ᠨᠠᠨ ᠶᠤᠸᠠᠨ ᠨᠡᠶᠢᠬᠡᠮ ᠲᠣᠭᠤᠷᠢᠭ ︽ᠠᠵᠢᠯ ᠦᠢᠯᠡᠰ ᠢᠶᠠᠨ ᠡᠷᠬᠢᠮᠯᠡᠨ ᠬᠠᠷᠠᠮ ᠦᠬᠡᠢ ᠵᠤᠷᠢᠭᠤᠯᠤᠶ᠎ᠠ︾ ᠭᠡᠬᠦ ᠶᠣᠰᠣ ᠰᠣᠷᠳᠠᠬᠤᠨ ᠤ ᠬᠢᠴᠢᠶᠡᠯ ᠲᠠᠶᠢᠯᠤᠮᠵᠢ ᠬᠢᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-07-23
   ᠠᠵᠢᠯ ᠦᠢᠯᠡᠰ ᠢᠶᠠᠨ ᠡᠷᠬᠢᠮᠡᠯᠡᠬᠦ ᠪᠣᠯ ᠤᠯᠠᠮᠵᠢᠯᠠᠯᠲᠤ  ᠶᠣᠰᠣ ᠰᠣᠷᠳᠠᠬᠤᠨ ᠮᠦᠨᠴᠦ ᠠᠷᠠᠳ ᠢᠷᠭᠡᠳ ᠪᠦᠷᠢ ᠶᠢᠨ ᠬᠠᠮᠤᠭ ᠦᠨᠳᠦᠰᠦᠨ ᠶᠣᠰᠣ ᠰᠣᠷᠳᠠᠬᠤᠨ ᠤ ᠳᠦᠷᠢᠮᠵᠢᠯ ᠪᠣᠯᠣᠨ᠎ᠠ᠂ ᠠᠵᠢᠯ ᠦᠢᠯᠡᠰ ᠢᠶᠠᠨ ᠡᠷᠬᠢᠮᠯᠡᠬᠦ ᠪᠣᠯ  ᠬᠦᠮᠦᠨ ᠎ ᠤ ᠨᠢᠭᠡ ᠵᠦᠢᠯ ᠤᠨ ᠬᠠᠷᠢᠭᠤᠴᠠᠯᠭ᠎ᠠ᠂  ᠬᠦᠭᠡᠭᠡᠴᠡᠯᠳᠦᠯ ᠮᠦᠷᠳᠡᠭᠡᠨ ᠮᠤᠷᠠᠯ ᠰᠤᠷᠲᠠᠯ ᠤᠨ ᠲᠦᠪᠰᠢᠨ ᠤ ᠢᠯᠡᠷᠡᠯ ᠪᠣᠯᠣᠨ᠎ᠠ᠃ ᠬᠠᠷᠠᠮ ᠦᠬᠡᠢ ᠵᠣᠷᠢᠭᠤᠯᠬᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠶᠢᠨ ᠲᠦᠯᠦᠭᠡ᠂7  ᠰᠠᠷ᠎ᠠ ᠶᠢᠨ 18᠎ ᠤ ᠡᠳᠦᠷ᠂  ᠨᠠᠨ ᠶᠤᠸᠠᠨ ᠨᠡᠶᠢᠬᠡᠮ ᠲᠤᠭᠤᠷᠢᠭ ︽ᠠᠵᠢᠯ ᠦᠢᠯᠡᠰ ᠢᠶᠠᠨ ᠡᠷᠬᠢᠮᠯᠡᠨ ᠬᠠᠷᠠᠮ ᠦᠬᠡᠢ  ᠵᠣᠷᠢᠭᠤᠯᠤᠶ᠎ᠠ︾  ᠭᠡᠬᠦ ᠶᠣᠰᠣ ᠰᠣᠷᠳᠠᠬᠤᠨ ᠤ ᠬᠢᠴᠢᠶᠡᠯ ᠲᠠᠶᠢᠯᠤᠮᠵᠢ  ᠬᠢᠬᠦ ᠠᠵᠢᠯᠯᠠᠭ᠎ᠠ ᠦᠷᠨᠢᠬᠦᠯᠪᠡ᠃    ᠠᠵᠢᠯᠯᠠᠭᠠᠨ ᠳᠤ᠂  ᠨᠡᠶᠢᠬᠡᠮ ᠲᠣᠭᠤᠷᠢᠭ ᠤᠨ ᠺᠠᠳ᠋ᠷ ᠠᠴᠠ ᠤᠯᠠᠨ ᠲᠠᠶᠠᠭᠠᠷ ᠢ ᠵᠣᠬᠢᠶᠠᠨ ᠪᠠᠶᠢᠭᠤᠯᠵᠤ ︽ᠯᠸᠢ ᠹᠸᠡᠭ ᠠᠴᠠ ᠲᠠᠭᠠᠨ ᠰᠤᠷᠤᠯᠴᠠᠶ᠎ᠠ︾ ᠭᠡᠬᠦ ᠲᠠᠭᠤᠤ ᠶᠢ ᠲᠠᠭᠤᠯᠠᠵᠤ᠂ ︽ᠪᠢᠳᠠᠨ ᠤ ᠬᠠᠵᠠᠭᠤ ᠳᠠᠬᠢ ᠦᠯᠢᠭᠡᠷ ᠵᠢᠱᠢᠶ᠎ᠡ︾ ᠭᠡᠬᠦ ᠹᠢᠯᠢᠮ ᠦᠵᠡᠬᠦᠯᠪᠡ᠃ ᠰᠠᠭᠤᠭᠠᠯᠢ ᠠᠷᠠᠳ ᠲᠤ ᠠᠬᠠᠮᠠᠳ  ᠦᠶ᠎ᠡ ᠶᠢᠨ  ᠰᠢᠯᠢᠳᠡᠭ ᠰᠠᠶᠢᠬᠠᠨ ᠵᠠᠩ ᠰᠣᠷᠳᠠᠯ᠂ ᠲᠡᠳᠡᠨ ᠤ ᠬᠠᠷᠠᠮ ᠦᠬᠡᠢ ᠵᠣᠷᠢᠭᠤᠯᠬᠤ᠂ ᠠᠯᠪᠠᠨ ᠳᠤ ᠰᠢᠳᠤᠷᠭᠤ ᠦᠢᠯᠡᠴᠢᠯᠡᠬᠦ ᠵᠣᠷᠢᠭ ᠰᠠᠨᠠᠭ᠎ᠠ ᠶᠢ ᠎ ᠲᠠᠭᠠᠨ  ᠰᠤᠷᠤᠯᠴᠠᠭᠤᠯᠪᠠ᠃ ᠨᠡᠶᠢᠬᠡᠮ ᠲᠣᠭᠤᠷᠢᠭ ᠤᠨ ᠲᠤᠰᠬᠠᠢ ᠠᠵᠢᠯᠳᠠᠨ ᠠᠴᠠ ᠰᠠᠭᠤᠭᠠᠯᠢ ᠠᠷᠠᠳ ᠲᠤ ᠬᠠᠷᠠᠮ ᠦᠬᠡᠢ ᠵᠣᠷᠢᠭᠤᠯᠬᠤ ᠲᠤᠬᠠᠢ ᠦᠯᠢᠭᠡᠷ ᠵᠢᠱᠢᠶ᠎ᠡ  ᠶᠠᠷᠢᠵᠦ᠂  ᠠᠵᠢᠯ ᠦᠢᠯᠡᠰ ᠢᠶᠠᠨ ᠡᠷᠬᠢᠮᠯᠡᠬᠦ᠂ ᠬᠠᠷᠠᠮ ᠦᠬᠡᠢ ᠵᠣᠷᠢᠭᠤᠯᠬᠤ ᠭᠡᠳᠡᠭ ᠪᠣᠯ ᠶᠠᠭᠤ ᠭᠡᠰᠡᠨ ᠢ ᠣᠶᠢᠯᠠᠭᠠᠭᠤᠯᠵᠦ᠂ ᠰᠠᠭᠤᠭᠠᠯᠢ ᠠᠷᠠᠳ ᠪᠦᠬᠦᠨ ᠳᠤ ᠠᠵᠢᠯ ᠦᠢᠯᠡᠰ ᠢᠶᠠᠨ ᠡᠷᠬᠢᠮᠯᠡᠬᠦ ᠰᠠᠶᠢᠬᠠᠨ ᠰᠣᠷᠳᠠᠯ ᠪᠣᠯ ᠦᠪᠡᠷ ᠎ ᠤᠨ  ᠡᠳᠦᠷ ᠲᠤᠳᠤᠮ ᠤᠨ ᠠᠮᠢᠳᠤᠷᠠᠯ ᠳᠤ ᠪᠠᠭ᠎ᠠ ᠪᠠᠭ᠎ᠠ ᠎ ᠪᠠᠷ ᠪᠦᠷᠢᠯᠳᠦᠳᠡᠭ ᠢ  ᠮᠡᠳᠡᠬᠦᠯᠦᠭᠰᠡᠨ ᠪᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号