2019 ᠤᠨ ᠤ ᠡᠵᠡᠨ ᠬᠤᠷᠤᠭ᠎ᠠ ᠬᠤᠰᠢᠭᠤᠨ ᠤ ᠨᠠᠭᠠᠳᠤᠮ ᠠᠷᠪᠠᠨ ᠳᠠᠪᠤᠳᠤᠭᠠᠷ ᠬᠤᠭᠤᠴᠠᠭᠠᠨ ᠤ ᠴᠢᠩᠬᠢᠰ ᠬᠠᠭᠠᠨ ᠤ ᠵᠢᠭᠤᠯᠴᠢᠯᠠᠯ ᠰᠤᠶᠤᠯ ᠤᠨ ᠭᠠᠷᠠᠭ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019-07-23
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠰᠢ ᠶᠢᠨ ᠫᠢᠩ ᠶᠡᠷᠦᠩᠬᠡᠢ ᠱᠦᠵᠢ ᠎ ᠶᠢᠨ ᠦᠨᠳᠦᠰᠦᠳᠡᠨ ᠤ ᠠᠵᠢᠯ ᠤᠨ ᠳᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠳᠡᠮᠡᠴᠡᠵᠦ᠂ ᠴᠦᠬᠡᠨ ᠳᠤᠭᠠᠳᠤ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠤᠨ ᠤᠳᠬ᠎ᠠ ᠤᠶᠠᠩᠭ᠎ᠠ ᠶᠢ ᠦᠨᠡᠩᠬᠦ ᠢᠯᠡᠷᠡᠬᠦᠯᠵᠦ᠂ ᠴᠦᠬᠡᠨ ᠳᠤᠭᠠᠳᠤ ᠦᠨᠳᠦᠰᠦᠳᠡᠨ ᠤ ᠤᠷᠤᠨ ᠤ ᠨᠡᠶᠢᠬᠡᠮ ᠤᠨ ᠠᠵᠢᠯ ᠦᠢᠯᠡᠰ ᠢ ᠴᠢᠷᠮᠠᠶᠢᠨ ᠬᠦᠭᠵᠢᠬᠦᠯᠵᠦ᠂ ᠴᠦᠬᠡᠨ ᠳᠤᠭᠠᠳᠤ ᠦᠨᠳᠦᠰᠦᠳᠡᠨ ᠤ ᠤᠯᠠᠨ ᠲᠦᠮᠡᠨ ᠤ ᠰᠤᠶᠤᠯ ᠠᠮᠢᠳᠤᠷᠠᠯ ᠤᠨ ᠬᠢᠷᠢ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠬᠦᠯᠬᠦ ᠶᠢᠨ ᠲᠦᠯᠦᠬᠡ᠂ ᠮᠠᠨ ᠤ ᠬᠤᠰᠢᠭᠤ 8 ᠰᠠᠷ᠎ᠠ ᠶᠢᠨ 8᠎ ᠤ ᠡᠳᠦᠷ ᠠᠴᠠ ᠡᠬᠢᠯᠡᠨ 2019 ᠤᠨ ᠤ ᠡᠵᠡᠨ ᠬᠤᠷᠤᠭ᠎ᠠ ᠬᠤᠰᠢᠭᠤᠨ ᠤ ᠨᠠᠭᠠᠳᠤᠮ᠂ ᠠᠷᠪᠠᠨ ᠳᠠᠪᠤᠳᠤᠭᠠᠷ ᠬᠤᠭᠤᠴᠠᠭᠠᠨ ᠤ ᠴᠢᠩᠬᠢᠰ ᠬᠠᠭᠠᠨ ᠤ ᠵᠢᠭᠤᠯᠴᠢᠯᠠᠯ ᠰᠤᠶᠤᠯ ᠤᠨ ᠭᠠᠷᠠᠭ ᠤᠨ ᠠᠵᠢᠯᠯᠠᠭ᠎ᠠ ᠶᠢ ᠦᠷᠨᠢᠬᠦᠯᠬᠦ ᠪᠠᠷ ᠪᠤᠯᠤᠯ᠎ᠠ᠃      ᠨᠢᠬᠡ᠂ ᠠᠵᠢᠯᠯᠠᠭᠠᠨ ᠤ ᠭᠤᠤᠯ ᠰᠡᠳᠦᠪ      ᠳᠠᠷᠬᠠᠨ ᠤᠷᠤᠨ ᠤ ᠴᠤᠭ ᠵᠢᠪᠬᠤᠭ᠎ᠠ       ᠦᠯᠵᠡᠢ ᠪᠡᠯᠬᠡᠲᠦ ᠡᠬᠡ ᠤᠷᠤᠨ      ᠬᠤᠶᠠᠷ᠂ ᠠᠵᠢᠯᠯᠠᠭᠠᠨ ᠤ ᠴᠠᠭ ᠵᠢᠴᠢ ᠭᠠᠵᠠᠷ      ᠠᠵᠢᠯᠯᠠᠭᠠᠨ ᠤ ᠴᠠᠭ᠄ 2019 ᠤᠨ ᠤ 8 ᠰᠠᠷ᠎ᠠ ᠶᠢᠨ 8᠎ ᠤ ᠡᠳᠦᠷ ᠠᠴᠠ 8 ᠰᠠᠷ᠎ᠠ ᠶᠢᠨ 14᠎ ᠤ ᠡᠳᠥᠷ       ᠠᠵᠢᠯᠯᠠᠭᠠᠨ ᠤ ᠭᠠᠵᠠᠷ  ᠄ ᠡᠵᠡᠨ ᠬᠤᠷᠤᠭ᠎ᠠ ᠪᠠᠯᠭᠠᠰᠤ      ᠭᠤᠷᠪᠠ᠂ ᠠᠵᠢᠯᠯᠠᠭᠠᠨ ᠤ ᠠᠭᠤᠯᠭ᠎ᠠ      ︵ᠨᠢᠬᠡ︶ ᠡᠬᠢᠯᠡᠯᠲᠡ ᠶᠢᠨ ᠶᠤᠰᠤᠯᠠᠯ       ᠴᠠᠭ᠄ 2019 ᠤᠨ ᠤ 8 ᠰᠠᠷ᠎ᠠ ᠶᠢᠨ 8᠎ ᠤ ᠡᠳᠦᠷ ᠤᠨ 9᠄00      ᠭᠠᠵᠠᠷ᠄ ᠡᠵᠡᠨ ᠬᠤᠷᠤᠭ᠎ᠠ ᠬᠤᠰᠢᠭᠤᠨ ᠤ ᠡᠵᠡᠨ ᠬᠤᠷᠤᠭ᠎ᠠ ᠪᠠᠯᠭᠠᠰᠤ ᠶᠢᠨ ᠴᠢᠩᠬᠢᠰ ᠬᠠᠭᠠᠨ ᠤ ᠤᠡᠭᠭᠤᠨ ᠎ ᠤ ᠵᠢᠭᠤᠯᠴᠢᠯᠠᠯ ᠤᠨ ᠤᠷᠤᠨ ᠤ ᠨᠠᠭᠠᠳᠤᠮ ᠤᠨ ᠲᠠᠯᠠᠪᠠᠢ      ︵ᠬᠤᠶᠠᠷ︶ ᠪᠡᠶ᠎ᠡ ᠶᠢᠨ ᠳᠠᠮᠢᠷ ᠤᠨ ᠤᠷᠤᠯᠳᠤᠭᠠᠨ ᠤ ᠲᠦᠷᠦᠯ ᠵᠦᠢᠯ      1. ᠤᠯᠠᠮᠵᠢᠯᠠᠯᠳᠤ ᠨᠠᠭᠠᠳᠤᠮ ᠤᠨ ᠲᠦᠷᠦᠯ ᠵᠦᠢᠯ      ︵1︶ ᠵᠢᠷᠤᠭ᠎ᠠ ᠮᠤᠷᠢᠨ ᠤ ᠲᠦᠷᠦᠯ ᠵᠦᠢᠯ      1.42 ᠮᠧᠲᠷ ᠠᠴᠠ ᠪᠤᠭᠤᠨᠢ ᠲᠤᠭᠤᠶᠢᠯᠠᠩ᠄      ᠰᠢᠯᠤᠭᠤᠨ ᠵᠠᠮ ᠤᠨ ᠤᠷᠤᠯᠳᠤᠭᠠᠨ ︵400 m︶      ︵2︶ ᠬᠤᠷᠳᠤᠨ ᠮᠤᠷᠢᠨ ᠤ ᠲᠦᠷᠦᠯ ᠵᠦᠢᠯ      1.42 ᠮᠧᠲᠷ ᠠᠴᠠ ᠪᠤᠭᠤᠨᠢ ᠲᠤᠭᠤᠶᠢᠯᠠᠩ᠄  ︵800︶ m      1.42 ᠮᠧᠲᠷ ᠠᠴᠠ 1.48 ᠮᠧᠲᠷ ᠤᠨ ᠲᠤᠭᠤᠶᠢᠯᠠᠩ᠄  ︵800︶ m      1.48 ᠮᠧᠲᠷ ᠠᠴᠠ ᠦᠨᠳᠦᠷ ᠲᠤᠭᠤᠶᠢᠯᠠᠩ᠄  ︵800︶ m      ︵3︶ ᠤᠷᠳᠤᠰ ᠪᠦᠬᠡ ᠶᠢᠨ ᠲᠦᠷᠦᠯ ᠵᠦᠢᠯ ︵128 ᠬᠦᠮᠦᠨ ᠤ ᠪᠦᠬᠡ ᠶᠢᠨ ᠤᠷᠤᠯᠳᠤᠭᠠᠨ︶ᠲᠤᠮᠤᠴᠤᠤᠯ ᠤᠨ ᠲᠤᠭᠤᠶᠢᠯᠠᠩ᠄ ᠪᠦᠬᠦᠯᠢ 18 ᠨᠠᠰᠤᠨ ᠠᠴᠠ ᠳᠡᠭᠡᠭᠰᠢᠬᠢᠬᠡᠦᠬᠡᠳ ᠤᠨ ᠲᠤᠭᠤᠶᠢᠯᠠᠩ᠄ 7 — 11 ᠨᠠᠰᠤ᠂ 12 —14 ᠨᠠᠰᠤ᠂ 15 — 18 ᠨᠠᠰᠤ      ︵4︶ ᠤᠯᠠᠮᠵᠢᠯᠠᠯᠳᠤ ᠰᠤᠷ ᠬᠠᠷᠪᠤᠯᠳᠠ ᠶᠢᠨ ᠤᠷᠤᠯᠳᠤᠭᠠᠨᠲᠤᠮᠤᠴᠤᠤᠯ ᠤᠨ ᠲᠤᠭᠤᠶᠢᠯᠠᠩ᠂ ᠬᠡᠦᠬᠡᠳ ᠤᠨ ᠲᠤᠭᠤᠶᠢᠯᠠᠩ      ︵5︶ ᠤᠶᠤᠨ ᠪᠢᠯᠢᠭ ᠤᠨ ᠲᠦᠷᠦᠯ ᠵᠦᠢᠯᠮᠤᠩᠭᠤᠯ ᠰᠢᠳᠠᠷ᠎ᠠ᠂ ᠵᠢᠷᠭᠢᠭᠡ ᠰᠢᠳᠠᠷ᠎ᠠ᠂ ᠪᠤᠭᠤ ᠰᠢᠳᠠᠷ᠎ᠠ      ︵6︶ ᠪᠢᠯᠠᠭᠤᠨ ᠤ ᠲᠦᠷᠦᠯ ᠵᠦᠢᠯᠪᠢᠯᠠᠭᠤ ᠤᠨᠤᠪᠴᠢᠳᠠᠢ ᠰᠢᠳᠡᠬᠦ᠂ ᠪᠢᠯᠠᠭᠤ ᠬᠤᠯᠠ ᠰᠢᠳᠡᠬᠦ       ︵7︶ ᠶᠠ ᠵᠢᠶᠠ       ᠪᠡᠶ᠎ᠡ ᠶᠢᠨ ᠬᠥᠨᠳᠤ ᠨᠢ 85 ᠺᠢᠯᠦᠭᠷᠠᠮ ᠠᠴᠠ ᠬᠥᠩᠬᠡᠨ᠂ 85 ᠺᠢᠯᠦᠭᠷᠡᠮ ᠠᠴᠠ ᠬᠥᠨᠳᠤ      2. ᠮᠠᠯᠴᠢᠨ ᠳᠠᠷᠢᠶᠠᠴᠢᠳ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠲᠦᠷᠦᠯ ᠵᠦᠢᠯ      3. ᠵᠠᠩ ᠦᠢᠯᠡ ᠶᠢᠨ ᠰᠤᠶᠤᠯ ᠤᠨ ᠤᠷᠤᠯᠳᠤᠭᠠᠨ ᠤ ᠲᠦᠷᠦᠯ ᠵᠦᠢᠯ       ︵1︶ ᠮᠤᠩᠭᠤᠯ ᠦᠨᠳᠦᠰᠦᠳᠡᠨ ᠤ ᠠᠷᠠᠳ ᠤᠨ ᠤᠷᠠᠯᠢᠭ ᠤᠨ ᠨᠡᠶᠢᠬᠡᠮᠯᠢᠭ ᠤᠨ ᠤᠷᠠᠨ ᠰᠠᠶᠢᠬᠠᠨ ᠤ ᠲᠤᠭᠯᠠᠯᠲᠠ ᠶᠢᠨ ᠤᠷᠤᠯᠳᠤᠭᠠᠨ᠃      ︵2︶ ᠤᠷᠳᠤᠰ ᠭᠠᠷ ᠤᠷᠠᠯᠠᠯ ᠤᠨ ᠤᠷᠤᠯᠳᠤᠭᠠᠨ ︵ᠮᠤᠳᠤᠨ ᠰᠠᠶᠢᠯᠦᠮᠡᠯ᠂ ᠠᠷᠠᠰᠤᠨ ᠰᠡᠶᠢᠯᠦᠮᠡᠯ᠂ ᠬᠠᠳᠬᠤᠮᠠᠯ᠂ ᠢᠰᠡᠬᠡᠢ ᠤᠷᠠᠯᠠᠯ᠂ ᠬᠦᠬᠦᠷ︶᠃      ︵ᠭᠤᠷᠪᠠ︶ ᠰᠤᠶᠤᠯ ᠤᠷᠠᠯᠢᠭ ᠤᠨ ᠨᠠᠶᠢᠷ     1. ᠠᠯᠳᠠᠷᠳᠤ ᠬᠡᠷᠡᠯ ᠵᠢᠷᠤᠭᠴᠢ ᠵᠢᠴᠢ ᠬᠡᠷᠡᠯ ᠵᠢᠷᠤᠭ ᠤᠨ ᠪᠠᠭ᠋ᠠᠳᠠᠳ ᠢ ᠤᠷᠢᠵᠦ ᠨᠠᠭᠠᠳᠤᠮ ᠤᠨ ᠬᠤᠷᠠᠯ ᠤᠨ ᠬᠡᠷᠡᠯ ᠵᠢᠷᠤᠭ ᠲᠠᠲᠠᠭᠤᠯᠤᠨ᠎ᠠ᠃     2. ᠬᠤᠰᠢᠭᠤᠨ ᠤ ᠤᠯᠠᠭᠠᠨᠮᠦ᠋ᠴᠢᠷ᠂  ᠴᠢᠩᠭᠢᠰ ᠬᠠᠭᠠᠨ ᠤ ᠤᠩᠭᠤᠨ ᠤ ᠬᠠᠮᠢᠶᠠᠷᠤᠯᠳᠠ ᠶᠢᠨ ᠵᠦᠪᠯᠡᠯ ᠤᠨ ᠤᠷᠠᠯᠢᠭ ᠤᠨ ᠪᠦᠯᠬᠦᠮ᠂ ᠡᠯ᠎ᠡ ᠪᠠᠯᠭᠠᠰᠤᠨ ᠤ ᠰᠤᠶᠤᠯ ᠤᠨ ᠦᠷᠳᠡᠭᠡ ᠶᠢᠨ ᠳᠤᠭᠯᠠᠯᠳᠠ᠃      3. ᠪᠠᠭᠠᠴᠤᠳ ᠤᠨ ᠮᠤᠷᠢᠨ ᠬᠤᠭᠤᠷ ᠤᠨ ᠪᠥᠯᠬᠦᠮ ᠤᠨ ᠲᠤᠭᠯᠠᠯᠳᠠ᠃︵ᠲᠥᠷᠪᠡ︶ ᠮᠠᠯᠴᠢᠨ ᠳᠠᠷᠢᠶᠠᠴᠢᠳ ᠤᠨ ᠳᠠᠸᠠᠷ ᠤᠨ ᠥᠵᠡᠭᠦᠯᠥᠯᠭᠡᠭᠠᠵᠠᠷ ᠤᠷᠤᠨ ᠤ ᠴᠠᠭᠠᠨ ᠢᠳᠡᠬᠡᠨ᠂ ᠪᠤᠷᠴᠠ᠂ ᠦᠨᠳᠦᠰᠦᠳᠡᠨ ᠤ ᠭᠠᠷ ᠤᠷᠠᠯᠠᠯ ᠤᠨ ᠪᠦᠲᠦᠬᠡᠭᠳᠡᠬᠦᠨ᠂ ᠵᠢᠭᠤᠯᠴᠢᠯᠠᠯ ᠤᠨ ᠳᠤᠷᠠᠰᠬᠠᠯ ᠤᠨ ᠡᠳ᠋ ᠵᠡᠷᠬᠡ ᠳᠠᠸᠠᠷ ᠤᠨ ᠳᠡᠯᠬᠡᠨ ᠪᠤᠷᠤᠯᠠᠭᠤᠯᠬᠤ ᠥᠵᠡᠭᠦᠯᠥᠯᠭᠡ ᠶᠢᠨ ᠠᠵᠢᠯᠯᠠᠭ᠎ᠠ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号