠢᠨ ᠡᠯᠵᠢᠬᠡ᠂ ᠳ᠋ᠧ ᠱᠧᠩ ᠤᠨ ᠠᠯᠠᠰᠢᠨ ᠦᠬᠡᠷ ᠵᠡᠷᠬᠡ ᠤᠨᠴᠠᠯᠢᠭᠳᠤ ᠲᠦᠷᠦᠯ ᠵᠦᠢᠯ ᠢ ᠲᠡᠮᠵᠢᠬᠦ ᠬᠦᠴᠦᠯᠡᠴᠨ ᠪᠠᠨ ᠴᠢᠩᠭᠠᠳᠬᠠᠵᠤ᠂ ᠤᠳᠤ ᠦᠶ᠎ᠡ | ᠶᠢᠨ ᠲᠠᠷᠢᠶᠠᠯᠠᠩ ᠮᠠᠯ ᠠᠵᠤ ᠠᠬᠤᠢ ᠠᠴᠠ ᠪᠤᠬᠢᠷᠳᠤᠯ ᠦᠬᠡᠢ᠂ ᠨᠠᠷᠢᠯᠢᠭᠵᠢᠭᠰᠠᠨ᠂ ᠨᠡᠷᠡᠳᠦ ᠲᠡᠮᠳᠡᠭᠳᠦ ᠲᠡᠰᠢ ᠵᠦᠭ ᠬᠦᠭᠵᠢᠬᠦ ᠶᠢ ᠠᠬᠢᠭᠤᠯᠤᠨ᠎ᠠ᠃ ᠰᠤᠪᠤᠷᠭ᠎ᠠ | ᠪᠠᠯᠭᠠᠰᠤ ᠬᠢᠬᠡᠳ ᠤᠷᠳᠤᠰ ᠨᠤᠤᠯᠤᠷ ᠤᠨ ᠪᠦᠯᠦᠭᠯᠡᠯ ᠲᠠᠢ ᠬᠤᠷᠰᠢᠨ ᠬᠠᠮᠳᠤ ᠪᠠᠶᠢᠭᠤᠯᠤᠭᠰᠠᠨ ︽ᠮᠡᠩᠬᠡ︾ ᠶᠢᠨ ᠨᠤᠤᠯᠤᠷ ᠤᠨ ᠴᠠᠭᠠᠨ ᠢᠮᠠᠭᠠᠨ ᠤ ᠲᠡᠵᠢᠬᠡᠨ | ᠦᠷᠡᠵᠢᠬᠦᠯᠬᠦ ᠰᠠᠭᠤᠷᠢᠨ ᠭᠠᠵᠠᠷ ᠢ ᠲᠡᠮᠵᠢᠵᠦ᠂ ︽ᠮᠡᠩᠬᠡ︾ ᠶᠢᠨ ᠨᠤᠤᠯᠤᠷ ᠤᠨ ᠴᠠᠭᠠᠨ ᠢᠮᠠᠭᠠᠨ ᠤ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ | ᠤᠷᠳᠤᠰ ᠤᠨ ᠨᠤᠤᠯᠤᠷ ᠤᠨ ᠪᠦᠯᠦᠭᠯᠡᠯ ᠤᠨ ᠨᠤᠤᠯᠤᠷ ᠬᠠᠩᠭᠠᠬᠤ ᠰᠠᠭᠤᠷᠢᠨ ᠭᠠᠵᠠᠷ ᠢ ᠴᠤᠭᠴᠠᠯᠠᠨ᠎ᠡ᠃ ᠮᠠᠯ ᠠᠵᠤ ᠠᠬᠤᠢ ᠶᠢᠨ ᠡᠵᠡᠩᠨᠡᠯᠳᠡ ᠶᠢᠨ ᠬᠡᠯᠪᠡᠷᠢ ᠮᠠᠶ᠋ᠢᠭ | ᠢ ᠰᠢᠨᠡᠴᠢᠯᠡᠵᠦ᠂ ᠠᠯᠢᠮ᠎ᠡ ᠵᠢᠮᠢᠰ ᠢᠳᠡᠰᠢᠨ ᠨᠤᠭᠤᠭ᠎ᠠ ᠲᠡᠬᠦᠬᠦ᠂ ᠭᠠᠵᠠᠷ ᠰᠢᠷᠤᠢ ᠲᠠᠭᠠᠭᠠᠴᠢᠯᠠᠭᠤᠯᠬᠤ᠂ ᠠᠷᠠᠳ ᠤᠨ ᠤᠷᠤᠨ ᠰᠠᠭᠤᠴᠠ ᠶᠢᠨ ᠠᠵᠤ ᠠᠬᠤᠢ ᠵᠡᠷᠬᠡ | ᠲᠠᠷᠢᠶᠠᠯᠠᠩ ᠮᠠᠯ ᠠᠵᠤ ᠠᠬᠤᠢ ᠰᠢᠨ᠎ᠡ ᠬᠠᠨᠳᠤᠰᠢ ᠶᠢᠨ ᠭᠦᠭᠵᠢᠯᠳᠡ ᠶᠢ ᠢᠳᠡᠪᠬᠢᠳᠠᠢ ᠲᠤᠰᠠᠯᠠᠵᠤ᠂ ᠪᠠᠷᠢᠮᠵᠢᠶᠠᠵᠢᠭᠰᠠᠨ ᠬᠡᠷ ᠪᠦᠯᠢ ᠶᠢᠨ ᠲᠠᠷᠢᠶᠠᠨ ᠭᠠᠵᠠᠷ᠂ | ᠲᠤᠰᠬᠠᠢ ᠡᠷᠦᠬᠡ᠂ ᠬᠤᠷᠰᠢᠶᠠᠵᠢᠯ ᠢ 30 ᠠᠴᠠ ᠲᠡᠬᠡᠭᠰᠢ ᠰᠢᠨ᠎ᠡ ᠪᠠᠷ ᠪᠠᠶᠢᠭᠤᠯᠤᠨ᠎ᠠ᠃ ᠬᠠᠰᠢᠶᠠᠳᠤ᠂ ᠢ ᠹᠧᠩ ᠵᠠᠢ ᠵᠡᠷᠬᠡ ᠲᠠᠷᠢᠶᠠᠯᠠᠩ ᠤᠨ ᠬᠦᠷᠢᠶᠡᠯᠡᠩ ᠤᠨ | ᠶᠡᠷᠦᠩᠬᠡᠢ ᠴᠤᠭᠴᠠ ᠶᠢᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠤ᠂ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠤᠨ ᠬᠦᠷᠢᠶᠡᠯᠡᠩ ᠤᠨ ᠶᠡᠷᠦᠩᠬᠡᠢ ᠴᠤᠭᠴᠠ | ᠪᠠᠶᠢᠭᠤᠯᠤᠯᠳᠠ ᠶᠢᠨ ᠲᠤᠷᠰᠢᠯᠳᠠ ᠶᠢᠨ ᠴᠢᠭ ᠢ ᠴᠤᠭᠴᠠᠯᠠᠨ᠎ᠠ᠃ ︽ᠬᠤᠳᠠ ᠶᠢᠨ ᠠᠵᠤ ᠠᠬᠤᠢ︾ ︽ᠦᠢᠯᠡᠳᠪᠦᠷᠢ ᠠᠭᠤᠷᠬᠠᠢ ᠶᠢᠨ ᠠᠵᠤ ᠠᠬᠤᠢ︾ ᠶᠢᠨ | ᠲᠤᠭᠤᠷᠢᠨ ᠳᠤ᠂ ᠪᠡᠯᠡ ᠮᠦᠩᠭᠦ ᠪᠠᠷ ᠲᠠᠶᠢᠴᠢᠯᠠᠬᠤ᠂ ᠬᠦᠬᠢᠬᠦᠯᠬᠡ ᠪᠠᠷ ᠪᠡᠯᠡ ᠤᠷᠤᠭᠤᠯᠬᠤ ᠶᠢ ᠤᠷᠤᠯᠠᠬᠤ ᠵᠡᠷᠬᠡ ᠬᠡᠯᠪᠡᠷᠢ ᠪᠠᠷ ᠲᠠᠮᠵᠢᠨ᠂ ᠲᠠᠷᠢᠶᠠᠯᠠᠩ ᠮᠠᠯ ᠠᠵᠤ | ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠤᠨ ᠵᠠᠬᠢᠶᠠᠯᠠᠭ᠎ᠠ ᠬᠤᠳᠠᠯᠳᠤᠨ ᠠᠪᠬᠤ᠂ ᠲᠤᠬᠠᠢ ᠶᠢᠨ ᠭᠠᠵᠠᠷ ᠤᠨ ᠲᠡᠷᠢᠶᠠᠯᠠᠩ ᠤᠨ ᠪᠦᠳᠦᠬᠡᠭᠳᠡᠬᠦᠨ ᠢ | ᠪᠤᠷᠤᠯᠠᠭᠤᠯᠬᠤ ᠶᠢ ᠲᠡᠮᠵᠢᠵᠦ᠂ ᠮᠠᠯᠴᠢᠨ ᠲᠠᠷᠢᠶᠠᠴᠢᠨ ᠤ ᠲᠤᠭᠳᠠᠭᠤᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠵᠤ᠂ 70% ᠠᠴᠠ ᠲᠡᠬᠡᠭᠰᠢ ᠲᠤᠯᠤᠭᠠᠶᠢᠯᠠᠭᠴᠢ ᠠᠵᠤ | ᠠᠬᠤᠶᠢᠯᠠᠯ ᠮᠠᠯᠴᠢᠨ ᠲᠠᠷᠢᠶᠠᠴᠢᠨ ᠲᠠᠢ ᠨᠢᠭᠳᠠᠷᠠᠭᠰᠠᠨ ᠮᠠᠶ᠋ᠢᠭ ᠤᠨ ᠠᠰᠢᠭ ᠲᠤᠰᠠ ᠶᠢᠨ ᠬᠤᠯᠪᠤᠭᠠᠳᠤ ᠲᠤᠭᠳᠠᠯᠴᠠᠭ᠎ᠠ ᠪᠠᠶᠢᠭᠤᠯᠤᠨ᠎ᠠ᠃ ᠭᠠᠵᠠᠷ ᠰᠢᠷᠤᠢ ᠶᠢᠨ | ᠡᠷᠬᠢᠯᠳᠡ ᠵᠡᠷᠬᠡ ᠬᠡᠯᠪᠡᠷᠢ ᠪᠠᠷ ᠭᠠᠵᠠᠷ ᠰᠢᠷᠤᠢ ᠢ ᠨᠢᠬᠡᠳᠬᠡᠵᠦ᠂ ᠲᠡᠷᠢᠵᠦ ᠲᠡᠵᠢᠬᠡᠵᠦ ᠬᠡᠪᠴᠢᠶᠡᠵᠢᠯ ᠢ ᠯᠠᠪᠳᠠᠭᠤᠨ ᠢᠶᠠᠷ ᠦᠷᠬᠡᠳᠬᠡᠵᠦ᠂ ᠵᠢᠯ ᠤᠨ ᠲᠤᠳᠤᠷ᠎ᠠ᠂ | ᠲᠡᠵᠢᠬᠡᠵᠦ ᠪᠠᠶᠢᠭ᠎ᠠ ᠮᠠᠯ ᠤᠨ ᠲᠤᠭ᠎ᠠ ᠶᠢ 50 ᠲᠦᠮᠡ ᠳᠤ ᠬᠦᠷᠬᠡᠵᠦ᠂ ᠪᠤᠬᠢᠷᠳᠤᠯ ᠦᠬᠡᠢ ᠢᠳᠡᠰᠢᠨ ᠨᠤᠭᠤᠭᠠᠨ ᠤ ᠬᠠᠩᠭᠠᠯᠭ᠎ᠠ ᠶᠢᠨ ᠬᠡᠮᠵᠢᠶ᠎ᠡ ᠶᠢ 4000 ᠲᠤᠨ | ᠳᠤ ᠬᠦᠷᠬᠡᠵᠦ᠂ ᠰᠢᠯᠢᠳᠡᠭ ᠨᠤᠳᠤᠭ ᠤᠨ ᠭᠠᠷᠤᠯᠳᠠ ᠪᠤᠬᠢᠷᠳᠤᠯ ᠦᠬᠡᠢ ᠲᠠᠷᠢᠶᠠᠯᠠᠩ ᠤᠨ ᠪᠦᠳᠦᠬᠡᠭᠳᠡᠬᠦᠨ ᠢ ᠠᠶᠢᠯ ᠪᠤᠯᠭᠠᠨ ᠳᠤ ᠬᠦᠷᠬᠡᠨ᠂ ᠭᠤᠤᠯᠯᠠᠬᠤ ᠬᠤᠳᠠ | ᠶᠢᠨ ᠲᠤᠭᠤᠷᠢᠭ ᠪᠠ ᠦᠢᠯᠡᠳᠪᠦᠷᠢ ᠠᠭᠤᠷᠬᠠᠢ ᠶᠢᠨ ᠲᠤᠭᠤᠷᠢᠭ ᠤᠨ ︽ᠢᠳᠡᠰᠢ ᠨᠤᠭᠤᠭᠠᠨ︾ ᠤ ᠰᠠᠭᠤᠷᠢᠨ ᠭᠠᠵᠠᠷ ᠢ ᠴᠤᠭᠴᠠᠯᠠᠨ᠎ᠠ᠃ | ᠬᠤᠶᠠᠷ ᠲᠤ᠂ ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠬᠤ ᠤᠷᠴᠢᠨ ᠤ ᠤᠷᠴᠢᠨ ᠲᠤᠭᠤᠷᠢᠨ ᠢ ᠲᠦᠪᠯᠡᠷᠡᠭᠦᠯᠦᠨ ᠵᠠᠰᠠᠨ᠎ᠠ᠃ ᠵᠧᠵᠢᠶᠠᠩ ᠤᠨ ︽ | ᠮᠢᠩᠭᠠᠨ ᠲᠤᠰᠬᠤᠨ ᠲᠠᠭᠤᠷᠢᠶᠠᠯ ᠦᠵᠡᠭᠦᠯᠵᠤ᠂ ᠲᠦᠮᠡᠨ ᠲᠤᠰᠬᠤᠨ ᠢ ᠦᠭᠡᠷᠡᠴᠢᠯᠡᠨ ᠵᠠᠰᠠᠬᠤ︾ ᠢᠨᠵᠧᠨᠧᠷᠢᠭ ᠤᠨ ᠲᠤᠷᠰᠢᠯᠭ᠎ᠠ ᠶᠢ ᠰᠤᠷᠤᠯᠴᠠᠨ ᠲᠤᠯᠢ ᠪᠤᠯᠭᠠᠵᠤ | ᠂ ︽ᠭᠤᠷᠪᠠ ᠶᠢ ᠴᠡᠪᠡᠷᠯᠡᠨ᠂ ᠨᠢᠭᠡ ᠶᠢ ᠦᠭᠡᠷᠡᠴᠢᠯᠡᠭᠦ︾ ᠱᠠᠭᠠᠷᠳᠠᠯᠭ᠎ᠠ ᠶᠢ ᠦᠨᠲᠦᠰᠦᠯᠡᠨ᠂ ᠪᠦᠬᠦ ᠬᠡᠪᠴᠢᠶ᠎ᠡ ᠪᠠᠷ ᠲᠠᠷᠢᠶᠠᠯᠠᠬᠤ ᠮᠠᠯᠵᠢᠬᠤ ᠤᠷᠤᠨ ᠤ ᠰᠠᠭᠤᠬᠤ | ᠤᠷᠴᠢᠨ ᠤ ᠤᠷᠴᠢᠨ ᠲᠤᠭᠤᠷᠢᠨ ᠢ ᠵᠠᠰᠠᠵᠤ᠂ ᠪᠦᠬᠦ ᠤᠷᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠤᠰᠬᠤᠨ︾ ᠤ ᠲᠠᠭᠤᠷᠢᠶᠠᠯ ᠬᠤᠰᠢᠭᠤ ᠪᠤᠯᠬᠤ | ᠪᠠᠷ ᠪᠦᠲᠦᠭᠡᠨ ᠪᠠᠶᠢᠭᠤᠯᠤᠨ᠎ᠠ᠃ ᠡᠷᠡᠰ ᠴᠢᠩᠭ᠎ᠠ ᠪᠠᠷ ᠬᠦᠳᠡᠭᠡ ᠲᠤᠰᠬᠤᠨ ᠮᠠᠯᠵᠢᠬᠤ ᠤᠷᠤᠨ ᠤ ᠵᠠᠮ ᠲᠠᠭᠤ ᠶᠢᠨ᠂ ᠭᠡᠷ ᠤᠨ ᠡᠮᠦᠨ᠎ᠡ ᠬᠤᠶᠢᠨ᠎ᠠ᠂ ᠤᠰᠤᠨ ᠤ | ᠬᠦᠪᠡᠭᠡ ᠲᠠᠷᠢᠶᠠᠨ ᠵᠠᠬ᠎ᠠ ᠶᠢᠨ ᠬᠤᠷᠠᠵᠤ ᠪᠦᠭᠡᠮᠨᠡᠷᠡᠭᠰᠡᠨ ᠬᠤᠭ ᠯᠤᠪᠰᠢ ᠶᠢ ᠴᠡᠪᠡᠷᠯᠡᠨ ᠠᠷᠢᠯᠭᠠᠵᠤ᠂ ︽ᠡᠷᠦᠬᠡ ᠭᠡᠷ ᠴᠡᠪᠡᠷᠯᠡᠵᠤ᠂ ᠲᠤᠰᠬᠤᠨ ᠰᠢᠯᠵᠢᠬᠦᠯᠦᠨ | ᠭᠠᠷᠭᠠᠬᠤ᠂ ᠪᠠᠯᠭᠠᠰᠤ ᠪᠤᠯᠠᠵᠤ᠂ ᠬᠤᠰᠢᠭᠤ ᠰᠡᠶᠢᠳᠪᠤᠷᠢᠯᠡᠭᠦ︾ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨ ᠲᠡᠭᠦᠯᠳᠡᠷᠵᠢᠬᠦᠯᠵᠤ ᠤᠯᠠᠭᠠᠨᠮᠦ᠋ᠷᠡᠨ ᠪᠠᠯᠭᠠᠰᠤ | ᠪᠤᠯᠤᠨ ᠵᠠᠰᠠᠭ ᠪᠠᠯᠭᠠᠰᠤᠨ ᠤ ᠬᠤᠭ ᠯᠤᠪᠰᠢ ᠶᠢ ᠪᠤᠭᠢᠷᠲᠤᠯ ᠦᠭᠡᠢ ᠪᠠᠷ ᠰᠡᠶᠢᠳᠪᠤᠷᠢᠯᠡᠭᠦ ᠲᠠᠯᠠᠪᠠᠢ ᠶᠢ ᠪᠦᠲᠦᠭᠡᠨ ᠪᠠᠶᠢᠭᠤᠯᠵᠤ᠂ ᠵᠠᠰᠠᠭ ᠵᠠᠭᠢᠷᠭᠠᠨ ᠤ ᠲᠤᠰᠬᠤᠨ ᠤ | ᠬᠤᠭ ᠯᠤᠪᠰᠢ ᠶᠢ ᠰᠡᠶᠢᠳᠪᠤᠷᠢᠯᠡᠭᠦ ᠰᠧᠰᠲ᠋ᠧᠮ ᠤᠨ ᠪᠦᠷᠭᠦᠴᠡ ᠶᠢ90% ᠳᠤ ᠬᠦᠷᠭᠡᠨ᠎ᠡ᠃ ᠡᠷᠡᠰ ᠴᠢᠩᠭ᠎ᠠ ᠪᠠᠷ ᠭᠠᠴᠠᠭ᠎ᠠ ᠲᠤᠰᠬᠤᠨ ᠤ ᠬᠤᠷᠠᠮᠠᠯ ᠪᠤᠬᠢᠷ ᠤᠰᠤ | ᠶᠢ ᠴᠡᠪᠡᠷᠯᠡᠨ ᠠᠷᠢᠯᠭᠠᠵᠤ᠂ ᠪᠠᠯᠭᠠᠰᠤ ᠲᠤᠰᠬᠤᠨ ᠤ ᠤᠲᠤ ᠶᠢᠨ ᠪᠠᠶᠢᠭ᠎ᠠ ᠪᠤᠬᠢᠷ ᠤᠰᠤᠨ ᠤ ᠲᠠᠮᠵᠢᠭᠤᠯᠬᠤ ᠬᠤᠭᠤᠯᠠᠢ ᠶᠢ ᠦᠢᠷ᠎ᠠ ᠵᠡᠷᠭᠡᠯᠡᠳᠡᠭᠡ ᠭᠠᠴᠠᠭ᠎ᠠ | ᠲᠤᠰᠬᠤᠨ ᠲᠡᠰᠢ ᠦᠷᠭᠦᠯᠵᠢᠯᠡᠭᠦᠯᠬᠦ ᠶᠢ ᠲᠡᠮᠵᠢᠨ ᠡᠷᠦᠭᠡ ᠭᠡᠷ ᠤᠨ ᠪᠤᠭᠢᠷ ᠤᠰᠤ ᠶᠢ ᠲᠦᠪᠯᠡᠷᠡᠭᠦᠯᠦᠨ ᠬᠤᠷᠢᠶᠠᠬᠤ ᠲᠦᠭᠦᠷᠦᠮᠵᠢ ᠶᠢ ᠬᠠᠶᠢᠨ ᠰᠦᠪᠡᠭᠴᠢᠯᠡᠨ | ᠪᠦᠲᠦᠭᠡᠨ ᠪᠠᠶᠢᠭᠤᠯᠵᠤ᠂ ᠤᠯᠠᠭᠠᠨᠮᠦ᠋ᠷᠡᠨ ᠰᠢᠨ᠎ᠡ ᠲᠤᠰᠬᠤᠨ᠂ ᠪᠦᠷᠢᠲᠦ ᠶᠢᠨ ᠠᠮᠠ ᠲᠤᠰᠬᠤᠨ ᠵᠡᠷᠭᠡ 11 ᠲᠤᠰᠬᠤᠨ ᠤ ᠪᠠᠯᠭᠠᠰᠤ᠂ ᠲᠤᠰᠬᠤᠨ ᠤ ᠪᠠᠭ᠎ᠠ ᠬᠡᠯᠪᠡᠷᠢ | ᠶᠢᠨ ᠪᠤᠬᠢᠷ ᠤᠰᠤ ᠶᠢ ᠰᠡᠶᠢᠳᠪᠤᠷᠢᠯᠡᠭᠦ ᠦᠢᠯᠡᠳᠪᠤᠷᠢ ᠶᠢᠨ ᠯᠠᠪᠳᠠᠭᠤᠨ ᠢᠶᠠᠷ ᠠᠵᠢᠯᠯᠠᠬᠤ ᠶᠢ ᠪᠠᠲᠤᠯᠠᠵᠤ᠂ ᠠᠮᠢᠲᠤᠷᠠᠯ ᠤᠨ ᠬᠡᠷᠡᠭᠯᠡᠭᠡᠨ ᠤ ᠪᠤᠭᠢᠷ ᠤᠰᠤᠨ ᠤ | ᠭᠠᠳᠠᠭᠰᠢᠯᠠᠭᠤᠯᠬᠤ ᠶᠢ ᠪᠠᠷᠢᠮᠵᠢᠶᠠᠨ ᠳᠤ ᠨᠡᠶᠢᠴᠡᠭᠦᠯᠦᠨ᠎ᠡ᠃ ᠡᠷᠡᠰ ᠴᠢᠩᠭ᠎ᠠ ᠪᠠᠷ ᠮᠠᠯ ᠵᠢᠬᠦᠷᠲᠡᠨ ᠤ ᠪᠠᠭᠠᠰᠤ᠂ ᠲᠠᠷᠢᠶᠠᠯᠠᠩ ᠤᠨ ᠪᠤᠷᠲᠤᠭᠤᠷ ᠤᠨ ᠤᠭᠤᠲᠠ᠂ | ᠬᠠᠭᠤᠴᠢᠷᠠᠵᠤ ᠬᠠᠶᠠᠭᠳᠠᠭᠰᠠᠨ ᠲᠠᠷᠢᠶᠠᠯᠠᠩ ᠤᠨ ᠤᠰᠤ ᠬᠠᠳᠠᠭᠠᠯᠠᠬᠤ ᠨᠢᠮᠭᠡᠨ ᠪᠦᠷᠭᠦᠭᠦᠯ ᠵᠡᠷᠭᠡ ᠲᠠᠷᠢᠶᠠᠯᠠᠩ ᠮᠠᠯ ᠠᠵᠤ ᠦᠢᠯᠡᠰ ᠤᠨ ᠬᠠᠶᠠᠭᠳᠠᠮᠠᠯ ᠪᠤᠲᠠᠰ ᠢ | ᠴᠡᠪᠡᠷᠯᠡᠨ ᠠᠷᠢᠯᠭᠠᠵᠤ᠂ ᠮᠠᠯ ᠵᠢᠭᠦᠷᠲᠡᠨ ᠤ ᠪᠠᠭᠠᠰᠤ᠂ ᠡᠰᠢ ᠰᠦᠷᠢᠯ ᠵᠡᠷᠭᠡ ᠬᠠᠶᠠᠭᠳᠠᠮᠠᠯ ᠪᠤᠲᠠᠰ ᠢ ᠲᠠᠷᠢᠶᠠᠨ ᠳᠤ ᠤᠷᠤᠭᠤᠯᠬᠤ᠂ ᠬᠡᠢ ᠦᠢᠯᠡᠳᠪᠤᠷᠢᠯᠡᠭᠦ ᠵᠡᠷᠭᠡ | ᠡᠬᠢ ᠪᠠᠶᠠᠯᠢᠭ ᠤᠨ ᠬᠡᠯᠪᠡᠷᠢ ᠪᠠᠷ ᠠᠰᠢᠭᠯᠠᠬᠤ ᠶᠢ ᠲᠦᠯᠭᠢᠨ ᠠᠭᠢᠭᠤᠯᠤᠨ᠎ᠠ᠃ ᠡᠷᠡᠰ ᠴᠢᠩᠭ᠎ᠠ ᠪᠠᠷ ᠲᠠᠷᠢᠶᠠᠯᠠᠬᠤ ᠮᠠᠯᠵᠢᠬᠤ ᠤᠷᠤᠨ ᠤ ᠰᠠᠭᠤᠬᠤ ᠤᠷᠴᠢᠨ ᠢ | ᠨᠦᠯᠦᠭᠡᠯᠡᠭᠦ ᠮᠠᠭᠤ ᠰᠤᠷᠲᠠᠯ ᠢ ᠦᠭᠡᠷᠡᠴᠢᠯᠡᠨ᠂ ᠯᠠᠪᠳᠠᠭᠤᠨ ᠢᠶᠠᠷ ᠲᠤᠰᠬᠤᠨ ᠤ ᠪᠤᠯᠪᠠᠰᠤᠨ ᠬᠡᠪ ᠰᠤᠷᠲᠠᠯ ᠤᠨ ᠠᠵᠢᠯᠠᠯᠭ᠎ᠠ ᠶᠢ ᠲᠦᠯᠭᠢᠨ ᠠᠭᠢᠭᠤᠯᠵᠤ᠂ ᠠᠷᠠᠳ | ᠤᠯᠤᠨ ᠤ ᠮᠠᠭᠤ ᠰᠤᠷᠲᠠᠯ ᠢᠶᠠᠨ ᠲᠠᠶᠠᠭᠳᠠᠵᠤ᠂ ᠪᠤᠯᠪᠠᠰᠤᠨ ᠢ ᠡᠷᠬᠢᠮᠯᠡᠭᠦ᠂ ᠪᠤᠯᠪᠠᠰᠤᠨ ᠰᠠᠶᠢᠬᠠᠨ ᠰᠤᠷᠲᠠᠩᠯ ᠢᠶᠠᠷ ᠦᠵᠡᠰᠭᠦᠯᠡᠭᠲᠤ ᠬᠦᠳᠡᠭᠡ ᠲᠤᠰᠬᠤᠨ ᠢᠶᠠᠨ | ᠴᠢᠮᠡᠭᠯᠡᠭᠦ ᠶᠢ ᠲᠠᠶᠢᠴᠢᠯᠠᠨ ᠲᠠᠭᠠᠭᠤᠯᠵᠤ᠂ ᠤᠯᠠᠭᠠᠨᠮᠦ᠋ᠷᠡᠨ ᠲᠤᠰᠬᠤᠨ᠂ ᠪᠤᠯᠠᠭ ᠭᠠᠴᠠᠭ᠎ᠠ ᠵᠡᠷᠭᠡ 5 ᠲᠤᠰᠬᠤᠨ ᠢ ︽ᠲᠠᠪᠤᠨ ᠤᠲᠤᠨ ᠪᠠᠷᠢᠮᠵᠢᠶᠠᠲᠤ᠂ ᠤᠨᠴᠠᠯᠢᠭᠲᠤ | ᠪᠦᠲᠦᠭᠡᠨ ᠪᠠᠶᠢᠭᠤᠯᠤᠯᠲᠠ︾ ᠶᠢᠨ ᠲᠠᠭᠤᠷᠢᠶᠠᠯ ᠭᠠᠴᠠᠭ᠎ᠠ ᠲᠤᠰᠬᠤᠨ ᠢ ᠪᠦᠲᠦᠭᠡᠨ ᠪᠠᠶᠢᠭᠤᠯᠤᠨ᠎ᠠ᠃ ᠬᠠᠤᠯᠢ ᠶᠤᠰᠤᠭᠠᠷ ᠴᠠᠭ ᠵᠠᠪᠲᠤᠨ ᠵᠠᠶᠢᠯᠠᠵᠤ ᠲᠠᠷᠢᠬᠤ᠂ | ᠲᠤᠷ᠎ᠠ ᠪᠠᠷ ᠪᠤᠰᠬᠠᠵᠤ ᠪᠠᠷᠢᠬᠤ᠂ ᠬᠤᠪᠢ ᠪᠠᠷ ᠤᠡᠭᠭᠤᠯᠠᠵᠤ ᠲᠤᠷ᠎ᠠ ᠪᠠᠷ ᠪᠤᠯᠠᠰᠢᠯᠠᠬᠤ ᠵᠡᠷᠭᠡ ᠢᠯᠡᠷᠡᠯ ᠳᠤ ᠴᠤᠭᠢᠯᠲᠠ ᠦᠭᠬᠦᠨ᠎ᠡ᠃ ᠬᠦᠴᠦᠨ ᠢᠶᠠᠨ | ᠲᠦᠪᠯᠡᠷᠡᠭᠦᠯᠦᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠤᠲᠠᠮᠠᠭ ᠲᠠᠯ᠎ᠠ ᠪᠠᠨ ᠨᠦᠬᠦᠪᠤᠷᠢᠯᠡᠵᠤ᠂ ᠦᠷᠭᠦᠯᠵᠢᠯᠡᠨ ᠲᠠᠷᠢᠶᠠᠯᠠᠩ ᠤᠨ ᠲᠤᠤᠷ ᠰᠦᠯᠵᠢᠶᠡᠨ ᠤ | ᠦᠭᠡᠷᠡᠴᠢᠯᠡᠯᠲᠡ ᠪᠤᠯᠤᠨ ᠤᠤᠭᠤᠬᠤ ᠤᠰᠤᠨ ᠤ ᠠᠶᠤᠯᠭᠦᠢ ᠶᠢᠨ ᠦᠨᠲᠦᠷᠵᠢᠯ ᠢ ᠪᠠᠲᠤᠳᠬᠠᠨ ᠬᠡᠷᠡᠭᠵᠢᠬᠦᠯᠵᠤ᠂ ᠰᠢᠨ᠎ᠡ ᠪᠠᠷ ᠭᠦᠳᠡᠭᠡ ᠲᠤᠰᠬᠤᠨ ᠤ ᠵᠠᠰᠠᠮᠠᠯ ᠵᠠᠮ | ᠢ 150 ᠺᠢᠯᠤᠮᠧᠲ᠋ᠧᠷ ᠨᠡᠮᠡᠭᠳᠡᠭᠦᠯᠦᠨ᠎ᠡ᠃ ᠬᠤᠨᠴᠢᠨ ᠭᠤᠤᠯ ᠤᠨ ᠮᠠᠰᠢᠨ ᠲᠡᠷᠭᠡᠨ ᠤ ᠵᠦᠭᠡᠭᠡᠪᠤᠷᠢ ᠶᠢᠨ ᠭᠠᠵᠠᠷ ᠢ ᠪᠦᠲᠦᠭᠡᠨ ᠪᠠᠶᠢᠭᠤᠯᠵᠤ ᠠᠰᠢᠭᠯᠠᠯᠲᠠ ᠳᠤ | ᠤᠷᠤᠭᠤᠯᠤᠨ᠎ᠠ᠃ ᠰᠢᠨ᠎ᠡ ᠪᠠᠷ ᠬᠦᠳᠡᠭᠡ ᠲᠤᠰᠬᠤᠨ ᠮᠠᠯᠵᠢᠬᠤ ᠤᠷᠤᠨ ᠳᠤ2000 ᠰᠠᠤᠷᠢ ᠠᠷᠢᠭᠤᠨ ᠴᠡᠪᠡᠷ ᠤᠨ ᠵᠤᠷᠯᠤᠩ ᠪᠠᠶᠢᠭᠤᠯᠵᠤ᠂ ᠪᠦᠬᠦ ᠲᠠᠯ᠎ᠠ ᠪᠠᠷ | ᠪᠠᠯᠭᠠᠰᠤ ᠲᠤᠰᠬᠤᠨ ᠤ ᠤᠯᠠᠨ ᠨᠡᠶᠢᠲᠡ ᠶᠢᠨ ᠲᠠᠯᠠᠪᠤᠷ ᠵᠢᠴᠢ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠭᠤᠷᠠᠢ ᠵᠤᠷᠯᠤᠩ ᠢ ᠦᠭᠡᠶᠢᠭᠡᠨᠡ᠃ ᠪᠦᠬᠦ | ᠲᠠᠷᠢᠶᠠᠯᠠᠬᠤ ᠮᠠᠯᠵᠢᠬᠤ ᠤᠷᠤᠨ ᠤ ᠰᠠᠭᠤᠷᠢ ᠲᠦᠭᠦᠷᠦᠮᠵᠢ ᠶᠢᠨ ᠪᠦᠷᠢᠨ ᠲᠦᠭᠦᠷᠵᠢᠯᠲᠡ ᠪᠤᠯᠤᠨ ᠠᠷᠠᠴᠢᠯᠠᠵᠤ ᠬᠠᠮᠠᠭᠠᠯᠠᠬᠤ ᠤᠷᠲᠤ ᠬᠤᠭᠤᠴᠠᠭᠠᠲᠤ ᠪᠠᠶᠢᠭᠤᠯᠤᠮᠵᠢ | ᠶᠢ ᠲᠡᠭᠦᠯᠳᠡᠷᠵᠢᠬᠦᠯᠵᠤ᠂ ᠦᠵᠡᠰᠬᠦᠯᠡᠭᠲᠤ ᠰᠠᠶᠢᠬᠠᠨ ᠬᠦᠳᠡᠭᠡ ᠲᠤᠰᠬᠤᠨ ᠢ ᠴᠤᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠲᠤᠳᠬᠠᠨ᠎ᠠ᠃ | ᠭᠤᠷᠪᠠ ᠲᠤ᠂ ᠯᠠᠪᠳᠠᠭᠤᠨ ᠲᠤᠭᠲᠠᠭᠤᠨ ᠢᠶᠠᠷ ᠬᠦᠳᠡᠭᠡ ᠲᠤᠰᠬᠤᠨ ᠮᠠᠯᠵᠢᠬᠤ ᠤᠷᠤᠨ ᠤ ᠦᠭᠡᠷᠡᠴᠢᠯᠡᠯᠲᠠ ᠶᠢ ᠲᠦᠯᠬᠢᠨ ᠠᠭᠢᠭᠤᠯᠤᠨ᠎ᠠ᠃ ᠢᠳᠡᠪᠭᠢᠲᠠᠢ | ᠪᠠᠷ ᠬᠦᠳᠡᠭᠡ ᠲᠤᠰᠬᠤᠨ ᠮᠠᠯᠵᠢᠬᠤ ᠤᠷᠤᠨ ᠤ ᠬᠠᠮᠲᠤ ᠶᠢᠨ ᠦᠮᠴᠢᠯᠡᠯᠲᠤ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠲᠦᠯᠭᠢᠨ ᠠᠭᠢᠭᠤᠯᠵᠤ᠂ ᠬᠦᠳᠡᠭᠡ ᠲᠤᠰᠬᠤᠨ | ᠮᠠᠯᠵᠢᠬᠤ ᠤᠷᠤᠨ ᠤ ᠬᠠᠮᠲᠤ ᠶᠢᠨ ᠦᠪ ᠬᠦᠷᠦᠩᠭᠡ ᠶᠢ ᠢᠯᠡᠴᠢᠯᠡᠨ ᠪᠡᠯᠡ ᠲᠤᠭᠠᠴᠢᠬᠤ ᠪᠤᠯᠤᠨ ᠲᠤᠰᠬᠤᠨ ᠤ ᠬᠠᠮᠲᠤ ᠨᠡᠶᠢᠲᠡ ᠶᠢᠨ ᠵᠤᠭᠢᠶᠠᠨ ᠪᠠᠶᠢᠭᠤᠯᠤᠯᠲᠠ ᠶᠢᠨ | ᠪᠦᠷᠢᠯᠲᠦᠭᠦᠨ ᠤ ᠪᠡᠶ᠎ᠡ ᠶᠢᠨ ᠭᠠᠷᠤᠯ ᠢ ᠲᠤᠭᠲᠠᠭᠠᠬᠤ ᠠᠵᠢᠯ ᠢ ᠦᠷᠨᠢᠬᠦᠯᠦᠨ᠂ ᠪᠦᠬᠦ ᠲᠠᠯ᠎ᠠ ᠪᠠᠷ138 ᠭᠠᠴᠠᠭ᠎ᠠ ᠲᠤᠰᠬᠤᠨ ᠤ ᠬᠠᠮᠲᠤ ᠨᠡᠶᠢᠲᠡ ᠦᠮᠴᠢᠯᠡᠯᠲᠤ | ᠲᠠᠷᠢᠶᠠᠨ ᠭᠠᠵᠠᠷ᠂ ᠠᠲᠠᠷ ᠭᠠᠵᠠᠷ ᠵᠡᠷᠭᠡ ᠡᠬᠢ ᠪᠠᠶᠠᠯᠢᠭ ᠤᠨ ᠴᠢᠨᠠᠷᠲᠤ ᠬᠦᠷᠦᠩᠭᠡ ᠪᠣᠯᠤᠨ ᠭᠡᠷ ᠪᠠᠶᠢᠰᠢᠩ᠂ ᠪᠠᠷᠢᠯᠭ᠎ᠠ ᠵᠡᠷᠭᠡ ᠡᠵᠡᠩᠨᠡᠯᠲᠡ ᠶᠢᠨ ᠴᠢᠨᠠᠷᠲᠤ | ᠬᠦᠷᠦᠩᠭᠡ ᠵᠢᠴᠢ ᠰᠤᠷᠭᠠᠨ ᠬᠦᠮᠦᠵᠢᠯ᠂ ᠰᠤᠶᠤᠯ ᠵᠡᠷᠬᠡ ᠳᠤ ᠤᠷᠤᠭᠤᠯᠤᠭᠰᠠᠨ ᠨᠡᠶᠢᠲᠡ ᠶᠢᠨ ᠦᠢᠯᠡᠰ ᠤᠨ ᠴᠢᠨᠠᠷᠲᠠᠢ ᠡᠵᠡᠩᠨᠡᠯᠲᠡ ᠶᠢᠨ ᠪᠤᠰᠤ ᠬᠦᠷᠦᠩᠭᠡ ᠳᠤ | ᠨᠠᠷᠢᠨ ᠪᠠᠶᠢᠴᠠᠭᠠᠯᠲᠠ ᠬᠢᠵᠤ᠂ ᠦᠢᠯᠡᠳᠪᠤᠷᠢᠯᠡᠯ ᠤᠨ ᠲᠦᠭᠦᠷᠦᠮᠵᠢ᠂ ᠭᠠᠵᠠᠷ ᠰᠢᠷᠦᠢ ᠶᠢᠨ ᠡᠬᠢ ᠪᠠᠶᠠᠯᠢᠭ ᠵᠡᠷᠭᠡ ᠦᠢᠯᠡᠳᠪᠤᠷᠢᠯᠡᠯ ᠤᠨ ᠵᠠᠩᠭᠢᠯᠠᠭ᠎ᠠ ᠳᠤ ᠪᠡᠯᠡ ᠶᠢ | ᠨᠤᠭᠤᠯᠤᠨ ᠬᠡᠮᠵᠢᠶᠡᠵᠢᠬᠦᠯᠵᠤ ᠪᠤᠲᠠᠲᠠᠢ ᠪᠤᠯᠭᠠᠬᠤ ᠶᠢ ᠲᠦᠯᠬᠢᠨ ᠠᠭᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠭᠠᠵᠠᠷ ᠰᠢᠷᠦᠢ᠂ ᠭᠡᠷ ᠭᠦᠷᠦᠩᠭᠡ ᠵᠡᠷᠭᠡ | ᠤᠷᠭᠢᠭᠳᠠᠮᠠᠯ ᠡᠭᠢ ᠪᠠᠶᠠᠯᠢᠭ ᠢ ᠲᠠᠬᠢᠨ ᠠᠰᠢᠭᠯᠠᠯᠲᠠ ᠳᠤ ᠤᠷᠤᠬᠤ ᠳᠤ ᠰᠠᠭᠤᠷᠢ ᠲᠠᠯᠪᠢᠨ᠎ᠠ᠃ ᠰᠤᠪᠤᠷᠭ᠎ᠠ ᠪᠠᠯᠭᠠᠰᠤ᠂ ᠬᠤᠨᠴᠢᠨ ᠭᠤᠤᠯ ᠪᠠᠯᠭᠠᠰᠤ᠂ ᠡᠵᠡᠨ | ᠬᠤᠷᠤᠭ᠎ᠠ ᠪᠠᠯᠭᠠᠰᠤ ᠵᠡᠷᠭᠡ ᠨᠦᠬᠦᠴᠡᠯ ᠲᠠᠢ ᠪᠠᠯᠭᠠᠰᠤ3 ᠲᠦᠮᠡᠨ ᠮᠤ᠋ ᠭᠠᠵᠠᠷ ᠰᠢᠷᠦᠢ15 ᠲᠦᠮᠡᠨ ᠮᠤ᠋ ᠪᠡᠯᠴᠢᠭᠡᠷ ᠢ ᠬᠦᠢᠯᠭᠡᠨ ᠳᠤ ᠤᠷᠤᠭᠤᠯᠵᠤ᠂ ᠵᠤᠭᠢᠬᠤ | ᠬᠡᠪᠴᠢᠶᠡᠲᠠᠢ ᠡᠵᠡᠩᠨᠡᠯᠲᠡ ᠳᠤ ᠰᠠᠶᠢᠨ ᠨᠦᠬᠦᠴᠡᠯ ᠬᠠᠨᠭ᠍ᠭᠠᠨ ᠦᠭᠬᠦᠨ᠎ᠡ᠃ | ︵ᠵᠢᠷᠭᠤᠭ᠎ᠠ︶ ᠦᠭᠡᠷᠡᠴᠢᠯᠡᠯᠲᠡ ᠰᠢᠨᠡᠴᠢᠯᠠᠯᠲᠠ ᠶᠢ ᠲᠠᠰᠤᠷᠠᠯᠲᠠ ᠦᠭᠡᠢ ᠬᠦᠨᠵᠡᠬᠡᠶᠢᠷᠡᠬᠦᠯᠵᠤ᠂ ᠴᠢᠨᠠᠷ ᠰᠠᠶᠢᠲᠠᠢ ᠬᠦᠭᠵᠢᠯᠲᠠ ᠶᠢᠨ ᠠᠮᠢᠵᠢᠷᠠᠯ ᠤᠨ | ᠬᠦᠴᠦᠨ ᠪᠠ ᠬᠦᠳᠡᠯᠭᠡᠭᠴᠢ ᠬᠦᠴᠦᠨ ᠢ ᠴᠢᠩᠭᠠᠳᠬᠠᠨ᠎ᠠ᠃ | ᠨᠢᠭᠡ ᠳᠤ ᠭᠤᠤᠯᠳᠠᠯᠭᠠᠲᠤ ᠬᠦᠷᠢᠶ᠎ᠡ ᠴᠠᠷᠠᠭᠠᠨ ᠤ ᠦᠭᠡᠷᠡᠴᠢᠯᠡᠯᠲᠡ ᠶᠢ ᠦᠷᠬᠦᠯᠵᠢᠯᠡᠨ ᠬᠦᠨᠵᠡᠭᠡᠶᠢᠷᠡᠭᠦᠯᠦᠨ᠎ᠡ᠃ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ | ᠶᠡᠷᠦᠩᠬᠡᠢ ᠪᠠᠶᠢᠷᠢᠯᠠᠭᠤᠯᠤᠯᠲᠠ ᠪᠠᠷ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠴᠢᠳᠠᠪᠬᠢ ᠶᠢ ᠲᠤᠬᠢᠷᠠᠭᠤᠯᠤᠨ ᠰᠢᠯᠢᠳᠡᠭᠵᠢᠬᠦᠯᠦᠨ᠎ᠡ᠃ ᠨᠢᠭᠡ ᠲᠦᠷᠦᠯ ᠤᠨ ᠬᠡᠷᠡᠭ | ᠶᠠᠪᠤᠳᠠᠯ ᠢ ᠵᠠᠷᠴᠢᠮ ᠲᠡᠭᠡᠷ᠎ᠡ ᠪᠠᠨ ᠨᠢᠭᠡ ᠰᠠᠯᠠᠭ᠎ᠠ ᠮᠦᠴᠢᠷ ᠠᠴᠠ ᠨᠢᠭᠡᠲᠤᠯᠲᠠᠢ ᠲᠦᠯᠦᠪᠯᠡᠵᠤ᠂ ᠨᠢᠭᠡ ᠤᠴᠢᠷ ᠢ ᠨᠢᠭᠡ ᠰᠠᠯᠠᠭ᠎ᠠ ᠮᠦᠴᠢᠷ ᠠᠴᠠ ᠬᠠᠷᠢᠭᠤᠴᠠᠬᠤ ᠶᠢ | ᠪᠠᠷᠢᠮᠳᠠᠯᠠᠵᠤ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠪᠠᠶᠢᠭᠤᠯᠤᠮᠵᠢ ᠲᠠᠪᠬᠤᠷᠯᠠᠬᠤ᠂ ᠲᠤᠰᠢᠶᠠᠯ ᠬᠠᠷᠢᠭᠤᠴᠠᠯᠭ᠎ᠠ ᠰᠤᠯᠪᠢᠯᠴᠠᠬᠤ᠂ ᠪᠦᠲᠦᠮᠵᠢ ᠪᠠᠷ | ᠲᠤᠤᠷ᠎ᠠ ᠪᠠᠶᠢᠬᠤ ᠵᠡᠷᠭᠡ ᠠᠰᠠᠭᠤᠳᠠᠯ ᠢ ᠴᠢᠷᠮᠠᠶᠢᠨ ᠰᠢᠢᠳᠪᠦᠷᠢᠯᠡᠵᠤ᠂ ᠰᠢᠰᠲ᠋ᠧᠮ ᠲᠠᠢ ᠲᠡᠭᠦᠯᠳᠡᠷᠵᠢᠭᠰᠡᠨ᠂ ᠰᠢᠨᠵᠢᠯᠡᠬᠦ ᠤᠬᠠᠭᠠᠨᠴᠢ ᠲᠦᠷᠢᠮᠵᠢᠬᠦᠨ᠂ ᠦᠨᠳᠦᠷ | ᠦᠷ᠎ᠠ ᠠᠰᠢᠭᠲᠠᠢ ᠪᠠᠷ ᠶᠠᠪᠤᠭᠳᠠᠬᠤ ᠪᠠᠶᠢᠭᠤᠯᠤᠮᠵᠢ ᠶᠢᠨ ᠴᠢᠳᠠᠪᠬᠢ ᠶᠢᠨ ᠰᠢᠰᠲ᠋ᠧᠮ ᠢ ᠪᠤᠢ ᠪᠤᠯᠭᠠᠨ᠎ᠠ᠃ ᠠᠵᠢᠯ ᠦᠢᠯᠡᠰ ᠤᠨ ᠨᠢᠭᠡᠴᠢ ᠪᠠ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠦᠯᠲᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠲᠦᠯᠦᠪᠯᠡᠭᠡ ᠲᠠᠢ ᠪᠠᠷ ᠲᠦᠯᠬᠢᠨ ᠠᠬᠢᠭᠤᠯᠤᠨ᠎ᠠ᠃ ᠤᠯᠤᠰ ᠤᠨ ᠦᠮᠴᠢᠯᠠᠯᠲᠤ ᠠᠵᠤ | ᠠᠬᠤᠶᠢᠯᠠᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠤ᠂ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠪᠤᠳᠠᠳᠠᠶᠢᠵᠢᠵᠤ ᠬᠤᠪᠢᠷᠠᠨ | ᠬᠦᠭᠵᠢᠬᠦ ᠶᠢ ᠠᠬᠢᠭᠤᠯᠤᠨ᠎ᠠ᠃ ︽ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠴᠠᠯᠢᠩ ᠢᠶᠠᠷ ᠲᠤᠭᠳᠠᠭᠠᠬᠤ ᠲᠤᠭᠳᠠᠯᠴᠠᠭ᠎ᠠ ᠶᠢ ᠦᠭᠡᠷᠡᠴᠢᠯᠡᠬᠦ ᠬᠡᠷᠡᠭᠵᠢᠬᠦᠯᠬᠦ | ᠲᠦᠰᠦᠯ︾ ᠢ ᠲᠤᠭᠳᠠᠭᠠᠨ ᠭᠠᠷᠭᠠᠵᠤ᠂ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠵᠢᠯᠲᠠᠳ ᠤᠨ ᠢᠳᠡᠪᠬᠢᠲᠤ ᠴᠢᠨᠠᠷ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢ ᠬᠦᠢᠴᠡᠳ ᠲᠠᠶᠢᠴᠢᠯᠠᠨ᠎ᠠ᠃ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠯᠠᠪᠳᠠᠭᠤᠨ ᠦᠷᠨᠢᠬᠦᠯᠦᠨ᠎ᠠ᠃ | ᠬᠤᠶᠠᠷ ᠲᠤ ᠰᠢᠨ᠎ᠡ ᠶᠢ ᠡᠭᠦᠳᠬᠦ ᠬᠦᠳᠡᠯᠭᠡᠭᠦᠷ ᠤᠨ ᠬᠦᠭᠵᠢᠯᠲᠠ ᠶᠢ ᠯᠠᠪᠳᠠᠭᠤᠨ ᠦᠷᠨᠢᠬᠦᠯᠦᠨ᠎ᠡ᠃ ᠴᠡᠪᠡᠷᠰᠢᠬᠦᠯᠬᠦ ᠡᠨᠧᠷᠬᠢ᠂ ᠲᠤᠨᠤᠭ ᠲᠦᠬᠦᠭᠡᠷᠦᠮᠵᠢ | ᠦᠢᠯᠡᠳᠪᠦᠷᠢᠯᠡᠬᠦ᠂ ᠤᠢ ᠰᠢᠷᠤᠢ ᠶᠢᠨ ᠦᠢᠯᠡᠰ ᠵᠡᠷᠭᠡ ᠶᠢᠨ ᠲᠤᠭᠤᠷᠢᠨ ᠳᠤ᠂ ᠤᠯᠤᠰ ᠤᠨ ᠲᠤᠲᠤᠭᠠᠲᠤ ᠭᠠᠳᠠᠭᠠᠲᠤ ᠶᠢᠨ ᠨᠡᠷᠡᠲᠤ ᠶᠡᠭᠡ ᠰᠤᠷᠭᠠᠭᠤᠯᠢ᠂ ᠡᠷᠲᠡᠮ | ᠰᠢᠨᠵᠢᠯᠡᠭᠡᠨ ᠤ ᠬᠦᠷᠢᠶᠡᠯᠡᠩ ᠲᠠᠢ ᠬᠠᠮᠲᠤᠷᠠᠨ ᠠᠵᠤ ᠦᠢᠯᠡᠰ᠂ ᠰᠤᠷᠭᠠᠭᠤᠯᠢ᠂ ᠡᠷᠳᠡᠮ ᠰᠢᠨᠵᠢᠯᠡᠭᠡᠨ ᠤ ᠬᠠᠮᠲᠤ ᠪᠠᠷ ᠰᠢᠨ᠎ᠡ ᠶᠢ ᠡᠭᠦᠳᠬᠦ ᠶᠢ ᠦᠷᠨᠢᠬᠦᠯᠦᠨ᠂ ︽ | ᠴᠢᠩ ᠶᠠᠨ ᠪᠤᠷᠭᠠᠰᠤ︾ ︽ᠪᠸᠢ ᠳ᠋ᠧᠦ ᠲᠤᠬᠢᠭᠤᠷ ᠲᠤᠯᠤᠭ᠎ᠠ ᠪᠠᠷ ᠮᠠᠯ ᠮᠠᠯᠵᠢᠬᠤ︾ ᠵᠡᠷᠭᠡ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠰᠢᠨ᠎ᠡ | ᠪᠦᠲᠦᠭᠡᠭᠳᠡᠭᠦᠨ ᠤ ᠲᠦᠷᠦᠯ ᠵᠦᠢᠯ ᠢ ᠴᠢᠩᠭᠠᠳᠬᠠᠨ ᠬᠢᠬᠦ ᠶᠢ ᠢᠳᠡᠪᠬᠢᠲᠠᠢ ᠲᠤᠰᠠᠯᠠᠵᠤ᠂ ᠨᠦᠬᠦᠴᠠᠯ ᠪᠦᠬᠦᠢ ᠠᠵᠤ ᠠᠬᠤᠶᠢᠯᠠᠯ ᠤᠨ ᠠᠺᠠᠳᠧᠮᠢᠴᠢ᠂ ᠳ᠋ᠤᠺᠲ᠋ᠤᠷ ᠤᠨ | ᠠᠵᠢᠯ ᠤᠨ ᠦᠷᠲᠡᠭᠡ ᠪᠠᠶᠢᠭᠤᠯᠬᠤ ᠶᠢ ᠲᠡᠮᠵᠢᠨ᠎ᠡ᠃ ᠱᠧᠨ ᠬᠤᠸᠠ᠂ ᠬᠤᠢ ᠨᠧᠩ ᠵᠡᠷᠭᠡ ᠴᠢᠬᠤᠯᠠ ᠶᠡᠭᠡ ᠨᠡᠭᠦᠷᠡᠰᠤ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ | ᠦᠵᠡᠬᠦᠯᠬᠦ ᠲᠦᠷᠦᠯ ᠵᠦᠢᠯ ᠳᠤ ᠲᠦᠰᠢᠭᠯᠡᠵᠤ᠂ ᠴᠢᠬᠤᠯᠠ ᠨᠡᠶᠢᠳᠡᠯᠢᠭ ᠮᠡᠷᠭᠡᠵᠢᠯ ᠤᠨ ᠰᠤᠲᠤᠯᠤᠯᠲᠠ ᠨᠡᠬᠡᠬᠡᠯᠲᠡ ᠪᠠ ᠦᠷ᠎ᠡ ᠪᠦᠲᠦᠭᠡᠯ ᠤᠨ ᠰᠢᠨ᠎ᠡ ᠪᠦᠲᠦᠭᠡᠭᠳᠡᠭᠦᠨ | ᠢ ᠠᠬᠢᠭᠤᠯᠤᠨ᠎ᠠ᠃ ︽ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ᠪᠡᠯᠡ ᠮᠦᠩᠬᠦ᠂ ᠴᠢᠳᠠᠪᠤᠷᠢᠲᠠᠨ | ᠮᠡᠷᠬᠡᠵᠢᠯᠲᠠᠨ ᠤᠷᠤᠭᠤᠯᠬᠤ ᠶᠢ ᠵᠡᠷᠬᠡᠪᠡᠷ ᠶᠠᠪᠤᠭᠳᠠᠭᠤᠯᠬᠤ ᠶᠢ ᠠᠬᠢᠭᠤᠯᠤᠨ᠂ ᠡᠯ᠎ᠡ ᠲᠦᠷᠦᠯ ᠤᠨ ᠰᠢᠯᠢᠳᠡᠭ ᠴᠢᠳᠠᠪᠤᠷᠢᠲᠠᠨ ᠢ ᠢᠳᠡᠪᠬᠢᠲᠠᠢ ᠤᠷᠢᠵᠤ᠂ ᠤᠷᠤᠨ | ᠨᠤᠲᠤᠭ ᠤᠨ ᠴᠢᠳᠠᠪᠤᠷᠢᠲᠠᠨ ᠢ ᠶᠡᠬᠡᠪᠡᠷ ᠬᠦᠮᠦᠵᠢᠬᠦᠯᠦᠨ᠎ᠠ᠃ ︽ᠨᠠᠶᠢᠲᠠ ᠲᠠᠶᠠᠭᠠᠷ ᠢᠶᠠᠨ ᠦᠢᠯᠡᠰ ᠪᠤᠰᠬᠠᠵᠤ᠂ ᠤᠯᠠᠨ ᠲᠠᠶᠠᠭᠠᠷ ᠢᠶᠠᠨ ᠰᠢᠨ᠎ᠡ ᠶᠢ ᠡᠭᠦᠳᠬᠦ︾ ᠶᠢ | ᠠᠬᠢᠭᠤᠯᠵᠤ᠂ ᠲᠡᠭᠷᠢᠯᠢᠭ ᠤᠯᠠᠨ ᠲᠠᠶᠠᠭᠠᠷ ᠢᠶᠠᠨ ᠦᠢᠯᠡᠰ ᠪᠦᠳᠦᠬᠡᠬᠦ ᠬᠦᠷᠢᠶᠡᠯᠡᠩ ᠪᠠ ᠲᠡᠭᠷᠢᠯᠢᠭ ᠦᠢᠯᠡᠰ ᠪᠦᠳᠦᠬᠡᠵᠦ ᠪᠡᠯᠡ ᠤᠷᠤᠭᠤᠯᠤᠯᠳᠠ ᠶᠢᠨ ᠲᠤᠮᠤ ᠠᠰᠠᠷ | ᠲᠤ ᠲᠦᠰᠢᠭᠯᠡᠨ᠂ ︽ᠲᠤᠰᠬᠠᠶᠢᠯᠠᠭᠰᠠᠨ᠂ ᠰᠢᠯᠭᠠᠷᠠᠭᠰᠠᠨ᠂ ᠦᠪᠡᠷᠮᠢᠴᠡ᠂ ᠰᠢᠨᠡᠴᠢᠯᠡᠭᠰᠡᠨ︾ ᠵᠡᠷᠭᠡ 60 ᠵᠢᠵᠢᠭ ᠠᠵᠤ ᠠᠬᠤᠶᠢᠯᠠᠯ ᠢ ᠨᠡᠪᠴᠢᠬᠦᠯᠦᠨ | ᠪᠤᠶᠢᠵᠢᠭᠤᠯᠵᠤ᠂ 600 ᠠᠴᠠ ᠲᠡᠭᠡᠭᠰᠢ ᠠᠵᠢᠯ ᠤᠯᠭᠤᠯᠲᠠ ᠶᠢᠨ ᠪᠠᠶᠢᠷᠢ ᠶᠢ ᠬᠠᠩᠭᠠᠵᠤ ᠦᠭᠭᠦᠨ᠎ᠡ᠃ | ᠭᠤᠷᠪᠠ ᠳᠤ᠂ ᠭᠤᠤᠯ ᠡᠯᠧᠮᠧᠨ᠋ᠲ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠠᠭᠤᠷᠬᠠᠢ ᠶᠢᠨ ᠤᠷᠤᠨ ᠤ ᠨᠡᠭᠦᠷᠡᠰᠤᠨ | ᠲᠠᠪᠬᠤᠷᠭ᠎ᠠ ᠶᠢᠨ ᠤᠰᠤᠨ ᠤ ︽ᠵᠡᠭᠦᠨᠳᠡᠬᠢ ᠤᠰᠤ ᠶᠢ ᠪᠠᠷᠠᠭᠤᠨᠰᠢ ᠲᠠᠳᠠᠬᠤ︾ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠢ ᠠᠬᠤᠢ | ᠶᠢᠨ ᠨᠤᠭᠤᠭᠠᠷᠠᠭᠤᠯᠤᠯᠲᠠ᠂ ᠬᠤᠲᠠ ᠶᠢᠨ ᠤᠰᠤᠨ ᠤ ᠰᠢᠰᠲ᠋ᠧᠮ᠂ ᠲᠠᠷᠢᠶᠠᠯᠠᠩ ᠤᠨ ᠤᠰᠤᠯᠠᠯᠲᠠ᠂ ᠨᠠᠭᠤᠷ ᠴᠦᠬᠦᠷᠦᠮ ᠳᠤ ᠤᠰᠤ ᠨᠦᠬᠦᠪᠦᠷᠢᠯᠡᠬᠦ ᠵᠢᠴᠢ | ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ ᠳᠤ ᠨᠢᠭᠡᠲᠤᠯᠲᠠᠢ ᠲᠦᠯᠦᠪᠯᠡᠨ ᠬᠡᠷᠡᠭᠯᠡᠵᠤ᠂ ᠠᠭᠤᠷᠬᠠᠢ ᠶᠢᠨ ᠤᠷᠤᠨ ᠤ ᠨᠡᠭᠦᠷᠡᠰᠤᠨ ᠲᠠᠪᠬᠤᠷᠭ᠎ᠠ ᠶᠢᠨ ᠤᠰᠤ | ᠶᠢ ᠶᠡᠷᠦᠩᠬᠡᠶᠢᠯᠡᠨ ᠠᠰᠢᠭᠯᠠᠭᠰᠠᠨ ᠵᠢᠱᠢᠶ᠎ᠡ ᠦᠵᠡᠬᠦᠯᠬᠦ ᠤᠷᠤᠨ ᠢ ᠪᠠᠶᠢᠭᠤᠯᠤᠨ᠎ᠠ᠃ ᠠᠯᠳᠠᠨᠰᠢᠷᠡᠭᠡ ᠠᠴᠠ ᠲᠦᠴᠢᠨ ᠭᠠᠵᠠᠷ ᠤᠨ ᠰᠢᠯᠢ ᠬᠦᠷᠬᠦ ᠱᠤᠭᠤᠮ ᠤᠨ | ᠦᠷᠬᠡᠳᠬᠡᠨ ᠰᠠᠶᠢᠵᠢᠷᠠᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠤ᠂ ᠬᠤᠳᠠ ᠶᠢᠨ ᠡᠮᠦᠨ᠎ᠡ ᠲᠤᠭᠤᠷᠢᠯ ᠵᠠᠮ ᠠᠴᠠ ᠠᠭᠠᠷ ᠠᠶᠠᠯᠠᠯ ᠤᠨ ᠭᠠᠷᠠᠮ ᠬᠦᠷᠬᠦ | ᠪᠤᠯᠤᠨ ᠤᠯᠠᠭᠠᠨᠮᠦ᠋ᠷᠡᠨ ᠪᠠᠯᠭᠠᠰᠤᠨ ᠤ ᠱᠧ ᠵᠢᠶᠠ ᠯᠢᠶᠠᠩ ᠠᠴᠠ ᠬᠤᠵᠢᠷᠲᠤ ᠶᠢᠨ ᠵᠠᠰᠠᠮᠠᠯ ᠵᠠᠮ ᠬᠦᠷᠬᠦ ᠪᠠᠶᠢᠭᠤᠯᠤᠯᠲᠠ ᠶᠢ ᠲᠦᠷᠭᠡᠳᠬᠡᠨ᠂ ᠱᠢ ᠭᠧ ᠲᠠᠢ ᠶᠢᠨ | ᠶᠡᠭᠡ ᠬᠦᠬᠦᠷᠭᠡ ᠶᠢᠨ ᠪᠠᠶᠢᠭᠤᠯᠤᠯᠲᠠ ᠶᠢ ᠴᠢᠷᠮᠠᠶᠢᠨ ᠡᠬᠢᠯᠡᠭᠦᠯᠦᠨ᠎ᠡ᠃ ᠳ᠋ᠦᠩᠱᠧᠩ ᠠᠴᠠ ᠦᠬᠠᠢ ᠬᠦᠷᠬᠦ ᠲᠡᠮᠦᠷ ᠵᠠᠮ ᠢ ᠭᠠᠳᠠᠭᠰᠢ ᠰᠢᠯᠵᠢᠬᠦᠯᠬᠦ ᠡᠮᠦᠨᠡᠬᠢ | ᠬᠤᠭᠤᠴᠠᠭᠠᠨ ᠤ ᠠᠵᠢᠯ ᠢ ᠢᠳᠡᠪᠬᠢᠲᠠᠢ ᠠᠬᠢᠭᠤᠯᠤᠨ᠎ᠠ᠃ ᠪᠤᠭᠤᠲᠤ ᠤᠷᠳᠤᠰ ᠰᠢ ᠠᠨ ᠤ ᠦᠨᠳᠦᠷ ᠬᠤᠷᠳᠤᠴᠠᠲᠤ ᠲᠡᠮᠤᠷ ᠵᠠᠮ ᠤᠨ ᠪᠤᠭᠤᠲᠤ ᠠᠴᠠ ᠲᠡᠮᠡᠭᠡᠲᠤ | ᠬᠦᠷᠬᠦ ᠬᠡᠰᠡᠭ ᠤᠨ ᠡᠮᠦᠨᠡᠬᠢ ᠬᠤᠭᠤᠴᠠᠭᠠᠨ ᠤ ᠠᠵᠢᠯ ᠢ ᠬᠠᠪᠰᠤᠷᠤᠨ ᠪᠡᠶᠡᠯᠡᠭᠦᠯᠦᠨ᠎ᠡ᠃ ᠬᠦᠬᠡᠬᠤᠲᠠ ᠵᠦᠩᠭᠠᠷ ᠤᠷᠳᠤᠰ ᠤᠨ ᠬᠦᠳᠡᠯᠭᠡᠭᠦᠷᠲᠤ ᠲᠡᠷᠭᠡᠨ ᠤ | ᠬᠤᠷᠳᠤᠴᠠ ᠨᠡᠮᠡᠵᠤ ᠲᠡᠰ ᠲᠡᠪᠰᠢᠬᠦ ᠶᠢ ᠢᠳᠡᠪᠬᠢᠲᠠᠢ ᠠᠬᠢᠭᠤᠯᠵᠤ᠂ ᠬᠦᠬᠡᠬᠤᠲᠠ ᠠᠴᠠ ᠪᠡᠭᠡᠵᠢᠩ ᠬᠦᠷᠬᠦ ᠦᠨᠳᠦᠷ ᠬᠤᠷᠳᠤᠴᠠᠲᠤ ᠲᠡᠮᠦᠷ ᠵᠠᠮ ᠤᠨ ᠠᠶᠠᠨᠴᠢᠳ | ᠤᠨ ᠲᠡᠭᠡᠭᠡᠪᠦᠷᠢ ᠶᠢᠨ ᠰᠢᠰᠲ᠋ᠧᠮ ᠲᠠᠢ ᠵᠡᠷᠭᠡᠪᠡᠷ ᠨᠡᠶᠢᠯᠡᠭᠦᠯᠦᠨ᠎ᠡ᠃ ᠠᠵᠤ ᠦᠢᠯᠡᠳᠪᠦᠷᠢ ᠶᠢᠨ ᠲᠤᠭᠤᠷᠢᠭ ᠤᠨ ᠢᠵᠢ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ | ᠶᠢ ᠢᠳᠡᠪᠬᠢᠲᠠᠢ ᠲᠦᠯᠬᠢᠨ ᠠᠬᠢᠭᠤᠯᠵᠤ᠂ ᠬᠤᠨᠢᠴᠢᠨ ᠭᠤᠤᠯ ᠤᠨ 500 ᠺᠢᠯᠤᠸᠤᠯᠲ ᠬᠢᠭᠡᠳ ᠱᠧᠩ ᠶᠤᠸᠠᠨ ᠤ 220 ᠺᠢᠯᠤᠸᠤᠯᠲ ᠤᠨ ᠬᠦᠴᠦᠳᠡᠯ | ᠦᠭᠡᠷᠡᠴᠢᠯᠡᠬᠦ ᠢᠨᠵᠧᠨᠧᠷᠢᠩ ᠤᠨ ᠡᠷᠬᠢᠯᠲᠠ ᠳᠤ ᠤᠷᠤᠬᠤ ᠶᠢ ᠪᠠᠲᠤᠯᠠᠵᠤ᠂ ᠬᠦᠷᠢᠶᠠᠯᠡᠩ ᠲᠤᠭᠤᠷᠢᠭ ᠤᠨ ᠠᠵᠤ ᠦᠢᠯᠡᠰ ᠢ ᠠᠴᠢᠶᠠᠯᠠᠬᠤ ᠪᠠ ᠬᠦᠭᠵᠢᠯᠲᠠ ᠶᠢ | ᠪᠠᠲᠤᠯᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ | ︵ᠲᠤᠯᠤᠭ᠎ᠠ︶ ᠪᠦᠬᠦ ᠬᠦᠴᠦᠨ ᠢᠶᠠᠷ ᠠᠷᠠᠳ ᠤᠨ ᠠᠮᠢᠲᠤᠷᠠᠯ ᠤᠨ ᠲᠡᠭᠡᠭᠰᠢᠯᠡᠭᠦᠯᠦᠯᠲᠡ ᠳᠤ ᠪᠠᠲᠤᠯᠠᠭ᠎ᠠ ᠬᠠᠨᠭ᠍ᠭᠠᠵᠤ᠂ ᠡᠯ᠎ᠡ ᠦᠨᠲᠦᠰᠦᠲᠡᠨ ᠤ ᠠᠷᠠᠳ | ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ ᠪᠤᠯᠤᠨ ᠠᠮᠤᠷ ᠲᠤᠭᠲᠠᠭᠤᠨ ᠤ ᠲᠦᠷᠦᠭᠳᠡᠯ ᠢ ᠴᠢᠩᠭᠠᠳᠬᠠᠨ᠎ᠠ᠃ | ᠨᠢᠭᠡ ᠳᠤ᠂ ᠨᠡᠶᠢᠲᠡ ᠶᠢᠨ ᠠᠵᠢᠯ ᠦᠢᠯᠡᠰ ᠤᠨ ᠬᠦᠭᠵᠢᠯᠳᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ | ᠲᠦᠪᠰᠢᠨ ᠢ ᠲᠡᠬᠡᠭᠰᠢᠯᠡᠬᠦᠯᠦᠨ᠎ᠡ᠃ ᠰᠤᠷᠭᠠᠭᠤᠯᠢ ᠡᠷᠬᠢᠯᠡᠬᠦ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠵᠤ᠂ ᠬᠤᠳᠠ ᠶᠢᠨ ᠨᠢᠬᠡᠳᠦᠬᠡᠷ ᠲᠤᠮᠳᠠᠳᠤ ᠰᠤᠷᠭᠠᠭᠤᠯᠢ ᠶᠢᠨ | ᠡᠮᠦᠨ᠎ᠡ ᠰᠤᠷᠭᠠᠭᠤᠯᠢ ᠶᠢᠨ ᠲᠤᠭᠤᠷᠢᠭ᠂ ᠶᠢᠰᠦᠳᠦᠬᠡᠷ ᠪᠠᠭ᠎ᠠ ᠰᠤᠷᠭᠠᠭᠤᠯᠢ ᠵᠡᠷᠬᠡ 20 ᠰᠤᠷᠭᠠᠨ ᠬᠦᠮᠦᠵᠢᠯ ᠤᠨ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ ᠢ | ᠰᠢᠨ᠎ᠡ ᠪᠠᠷ ᠪᠤᠶᠤ ᠦᠷᠬᠡᠳᠬᠡᠨ ᠪᠠᠶᠢᠭᠤᠯᠵᠤ᠂ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ᠂ ᠱᠦᠢ ᠠᠨ ᠰᠢᠨ᠎ᠡ | ᠬᠤᠳᠠ ᠶᠢᠨ ᠦᠨᠳᠦᠰᠦᠳᠡᠨ ᠤ ᠬᠡᠤᠬᠡᠳ ᠤᠨ ᠴᠡᠴᠡᠷᠯᠢᠭ ᠪᠠ ᠡᠵᠡᠨ ᠬᠤᠷᠤᠭ᠎ᠠ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ᠂ ᠮᠤᠩᠭᠤᠯ | ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠮᠡᠳᠡᠬᠦᠯᠦᠯᠳᠡ ᠶᠢᠨ ᠲᠢᠩᠭᠢᠮ᠂ ᠲᠦᠷᠪᠡᠳᠦᠬᠡᠷ ᠲᠤᠮᠳᠠᠳᠤ ᠰᠤᠷᠭᠠᠭᠤᠯᠢ ᠶᠢᠨ ᠬᠦᠯ ᠪᠦᠮᠪᠦᠬᠡᠨ ᠤ ᠤᠷᠳᠤᠨ ᠢ ᠵᠢᠯ ᠤᠨ | ᠲᠤᠳᠤᠷ᠎ᠠ ᠪᠠᠷᠢᠯᠭ᠎ᠠ ᠲᠠᠭᠤᠰᠬᠠᠵᠤ᠂ ᠰᠢᠨ᠎ᠡ ᠪᠠᠷ 2000 ᠰᠤᠷᠬᠤ ᠤᠷᠤ ᠨᠡᠮᠡᠭᠳᠡᠭᠦᠯᠬᠦ ᠶᠢ ᠪᠠᠲᠤᠯᠠᠨ᠎ᠠ᠃ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ | ᠴᠢᠩᠭᠠᠳᠬᠠᠨ᠂ ᠠᠵᠢᠯ ᠤᠨ ᠪᠠᠶᠢᠷᠢᠨ ᠳᠤ ᠪᠠᠶᠢᠭ᠎ᠠ ᠪᠠᠭᠰᠢ ᠨᠠᠷ ᠤᠨ ᠪᠤᠯᠪᠠᠰᠤᠷᠠᠯ ᠢ ᠴᠢᠩᠭᠠᠳᠬᠠᠨ᠂ ᠪᠠᠭᠰᠢ ᠶᠢᠨ ᠮᠡᠷᠬᠡᠵᠢᠯ ᠤᠨ ᠰᠢᠯᠢᠳᠡᠭ ᠲᠡᠬᠦᠰᠦᠭᠰᠡᠨ | ᠤᠶᠤᠳᠠᠨ ᠢ ᠰᠤᠩᠭᠤᠨ ᠡᠯᠰᠡᠵᠦ ᠨᠢᠬᠡᠳᠦᠬᠡᠷ ᠹᠷᠤᠨᠲ ᠳᠤ ᠪᠠᠭᠰᠢᠯᠠᠭᠤᠯᠤᠨ᠎ᠠ︔ ᠬᠤᠰᠢᠭᠤᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ᠂ ᠲᠤᠰᠬᠠᠢ ᠮᠡᠷᠬᠡᠵᠢᠯ | ᠤᠨ ᠬᠢᠷᠢ ᠬᠡᠮ ᠤᠨ ᠦᠨᠡᠯᠡᠯᠲᠡ ᠤᠷᠢᠵᠤ ᠬᠡᠷᠡᠭᠯᠡᠭᠦ᠂ ᠦᠷ᠎ᠡ ᠪᠦᠲᠦᠮᠵᠢ ᠶᠢᠨ ᠬᠤᠪᠢᠶᠠᠷᠢᠯᠠᠯᠲᠠ᠂ ᠪᠠᠭᠰᠢ ᠶᠢᠨ ᠰᠢᠯᠵᠢᠵᠤ ᠶᠠᠪᠤᠬᠤ᠂ ᠠᠵᠢᠯ ᠤᠨ ᠪᠠᠶᠢᠷᠢ ᠶᠢᠨ | ᠬᠠᠮᠢᠶᠠᠷᠤᠯᠲᠠ ᠵᠡᠷᠭᠡ ᠤᠯᠠᠨ ᠲᠠᠯ᠎ᠠ ᠳᠤ ᠦᠭᠡᠷᠡᠴᠢᠯᠡᠯᠲᠡ ᠶᠢ ᠬᠦᠨᠵᠡᠬᠡᠷᠡᠶᠢᠬᠦᠯᠦᠨ᠂ ᠲᠠᠰᠤᠷᠠᠯᠲᠠ ᠦᠭᠡᠢ ᠪᠠᠷ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ | ᠶᠢᠨ ᠠᠮᠢᠲᠤᠯᠢᠭ ᠬᠦᠴᠦᠨ ᠢ ᠪᠠᠳᠠᠷᠠᠭᠤᠯᠤᠨ᠎ᠠ᠃ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠲᠦᠰᠦᠲᠡᠨ ᠤ ᠰᠤᠷᠭᠠᠨ ᠬᠦᠮᠦᠵᠢᠯ ᠢ | ᠬᠦᠭᠵᠢᠬᠦᠯᠬᠦ ᠲᠦᠷᠢᠮ ᠲᠤᠭᠲᠠᠭᠠᠯ︾ ᠢ ᠬᠦᠨᠵᠡᠬᠡᠷᠡᠶᠢᠬᠦᠯᠦᠨ ᠲᠤᠤᠱᠠᠯᠠᠭᠤᠯᠵᠤ᠂ ᠦᠨᠲᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠲᠡ ᠶᠢᠨ ᠲᠦᠪᠰᠢᠨ ᠢ | ᠲᠡᠭᠡᠭᠰᠢᠯᠡᠭᠦᠯᠦᠨ᠎ᠡ᠃ ᠬᠠᠮᠲᠤᠷᠠᠨ ᠰᠤᠷᠭᠠᠭᠤᠯᠢ ᠡᠷᠭᠢᠯᠡᠭᠦ ᠶᠢ ᠴᠢᠩᠭᠠᠳᠬᠠᠨ᠂ ᠬᠤᠲᠠ ᠶᠢᠨ ᠨᠢᠭᠡᠳᠦᠭᠡᠷ ᠲᠤᠮᠲᠠᠲᠤ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ | ᠲᠤᠭᠤᠷᠢᠭ ᠤᠨ ᠠᠯᠪᠠᠨ ᠠᠴᠠ ᠡᠷᠭᠢᠯᠡᠵᠤ ᠠᠷᠠᠳ ᠠᠴᠠ ᠲᠤᠰᠠᠯᠠᠨ ᠰᠤᠷᠭᠠᠭᠤᠯᠢ ᠡᠷᠭᠢᠯᠡᠭᠦ ᠪᠠᠶᠢᠭᠤᠯᠤᠮᠵᠢ ᠶᠢ ᠲᠤᠭᠲᠠᠭᠠᠨ᠂ ᠰᠤᠷᠭᠠᠨ ᠬᠦᠮᠦᠵᠢᠯ ᠶᠢᠨ ᠰᠢᠨ᠎ᠡ | ᠰᠡᠳᠭᠢᠬᠦᠢ᠂ ᠬᠠᠮᠢᠶᠠᠷᠤᠯᠲᠠ ᠶᠢᠨ ᠰᠢᠨ᠎ᠡ ᠪᠠᠶᠢᠭᠤᠯᠤᠮᠵᠢ᠂ ᠪᠠᠭᠰᠢ ᠶᠢᠨ ᠡᠭᠢ ᠪᠠᠶᠠᠯᠢᠭ ᠤᠨ ᠰᠢᠨ᠎ᠡ ᠬᠦᠴᠦᠨ ᠢ ᠲᠠᠳᠠᠨ ᠤᠷᠤᠭᠤᠯᠵᠤ᠂ ᠤᠷᠤᠨ ᠨᠤᠲᠤᠭ ᠤᠨ | ᠨᠡᠷᠡᠲᠤ ᠰᠤᠷᠭᠠᠭᠤᠯᠢ ᠶᠢ ᠪᠦᠲᠦᠭᠡᠨ ᠪᠠᠶᠢᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠰᠢᠨ᠎ᠡ ᠨᠢᠭᠡᠨ ᠲᠦᠪᠰᠢᠨ ᠳᠤ ᠬᠦᠷᠭᠡᠨ᠎ᠡ᠃ ᠡᠮ | ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠭᠤᠤᠯᠴᠢᠯᠠᠨ ᠲᠡᠭᠡᠭᠰᠢᠯᠡᠭᠦᠯᠦᠨ᠎ᠠ᠃ ᠯᠠᠪᠳᠠᠭᠤᠨ ᠪᠠᠳᠤᠲᠠᠢ ᠪᠠᠷ ︽ᠡᠷᠡᠭᠦᠯ ᠴᠢᠬᠢᠷᠠᠭ ᠡᠵᠡᠨ ᠬᠤᠷᠤᠭ᠎ᠠ︾ | ᠢᠨᠵᠧᠨᠧᠷᠢᠩ ᠢ ᠲᠦᠯᠬᠢᠨ ᠠᠭᠢᠭᠤᠯᠵᠤ᠂ ᠪᠡᠭᠡᠵᠢᠩ ᠤᠨ ᠡᠮᠨᠡᠯᠭᠡ ᠶᠢᠨ ᠬᠤᠷᠢᠶ᠎ᠠ᠂ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ | ᠲᠤᠲᠤᠭᠠᠲᠤ ᠶᠢᠨ ᠨᠡᠷᠡᠲᠤ ᠬᠦᠨᠲᠦᠲᠤ ᠭᠤᠷᠪᠡᠨ ᠬᠦᠭᠡ ᠲᠡᠰ ᠤᠨ ᠡᠮᠨᠡᠯᠭᠡ ᠶᠢᠨ ᠬᠤᠷᠢᠶ᠎ᠠ ᠪᠤᠯᠤᠨ ᠬᠤᠰᠢᠭᠤ ᠲᠡᠰ ᠤᠨ ᠡᠮᠨᠡᠯᠭᠡ ᠶᠢᠨ ᠬᠤᠷᠢᠶ᠎ᠠ ᠲᠠᠢ ᠡᠮᠨᠡᠯᠭᠡ ᠶᠢᠨ | ᠬᠠᠮᠲᠤᠷᠠᠯ ᠴᠤᠭᠴᠠ ᠶᠢ ᠪᠠᠶᠢᠭᠤᠯᠵᠤ᠂ ᠬᠤᠰᠢᠭᠤᠨ ᠲᠡᠰ ᠤᠨ ᠡᠮᠨᠡᠯᠭᠡ ᠶᠢᠨ ᠬᠤᠷᠢᠶᠠᠨ ᠤ ᠭᠤᠤᠯᠲᠠᠯᠭᠠᠲᠤ ᠰᠢᠨᠵᠢᠯᠡᠭᠦ ᠤᠬᠠᠭᠠᠨᠴᠢ ᠪᠦᠲᠦᠭᠡᠨ ᠪᠠᠶᠢᠭᠤᠯᠤᠯᠲᠠ ᠶᠢ | ᠲᠠᠭᠠᠭᠤᠯᠤᠨ ᠴᠢᠩᠭᠠᠳᠬᠠᠨ᠎ᠠ᠃ ᠬᠤᠰᠢᠭᠤᠨ ᠤ ᠠᠷᠠᠳ ᠤᠨ ᠡᠮᠨᠡᠯᠭᠡ ᠬᠤᠷᠢᠶ᠎ᠠ ᠶᠢ ᠦᠷᠭᠡᠳᠭᠡᠨ ᠦᠭᠡᠷᠡᠴᠢᠯᠡᠭᠦ ᠪᠠᠷᠢᠯᠭ᠎ᠠ ᠶᠢ ᠡᠭᠢᠯᠡᠭᠦᠯᠦᠨ ᠬᠡᠷᠡᠭᠵᠢᠬᠦᠯᠵᠤ᠂ | ᠮᠤᠩᠭᠤᠯ ᠡᠮ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶᠠᠨ ᠤ ᠮᠤᠩᠭᠤᠯ ᠡᠮ ᠨᠠᠶᠢᠷᠠᠭᠤᠯᠭ᠎ᠠ ᠶᠢᠨ ᠲᠠᠰᠤᠭ ᠵᠡᠷᠬᠡ ᠲᠠᠭᠠᠯᠳᠠ ᠲᠦᠬᠦᠬᠡᠷᠦᠮᠵᠢ ᠶᠢ ᠵᠢᠯ | ᠤᠨ ᠲᠤᠲᠤᠷ᠎ᠠ ᠲᠡᠭᠦᠰᠭᠡᠨ ᠬᠡᠷᠡᠭᠯᠡᠯᠲᠡ ᠳᠤ ᠤᠷᠤᠭᠤᠯᠤᠨ᠎ᠠ᠃ ᠬᠦᠮᠦᠨ ᠤ ᠶᠡᠷᠦᠩᠭᠡᠢ ᠲᠤᠭᠠᠨ ᠤ ᠬᠠᠮᠢᠶᠠᠷᠤᠯᠲᠠ ᠪᠤᠯᠤᠨ ᠠᠯᠪᠠᠨ ᠠᠴᠠ ᠡᠷᠭᠢᠯᠡᠭᠰᠡᠨ ᠡᠮᠨᠡᠯᠭᠡ ᠶᠢᠨ | ᠬᠤᠷᠢᠶᠠᠨ ᠤ ᠴᠠᠯᠢᠩ ᠮᠦᠡᠭᠭᠦ ᠳᠤ ᠦᠭᠡᠷᠡᠴᠢᠯᠡᠯᠲᠡ ᠬᠢᠵᠤ᠂ ᠡᠮᠨᠡᠯᠬᠡ ᠶᠢᠨ ᠬᠤᠷᠢᠶᠠᠨ ᠤ ᠬᠤᠷᠢᠶᠠᠨ ᠲᠠᠷᠤᠭ᠎ᠠ ᠶᠢᠨ ᠬᠢᠨᠠᠨ ᠰᠢᠯᠭᠠᠷᠠᠭᠤᠯᠬᠤ ᠬᠠᠮᠢᠶᠠᠷᠤᠯᠳᠠ ᠪᠠ | ᠬᠠᠰᠢᠷ ᠲᠤᠭᠢ ᠡᠮᠴᠢ᠂ ᠪᠦᠬᠦ ᠰᠠᠯᠠᠭᠠᠨ ᠤ ᠡᠮᠴᠢ ᠶᠢᠨ ᠪᠤᠯᠪᠠᠰᠤᠷᠠᠯ ᠢ ᠴᠢᠩᠭᠠᠳᠬᠠᠨ᠂ ᠡᠮᠨᠡᠯᠭᠡ ᠶᠢᠨ ᠦᠢᠯᠡᠴᠢᠯᠡᠭᠡᠨ ᠤ ᠪᠦᠬᠦᠯᠢ ᠴᠤᠭᠴᠠ ᠶᠢᠨ ᠲᠦᠪᠰᠢᠨ ᠢ | ᠲᠡᠭᠡᠭᠰᠢᠯᠡᠭᠦᠯᠦᠨ᠎ᠡ᠃ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠦᠪᠰᠢᠨ ᠢ ᠭᠤᠤᠯᠴᠢᠯᠠᠨ ᠠᠳᠬᠤᠨ᠎ᠠ᠃ ᠠᠵᠢᠯᠴᠢᠨ ᠤ ᠰᠤᠶᠤᠯ ᠤᠨ ᠤᠷᠳᠤᠨ᠂ | ᠪᠠᠭᠠᠴᠤᠳ ᠤᠨ ᠤᠷᠳᠤᠨ᠂ ᠦᠳᠦᠨ ᠪᠦᠮᠪᠦᠬᠡᠨ ᠤ ᠤᠷᠳᠤᠨ ᠢ ᠡᠬᠢᠯᠡᠬᠦᠯᠦᠨ ᠪᠠᠶᠢᠭᠤᠯᠵᠤ᠂ ᠨᠤᠮ ᠤᠨ ᠰᠠᠩ ᠤᠨ ᠦᠢᠯᠡᠴᠢᠯᠡᠬᠡᠨ ᠤ ᠴᠢᠲᠡᠪᠭᠢ ᠶᠢ ᠤᠯᠠᠮ ᠨᠢᠬᠡ | ᠠᠯᠬᠤᠮ ᠪᠦᠷᠢᠨ ᠲᠦᠬᠦᠷ ᠪᠤᠯᠭᠠᠵᠤ᠂ ᠲᠤᠭᠠᠴᠢᠯᠠᠭᠰᠠᠨ ᠤᠡᠭᠰᠢᠯᠭ᠎ᠠ᠂ ᠠᠷᠠᠳ ᠲᠤ ᠲᠦᠬᠦᠮ ᠦᠵᠡᠭᠦᠯᠬᠦ ᠤᠡᠭᠰᠢᠯᠭ᠎ᠠ ᠶᠢ ᠲᠦᠯᠭᠢᠨ ᠠᠭᠢᠭᠤᠯᠵᠤ᠂ ᠤᠯᠠᠨ | ᠨᠡᠶᠢᠳᠡ ᠶᠢᠨ ᠰᠤᠶᠤᠯ ᠤᠨ ᠦᠢᠯᠡᠴᠢᠯᠡᠬᠡᠨ ᠢ ᠲᠡᠬᠡᠭᠰᠢᠯᠡᠬᠦᠯᠦᠨ᠎ᠡ᠃ ᠤᠯᠠᠭᠠᠨᠮᠦ᠋ᠴᠢᠷ ᠤᠨ ᠨᠡᠩ ᠤᠯᠠᠨ ᠰᠢᠯᠢᠳᠡᠭ ᠰᠤᠲᠤᠨ ᠪᠦᠲᠦᠭᠡᠯ ᠭᠠᠷᠭᠠᠬᠤ ᠶᠢ ᠲᠡᠮᠵᠢᠨ᠎ᠠ᠃ | ᠪᠠᠶᠢᠩᠭᠤ ᠶᠢᠨ ᠴᠢᠨᠠᠷᠳᠠᠢ ᠦᠨᠲᠦᠰᠦᠨ ᠱᠠᠲᠤᠨ ᠳᠤ ᠬᠦᠨᠵᠡᠬᠡᠶᠢᠷᠡᠨ ᠠᠷᠠᠳ ᠢ ᠬᠠᠯᠠᠮᠵᠢᠯᠠᠬᠤ ᠲᠤᠭᠯᠠᠯᠲᠠ ᠬᠢᠨ᠎ᠡ᠃ ᠰᠢᠷ᠎ᠠ ᠲᠠᠯ᠎ᠠ ᠶᠢᠨ ᠬᠠᠭᠤᠴᠢ ᠰᠤᠲᠤᠯᠤᠯ ᠤᠨ | ᠨᠡᠭᠡᠭᠡᠯᠲᠠ ᠶᠢ ᠲᠦᠯᠭᠢᠨ ᠠᠭᠢᠭᠤᠯᠵᠤ᠂ ᠮᠤᠷᠢᠨ ᠬᠤᠭᠤᠷ᠂ ᠮᠤᠩᠭᠤᠯ ᠭᠡᠷ ᠵᠡᠷᠭᠡ ᠪᠤᠲᠠᠰ ᠤᠨ ᠪᠤᠰᠤ ᠤᠯᠠᠮᠵᠢᠯᠠᠯᠲᠤ ᠦᠢᠯᠡᠰ ᠤᠨ ᠵᠠᠬ᠎ᠠ ᠲᠡᠯᠭᠡᠭᠦᠷᠵᠢᠯᠲᠡ ᠶᠢ | ᠲᠡᠮᠵᠢᠨ ᠲᠡᠳᠭᠦᠨ᠎ᠡ᠃ ᠦᠨᠲᠦᠷ ᠪᠠᠷᠢᠮᠵᠢᠶ᠎ᠠ ᠪᠠᠷ ᠨᠠᠢᠮᠠᠳᠤᠭᠠᠷ ᠬᠤᠭᠤᠴᠠᠭᠠᠨ ᠤ ᠪᠦᠬᠦ ᠬᠤᠰᠢᠭᠤᠨ ᠤ ᠠᠵᠢᠯᠲᠠᠨ ᠤ ᠲᠠᠮᠢᠷ ᠤᠨ ᠤᠷᠤᠯᠲᠤᠭᠠᠨ ᠢ ᠬᠢᠵᠤ᠂ | ᠨᠠᠰᠤᠳᠠᠶᠢᠴᠤᠳ ᠤᠨ ᠲᠠᠮᠢᠷ ᠤᠨ ᠤᠷᠤᠯᠳᠤᠭᠠᠨ᠂ ᠲᠢᠶᠠᠨ ᠵᠢᠶᠤᠤ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠠᠩᠬᠠᠳᠤᠭᠠᠷ ᠬᠤᠭᠤᠴᠠᠭᠠᠨ ᠤ ᠤᠯᠠᠮᠵᠢᠯᠠᠯᠳᠤ | ᠨᠠᠭᠠᠳᠤᠮ ᠵᠡᠷᠬᠡ ᠠᠵᠢᠯᠯᠠᠭ᠎ᠠ ᠶᠢ ᠡᠷᠬᠢᠯᠡᠵᠤ᠂ ᠤᠯᠤᠰ ᠤᠨ ︽ᠪᠦᠬᠦ ᠠᠷᠠᠳ ᠢᠶᠠᠷ ᠢᠶᠠᠨ ᠪᠡᠶ᠎ᠡ ᠮᠠᠬᠠᠪᠤᠳ ᠢᠶᠠᠨ ᠪᠤᠯᠪᠠᠰᠤᠷᠠᠬᠤ ᠲᠠᠭᠤᠷᠢᠶᠠᠯ ᠬᠤᠰᠢᠭᠤ︾ ᠪᠤᠯᠬᠤ | ᠪᠠᠷ ᠴᠢᠷᠮᠠᠶᠢᠨ᠎ᠠ᠃ | ᠬᠤᠶᠠᠷ ᠲᠤ᠂ ᠠᠵᠢᠯ ᠤᠯᠭᠤᠬᠤ ᠪᠠ ᠨᠡᠶᠢᠬᠡᠮ ᠤᠨ ᠪᠠᠲᠤᠯᠠᠭ᠎ᠠ ᠶᠢᠨ ᠲᠦᠪᠰᠢᠨ ᠢ ᠲᠡᠭᠡᠭᠰᠢᠯᠡᠭᠦᠯᠦᠨ᠎ᠠ᠃ ᠯᠠᠪᠳᠠᠭᠤᠨ ᠢᠶᠠᠷ ᠠᠵᠢᠯ ᠤᠯᠭᠤᠬᠤ ᠠᠰᠠᠭᠤᠳᠠᠯ | ᠢ ᠲᠡᠷᠢᠬᠦᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠵᠢᠩᠭᠢᠨᠢ ᠨᠡᠷ᠎ᠡ ᠪᠠᠷ ᠲᠠᠩᠰᠠᠯᠠᠬᠤ ᠲᠠᠩᠰᠠ ᠡᠪᠬᠡᠮᠡᠯ ᠤᠨ ᠲᠦᠷᠢᠮ ᠢ ᠲᠡᠭᠦᠯᠳᠡᠷᠵᠢᠬᠦᠯᠦᠨ᠂ ᠶᠡᠭᠡ ᠬᠦᠴᠦᠨ ᠢᠶᠠᠷ | ᠬᠡᠷᠡᠭᠯᠡᠭᠡᠨ ᠤ ᠤᠷ᠎ᠠ ᠮᠡᠷᠭᠡᠵᠢᠯ ᠤᠨ ᠪᠤᠯᠪᠠᠰᠤᠷᠠᠯ ᠪᠠ ᠲᠠᠭᠠᠭᠤᠯᠤᠨ ᠵᠠᠮᠴᠢᠯᠠᠬᠤ ᠴᠢᠨᠠᠷᠲᠠᠢ ᠪᠤᠯᠪᠠᠰᠤᠷᠠᠯ ᠢ ᠦᠷᠨᠢᠬᠦᠯᠵᠤ᠂ ᠭᠤᠤᠯᠳᠠᠯᠭ᠎ᠠ ᠲᠠᠢ ᠪᠠᠷ ᠶᠡᠭᠡ | ᠰᠤᠷᠭᠠᠭᠤᠯᠢ ᠲᠡᠭᠦᠰᠦᠭᠰᠡᠳ᠂ ᠬᠦᠳᠡᠭᠡ ᠲᠤᠰᠬᠤᠨ ᠤ ᠨᠡᠬᠦᠳᠡᠯ ᠬᠦᠳᠡᠯᠮᠦᠷᠢ ᠬᠦᠴᠦᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭᠠᠲᠤ ᠬᠦᠮᠦᠰ ᠤᠨ | ᠠᠵᠢᠯ ᠤᠯᠬᠤ ᠠᠰᠠᠭᠤᠳᠠᠯ ᠢ ᠰᠡᠶᠢᠳᠪᠤᠷᠢᠯᠡᠨ᠎ᠡ᠃ 2500 ᠬᠦᠮᠦᠨ ᠳᠤ ᠰᠢᠨ᠎ᠡ ᠠᠵᠢᠯ ᠤᠨ ᠪᠠᠶᠢᠷᠢ ᠨᠡᠮᠡᠭᠳᠡᠭᠦᠯᠵᠤ᠂ ᠬᠤᠳᠠ ᠪᠠᠯᠭᠠᠰᠤᠨ ᠤ ᠠᠵᠢᠯ ᠠᠯᠳᠠᠭᠰᠠᠳ | ᠤᠨ ᠨᠤᠷᠮ᠎ᠠ ᠶᠢ 2.7% ᠶᠢᠨ ᠲᠤᠲᠤᠷ᠎ᠠ ᠭᠢᠵᠠᠭᠠᠷᠯᠠᠨ᠎ᠠ᠃ ︽ᠠᠵᠢᠯ ᠤᠨ ᠪᠠᠶᠢᠷᠢ ᠦᠭᠡᠢ︾ ᠭᠡᠷ ᠪᠦᠯᠢ ᠶᠢ ᠬᠦᠳᠡᠯᠭᠡᠨᠲᠤ ᠬᠡᠪ ᠤᠨ ᠪᠠᠶᠢᠳᠠᠯ ᠢᠶᠠᠷ ᠦᠭᠡᠢ | ᠪᠤᠯᠭᠠᠨ᠎ᠠ᠃ ᠯᠠᠪᠳᠠᠭᠤᠨ ᠪᠠᠲᠤᠲᠠᠢ ᠪᠠᠷ ᠪᠦᠬᠦ ᠠᠷᠠᠳ ᠤᠨ ᠲᠠᠭᠠᠳᠬᠠᠯ ᠳᠤ ᠤᠷᠤᠬᠤ ᠶᠢ ᠲᠦᠯᠦᠪᠯᠡᠭᠡ ᠶᠢ ᠠᠭᠢᠭᠤᠯᠵᠤ᠂ ᠨᠡᠶᠢᠬᠡᠮ ᠤᠨ ᠲᠠᠭᠠᠳᠬᠠᠯ ᠤᠨ ᠪᠦᠷᠢᠨ | ᠪᠦᠷᠭᠦᠴᠡ ᠶᠢ ᠪᠡᠶᠡᠯᠡᠭᠦᠯᠦᠨ᠎ᠠ᠃ ᠲᠠᠰᠤᠷᠠᠯᠲᠠ ᠦᠭᠡᠢ ᠪᠠᠷ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠪᠤᠯᠤᠨ ᠠᠯᠪᠠᠨ ᠠᠴᠠ ᠭᠠᠷᠤᠭᠰᠠᠳ ᠤᠨ | ᠦᠨᠲᠦᠰᠦᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ ᠲᠡᠭᠡᠭᠰᠢᠯᠡᠭᠦᠯᠦᠨ᠂ ᠬᠦᠳᠡᠭᠡ ᠲᠤᠰᠬᠤᠨ ᠤ ᠤᠨᠴᠠ ᠬᠦᠴᠢᠷᠲᠡᠯᠲᠤ ᠬᠦᠮᠦᠰ ᠢ ᠰᠠᠯᠤᠩᠭᠢ ᠪᠠᠷ | ᠲᠡᠳᠭᠦᠬᠦ ᠪᠤᠯᠤᠨ ᠲᠦᠪᠯᠡᠷᠡᠭᠦᠯᠦᠨ ᠲᠡᠳᠭᠦᠨ ᠠᠰᠠᠷᠠᠬᠤ ᠪᠠᠷᠢᠮᠵᠢᠶ᠎ᠠ ᠶᠢ ᠬᠠᠮᠲᠤᠳᠬᠠᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ | ᠲᠠᠭᠠᠳᠬᠠᠯ ᠢ ᠬᠦᠮᠦᠨ ᠪᠦᠷᠢ ᠶᠢᠨ ᠰᠠᠷ᠎ᠠ ᠪᠦᠷᠢ 50 ᠲᠦᠬᠦᠷᠢᠭ ᠨᠡᠮᠡᠭᠳᠡᠭᠦᠯᠵᠤ᠂ ᠬᠤᠲᠠ ᠬᠦᠳᠡᠭᠡ ᠶᠢᠨ ᠲᠤᠤᠷ᠎ᠠ ᠪᠠᠲᠤᠯᠠᠭᠠᠲᠤ ᠡᠷᠦᠭᠡ ᠶᠢᠨ ᠪᠠᠲᠤᠯᠠᠭ᠎ᠠ ᠶᠢᠨ | ᠮᠦᠡᠭᠭᠦ ᠶᠢᠨ ᠪᠠᠷᠢᠮᠵᠢᠶ᠎ᠠ ᠶᠢ ᠬᠦᠮᠦᠨ ᠪᠦᠷᠢ ᠶᠢᠨ ᠵᠢᠯ ᠪᠦᠷᠢ 492 ᠲᠦᠬᠦᠷᠢᠭ ᠪᠤᠯᠤᠨ 588 ᠲᠦᠬᠦᠷᠢᠭ ᠪᠤᠯᠭᠠᠨ ᠨᠡᠮᠡᠭᠳᠡᠭᠦᠯᠦᠨ᠎ᠡ᠃ ᠦᠮᠡᠨ ᠡᠰᠡᠷᠬᠦᠴᠡᠬᠦ ᠡᠮ | ᠤᠨ ᠦᠨ᠎ᠡ ᠶᠢ ᠲᠤᠷᠤᠭᠰᠢᠯᠠᠭᠤᠯᠬᠤ ᠶᠢᠨ ᠬᠠᠮᠳᠤ ᠡᠮᠨᠡᠯᠬᠡ ᠶᠢᠨ ᠲᠠᠭᠠᠳᠬᠠᠯ ᠤᠨ ᠨᠡᠷᠡᠰ ᠪᠠ ᠦᠨᠳᠦᠷ ᠴᠢᠰᠤᠨ ᠲᠠᠷᠤᠯᠳᠠ᠂ ᠰᠢᠬᠢᠷ ᠰᠢᠵᠢᠩ ᠡᠪᠡᠳᠴᠢᠨ ᠵᠡᠷᠬᠡ | ᠡᠬᠦᠳᠡᠨ ᠡᠮᠨᠡᠯᠬᠡ ᠶᠢᠨ ᠬᠡᠷᠡᠭᠯᠡᠬᠡᠨ ᠤ ᠡᠮ ᠢ ᠡᠮᠨᠡᠯᠬᠡ ᠶᠢᠨ ᠲᠠᠭᠠᠳᠬᠠᠯ ᠢᠶᠠᠨ ᠲᠠᠭᠠᠭᠠᠯᠭᠠᠬᠤ ᠲᠦᠷᠦ ᠪᠤᠳᠤᠯᠭ᠎ᠠ ᠳᠤ ᠤᠷᠤᠭᠤᠯᠬᠤ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠡᠷᠡᠭᠦᠯ ᠮᠡᠨᠲᠦ ᠪᠠᠷ ᠶᠠᠳᠠᠭᠤ ᠶᠢ ᠲᠡᠳᠭᠦᠬᠦ ᠪᠤᠯᠤᠨ ᠨᠡᠶᠢᠬᠡᠮ ᠤᠨ ᠲᠠᠭᠠᠳᠬᠠᠯ ᠢ ︽ᠨᠢᠭᠡ ᠦᠷᠲᠡᠭᠡᠨ ᠤ ᠬᠡᠯᠪᠡᠷᠢ︾ ᠶᠢᠨ | ᠦᠢᠯᠡᠴᠢᠯᠡᠬᠡᠨ ᠤ ᠲᠢᠩᠭᠢᠮ ᠢ ᠪᠠᠶᠢᠭᠤᠯᠬᠤ ᠶᠢᠨ ᠬᠠᠮᠲᠤ ᠠᠯᠲᠠᠨᠰᠢᠷᠡᠭᠡᠲᠤ ᠪᠠᠯᠭᠠᠰᠤᠨ ᠤ ᠫᠢᠡᠭ ᠠᠨ ᠨᠡᠶᠢᠬᠡᠮ ᠲᠤᠭᠤᠷᠢᠭ᠂ ᠸᠠᠩ ᠤᠨ ᠤᠷᠲᠤᠨ ᠵᠠᠮ ᠤᠨ ᠨᠡᠶᠢᠬᠡᠮ | ᠲᠤᠭᠤᠷᠢᠭ ᠲᠤ ︽ᠤᠶᠤᠨᠴᠢᠯᠠᠭᠰᠠᠨ ᠭᠡᠷ ᠲᠡᠭᠡᠨ ᠰᠠᠭᠤᠵᠤ ᠦᠳᠡᠯᠦᠭᠡ ᠨᠠᠰᠤ ᠪᠠᠨ ᠦᠡᠭᠭᠡᠷᠡᠭᠡᠭᠦ︾ ᠦᠢᠯᠡᠴᠢᠯᠡᠭᠡ ᠶᠢ ᠲᠤᠷᠰᠢᠨ ᠬᠡᠷᠡᠭᠵᠢᠬᠦᠯᠵᠤ᠂ ᠦᠢᠯᠡᠴᠢᠯᠡᠬᠡᠨ | ᠤ ᠲᠦᠪᠰᠢᠨ ᠢ ᠲᠡᠬᠡᠭᠰᠢᠯᠡᠬᠦᠯᠦᠨ᠎ᠡ᠃ ᠨᠡᠶᠢᠬᠡᠮ ᠤᠨ ᠪᠠᠲᠤᠯᠠᠭ᠎ᠠ ᠪᠤᠯᠤᠨ ᠨᠠᠰᠤᠵᠢᠯ ᠤᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠦᠨ᠎ᠡ᠃ ᠨᠠᠮ ᠤᠨ | ᠦᠨᠳᠦᠰᠦᠳᠡᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠵᠢᠭᠤᠯᠵᠤ᠂ ᠴᠦᠬᠡᠨ ᠲᠤᠭᠠᠳᠤ ᠦᠨᠳᠦᠰᠦᠳᠡᠨ ᠤ ᠠᠵᠤ ᠦᠢᠯᠡᠰ | ᠤᠨ ᠬᠦᠭᠵᠢᠬᠦᠯᠦᠯᠳᠡ᠂ ᠦᠢᠯᠡᠰ ᠪᠦᠳᠦᠬᠡᠬᠦ ᠠᠵᠢᠯ ᠤᠯᠭᠤᠯᠳᠠ᠂ ᠨᠡᠶᠢᠬᠡᠮ ᠤᠨ ᠠᠵᠢᠯ ᠦᠢᠯᠡᠰ ᠵᠡᠷᠬᠡ ᠲᠠᠯ᠎ᠠ ᠪᠠᠷ ᠲᠡᠮᠵᠢᠯᠬᠡ ᠶᠢᠨ ᠬᠦᠴᠦᠯᠡᠴᠡ ᠪᠠᠨ ᠤᠯᠠᠮ | ᠨᠢᠬᠡ ᠠᠯᠬᠤᠮ ᠴᠢᠩᠭᠠᠳᠬᠠᠵᠤ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠶᠢ ᠡᠬᠦᠳᠦᠨ ᠪᠠᠶᠢᠭᠤᠯᠬᠤ ᠪᠠᠷ | ᠴᠢᠷᠮᠠᠶᠢᠨ᠎ᠠ᠃ | ᠭᠤᠷᠪᠠ ᠳᠤ᠂ ᠨᠡᠶᠢᠬᠡᠮ ᠤᠨ ᠠᠮᠤᠷ ᠲᠤᠭᠲᠠᠭᠤᠨ ᠢ ᠪᠠᠲᠤᠯᠠᠨ᠎ᠠ᠃ ᠵᠦᠷᠢᠴᠡᠯ ᠮᠦᠷᠭᠦᠯᠲᠦᠭᠡᠨ ᠢ ᠪᠠᠶᠢᠴᠠᠭᠠᠵᠤ ᠰᠢᠢᠳᠪᠦᠷᠢᠯᠡᠬᠦ ᠬᠦᠴᠦᠯᠡᠴᠡ ᠪᠠᠨ | ᠴᠢᠩᠭᠠᠳᠬᠠᠨ᠂ ᠯᠠᠪᠳᠠᠭᠤᠨ ᠪᠠᠲᠤᠲᠠᠢ ᠪᠠᠷ ᠤᠲᠤᠷᠢᠲᠤᠯᠭ᠎ᠠ ᠺᠠᠳ᠋ᠷ ᠬᠡᠷᠡᠭ ᠢ ᠡᠬᠦᠷᠭᠡᠯᠡᠨ ᠪᠠᠶᠢᠴᠠᠭᠠᠬᠤ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠦᠷᠨᠢᠬᠦᠯᠦᠨ᠂ | ᠵᠠᠭᠢᠲᠠᠯ ᠰᠤᠷᠪᠤᠯᠵᠢᠯᠠᠭ᠎ᠠ ᠶᠢᠨ ᠲᠠᠷᠤᠭᠳᠠᠮᠠᠯ ᠬᠡᠷᠡᠭ ᠢ ᠵᠤᠭᠢᠰᠲᠠᠢ ᠪᠠᠷ ᠰᠡᠶᠢᠳᠪᠤᠷᠢᠯᠡᠨ᠎ᠡ᠃ ᠨᠡᠶᠢᠬᠡᠮ ᠤᠨ ᠡᠮᠬᠢ ᠲᠢᠭᠯᠢᠮ ᠢ ᠡᠪᠳᠡᠵᠦ ᠵᠤᠷᠢᠭᠤᠳᠠ ᠪᠠᠷ | ᠵᠠᠭᠤᠷᠠᠯᠳᠤᠨ ᠲᠦᠢᠪᠡᠬᠡᠬᠦ ᠵᠡᠷᠬᠡ ᠠᠵᠢᠯᠯᠠᠭ᠎ᠠ ᠳᠤ ᠡᠷᠡᠰ ᠴᠤᠬᠢᠯᠳᠠ ᠦᠭᠬᠦ ᠶᠢ ᠪᠠᠷᠢᠮᠳᠠᠯᠠᠨ᠎ᠠ᠃ ᠪᠦᠬᠦ ᠲᠠᠯ᠎ᠠ ᠪᠠᠷ ᠠᠶᠦᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ | ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠵᠢᠭᠤᠯᠬᠤ ᠶᠢ ᠲᠤᠪᠤᠶᠢᠯᠭᠠᠨ᠂ ᠡᠯ᠎ᠡ | ᠲᠦᠷᠦᠯ ᠤᠨ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠵᠤ ᠠᠬᠤᠶᠢᠯᠠᠯ ᠢ ︽ᠬᠡᠷᠡᠭ ᠭᠠᠷᠬᠤ ᠠᠴᠠ ᠠᠶᠤᠨ ᠰᠡᠷᠡᠮᠵᠢᠯᠡᠨ᠂ ᠭᠡᠷᠡᠭ | ᠭᠠᠷᠴᠤ ᠪᠤᠯᠤᠰᠢ ᠦᠭᠡᠢ︾ ᠪᠤᠯᠭᠠᠬᠤ ᠭᠡᠷᠡᠭᠲᠠᠢ᠃ ᠮᠡᠷᠭᠡᠵᠢᠯᠲᠡᠨ ᠢᠶᠠᠷ ᠨᠢᠭᠤᠭᠳᠠᠮᠠᠯ ᠠᠶᠤᠯ ᠢ ᠰᠢᠭᠰᠢᠨ ᠪᠠᠶᠢᠴᠠᠭᠠᠬᠤ ᠪᠠᠶᠢᠭᠤᠯᠤᠮᠵᠢ ᠶᠢ ᠢᠳᠡᠪᠬᠢᠳᠠᠢ ᠠᠬᠢᠭᠤᠯᠵᠤ᠂ | ᠬᠡᠪ ᠤᠨ ᠪᠠᠶᠢᠳᠠᠯ ᠢᠶᠠᠷ ᠪᠦᠬᠦ ᠬᠡᠪᠴᠢᠶᠠᠨ ᠳᠤ ᠪᠠᠶᠢᠴᠠᠭᠠᠨ ᠦᠭᠡᠷᠡᠴᠢᠯᠡᠭᠦ ᠶᠢ ᠠᠭᠢᠭᠤᠯᠤᠨ᠂ ᠠᠶᠤᠯᠭᠦᠢ ᠦᠢᠯᠡᠳᠪᠤᠷᠢᠯᠡᠯ ᠤᠨ ᠪᠠᠶᠢᠳᠠᠯ ᠲᠠᠰᠤᠷᠠᠯᠲᠠ ᠦᠭᠡᠢ ᠪᠠᠷ | ᠰᠠᠶᠢᠵᠢᠷᠠᠬᠤ ᠶᠢ ᠠᠭᠢᠭᠤᠯᠤᠨ᠎ᠠ᠃ ᠠᠯᠲᠠᠨᠰᠢᠷᠡᠭᠡᠲᠤ ᠪᠠᠯᠭᠠᠰᠤᠨ ᠤ ᠰᠢ ᠱᠠᠨ᠂ ᠡᠷᠳᠡᠨᠢ ᠶᠢᠨ ᠲᠤᠪᠴᠢ ᠰᠤᠶᠤᠯ ᠤᠨ ᠠᠵᠤ ᠦᠢᠯᠡᠰ ᠤᠨ ᠬᠦᠷᠢᠶᠡᠯᠡᠩ ᠵᠡᠷᠭᠡ | ᠭᠠᠵᠠᠷ ᠲᠤ 4 ᠭᠠᠯ ᠰᠡᠷᠭᠡᠶᠢᠯᠡᠯᠲᠡ ᠶᠢᠨ ᠦᠷᠳᠡᠭᠡ ᠶᠢ ᠰᠢᠨ᠎ᠡ ᠪᠠᠷ ᠪᠠᠶᠢᠭᠤᠯᠵᠤ᠂ ᠭᠤᠤᠯᠳᠠᠯᠭᠠᠲᠤ ᠭᠠᠵᠠᠷ ᠤᠨ ᠭᠠᠯ ᠤᠨ ᠠᠶᠤᠯ ᠢ ᠰᠡᠷᠭᠡᠶᠢᠯᠡᠭᠦ ᠴᠢᠳᠡᠪᠭᠢ ᠶᠢ | ᠲᠡᠭᠡᠭᠰᠢᠯᠡᠭᠦᠯᠦᠨ᠎ᠡ᠃ ᠵᠠᠮ ᠬᠠᠷᠢᠯᠴᠠᠭᠠᠨ ᠤ ᠬᠡᠨᠡᠳᠡᠯ ᠬᠡᠷᠡᠭ ᠤᠨ ᠤᠷᠢᠳᠴᠢᠯᠠᠨ ᠰᠡᠷᠬᠡᠶᠢᠯᠡᠬᠦ ᠲᠤᠭᠳᠠᠯᠴᠠᠭ᠎ᠠ ᠶᠢ ᠪᠦᠷᠢᠨᠰᠢᠬᠦᠯᠵᠦ᠂ ᠴᠢᠩᠭ᠎ᠠ ᠪᠠᠶᠢᠴᠠᠭᠠᠨ | ᠬᠠᠮᠢᠶᠠᠷᠴᠤ᠂ ᠴᠢᠩᠭ᠎ᠠ ᠰᠡᠷᠬᠡᠶᠢᠯᠡᠨ ᠡᠵᠡᠮᠳᠡᠵᠤ᠂ ᠵᠠᠮ ᠬᠠᠷᠢᠯᠴᠠᠭᠠᠨ ᠤ ᠬᠡᠨᠡᠳᠡᠯ ᠬᠡᠷᠡᠭ ᠤᠨ ᠦᠬᠦᠬᠦ ᠨᠤᠷᠮ᠎ᠠ ᠶᠢ 50% ᠪᠠᠷ ᠲᠤᠷᠤᠭᠰᠢᠯᠠᠭᠤᠯᠤᠨ᠎ᠠ᠃ ᠲᠦᠪ | ᠴᠢᠩᠭ᠎ᠠ ᠪᠠᠷ ᠬᠠᠷᠢᠯᠴᠠᠨ ᠰᠡᠷᠭᠡᠶᠢᠯᠡᠵᠤ ᠬᠠᠷᠢᠯᠴᠠᠨ ᠪᠢᠲᠡᠭᠦᠮᠵᠢᠯᠡᠬᠦ ᠠᠷᠭ᠎ᠠ ᠬᠡᠮᠵᠢᠶ᠎ᠡ ᠪᠠᠷ ︽ᠠᠹᠷᠢᠺᠠ ᠲᠢᠪ ᠤᠨ ᠭᠠᠭ᠋ᠠᠢ ᠶᠢᠨ ᠬᠡᠵᠢᠭ︾ ᠢ ᠰᠡᠷᠭᠡᠶᠢᠯᠡᠨ᠎ᠡ᠃ | ᠬᠦᠳᠡᠯᠮᠦᠷᠢ ᠬᠦᠴᠦᠨ ᠤ ᠬᠢᠨᠠᠨ ᠪᠠᠶᠢᠴᠠᠭᠠᠬᠤ ᠬᠠᠤᠯᠢ ᠬᠡᠷᠡᠭᠵᠢᠬᠦᠯᠬᠦ ᠬᠦᠴᠦᠯᠡᠴᠡ ᠪᠠᠨ ᠴᠢᠩᠭᠠᠳᠬᠠᠨ᠂ ᠲᠠᠷᠢᠶᠠᠴᠢᠨ ᠠᠵᠢᠯᠴᠢᠨ ᠤ ᠬᠠᠤᠯᠢ ᠶᠤᠰᠤᠨ ᠤ ᠡᠷᠭᠡ | ᠠᠰᠢᠭ ᠢ ᠪᠠᠲᠤᠯᠠᠨ᠎ᠠ᠃ ᠴᠡᠷᠢᠭ ᠠᠴᠠ ᠬᠠᠯᠠᠭᠳᠠᠭᠰᠠᠳ ᠲᠤ ᠤᠷᠢᠳᠠᠪᠡᠷ ᠠᠵᠢᠯ ᠤᠯᠭᠤᠬᠤ ᠲᠤᠬᠤᠨᠢᠭᠤᠯᠬᠤ ᠠᠵᠢᠯ ᠤᠨ ᠲᠦᠷᠦ ᠶᠢᠨ ᠪᠤᠲᠤᠯᠭ᠎ᠠ ᠶᠢ ᠲᠦᠪ | ᠴᠢᠩᠭ᠎ᠠ ᠪᠠᠷ ᠬᠡᠷᠡᠭᠵᠢᠬᠦᠯᠦᠨ᠎ᠠ᠃ ᠯᠠᠪᠳᠠᠭᠤᠨ ᠪᠠᠲᠤᠲᠠᠢ ᠪᠠᠷ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠤᠯᠳᠠ ᠶᠢ ᠦᠷᠨᠢᠬᠦᠯᠵᠤ᠂ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠬᠦᠨᠵᠡᠭᠡᠶᠢᠷᠡᠭᠦᠯᠦᠨ ᠶᠠᠪᠤᠭᠳᠠᠭᠤᠯᠵᠤ᠂ ᠪᠦᠬᠦ ᠬᠡᠪᠴᠢᠶ᠎ᠡ ᠪᠠᠷ ᠱᠦᠭᠦᠷᠲᠡᠭᠦ ᠮᠠᠶ᠋ᠢᠭ ᠪᠠᠷ ᠭᠤᠤᠯᠳᠠᠯᠭᠠᠲᠤ ᠭᠠᠵᠠᠷ ᠤᠷᠤᠨ᠂ ᠠᠵᠢᠯ ᠲᠦᠷᠦᠯ᠂ | ᠭᠤᠤᠯᠳᠠᠯᠭᠠᠳᠤ ᠨᠢᠬᠡᠴᠡ ᠪᠠ ᠰᠢᠨ᠎ᠡ ᠬᠡᠯᠪᠡᠷᠢ ᠶᠢᠨ ᠲᠠᠯᠠᠪᠤᠷ ᠲᠤ ᠰᠢᠭᠰᠢᠨ ᠪᠠᠶᠢᠴᠠᠭᠠᠯᠲᠠ ᠬᠢᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ᠠᠷᠤ ᠲᠦᠰᠢᠭ᠂ | ᠰᠦᠯᠪᠡᠭᠡ ᠶᠢ ᠴᠢᠩᠭ᠎ᠠ ᠠᠷᠢᠯᠭᠠᠵᠤ᠂ ᠨᠡᠶᠢᠬᠡᠮ ᠤᠨ ᠠᠮᠤᠷ ᠲᠤᠭᠲᠠᠭᠤᠨ ᠢ ᠪᠠᠲᠤᠯᠠᠨ᠎ᠠ᠃ | ᠲᠦᠯᠦᠬᠡᠯᠡᠭᠴᠢᠳ ᠡ᠂ ᠠᠷᠠᠳ ᠤᠨ ᠬᠦᠰᠡᠯ ᠡᠷᠡᠮᠡᠯᠵᠡᠯ ᠪᠤᠯ ᠵᠠᠰᠠᠭ ᠪᠠᠷᠢᠬᠤ ᠴᠢᠭᠯᠡᠯ ᠵᠤᠷᠢᠯᠲᠠ ᠮᠦᠨ︕ ᠡᠨᠡ ᠵᠢᠯ᠂ ᠪᠢᠲᠠ ᠪᠦᠬᠦ ᠤᠷᠤᠨ ᠤ | ᠲᠤᠷᠰᠢᠯᠲᠠ ᠶᠢᠨ ᠴᠡᠭ ᠪᠤᠯᠤᠭᠰᠠᠨ ᠢᠶᠠᠷ᠂ ᠠᠷᠠᠳ ᠤᠨ ᠠᠮᠢᠳᠤᠷᠠᠯ ᠤᠨ ᠪᠤᠲᠠᠲᠤ ᠲᠦᠷᠦᠯ ᠵᠦᠢᠯ ᠤᠨ ᠲᠦᠯᠦᠭᠡᠯᠡᠭᠴᠢ ᠶᠢᠨ ᠪᠢᠯᠧᠲ ᠢᠶᠠᠷ ᠲᠤᠭᠳᠠᠭᠠᠬᠤ ᠲᠦᠷᠢᠮ | ᠢ ᠲᠦᠷᠦᠬᠦᠯᠡᠨ ᠡᠬᠢᠯᠡᠭᠦᠯᠵᠤ᠂ ᠰᠤᠷᠭᠠᠨ ᠬᠦᠮᠦᠵᠢᠯ᠂ ᠡᠮ ᠡᠮᠨᠡᠯᠭᠡ᠂ ᠵᠠᠮ ᠬᠠᠷᠢᠯᠴᠠᠭ᠎ᠠ᠂ ᠢᠳᠡᠭᠡᠨ ᠤ ᠵᠦᠢᠯ ᠡᠮ ᠤᠨ ᠵᠦᠢᠯ ᠵᠡᠷᠭᠡ ᠭᠤᠤᠯᠳᠠᠯᠭᠠᠲᠤ ᠬᠦᠷᠢᠶ᠎ᠡ | ᠴᠠᠷᠠᠭᠠᠨ ᠤ ᠲᠤᠭᠤᠷᠢᠨ ᠳᠤ᠂ 2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ ᠠᠷᠠᠳ ᠤᠨ ᠠᠮᠢᠳᠤᠷᠠᠯ ᠲᠠᠢ ᠨᠢᠭᠲᠠ ᠬᠤᠯᠪᠤᠭᠳᠠᠯ ᠲᠠᠢ ᠨᠢᠭᠡ ᠪᠦᠯᠦᠭ | ᠠᠷᠠᠳ ᠤᠨ ᠠᠮᠢᠳᠤᠷᠠᠯ ᠤᠨ ᠪᠤᠲᠠᠲᠤ ᠲᠦᠷᠦᠯ ᠵᠦᠢᠯ ᠢ ᠬᠡᠷᠡᠭᠵᠢᠬᠦᠯᠵᠤ᠂ ᠤᠯᠠᠨ ᠲᠦᠮᠡᠨ ᠤ ᠬᠠᠮᠤᠭ ᠤᠨ ᠰᠡᠳᠬᠢᠯ ᠲᠠᠯᠪᠢᠵᠤ ᠪᠠᠶᠢᠬᠤ᠂ ᠬᠠᠮᠤᠭ ᠤᠨ ᠰᠢᠭᠤᠳ᠂ | ᠬᠠᠮᠤᠭ ᠤᠨ ᠪᠤᠳᠠᠲᠠᠢ ᠠᠰᠢᠭ ᠲᠤᠰᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ᠭᠤᠷᠪᠠ᠂ ᠵᠠᠰᠠᠭ ᠤᠨ ᠤᠷᠲᠤᠨ ᠤ ᠦᠪᠡᠷ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠎ᠠ᠃ | ︵ᠨᠢᠭᠡ︶᠂ ᠴᠢᠩᠭ᠎ᠠ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ︽ᠲᠦᠷᠪᠡᠨ ᠤᠬᠠᠮᠰᠠᠷ︾ ᠢ ᠪᠠᠳᠤ ᠪᠠᠬᠢ ᠪᠤᠯᠭᠠᠵᠤ᠂ ︽ᠲᠦᠷᠪᠡᠨ ᠢᠳᠡᠭᠡᠯ︾ ᠢ | ᠪᠠᠳᠤᠳᠬᠠᠨ᠂ ᠰᠢ ᠶᠢᠨ ᠫᠢᠡᠭ ᠶᠡᠷᠦᠩᠭᠡᠢ ᠱᠦᠵᠢ ᠪᠠᠷ ᠭᠤᠤᠯᠯᠠᠭᠰᠠᠨ ᠤᠷᠤᠨ ᠪᠠᠶᠢᠷᠢ ᠶᠢ ᠡᠷᠡᠰ ᠴᠢᠩᠭ᠎ᠠ ᠬᠠᠮᠠᠭᠠᠯᠠᠨ᠂ ᠡᠷᠡᠰ ᠰᠢᠭᠤᠷᠬᠠᠢ ᠪᠠᠷ ᠨᠠᠮ ᠤᠨ ᠲᠦᠪ | ᠬᠤᠷᠢᠶᠠᠨ ᠤ ᠡᠷᠬᠡ ᠰᠦᠷ ᠪᠤᠯᠤᠨ ᠲᠦᠪᠯᠡᠷᠡᠭᠦᠯᠦᠨ ᠨᠢᠭᠡᠳᠭᠡᠭᠦ ᠬᠠᠮᠢᠶᠠᠷᠤᠯᠲᠠ ᠶᠢ ᠬᠠᠮᠠᠭᠠᠯᠠᠨ᠎ᠠ᠃ ︽ᠤᠭ ᠰᠠᠨᠠᠭ᠎ᠠ ᠪᠠᠨ ᠮᠠᠷᠳᠠᠬᠤ ᠦᠬᠡᠢ᠂ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠦᠨ᠎ᠡ᠃ ᠵᠠᠰᠠᠭ ᠤᠨ ᠤᠷᠳᠤᠨ ᠤ ᠨᠠᠮ ᠤᠨ | ᠲᠤᠭᠤᠶᠢᠯᠠᠩ ᠲᠦᠪ ᠴᠢᠩᠭ᠎ᠠ ᠪᠠᠷ ᠨᠠᠮ ᠢᠶᠠᠨ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ | ᠲᠦᠷᠢᠮ ᠢ ᠦᠨᠡᠨᠬᠦ ᠰᠠᠶᠢᠳᠤᠷ ᠬᠡᠷᠡᠭᠵᠢᠬᠦᠯᠵᠦ᠂ ᠨᠠᠮ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠠᠰᠢᠭ ᠢᠶᠠᠷ ᠵᠠᠰᠠᠭ ᠤᠨ ᠤᠷᠲᠤᠨ ᠤ ᠪᠦᠲᠦᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠰᠢᠨ᠎ᠡ ᠲᠡᠭᠳᠡᠷ ᠲᠤ ᠭᠠᠷᠭᠠᠨ᠎ᠠ᠃ ᠡᠯ᠎ᠡ ᠱᠠᠳᠤᠨ ᠤ ᠲᠤᠭᠤᠷᠢᠨ ᠪᠠᠶᠢᠴᠠᠭᠠᠯᠳᠠ ᠪᠠ ᠬᠢᠨᠠᠨ | ᠪᠤᠳᠤᠯᠳᠠ᠂ ᠰᠢᠪᠠᠳᠠᠨ ᠪᠠᠶᠢᠴᠠᠭᠠᠭᠰᠠᠨ ᠬᠠᠷᠢᠭᠤ ᠲᠤᠰᠬᠠᠭᠰᠠᠨ ᠠᠰᠠᠭᠤᠳᠠᠯ ᠢ ᠡᠷᠡᠰ ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠲᠠᠭᠠᠵᠤ ᠱᠠᠭᠠᠷᠲᠠᠬᠤ ᠶᠢ | ᠴᠢᠩᠭᠠᠳᠬᠠᠨ ᠠᠳᠬᠤᠭᠰᠠᠨ ᠢᠶᠠᠨ ᠡᠴᠦᠰ ᠳᠤᠨᠢ ᠪᠤᠯᠲᠠᠯ᠎ᠠ ᠬᠢᠵᠦ᠂ ᠡᠭᠦᠷᠬᠡ ᠬᠠᠷᠢᠭᠤᠴᠠᠯᠭ᠎ᠠ ᠪᠠᠨ ᠨᠠᠶᠢᠳᠠᠪᠤᠷᠢᠵᠭᠤᠯᠬᠤ ᠦᠭᠡᠢ᠂ ᠴᠡᠭᠴᠡᠯᠡᠨ ᠦᠬᠡᠷᠡᠴᠢᠯᠡᠭᠰᠡᠨ | ᠨᠢ ᠲᠦᠢᠯᠪᠤᠷᠢᠲᠠᠢ ᠪᠤᠰᠤ ᠠᠰᠠᠭᠤᠳᠠᠯ ᠤᠳ ᠲᠤ ᠬᠠᠷᠢᠭᠤᠴᠠᠯᠭ᠎ᠠ ᠨᠡᠭᠡᠮᠵᠢᠯᠡᠨ᠎ᠠ᠃ | ︵ᠬᠤᠶᠠᠷ︶᠂ ᠬᠠᠤᠯᠢ ᠶᠤᠰᠤᠭᠠᠷ ᠵᠠᠰᠠᠭ ᠬᠡᠷᠡᠭᠵᠢᠬᠦᠯᠬᠦ ᠶᠢ ᠪᠠᠷᠢᠮᠲᠠᠯᠠᠨ᠎ᠠ᠃ ᠲᠦᠪ ᠴᠢᠩᠭ᠎ᠠ ᠪᠠᠷ ︽ᠭᠤᠷᠪᠠᠨ ᠴᠢᠬᠤᠯᠠ ᠨᠢᠭᠡ ᠶᠡᠭᠡ︾ ᠲᠦᠷᠢᠮ | ᠲᠤᠭᠲᠠᠭᠠᠯ ᠢ ᠬᠡᠷᠡᠭᠵᠢᠬᠦᠯᠵᠤ᠂ ᠡᠷᠡᠰ ᠴᠢᠩᠭ᠎ᠠ ᠪᠠᠷ ᠤᠯᠠᠨ ᠨᠡᠶᠢᠳᠡ ᠪᠠᠷ ᠤᠷᠤᠯᠴᠠᠬᠤ᠂ ᠮᠡᠷᠭᠡᠵᠢᠯᠲᠡᠨ ᠢᠶᠠᠷ ᠦᠨᠡᠯᠡᠭᠦ᠂ ᠬᠡᠨᠡᠳᠡᠯ ᠢ ᠦᠨᠡᠯᠡᠵᠤ ᠪᠠᠷᠤᠭᠴᠠᠭᠠᠯᠠᠬᠤ | ᠬᠠᠤᠯᠢ ᠳᠤ ᠨᠡᠶᠢᠴᠡᠬᠦ ᠡᠰᠡᠬᠦ ᠬᠢᠨᠠᠨ ᠪᠠᠶᠢᠴᠠᠭᠠᠯᠲᠠ ᠬᠢᠬᠦ ᠪᠤᠯᠤᠨ ᠬᠠᠮᠲᠤ ᠨᠡᠶᠢᠲᠡ ᠪᠠᠷ ᠲᠤᠭᠲᠠᠭᠠᠬᠤ ᠪᠠᠶᠢᠭᠤᠯᠤᠮᠵᠢ ᠶᠢ ᠴᠢᠩᠭᠠᠳᠬᠠᠨ᠎ᠠ᠃ ᠤᠯᠤᠰ ᠤᠨ | ᠲᠤᠲᠤᠭᠠᠲᠤ ᠶᠢᠨ ᠨᠡᠷ᠎ᠡ ᠬᠦᠨᠲᠦᠲᠦ ᠬᠠᠤᠯᠢᠴᠢ ᠶᠢᠨ ᠡᠩᠨᠡᠭᠡ ᠶᠢ ᠵᠠᠰᠠᠭ ᠤᠨ ᠤᠷᠲᠤᠨ ᠤ ᠬᠠᠤᠯᠢ ᠶᠢᠨ ᠵᠦᠪᠯᠡᠭᠴᠢ ᠪᠠᠷ ᠤᠷᠢᠵᠤ᠂ ᠪᠦᠬᠦ ᠬᠤᠰᠢᠭᠤᠨ ᠤ ᠨᠠᠮ | ᠵᠠᠰᠠᠭ ᠲᠠᠢ ᠬᠤᠯᠪᠤᠭ᠎ᠠ ᠲᠠᠢ ᠪᠠᠶᠢᠭᠤᠯᠭ᠎ᠠ ᠶᠢᠨ ᠭᠡᠷ᠎ᠡ ᠪᠢᠴᠢᠭ ᠤᠨ ᠬᠠᠮᠢᠶᠠᠷᠤᠯᠲᠠ᠂ ᠬᠠᠤᠯᠢ ᠶᠢᠨ ᠶᠠᠪᠤᠳᠠᠯ ᠤᠨ ᠠᠵᠢᠯ ᠤᠨ ᠬᠠᠷᠢᠭᠤᠴᠠᠯᠭ᠎ᠠ ᠵᠢᠴᠢ ᠬᠠᠤᠯᠢ | ᠴᠠᠭᠠᠵᠠ ᠶᠢᠨ ᠬᠡᠷᠡᠭ ᠶᠠᠪᠤᠳᠠᠯ ᠢ ᠰᠡᠶᠢᠳᠪᠤᠷᠢᠯᠡᠭᠦ ᠠᠵᠢᠯ ᠤᠨ ᠤᠲᠤᠷᠢᠳᠬᠤ ᠲᠤᠭᠤᠶᠢᠯᠠᠩ ᠢ ᠪᠠᠶᠢᠭᠤᠯᠵᠤ᠂ ᠪᠦᠬᠦ ᠲᠠᠯ᠎ᠠ ᠪᠠᠷ ᠵᠠᠰᠠᠭ ᠤᠨ ᠤᠷᠲᠤᠨ ᠤ | ᠰᠡᠶᠢᠳᠪᠤᠷᠢ ᠶᠢᠨ ᠰᠢᠨᠵᠢᠯᠡᠭᠦ ᠤᠬᠠᠭᠠᠨᠴᠢ ᠰᠢᠨᠵᠢ ᠴᠢᠨᠠᠷ ᠪᠤᠯᠤᠨ ᠠᠷᠠᠳᠴᠢᠯᠠᠯᠲᠤ ᠰᠢᠨᠵᠢ ᠴᠢᠨᠠᠷ ᠢ ᠲᠡᠭᠡᠭᠰᠢᠯᠡᠭᠦᠯᠦᠨ᠎ᠡ᠃ ᠡᠷᠡᠰ ᠴᠢᠩᠭ᠎ᠠ ᠪᠠᠷ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠡᠭᠭᠤ ᠬᠤᠷᠢᠶᠠᠨ ᠤ ᠰᠡᠶᠢᠳᠪᠤᠷᠢ ᠲᠤᠭᠲᠠᠭᠠᠯ ᠢ ᠬᠡᠷᠡᠭᠵᠢᠬᠦᠯᠦᠨ᠂ ᠦᠪᠡᠷ ᠤᠨ ᠤᠬᠠᠮᠰᠠᠷ ᠠᠴᠠ ᠪᠠᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠨ ᠪᠠᠶᠢᠴᠠᠭᠠᠯᠲᠠ᠂ ᠤᠯᠤᠰ ᠲᠦᠷᠥ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠨ | ᠪᠠᠶᠢᠴᠠᠭᠠᠯᠲᠠ ᠵᠢᠴᠢ ᠨᠡᠶᠢᠬᠡᠮ ᠤᠨ ᠡᠯ᠎ᠡ ᠡᠲᠡᠭᠡᠳ ᠤᠨ ᠬᠢᠨᠠᠯᠲᠠ ᠶᠢ ᠬᠦᠯᠢᠶᠡᠵᠤ᠂ ᠠᠷᠠᠳ ᠲᠦᠮᠡᠨ ᠤ ᠮᠡᠳᠡᠭᠦ ᠡᠷᠬᠡ᠂ ᠤᠷᠤᠯᠴᠠᠬᠤ ᠡᠷᠬᠡ᠂ ᠬᠢᠨᠠᠯᠲᠠ ᠲᠠᠯᠪᠢᠬᠤ | ᠡᠷᠬᠡ ᠶᠢ ᠪᠠᠲᠤᠯᠠᠨ᠎ᠠ᠃ | ︵ᠭᠤᠷᠪᠠ︶ ᠪᠤᠲᠠᠲᠠᠢ ᠳᠤ ᠦᠢᠯᠡᠴᠢᠯᠡᠨ ᠦᠷ᠎ᠡ ᠪᠦᠲᠦᠮᠵᠢ ᠭᠠᠷᠭᠠᠬᠤ ᠶᠢ ᠪᠠᠷᠠᠮᠲᠠᠯᠠᠨᠠ᠃ ᠲᠦᠪ ᠤᠨ ︽ᠦᠨᠳᠦᠰᠦᠨ ᠱᠠᠳᠤᠨ ᠤ ᠲᠠᠷᠤᠭᠠᠰᠤ ᠶᠢ | ᠬᠦᠩᠬᠡᠯᠡᠬᠦ ᠤᠨ︾ ᠤ ᠠᠵᠢᠯᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢ ᠶᠢᠨ ᠦᠵᠡᠯ᠂ ᠨᠤᠶᠠᠨᠴᠢ ᠦᠵᠡᠯ ᠢ ᠡᠷᠡᠰ ᠲᠡᠪᠴᠢᠵᠦ᠂ ᠤᠴᠢᠷ ᠪᠦᠬᠦᠨ ᠤᠷᠤ | ᠦᠯᠡᠳᠡᠬᠡᠬᠦ ᠪᠠᠶᠢᠳᠠᠯ ᠴᠢᠩᠭ᠎ᠠ ᠵᠠᠯᠠᠷᠠᠭᠤᠯᠵᠤ᠂ ᠺᠠᠳ᠋ᠷ ᠤᠨ ᠪᠢᠴᠢᠭ ᠮᠠᠲ᠋ᠧᠷᠢᠶᠠᠯ ᠬᠤᠷᠠᠯ ᠴᠤᠭᠯᠠᠭ᠎ᠠ ᠤᠯᠠᠳᠠᠬᠤ᠂ ᠦᠨᠡᠯᠡᠯᠳᠡ ᠪᠠᠶᠢᠴᠠᠭᠠᠯᠳᠠ ᠶᠢ ᠤᠭᠳᠤᠬᠤ᠂ | ᠪᠢᠴᠢᠭ ᠮᠠᠲ᠋ᠧᠷᠢᠶᠠᠯ ᠬᠦᠰᠦᠨᠦᠭ ᠮᠡᠳᠡᠬᠦᠯᠬᠦ ᠠᠴᠠ ᠮᠤᠯᠳᠤᠷᠠᠭᠤᠯᠤᠨ ᠭᠠᠷᠭᠠᠵᠤ᠂ ᠵᠢᠯ ᠤᠨ ᠲᠤᠳᠤᠷ᠎ᠠ ᠵᠠᠰᠠᠭ ᠤᠨ ᠤᠷᠳᠤᠨ ᠤ ᠰᠢᠰᠲ᠋ᠧᠮ ᠤᠨ ᠬᠤᠷᠠᠯ ᠤᠨ ᠲᠤᠭ᠎ᠠ | ᠶᠢ ᠭᠤᠷᠪᠠᠨ ᠤ ᠨᠢᠬᠡ ᠪᠠᠷ ᠪᠠᠭᠠᠰᠬᠠᠨ᠎ᠠ᠃ ᠴᠠᠯᠢᠩ ᠲᠠᠢ ᠠᠮᠠᠷᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠢᠯ ᠤᠨ ᠦᠷ᠎ᠡ ᠪᠦᠳᠦᠮᠵᠢ ᠶᠢ ᠦᠨᠡᠨᠬᠦ | ᠲᠡᠬᠡᠭᠰᠢᠯᠡᠬᠦᠯᠦᠨ᠂ ᠺᠠᠳ᠋ᠷ ᠠᠵᠢᠯᠳᠠᠨ ᠤ ᠠᠵᠢᠯ ᠤᠨ ᠪᠤᠰᠤ ᠴᠠᠭ ᠠᠵᠢᠯ ᠨᠡᠮᠡᠬᠦ ᠴᠢᠩᠭ᠎ᠠ ᠬᠢᠵᠠᠭᠠᠷᠯᠠᠨ᠎ᠠ᠃ ᠪᠤᠷᠤᠭᠤ ᠶᠢ ᠨᠢ ᠠᠭᠤᠴᠢᠯᠠᠵᠤ ᠪᠤᠷᠤᠭᠤ ᠶᠢ ᠨᠢ | ᠵᠠᠯᠬᠠᠭᠠᠬᠤ ᠪᠠᠶᠢᠭᠤᠯᠤᠮᠵᠢ ᠤᠷᠤᠭᠤ ᠲᠡᠭᠦᠯᠲᠡᠷᠵᠢᠬᠦᠯᠵᠤ᠂ ︽ᠭᠤᠷᠪᠠ ᠶᠢ ᠰᠠᠯᠭᠠᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠵᠢᠭᠤᠯᠤᠨ᠂ ︽ | ᠰᠢᠢᠳᠪᠦᠷᠢᠳᠦ ᠪᠤᠳᠤᠯᠭ᠎ᠠ ᠤᠯᠠᠨ ᠪᠤᠯᠪᠠᠯ ᠤᠰᠤᠯ ᠠᠳᠡᠯ ᠤᠯᠠᠨ᠂ ᠠᠵᠢᠯ ᠢᠯᠡᠬᠦᠦ ᠬᠢᠪᠡᠯ ᠪᠤᠷᠤᠭᠤ ᠤᠯᠠᠨ ᠭᠠᠷᠭᠠᠬᠤ᠂ ᠠᠵᠢᠯ ᠬᠢᠬᠦ ᠦᠬᠡᠢ ᠪᠤᠯ ᠤᠰᠤᠯ ᠭᠠᠷᠬᠤ | ᠦᠬᠡᠢ︾ ᠰᠦᠷᠬᠡᠦ ᠰᠢᠳᠬᠡᠯ ᠠᠴᠠ ᠵᠠᠶᠢᠯᠠᠰᠬᠢᠨ᠂ ᠴᠠᠭ ᠲᠠᠷᠤᠢ ᠲᠤᠨᠢ ᠪᠤᠷᠤᠭᠤᠰᠢᠶᠠᠭᠳᠠᠨ ᠬᠦᠵᠢᠷᠳᠡᠭᠰᠡᠨ ᠺᠠᠳ᠋ᠷ ᠤᠨ ᠮᠠᠭᠤ ᠨᠡᠷ᠎ᠡ ᠲᠦᠷᠦ ᠶᠢ ᠠᠷᠢᠯᠭᠠᠵᠤ᠂ | ᠪᠠᠶᠢᠷᠢ ᠰᠠᠭᠤᠷᠢ ᠲᠤᠲᠤᠷᠬᠠᠢ ᠵᠤᠷᠢᠭᠲᠠᠢ ᠪᠠᠷ ᠲᠠᠭᠠᠭᠠᠵᠤ ᠠᠪᠬᠤ᠂ ᠯᠠᠪᠲᠠᠭᠤᠨ ᠪᠠᠲᠤᠲᠠᠢ ᠪᠠᠷ ᠠᠵᠢᠯ ᠭᠢᠳᠡᠭ ᠺᠠᠳ᠋ᠷᠴᠤᠳ ᠢ ᠵᠤᠷᠢᠭᠵᠢᠭᠤᠯᠤᠨ ᠬᠦᠴᠦ ᠨᠡᠮᠡᠵᠤ | ᠦᠭᠬᠦ ᠬᠡᠷᠡᠭᠲᠠᠢ᠃ | ︵ᠲᠦᠷᠪᠡ︶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠲᠦᠪ ᠤᠨ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ ᠨᠠᠷᠢᠨ | ᠬᠢᠨᠠᠮᠠᠭᠠᠢ ᠪᠠᠷ ᠨᠠᠶᠢᠳᠠᠪᠤᠷᠢᠵᠢᠭᠤᠯᠵᠤ᠂ ᠲᠠᠪᠰᠢᠵᠤ ᠬᠦᠭᠵᠢᠬᠦ ᠲᠤᠮᠲᠠ ᠪᠠᠨ ᠲᠠᠰᠤᠷᠠᠯ ᠦᠭᠡᠢ ᠬᠡᠪ ᠰᠤᠷᠲᠠᠯ ᠢᠶᠠᠨ ᠴᠡᠭᠴᠡᠯᠡᠨ ᠦᠭᠡᠷᠡᠴᠢᠯᠡᠵᠤ ᠦᠨᠢ ᠡᠭᠦᠷᠢᠲᠡ ︽ | ᠲᠦᠷᠪᠡᠨ ᠰᠤᠷᠲᠠᠯ︾ ᠢ ᠵᠠᠯᠠᠷᠠᠭᠤᠯᠤᠨ᠎ᠠ᠃ ᠦᠨᠡᠨ ᠪᠤᠲᠠᠲᠠᠢ ᠪᠠᠷ ᠡᠳ᠋ ᠤᠨ ᠵᠠᠰᠠᠭ ᠤᠨ ᠪᠡᠯᠡ ᠮᠦᠡᠭᠭᠦᠨ ᠤ ᠬᠢᠨᠠᠨ ᠬᠠᠮᠢᠶᠠᠷᠤᠯᠳᠠ ᠪᠤᠯᠤᠨ ᠬᠢᠨᠠᠨ ᠪᠤᠳᠤᠯᠳᠠ ᠶᠢᠨ | ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠪᠡᠯᠡ ᠮᠦᠡᠭᠭᠦᠨ ᠤ ᠠᠮᠤᠷ ᠲᠦᠪᠰᠢᠨ᠂ ᠲᠦᠷᠦᠯ ᠵᠦᠢᠯ ᠤᠨ ᠠᠮᠤᠷ ᠲᠦᠪᠰᠢᠨ ᠢ ᠪᠠᠲᠤᠯᠠᠨ᠂ ᠦᠨᠦ ᠵᠢᠯ ᠳᠤ ᠨᠢᠭᠡ | ᠵᠠᠭᠤᠨ᠂ 50 ᠳ᠋ᠦᠡᠭᠰᠢᠭᠤᠷ ᠲᠦᠬᠦᠷᠢᠭ ᠠᠴᠠ ᠲᠡᠭᠡᠭᠦᠷ ᠵᠠᠰᠠᠭ ᠤᠨ ᠤᠷᠲᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠠᠵᠢᠯ ᠲᠠᠭᠤᠰᠬᠠᠬᠤ | ᠰᠡᠶᠢᠳᠪᠤᠷᠢ ᠶᠢᠨ ᠬᠢᠨᠠᠨ ᠪᠠᠶᠢᠴᠠᠭᠠᠯᠲᠠ ᠶᠢ ᠪᠡᠶᠡᠯᠡᠭᠦᠯᠦᠨ᠎ᠡ᠃ ︽ᠦᠴᠦᠬᠡᠨ ᠴᠦ ᠬᠡᠯᠲᠦᠷᠢᠬᠦᠯᠬᠦ︾ ᠦᠭᠡᠢ ᠤᠪᠤᠷ ᠢ ᠪᠠᠷᠢᠮᠲᠠᠯᠠᠨ᠂ ᠲᠦᠪ ᠴᠢᠩᠭ᠎ᠠ ᠪᠠᠷ ᠡᠷᠬᠡ | ᠪᠠᠷ ᠪᠡᠶ᠎ᠡ ᠪᠠᠨ ᠪᠤᠷᠲᠤᠬᠤ᠂ ᠲᠤᠰᠢᠶᠠᠯ ᠤᠨ ᠬᠠᠷᠢᠭᠤᠴᠠᠯᠭ᠎ᠠ ᠠᠯᠳᠠᠭᠰᠠᠨ ᠬᠠᠤᠯᠢ ᠪᠤᠰᠤ ᠠᠵᠢᠯᠠᠯᠭ᠎ᠠ ᠳᠤ ᠤᠷᠤᠯᠴᠠᠬᠤ ᠵᠡᠷᠭᠡ ᠰᠠᠭᠢᠯᠭ᠎ᠠ ᠪᠠᠲᠤ ᠬᠠᠤᠯᠢ ᠴᠠᠭᠠᠵᠠ | ᠵᠦᠷᠢᠴᠡᠭᠰᠡᠨ ᠠᠰᠠᠭᠤᠳᠠᠯ ᠢ ᠪᠠᠶᠢᠴᠠᠭᠠᠨ ᠰᠡᠶᠢᠳᠪᠤᠷᠢᠯᠠᠵᠤ᠂ ᠲᠡᠮᠤᠷ ᠮᠡᠳᠦ ᠬᠠᠲᠠᠭᠤ ᠰᠠᠭᠢᠯᠭ᠎ᠠ ᠪᠠᠲᠤ ᠪᠠᠷ ᠨᠠᠮ ᠤᠨ ᠰᠠᠭᠢᠯᠭ᠎ᠠ ᠪᠠᠲᠤ ᠤᠯᠤᠰ ᠤᠨ ᠬᠠᠤᠯᠢ ᠶᠢᠨ | ᠲᠦᠪ ᠴᠢᠩᠭ᠎ᠠ ᠴᠢᠨᠠᠷ ᠢ ᠪᠠᠷᠢᠮᠲᠠᠯᠠᠨ ᠬᠠᠮᠠᠭᠠᠯᠠᠵᠤ᠂ ᠠᠷᠢᠭᠤᠨ ᠴᠢᠬᠡᠴᠢ ᠲᠦᠪ ᠭᠤᠤᠯᠴᠢ ᠤᠯᠤᠰ ᠲᠦᠷᠦ ᠶᠢᠨ ᠬᠡᠪ ᠪᠠᠶᠢᠳᠠᠯ ᠢ ᠴᠢᠷᠮᠠᠶᠢᠨ ᠪᠤᠢ ᠪᠤᠯᠭᠠᠨ᠎ᠠ᠃ | ᠲᠦᠯᠦᠬᠡᠯᠡᠭᠴᠢᠳ ᠡ᠂ ᠡᠬᠦᠷᠬᠡ ᠲᠤᠰᠢᠶᠠᠯ ᠬᠦᠨᠳᠦ ᠪᠤᠯᠪᠠᠰᠤ ᠵᠤᠷᠢᠭᠳᠠᠢ ᠬᠠᠷᠢᠭᠤᠴᠠᠵᠤ᠂ ᠰᠢᠷᠭᠠᠭᠤ ᠠᠵᠢᠯᠯᠠᠵᠤ ᠬᠦᠰᠡᠯ ᠮᠦᠷᠦᠬᠡᠳᠦᠯ ᠢᠶᠠᠨ | ᠪᠡᠶᠡᠯᠡᠬᠦᠯᠦᠮᠦᠢ᠃ ᠪᠢᠳ᠋ᠨ ᠰᠢ ᠶᠢᠨ ᠫᠢᠩ ᠨᠦᠬᠦᠷ ᠢᠶᠠᠷ ᠭᠤᠤᠯᠯᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠪᠦᠯᠬᠦᠮᠳᠡᠨ ᠨᠢᠭᠳᠠᠷᠠᠵᠤ᠂ ᠬᠤᠰᠢᠭᠤ ᠨᠠᠮ | ᠤᠨ ᠬᠤᠷᠢᠶᠠᠨ ᠤ ᠲᠦᠪ ᠴᠢᠩᠭ᠎ᠠ ᠤᠳᠤᠷᠢᠳᠤᠯᠭ᠎ᠠ ᠲᠤᠤᠷ᠎ᠠ᠂ ᠤᠭ ᠰᠠᠨᠠᠭ᠎ᠠ ᠪᠠᠨ ᠮᠠᠷᠳᠠᠬᠤ ᠦᠬᠡᠢ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ | ᠰᠡᠳᠬᠢᠯ ᠢᠶᠠᠨ ᠨᠢᠬᠡᠳᠬᠡᠨ᠂ ᠰᠢᠭᠤᠷᠬᠠᠶᠢᠯᠠᠨ ᠤᠷᠤᠭᠰᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷᠵᠢᠭᠤᠨ ᠬᠦᠭᠵᠢᠯᠳᠡ ᠶᠢᠨ ᠰᠢᠨ᠎ᠡ ᠪᠠᠶᠢᠳᠠᠯ | ᠢ ᠡᠬᠦᠳᠬᠦ ᠪᠠᠷ ᠴᠢᠷᠮᠠᠶᠢᠨ ᠲᠡᠮᠡᠴᠡᠵᠦ᠂ ᠰᠢᠨᠳᠠᠷᠠᠰᠢ ᠦᠬᠡᠢ ᠲᠡᠮᠡᠴᠡᠨ᠂ ᠰᠢᠯᠢᠳᠡᠭ ᠬᠢᠷᠢ ᠪᠦᠳᠦᠮᠵᠢ ᠪᠠᠷ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠬᠡᠯᠡᠶ᠎ᠡ︕ | | | | | | | |