︽ᠡᠵᠡᠨ ᠬᠤᠷᠤᠭ᠎ᠠ ᠬᠤᠰᠢᠭᠤᠨ ᠤ 2019 ᠣᠨ ᠤ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠤᠨ ᠡᠬᠦᠷᠭᠡ ᠶᠢ ᠲᠠᠶᠢᠯᠪᠦᠷᠢᠯᠠᠬᠤ ᠲᠦᠰᠦᠯ︾᠎ ᠤᠨ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡ᠊
ᠨᠡᠶᠢᠲᠡᠯᠡᠭᠰᠡᠨ ᠴᠠᠭ᠄
2019-07-24
ᠡᠵᠡᠨ ᠵᠠᠰᠠᠭ ᠠᠯᠪᠡᠨ ᠲᠠᠷᠬᠠᠭᠠᠬᠤ ﹇2019﹈ 11 ᠳ᠋ᠤᠬᠡᠷ ᠲᠤᠭᠠᠳᠤ ᠡᠯ᠎ᠡ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠡᠯ᠎ᠡ ᠬᠠᠮᠢᠶ᠎ᠠ ᠪᠦᠬᠦᠢ ᠰᠢᠭᠤᠳ ᠬᠠᠷᠢᠶ᠎ᠠ ᠪᠡᠶᠢᠭᠤᠯᠭ᠎ᠠ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠣᠳᠣ ︽ᠡᠵᠡᠨ ᠬᠤᠷᠤᠭ᠎ᠠ ᠬᠤᠰᠢᠭᠤᠨ ᠤ2019 ᠣᠨ ᠤ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠤᠨ ᠡᠬᠦᠷᠭᠡ ᠶᠢ ᠲᠠᠶᠢᠯᠪᠦᠷᠢᠯᠠᠬᠤ ᠲᠦᠰᠦᠯ︾᠎ ᠢ ᠲᠠᠨᠠᠷ ᠲᠤ ᠲᠠᠷᠬᠠᠭᠠᠨ ᠦᠭᠪᠡ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠬᠦᠯᠦᠰᠦᠭᠡᠢ᠃              ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠣᠷᠳᠣᠨ ᠤ ᠠᠯᠪᠠᠨ ᠭᠡᠷ                             2019 ᠣᠨ ᠤ 3 ᠰᠠᠷ᠎ᠠ ᠶᠢᠨ 28᠎ ᠤ ᠡᠳᠦᠷ      ᠡᠵᠡᠨ ᠬᠤᠷᠤᠭ᠎ᠠ ᠬᠤᠰᠢᠭᠤᠨ ᠤ 2019 ᠣᠨ ᠤ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠤᠨ ᠡᠬᠦᠷᠭᠡ ᠶᠢ ᠲᠠᠶᠢᠯᠪᠦᠷᠢᠯᠠᠬᠤ ᠲᠦᠰᠦᠯ      ᠡᠵᠡᠨ ᠬᠤᠷᠤᠭ᠎ᠠ ᠬᠤᠰᠢᠭᠤᠨ ᠤ 2019 ᠣᠨ ᠤ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠢ ᠬᠤᠰᠢᠭᠤᠨ ᠤ ᠠᠷᠪᠠᠨ ᠲᠣᠯᠣᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠢᠶᠠᠷ ᠪᠢᠯᠧᠲ ᠦᠭᠬᠦᠨ ᠵᠦᠪᠰᠢᠶᠡᠷᠡᠵᠤ᠂ ᠠᠷᠠᠳ ᠤᠨ ᠠᠮᠢᠳᠤᠷᠠᠯ ᠤᠨ ᠪᠤᠳᠠᠳᠤ ᠤᠴᠢᠷ ᠢ ᠰᠠᠶᠢᠳᠤᠷ ᠡᠷᠬᠢᠯᠡᠨ ᠠᠷᠠᠳ ᠲᠦᠮᠡᠨ ᠢ ᠰᠡᠳᠬᠢᠯ ᠬᠠᠩᠭᠠᠮᠵᠢᠳᠠᠢ ᠪᠣᠯᠭᠠᠵᠤ᠂ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠤᠨ ᠬᠠᠷᠠᠯᠲᠠᠳᠤ‌ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠬᠦ ᠶᠢᠨ ᠲᠦᠯᠦᠭᠡ᠂ ᠲᠤᠰᠬᠠᠶᠢᠯᠠᠨ ᠲᠤᠰ ᠲᠦᠰᠦᠯ ᠢ ᠲᠤᠭᠳᠠᠭᠠᠪᠠ᠃      ᠨᠢᠭᠡ᠂ ᠡᠬᠦᠷᠭᠡ ᠶᠢᠨ ᠲᠠᠶᠢᠯᠪᠦᠷᠢᠯᠠᠯ      ︵ᠨᠢᠭᠡ︶ ᠨᠠᠢᠮᠠᠳᠤᠭᠠᠷ ᠪᠠᠭ᠎ᠠ ᠰᠤᠷᠭᠠᠭᠤᠯᠢ᠂ ᠱᠦᠢ ᠠᠨ ᠰᠢᠨ᠎ᠡ ᠬᠤᠳᠠ ᠶᠢᠨ ᠦᠨᠳᠦᠰᠦᠳᠡᠨ ᠤ ᠬᠡᠦᠬᠡᠳ ᠤᠨ ᠴᠡᠴᠡᠷᠯᠢᠭ ᠢ ᠪᠦᠳᠦᠭᠡᠨ ᠪᠠᠶᠢᠭᠤᠯᠬᠤ ᠲᠦᠷᠦᠯ ᠵᠦᠢᠯ      1.ᠨᠠᠢᠮᠠᠳᠤᠭᠠᠷ ᠪᠠᠭ᠎ᠠ ᠰᠤᠷᠭᠠᠭᠤᠯᠢ᠃ 24 ᠬᠢᠴᠢᠶᠡᠯ ᠤᠨ ᠠᠩᠭᠢ ᠶᠢᠨ ᠬᠦᠷᠢᠶ᠎ᠡ ᠬᠡᠪᠴᠢᠶ᠎ᠡ ᠲᠠᠢ᠂ ᠶᠡᠷᠦᠩᠬᠡᠢ ᠡᠵᠡᠯᠡᠬᠦ ᠲᠠᠯᠠᠪᠠᠢ21037.6 ᠲᠡᠭᠰᠢ ᠲᠦᠷᠪᠡᠯᠵᠢᠨ ᠮᠧᠲᠷ᠃ ᠭᠡᠷ ᠤᠨ ᠭᠠᠳᠠᠨᠠᠬᠢ ᠬᠦᠯ ᠪᠦᠮᠪᠦᠭᠡ ᠶᠢᠨ ᠲᠠᠯᠠᠪᠤᠷ᠂ ᠰᠠᠭᠰᠤᠨ ᠪᠦᠮᠪᠦᠭᠡ ᠶᠢᠨ ᠲᠠᠯᠠᠪᠤᠷ᠂ ᠲᠠᠮᠢᠷ ᠤᠨ ᠲᠠᠯᠠᠪᠠᠢ᠂ ᠴᠠᠷᠳᠠᠮᠠᠯ ᠵᠠᠮ᠂ ᠦᠵᠡᠮᠵᠢᠳᠤ ᠨᠤᠭᠤᠭᠠᠷᠠᠭᠤᠯᠤᠯᠲᠠ ᠬᠢᠭᠡᠳ ᠲᠦᠬᠦᠷᠵᠢᠬᠦᠯᠦᠭᠰᠡᠨ ᠲᠣᠨᠤᠭ ᠲᠦᠬᠦᠭᠡᠷᠦᠮᠵᠢ᠂ ᠲᠤᠰᠠᠯᠠᠬᠤ ᠪᠠᠷᠢᠯᠭ᠎ᠠ ᠶᠢ ᠪᠦᠷᠢᠨᠰᠢᠬᠦᠯᠦᠨ ᠪᠦᠳᠦᠭᠡᠨ ᠪᠠᠶᠢᠭᠤᠯᠵᠤ᠂ ᠨᠡᠶᠢᠳᠡ6700 ᠲᠦᠮᠡᠨ ᠲᠦᠬᠦᠷᠢᠭ ᠤᠨ ᠪᠡᠯᠡ ᠣᠷᠣᠭᠤᠯᠣᠨ᠎ᠠ᠃ ᠲᠤᠰ ᠲᠦᠷᠦᠯ ᠵᠦᠢᠯ ᠢ 4 ᠰᠠᠷ᠎ᠠ ᠶᠢᠨ15 ᠎ ᠤ ᠡᠳᠦᠷ ᠤᠨ ᠡᠮᠦᠨ᠎ᠡ ᠪᠠᠷᠢᠯᠭ᠎ᠠ ᠡᠬᠢᠯᠡᠬᠦᠯᠵᠤ᠂ 6ᠰᠠᠷ᠎ᠠ ᠶᠢᠨ 30᠎ ᠤ ᠡᠳᠦᠷ ᠤᠨ ᠡᠮᠦᠨ᠎ᠡ  ᠵᠢᠭᠠᠨ ᠰᠤᠷᠭᠠᠬᠤ ᠠᠰᠠᠷ᠂ ᠬᠦᠯ ᠪᠦᠮᠪᠦᠭᠡ ᠶᠢᠨ ᠲᠠᠯᠠᠪᠠᠢ᠂ ᠰᠠᠭᠰᠤᠨ ᠪᠦᠮᠪᠦᠭᠡ ᠶᠢᠨ ᠲᠠᠯᠠᠪᠠᠢ ᠶᠢᠨ ᠰᠠᠭᠤᠷᠢ ᠲᠠᠯᠪᠢᠬᠤ ᠠᠵᠢᠯ ᠢ  ᠬᠢᠵᠤ᠂ 9 ᠰᠠᠷ᠎ᠠ ᠶᠢᠨ30᠎ ᠤ ᠡᠳᠦᠷ ᠤᠨ ᠡᠮᠦᠨ᠎ᠡ ᠵᠢᠭᠠᠨ ᠰᠣᠷᠭᠠᠬᠤ  ᠠᠰᠠᠷ ᠤᠨ ᠬᠤᠶᠠᠳᠤᠭᠠᠷ ᠤᠳᠠᠭᠠᠨ ᠤ ᠪᠦᠳᠦᠴᠡ ᠶᠢᠨ ᠪᠠᠷᠢᠯᠭ᠎ᠠ ᠬᠢᠬᠦ ᠠᠵᠢᠯ ᠢ ᠬᠢᠵᠤ᠂12 ᠰᠠᠷ᠎ᠠ ᠶᠢᠨ20᠎ ᠤ ᠡᠳᠦᠷ ᠤᠨ ᠡᠮᠦᠨ᠎ᠡ ᠨᠢᠭᠡ ᠪᠦᠯᠦᠭ  ᠪᠦᠳᠦᠭᠡᠨ ᠪᠠᠶᠢᠭᠤᠯᠬᠤ ᠠᠵᠢᠯ ᠢ ᠪᠡᠶᠡᠯᠡᠬᠦᠯᠵᠤ᠂  ᠬᠡᠷᠡᠭᠯᠡᠯᠲᠡ ᠳᠤ ᠤᠷᠤᠭᠤᠯᠬᠤ ᠨᠦᠬᠦᠴᠡᠯ ᠳᠤ  ᠬᠦᠷᠭᠡᠨ᠎ᠡ᠃  ︵ᠲᠣᠯᠣᠭᠠᠶᠢᠯᠠᠬᠤ ᠤᠳᠤᠷᠢᠳᠤᠯᠭ᠎ᠠ: ᠶᠠᠨ ᠽᠠᠢ ᠢᠣᠢ᠂ ᠲᠣᠯᠣᠭᠠᠶᠢᠯᠠᠬᠤ ᠰᠠᠯᠠᠭ᠎ᠠ ᠮᠦᠴᠢᠷ᠄ ᠬᠤᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶ᠎ᠠ᠂ ᠬᠤᠲᠠ ᠶᠢᠨ ᠪᠦᠳᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠪᠦᠯᠦᠭᠯᠡᠯ ︿ᠡᠮᠦᠨ᠎ᠡ ᠲᠠᠯ᠎ᠠ ᠳᠤᠨᠢ ᠵᠢᠭᠰᠠᠭᠠᠭᠳᠠᠵᠤ ᠪᠠᠶᠢᠬᠤ ᠨᠢ ᠲᠣᠯᠣᠭᠤᠶᠢᠯᠠᠬᠤ ᠪᠠᠶᠢᠭᠤᠯᠭ᠎ᠠ ᠪᠣᠯᠣᠨ᠎ᠠ᠂  ᠲᠣᠷᠣᠭᠰᠢ ᠪᠠᠨ ᠠᠳᠠᠯᠢ﹀ ᠬᠠᠮᠵᠢᠯᠴᠠᠬᠤ ᠰᠠᠯᠠᠭ᠎ᠠ ᠮᠦᠴᠢᠷ ᠄ ᠬᠤᠰᠢᠭᠤᠨ ᠤ ᠦᠭᠡᠷᠡᠴᠢᠯᠡᠯᠲᠡ ᠬᠦᠭᠵᠢᠬᠦᠯᠦᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ  ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠦᠯᠦᠪᠵᠢᠬᠦᠯᠭᠡ ᠵᠢᠨ‌‍ᠲ᠋ᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ︶      2.ᠱᠦᠢ ᠠᠨ ᠰᠢᠨ᠎ᠡ ᠬᠤᠲᠠ ᠶᠢᠨ ᠦᠨᠳᠦᠰᠦᠳᠡᠨ ᠤ ᠬᠡᠦᠬᠡᠳ ᠤᠨ ᠴᠡᠴᠡᠷᠯᠢᠭ᠃ 12 ᠬᠢᠴᠢᠶᠡᠯ ᠤᠨ ᠠᠩᠭᠢ ᠲᠠᠢ᠂ ᠶᠡᠷᠦᠩᠬᠡᠢ ᠡᠵᠡᠯᠡᠬᠦ ᠲᠠᠯᠠᠪᠠᠢ6100 ᠲᠡᠭᠰᠢ ᠲᠦᠷᠪᠡᠯᠵᠢᠨ ᠮᠧᠲᠷ᠃ 5000 ᠲᠡᠭᠰᠢ ᠲᠦᠷᠪᠡᠯᠵᠢᠨ ᠮᠧᠲᠷ ᠤᠨ ᠲᠤᠰᠠᠯᠠᠬᠤ ᠬᠦᠳᠡᠯᠭᠡᠭᠡᠨ ᠤ ᠲᠠᠯᠠᠪᠤᠷ ᠂ 3972 ᠲᠡᠭᠰᠢ ᠲᠦᠷᠪᠡᠯᠵᠢᠨ ᠮᠧᠲᠷ ᠨᠤᠭᠤᠭᠠᠷᠠᠭᠤᠯᠤᠯᠲᠠ ᠶᠢᠨ ᠭᠠᠵᠠᠷ᠂1768 ᠲᠡᠭᠰᠢ ᠲᠦᠷᠪᠡᠯᠵᠢᠨ ᠮᠧᠲᠷ ᠬᠠᠳᠠᠭᠤᠵᠢᠭᠰᠠᠨ ᠭᠠᠵᠠᠷ ᠢ ᠪᠦᠳᠦᠭᠡᠨ ᠪᠠᠶᠢᠭᠤᠯᠵᠤ᠂ ᠨᠡᠶᠢᠳᠡ2204 ᠲᠦᠮᠡᠨ ᠲᠦᠬᠦᠷᠢᠭ ᠤᠨ ᠪᠡᠯᠡ ᠣᠷᠣᠭᠤᠯᠣᠨ᠎ᠠ᠃ ᠲᠤᠰ ᠲᠦᠷᠦᠯ ᠵᠦᠢᠯ ᠨᠢ 4 ᠰᠠᠷ᠎ᠠ ᠶᠢᠨ15 ᠎ ᠤ ᠡᠳᠦᠷ ᠡᠮᠦᠨ᠎ᠡ ᠪᠠᠷᠢᠯᠭ᠎ᠠ ᠡᠬᠢᠯᠡᠬᠦᠯᠵᠤ᠂ 6ᠰᠠᠷ᠎ᠠ ᠶᠢᠨ30᠎ ᠤ ᠡᠳᠦᠷ ᠤᠨ ᠡᠮᠦᠨ᠎ᠡ  ᠵᠢᠭᠠᠨ ᠰᠤᠷᠭᠠᠬᠤ ᠠᠰᠠᠷ᠂ ᠭᠡᠷ ᠤᠨ ᠭᠠᠳᠠᠨᠠᠬᠢ ᠬᠦᠳᠡᠯᠭᠡᠭᠡᠨ ᠤ ᠲᠠᠯᠠᠪᠤᠷ ᠤᠨ ᠰᠠᠭᠤᠷᠢ ᠲᠠᠯᠪᠢᠬᠤ ᠠᠵᠢᠯ ᠢ ᠬᠢᠵᠤ᠂ 9 ᠰᠠᠷ᠎ᠠ ᠶᠢᠨ30᠎ ᠤ ᠡᠳᠦᠷ ᠤᠨ ᠡᠮᠦᠨ᠎ᠡ ᠵᠢᠭᠠᠨ ᠰᠣᠷᠭᠠᠬᠤ ᠠᠰᠠᠷ ᠤᠨ ᠬᠤᠶᠠᠳᠤᠭᠠᠷ ᠤᠳᠠᠭᠠᠨ ᠤ ᠪᠦᠳᠦᠴᠡ ᠶᠢᠨ ᠪᠠᠷᠢᠯᠭ᠎ᠠ ᠬᠢᠬᠦ ᠠᠵᠢᠯ ᠢ ᠬᠢᠵᠤ᠂ 12 ᠰᠠᠷ᠎ᠠ ᠶᠢᠨ20᠎ ᠤ ᠡᠳᠦᠷ ᠤᠨ ᠡᠮᠦᠨ᠎ᠡ ᠨᠢᠭᠡ ᠪᠦᠯᠦᠭ ᠪᠦᠳᠦᠭᠡᠨ ᠪᠠᠶᠢᠭᠤᠯᠬᠤ ᠠᠵᠢᠯ ᠢ ᠪᠡᠶᠡᠯᠡᠬᠦᠯᠵᠤ᠂  ᠬᠡᠷᠡᠭᠯᠡᠯᠲᠡ ᠳᠤ ᠤᠷᠤᠭᠤᠯᠬᠤ ᠨᠦᠬᠦᠴᠡᠯ ᠳᠤ ᠬᠦᠷᠭᠡᠨ᠎ᠡ᠃ ︵ᠲᠣᠯᠣᠭᠠᠶᠢᠯᠠᠬᠤ ᠤᠳᠤᠷᠢᠳᠤᠯᠭ᠎ᠠ: ᠶᠠᠨ ᠽᠠᠢ ᠢᠣᠢ  ᠲᠣᠯᠣᠭᠠᠶᠢᠯᠠᠬᠤ ᠰᠠᠯᠠᠭ᠎ᠠ ᠮᠦᠴᠢᠷ᠄ ᠬᠤᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶ᠎ᠠ᠂ ᠬᠤᠲᠠ ᠶᠢᠨ ᠪᠦᠳᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠪᠦᠯᠦᠭᠯᠡᠯ ᠬᠠᠮᠵᠢᠯᠴᠠᠬᠤ ᠰᠠᠯᠠᠭ᠎ᠠ ᠮᠦᠴᠢᠷ᠄ ᠬᠤᠰᠢᠭᠤᠨ ᠤ ᠦᠭᠡᠷᠡᠴᠢᠯᠡᠯᠲᠡ ᠬᠦᠭᠵᠢᠬᠦᠯᠦᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠦᠯᠦᠪᠵᠢᠬᠦᠯᠭᠡ ᠵᠢᠨ‌‍ᠲ᠋ᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ︶      ︵ᠬᠤᠶᠠᠷ︶ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠰᠦᠢᠳᠭᠡᠯ ᠬᠤᠷᠢᠶᠠᠬᠤ ᠦᠬᠡᠢ ᠪᠡᠶ᠎ᠡ ᠶᠢᠨ ᠪᠠᠶᠢᠴᠠᠭᠠᠯᠲᠠ ᠶᠢᠨ ᠲᠦᠷᠦᠯ ᠵᠦᠢᠯᠪᠦᠬᠦ ᠬᠤᠰᠢᠭᠤᠨ ᠤ ᠪᠠᠶᠢᠭᠤᠯᠭ᠎ᠠ ᠨᠢᠭᠡᠴᠢ ᠠᠵᠢᠯ ᠦᠢᠯᠡᠰ ᠤᠨ ᠨᠢᠭᠡᠴᠢ ᠶᠢᠨ 35 ᠪᠦᠬᠦᠯᠢ ᠨᠠᠰᠤᠨ ᠠᠴᠠ ᠲᠡᠭᠡᠭᠰᠢ ᠡᠮᠡᠭᠲᠡᠢ ᠠᠵᠢᠯᠲᠠᠨ ᠪᠣᠯᠣᠨ ᠡᠵᠡᠨ ᠬᠤᠷᠤᠭ᠎ᠠ ᠬᠤᠰᠢᠭᠤᠨ ᠤ35 ᠪᠦᠬᠦᠯᠢ ᠨᠠᠰᠤᠨ ᠠᠴᠠ ᠲᠡᠭᠡᠭᠰᠢ ᠡᠮᠡᠭᠲᠡᠶᠢᠴᠦᠳ ᠲᠤ ᠵᠢᠯ ᠪᠦᠷᠢ ᠨᠢᠭᠡ ᠤᠳᠠᠭ᠎ᠠ ᠡᠩ ᠤᠨ ᠪᠡᠶ᠎ᠡ ᠶᠢᠨ ᠪᠠᠶᠢᠴᠠᠭᠠᠯᠲᠠ ᠬᠢᠵᠤ᠂ ᠲᠠᠪᠤᠨ ᠵᠢᠯ ᠳᠤ ᠨᠢᠭᠡ ᠤᠳᠠᠭ᠎ᠠ ︽ᠬᠤᠶᠠᠷ ᠵᠦᠢᠯ ᠤᠨ ᠦᠮᠡᠨ ᠡᠪᠡᠳᠴᠢᠨ︾᠎ ᠎ ᠳᠤ ᠱᠦᠬᠦᠷᠳᠡᠨ ᠪᠠᠶᠢᠴᠠᠭᠠᠯᠲᠠ ᠬᠢᠵᠤ᠂ ᠨᠡᠶᠢᠳᠡ900 ᠲᠦᠮᠡᠨ ᠲᠦᠭᠦᠷᠢᠭ ᠤᠨ ᠪᠡᠯᠡ ᠤᠷᠤᠭᠤᠯᠤᠨ᠎ᠠ᠃ ᠲᠤᠰ ᠲᠦᠷᠦᠯ ᠵᠦᠢᠯ ᠢ 4 ᠰᠠᠷ᠎ᠠ ᠶᠢᠨ10᠎ ᠤ ᠡᠳᠦᠷ ᠤᠨ ᠡᠮᠦᠨ᠎ᠡ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠲᠤ ᠰᠦᠢᠳᠭᠡᠯ ᠬᠤᠷᠢᠶᠠᠬᠤ ᠦᠬᠡᠢ ᠪᠡᠶ᠎ᠡ ᠶᠢᠨ ᠪᠠᠶᠢᠴᠠᠭᠠᠯᠲᠠ ᠬᠢᠬᠦ ᠲᠦᠷᠦᠯ ᠵᠦᠢᠯ ᠤᠨ ᠬᠡᠷᠡᠭᠵᠢᠬᠦᠯᠬᠦ ᠠᠷᠭ᠎ᠠ ᠶᠢ ᠨᠠᠶᠢᠷᠠᠭᠤᠯᠤᠨ ᠵᠣᠬᠢᠶᠠᠵᠤ᠂12 ᠰᠠᠷ᠎ᠠ ᠶᠢᠨ10᠎ ᠎ ᠤ ᠡᠳᠦᠷ ᠤᠨ ᠡᠮᠦᠨ᠎ᠡ 2019 ᠣᠨ ᠤ ᠰᠦᠢᠳᠭᠡᠯ ᠬᠤᠷᠢᠶᠠᠬᠤ ᠦᠬᠡᠢ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠢ ᠪᠡᠶᠡᠯᠡᠬᠦᠯᠦᠨ᠎ᠡ᠃ ︵ᠲᠣᠯᠣᠭᠠᠶᠢᠯᠠᠬᠤ ᠤᠳᠤᠷᠢᠳᠤᠯᠭ᠎ᠠ:  ᠶᠠᠨ ᠽᠠᠢ ᠢᠣᠢ᠂ ᠲᠣᠯᠣᠭᠠᠶᠢᠯᠠᠬᠤ‌‍ᠰᠠᠯᠠᠭ᠎ᠠ‌ᠮᠦ᠋ᠴᠢᠷ᠄ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠰᠠᠯᠠᠭ᠎ᠠ ᠮᠦᠴᠢᠷ ᠄ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠨᠢᠨ ᠮᠡᠳᠡᠭᠡᠨ ᠤ ᠲᠥᠪ᠂ ᠡᠯ᠎ᠡ  ᠪᠠᠯᠭᠠᠰᠤ      ︵ᠭᠤᠷᠪᠠ︶ ᠣᠯᠠᠨ ᠨᠡᠶᠢᠳᠡ ᠶᠢᠨ ᠲᠠᠯᠠᠪᠤᠷ ᠤᠨ ᠣᠶᠢᠷ᠎ᠠ ᠬᠠᠪᠢ ᠶᠢᠨ ᠲᠡᠷᠭᠡ ᠵᠣᠭᠰᠤᠭᠠᠬᠤ ᠭᠠᠵᠠᠷ ᠎ ᠢ ᠪᠠᠶᠢᠭᠤᠯᠬᠤ ᠲᠦᠷᠦᠯ ᠵᠦᠢᠯ      ᠪᠦᠬᠦ ᠬᠤᠰᠢᠭᠤᠨ ᠤ ᠰᠤᠷᠭᠠᠭᠤᠯᠢ ᠶᠢᠨ ᠣᠶᠢᠷ᠎ᠠ ᠬᠠᠪᠢ ᠂ ᠣᠯᠠᠨ ᠨᠡᠶᠢᠳᠡ ᠶᠢᠨ ᠲᠠᠯᠠᠪᠤᠷ ᠤᠨ ᠣᠶᠢᠷ᠎ᠠ ᠬᠠᠪᠢ ᠬᠢᠭᠡᠳ ᠬᠤᠳᠠᠯᠳᠤᠭᠠᠨ ᠤ ᠭᠠᠵᠠᠷ ᠤᠨ ᠣᠶᠢᠷ᠎ᠠ ᠬᠠᠪᠢ ᠳᠤ 2000 ᠲᠡᠷᠭᠡᠨ ᠵᠣᠭᠰᠤᠭᠠᠯ ᠰᠢᠨ᠎ᠡ ᠪᠠᠷ ᠨᠡᠮᠡᠵᠤ᠂ ᠲᠤᠰ ᠲᠦᠷᠦᠯ ᠵᠦᠢᠯ ᠳᠤ1000 ᠲᠦᠮᠡᠨ ᠲᠦᠬᠦᠷᠢᠭ ᠤᠨ ᠪᠡᠯᠡ ᠤᠷᠤᠭᠤᠯᠤᠨ᠎ᠠ᠃ ᠡᠭᠦᠨ ᠤ ᠲᠣᠲᠣᠷ᠎ᠠ ᠭᠤᠷᠪᠠᠳᠤᠭᠠᠷ ᠪᠠᠭ᠎ᠠ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ᠂ ᠵᠢᠷᠭᠤᠳᠤᠭᠠᠷ  ᠬᠡᠦᠬᠡᠳ ᠤᠨ ᠴᠡᠴᠡᠷᠯᠢᠭ ᠎ ᠤᠨ ᠤᠶᠢᠷ᠎ᠠ ᠬᠠᠪᠢ ᠳᠤ ᠰᠢᠨ᠎ᠡ ᠪᠠᠷ ᠤᠷᠲᠤ ᠬᠤᠭᠤᠴᠠᠭ᠎ᠠ ᠪᠠᠷ ᠬᠡᠷᠡᠭᠯᠡᠬᠦ ᠠᠮᠢ ᠠᠬᠤᠢ ᠶᠢᠨ ᠲᠡᠷᠭᠡᠨ ᠵᠣᠭᠰᠣᠭᠠᠯ ᠤᠨ ᠭᠠᠵᠠᠷ ᠢ 2 ᠪᠠᠶᠢᠭᠤᠯᠵᠤ᠂ ᠰᠢᠨ᠎ᠡ ᠪᠠᠷ 536 ᠲᠡᠷᠭᠡᠨ ᠵᠣᠭᠰᠣᠭᠠᠯ ᠢ ᠪᠠᠶᠢᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ᠂ ᠦᠨᠳᠦᠰᠦᠳᠡᠨ ᠤ ᠬᠡᠦᠬᠡᠳ ᠤᠨ ᠴᠡᠴᠡᠷᠯᠢᠭ ᠤᠨ ᠣᠶᠢᠷ᠎ᠠ ᠬᠠᠪᠢ ᠳᠤ ᠰᠢᠨ᠎ᠡ ᠪᠠᠷ 2 ᠲᠦᠷ ᠬᠡᠷᠡᠭᠯᠡᠬᠦ ᠲᠡᠷᠭᠡᠨ ᠵᠣᠭᠰᠣᠭᠠᠯ ᠤᠨ ᠭᠠᠵᠠᠷ  ᠢ ᠪᠠᠶᠢᠭᠤᠯᠵᠤ᠂ ᠰᠢᠨ᠎ᠡ ᠪᠠᠷ 300 ᠲᠡᠷᠭᠡᠨ ᠵᠣᠭᠰᠤᠭᠠᠯ ᠢ ᠪᠠᠶᠢᠭᠤᠯᠵᠤ ᠂ ᠸᠧᠢ ᠨᠠ ᠰᠧ ᠬᠠᠭᠠᠨ ᠤ ᠣᠷᠳᠣᠨ ᠤ ᠪᠠᠭᠤᠳᠠᠯ᠂ ᠰᠢᠩ ᠮᠸᠡᠭ ᠱᠢ ᠳ᠋ᠠᠢ ᠠᠭᠤᠳᠠᠮ ᠲᠠᠯᠠᠪᠠᠢ ᠶᠢᠨ ᠣᠶᠢᠷ᠎ᠠ ᠬᠠᠪᠢ᠂ ᠠᠯᠳᠠᠨᠰᠢᠷᠡᠭᠡ ᠵᠠᠮ ᠤᠨ ᠬᠤᠶᠠᠷ ᠲᠠᠯ᠎ᠠ ᠪᠣᠯᠣᠨ ᠦᠯᠵᠡᠶᠢᠲᠦ ᠵᠠᠮ ᠤᠨ ᠵᠡᠬᠦᠨ ᠲᠠᠯ᠎ᠠ ᠪᠠᠷ ᠰᠢᠨ᠎ᠡ ᠪᠠᠷ 500 ᠲᠡᠷᠭᠡᠨ ᠵᠣᠭᠰᠣᠭᠠᠯ  ᠢ ᠪᠠᠶᠢᠭᠤᠯᠵᠤ᠂ ᠠᠵᠤ ᠠᠬᠤᠶᠢᠯᠠᠯ ᠲᠠᠢ ᠬᠠᠷᠢᠯᠴᠠᠵᠤ ᠱᠦᠢ ᠠᠨ ᠶᠢᠨ ᠽᠤᠸᠠᠨ ᠲᠣᠮᠣ ᠠᠰᠠᠷ᠂ ᠬᠠᠢ ᠳ᠋ᠠ ᠠᠭᠤᠳᠠᠮ ᠲᠠᠯᠠᠪᠠᠢ ᠵᠡᠷᠭᠡ ᠭᠠᠵᠠᠷ ᠤᠨ  ᠭᠠᠵᠠᠷ ᠲᠣᠣᠷᠠᠬᠢ ᠲᠡᠷᠭᠡᠨ ᠵᠣᠭᠰᠣᠭᠠᠯ ᠤᠨ ᠭᠠᠵᠠᠷ ᠢ ᠬᠡᠷᠡᠭᠯᠡᠯᠲᠡ ᠳᠤ ᠣᠷᠣᠭᠤᠯᠵᠣ᠂ ᠰᠢᠨ᠎ᠡ ᠪᠠᠷ 664 ᠲᠡᠷᠭᠡᠨ ᠵᠣᠭᠰᠣᠭᠠᠯ ᠢ ᠭᠠᠷᠭᠠᠨ᠎ᠠ᠃ ᠲᠤᠰ ᠲᠦᠷᠦᠯ ᠵᠦᠢᠯ ᠢ 4 ᠰᠠᠷ᠎ᠠ ᠶᠢᠨ15᠎ ᠤ ᠡᠳᠦᠷ ᠤᠨ ᠡᠮᠦᠨ᠎ᠡ  ᠲᠡᠷᠭᠡᠨ ᠵᠣᠭᠰᠣᠭᠠᠯ ᠤᠨ ᠭᠠᠵᠠᠷ ᠤᠨ ᠲᠦᠯᠦᠪᠵᠢᠬᠦᠯᠭᠡ ᠶᠢ ᠬᠢᠵᠤ ᠭᠠᠷᠭᠠᠨ᠂ 6 ᠰᠠᠷ᠎ᠠ ᠶᠢᠨ30᠎ ᠤ ᠡᠳᠦᠷ ᠤᠨ ᠡᠮᠦᠨ᠎ᠡ ᠲᠠᠪᠤᠳᠤᠭᠠᠷ ᠪᠠᠭ᠎ᠠ ᠰᠤᠷᠭᠠᠭᠤᠯᠢ᠂ ᠵᠢᠷᠭᠤᠳᠤᠭᠠᠷ ᠬᠡᠦᠬᠡᠳ ᠤᠨ  ᠴᠡᠴᠡᠷᠯᠢᠭ ᠤᠨ ᠣᠶᠢᠷ᠎ᠠ ᠬᠠᠪᠢ ᠶᠢᠨ ᠠᠮᠢ ᠠᠬᠤᠢ ᠶᠢᠨ ᠲᠡᠷᠭᠡᠨ ᠵᠣᠭᠰᠣᠭᠠᠯ ᠤᠨ ᠭᠠᠵᠠᠷ᠂ ᠦᠨᠳᠦᠰᠦᠳᠡᠨ ᠤ ᠬᠡᠦᠬᠡᠳ ᠤᠨ ᠴᠡᠴᠡᠷᠯᠢᠭ ᠤᠨ ᠣᠶᠢᠷ᠎ᠠ ᠬᠠᠪᠢ ᠶᠢᠨ ᠲᠦᠷ ᠬᠡᠷᠡᠭᠯᠡᠬᠦ ᠲᠡᠷᠭᠡᠨ ᠵᠣᠭᠰᠣᠭᠠᠯ ᠤᠨ ᠭᠠᠵᠠᠷ᠂ ᠸᠧᠢ ᠨᠠ ᠰᠧ ᠬᠠᠭᠠᠨ ᠤ ᠣᠷᠳᠣᠨ ᠪᠠᠭᠤᠳᠠᠯ ᠤᠨ ᠲᠡᠷᠭᠡᠨ ᠵᠣᠭᠰᠣᠭᠠᠯ ᠤᠨ ᠭᠠᠵᠠᠷ ᠪᠠ ᠰᠢᠩ ᠮᠸᠡᠭ ᠱᠢ ᠳ᠋ᠠᠢ ᠠᠭᠤᠳᠠᠮ ᠲᠠᠯᠠᠪᠠᠢ ᠶᠢᠨ ᠪᠠᠷᠠᠭᠤᠨ ᠲᠠᠯ᠎ᠠ ᠶᠢᠨ  ᠲᠡᠷᠭᠡᠨ ᠵᠣᠭᠰᠣᠭᠠᠯ ᠤᠨ ᠭᠠᠵᠠᠷ ᠢ ᠪᠠᠶᠢᠭᠤᠯᠵᠤ᠂ ᠱᠦᠢ ᠠᠨ ᠎ ᠶᠢᠨ ᠽᠤᠸᠠᠨ ᠲᠣᠮᠣ ᠠᠰᠠᠷ ᠤᠨ ᠭᠠᠵᠠᠷ ᠲᠣᠣᠷᠠᠬᠢ ᠲᠡᠷᠭᠡᠨ ᠵᠣᠭᠰᠣᠭᠠᠯ ᠤᠨ ᠭᠠᠵᠠᠷ ᠤᠨ ᠲᠦᠬᠦᠭᠡᠷᠦᠮᠵᠢ ᠶᠢ ᠲᠡᠭᠦᠯᠳᠡᠷᠵᠢᠬᠦᠯᠵᠦ᠂ 8 ᠰᠠᠷ᠎ᠠ ᠶᠢᠨ 30᠎ ᠤ ᠡᠳᠦᠷ ᠤᠨ ᠡᠮᠦᠨ᠎ᠡ ᠦᠯᠵᠡᠶᠢᠲᠦ ᠵᠠᠮ ᠤᠨ ᠵᠡᠭᠦᠨ ᠲᠠᠯ᠎ᠠ ᠵᠢᠨ‌‍ᠲ᠋ᠡᠷᠭᠡᠨ ᠵᠣᠭᠰᠤᠭᠠᠯ᠂ ᠠᠯᠳᠠᠨᠰᠢᠷᠡᠭᠡ ᠵᠠᠮ ᠤᠨ ᠬᠤᠶᠠᠷ ᠲᠠᠯ᠎ᠠ ᠶᠢᠨ ᠲᠡᠷᠭᠡᠨ ᠵᠣᠭᠰᠤᠭᠠᠯ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠣᠶᠢᠷ᠎ᠠ ᠬᠠᠪᠢ ᠶᠢᠨ ᠲᠡᠷᠭᠡᠨ ᠵᠣᠭᠰᠣᠭᠠᠯ ᠤᠨ ᠭᠠᠵᠠᠷ ᠪᠠ ᠭᠤᠷᠪᠠᠳᠤᠭᠠᠷ ᠪᠠᠭ᠎ᠠ ᠰᠤᠷᠭᠠᠭᠤᠯᠢ ᠶᠢᠨ ᠣᠶᠢᠷ᠎ᠠ ᠬᠠᠪᠢ ᠶᠢᠨ ᠤᠷᠳᠤ ᠬᠤᠭᠤᠴᠠᠭ᠎ᠠ ᠪᠠᠷ ᠬᠡᠷᠡᠭᠯᠡᠬᠦ ᠲᠡᠷᠭᠡᠨ ᠵᠣᠭᠰᠤᠭᠠᠯ ᠤᠨ ᠭᠠᠵᠠᠷ ᠤᠨ ᠪᠠᠶᠢᠭᠤᠯᠤᠯᠲᠠ ᠶᠢ ᠪᠡᠶᠡᠯᠡᠬᠦᠯᠦᠨ᠎ᠡ᠃ ︵ᠲᠣᠯᠣᠭᠠᠶᠢᠯᠠᠬᠤ ᠤᠳᠤᠷᠢᠳᠤᠯᠭ᠎ᠠ᠄ ᠵᠠᠩ ᠶᠦᠡᠭ ᠲᠣᠯᠤᠭᠠᠶᠢᠯᠠᠬᠤ ᠰᠠᠯᠠᠭ᠎ᠠ ᠮᠦᠴᠢᠷ᠄ ᠬᠤᠰᠢᠭᠤᠨ ᠤ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ   ᠬᠠᠮᠵᠢᠯᠴᠠᠬᠤ ᠰᠠᠯᠠᠭ᠎ᠠ ᠮᠦᠴᠢᠷ᠄ ᠬᠤᠰᠢᠭᠤᠨ ᠤ ᠦᠭᠡᠷᠡᠴᠢᠯᠡᠯᠲᠡ ᠬᠦᠭᠵᠢᠬᠦᠯᠦᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠦᠯᠦᠪᠵᠢᠬᠦᠯᠭᠡ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠠᠯᠳᠠᠨᠰᠢᠷᠡᠭᠡᠳᠤ ᠪᠠᠯᠭᠠᠰᠤ︶᠃      ︵ᠲᠦᠷᠪᠡ︶ ᠵᠠᠮ ᠬᠠᠷᠢᠯᠴᠠᠭᠠᠨ ᠤ ᠨᠡᠪᠳᠡᠷᠡᠯᠴᠡᠬᠦ ᠴᠢᠳᠠᠪᠦᠷᠢ ᠬᠢᠭᠡᠳ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠲᠦᠷᠦᠯ ᠵᠦᠢᠯ      ᠠᠨᠳᠠ ᠵᠠᠮ᠂ ᠪᠣᠯᠪᠠᠰᠤᠨ ᠵᠠᠮ᠂ ᠲᠤᠩᠭᠠᠯᠠᠭ ᠵᠠᠮ ᠵᠡᠷᠭᠡ ᠵᠠᠮ ᠳᠤ ᠰᠢᠨ᠎ᠡ ᠪᠠᠷ 80 ᠰᠠᠤᠷᠢ ᠰᠦᠯᠵᠢᠶᠡᠨ ᠳᠤ ᠬᠤᠯᠪᠣᠭᠠᠯᠠᠭᠰᠠᠨ ᠵᠠᠮ ᠬᠠᠷᠢᠯᠴᠠᠭᠠᠨ ᠤ ᠲᠣᠬᠢᠶᠠᠨ ᠲᠡᠮᠳᠡᠭ ᠤᠨ ᠮᠠᠰᠢᠨ ᠢ ᠤᠭᠰᠠᠷᠠᠵᠤ᠂ ᠰᠢᠨ᠎ᠡ ᠎ ᠪᠠᠷ 90 ᠭᠠᠵᠠᠷ ᠲᠤ ᠮᠠᠰᠢᠨ ᠲᠡᠷᠭᠡ ᠶᠢᠨ ᠣᠯᠠᠨ ᠴᠦᠭᠡᠨ ᠵᠢᠴᠢ ᠬᠤᠷᠳᠤᠴᠠ ᠶᠢ ᠬᠡᠮᠵᠢᠬᠦ ᠮᠠᠰᠢᠨ ᠤᠭᠰᠠᠷᠠᠨ᠂ ᠵᠠᠮ ᠬᠠᠷᠢᠯᠴᠠᠭᠠᠨ ᠤ ᠲᠣᠬᠢᠶᠠᠨ ᠲᠡᠮᠳᠡᠭ ᠤᠨ ᠵᠣᠬᠢᠴᠠᠭᠤᠯᠬᠤ ᠴᠠᠭ ᠤᠨ ᠦᠢᠯᠡᠴᠢᠯᠡᠭᠡ ᠶᠢ ᠬᠤᠳᠠᠯᠳᠤᠨ ᠠᠪᠴᠦ᠂ ᠵᠠᠮ ᠬᠠᠷᠢᠯᠴᠠᠭᠠᠨ ᠤ ᠲᠣᠬᠢᠶᠠᠨ ᠲᠡᠮᠳᠡᠭ ᠤᠨ ᠬᠢᠨᠠᠨ ᠡᠵᠡᠮᠰᠢᠬᠦ ᠰᠢᠰᠲ᠋ᠧᠮ ᠤᠨ ᠠᠦ᠋ᠲᠴᠢᠯᠠᠭᠰᠠᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠪᠤᠷᠭᠠᠰᠤᠳᠤ ᠶᠢᠨ ᠭᠤᠣᠯ ᠤᠨ ᠡᠮᠦᠨ᠎ᠡ ᠵᠡᠭᠡᠯᠢ ᠪᠣᠯᠣᠨ ᠦᠯᠵᠡᠶᠢᠳᠤ ᠵᠠᠮ ᠤᠨ ᠠᠭᠤᠯᠵᠠᠷ ᠭᠡᠰᠡᠭ᠂ ᠱᠦᠢ ᠠᠨ ᠰᠢᠨ᠎ᠡ ᠬᠤᠲᠠ ᠵᠡᠷᠭᠡ ᠵᠠᠮ ᠤᠨ ᠠᠮᠠᠨ ᠳᠤ ᠰᠢᠨ᠎ᠡ ᠪᠠᠷ 7 ᠬᠠᠷᠠᠭᠤᠯ ᠤᠨ ᠰᠠᠷᠠᠪᠴᠢ ᠲᠠᠢ ᠵᠠᠮ ᠬᠠᠷᠢᠴᠯᠠᠭᠠᠨ ᠤ ᠲᠣᠬᠢᠶᠠᠨ ᠲᠡᠮᠳᠡᠭ ᠤᠨ ᠳ᠋ᠸᠡᠭ ᠢ ᠬᠢᠵᠤ ᠤᠷᠤᠭᠤᠯᠤᠨ᠂25 ᠭᠠᠵᠠᠷ ᠵᠠᠮ ᠬᠠᠷᠢᠯᠴᠠᠭᠠᠨ ᠤ ᠲᠣᠬᠢᠶᠠᠨ ᠲᠡᠮᠳᠡᠭ ᠢ ᠤᠭᠰᠠᠷᠠᠨ᠎ᠠ᠂ 21940 ᠮᠧᠲᠷ ᠲᠤᠰᠠᠭᠠᠷᠯᠠᠬᠤ ᠬᠡᠷᠡᠰᠭᠡ ᠂500 ᠵᠢᠵᠢᠭ ᠮᠠᠶ᠋ᠢᠭ ᠤᠨ ᠵᠠᠮ ᠎ ᠤᠨ ᠲᠡᠮᠳᠡᠭ ᠢ ᠤᠭᠰᠠᠷᠠᠵᠤ᠂ ᠬᠤᠲᠠ ᠶᠢᠨ ᠲᠣᠭᠤᠷᠢᠭ ᠤᠨ ᠨᠡᠪᠳᠡᠷᠡᠯᠴᠡᠭᠡᠨ ᠤ ᠴᠢᠳᠠᠪᠦᠷᠢ ᠶᠢ ᠲᠡᠭᠡᠭᠰᠢᠯᠡᠬᠦᠯᠦᠨ᠎ᠡ᠃ ᠠᠯᠳᠠᠨᠰᠢᠷᠡᠭᠡᠳᠤ ᠠᠴᠠ ᠴᠢᠩᠬᠢᠰ ᠬᠠᠭᠠᠨ ᠤ ᠣᠩᠭᠤᠨ ᠳᠤ ᠬᠦᠷᠬᠦ ᠵᠡᠭᠦᠨ ᠵᠠᠮ᠂ 210 ᠤᠯᠤᠰ ᠤᠨ ᠵᠠᠮ ᠳᠤ 77 ᠺᠢᠯᠤᠮᠧᠲᠷ ᠤᠨ ᠤᠷᠳᠤ ᠲᠣᠯᠬᠢᠶᠠᠨ ᠮᠠᠶ᠋ᠢᠭ ᠤᠨ ᠬᠡᠷᠡᠰᠭᠡ ᠶᠢ ᠤᠭᠰᠠᠷᠠᠨ᠎ᠠ᠃ ᠲᠣᠰ ᠲᠦᠷᠦᠯ ᠵᠦᠢᠯ ᠳᠤ ᠨᠡᠶᠢᠳᠡ3500 ᠲᠦᠮᠡᠨ ᠲᠦᠬᠦᠷᠢᠭ ᠤᠨ ᠪᠡᠯᠡ ᠣᠷᠣᠭᠤᠯᠣᠨ᠎ᠠ᠃ ᠲᠦᠷᠦᠯ ᠵᠦᠢᠯ ᠎ ᠢ 3 ᠰᠠᠷ᠎ᠠ ᠶᠢᠨ 30᠎ ᠤ ᠡᠳᠦᠷ ᠠᠴᠠ ᠡᠮᠦᠨ᠎ᠡ ᠰᠦᠯᠵᠢᠶᠡᠨ ᠳᠤ ᠬᠤᠯᠪᠣᠭᠠᠯᠠᠭᠰᠠᠨ ᠵᠠᠮ ᠬᠠᠷᠢᠯᠴᠠᠭᠠᠨ ᠤ ᠲᠣᠬᠢᠶᠠᠨ ᠲᠡᠮᠳᠡᠭ ᠤᠨ ᠮᠠᠰᠢᠨ᠂ ᠵᠠᠮ ᠬᠠᠷᠢᠯᠴᠠᠭᠠᠨ ᠤ ᠲᠣᠬᠢᠶᠠᠨ ᠲᠡᠮᠳᠡᠭ᠂ ᠮᠠᠰᠢᠨ ᠲᠡᠷᠭᠡ ᠶᠢᠨ ᠤᠯᠠᠨ ᠴᠦᠭᠡᠨ ᠪᠠ ᠬᠤᠷᠳᠤᠴᠠ ᠶᠢ ᠬᠡᠮᠵᠢᠬᠦ ᠮᠠᠰᠢᠨ᠂ ᠲᠤᠰᠠᠭᠠᠷᠠᠯᠠᠬᠤ ᠬᠡᠷᠡᠰᠭᠡ᠂ ᠵᠠᠮ ᠤᠨ ᠲᠡᠮᠳᠡᠭ᠂ ᠵᠠᠮ ᠤᠨ ᠱᠤᠭᠤᠮ ᠵᠡᠷᠭᠡ ᠤᠨ ᠲᠣᠨᠤᠭ ᠲᠦᠬᠦᠭᠡᠷᠦᠮᠵᠢ ᠶᠢ ᠤᠭᠰᠠᠷᠠᠬᠤ ᠲᠦᠰᠦᠯ ᠢ ᠨᠠᠶᠢᠷᠠᠭᠤᠯᠤᠨ ᠲᠦᠰᠦᠪᠯᠡᠵᠤ᠂ ᠲᠧᠨ᠋ᠳᠧᠷ ᠵᠠᠷᠯᠠᠬᠤ ᠠᠴᠠ ᠡᠮᠦᠨ᠎ᠡ ᠬᠤᠭᠤᠴᠠᠭᠠᠨ ᠤ ᠠᠵᠢᠯ ᠢ ᠦᠷᠨᠢᠬᠦᠯᠦᠨ᠎ᠡ᠃6 ᠰᠠᠷ᠎ᠠ ᠶᠢᠨ15᠎ ᠤ ᠡᠳᠦᠷ ᠠᠴᠠ ᠡᠮᠦᠨ᠎ᠡ ᠡᠯ᠎ᠡ ᠲᠦᠷᠦᠯ ᠵᠦᠢᠯ ᠤᠨ ᠲᠧᠨ᠋ᠳᠧᠷ ᠵᠠᠷᠯᠠᠬᠤ ᠠᠵᠢᠯ ᠢ ᠪᠡᠶᠡᠯᠡᠬᠦᠯᠵᠤ᠂ᠰᠦᠯᠵᠢᠶᠡᠨ ᠳᠤ ᠬᠤᠯᠪᠣᠭᠠᠯᠠᠭᠰᠠᠨ ᠵᠠᠮ ᠬᠠᠷᠢᠯᠴᠠᠭᠠᠨ ᠤ ᠲᠣᠬᠢᠶᠠᠨ ᠲᠡᠮᠳᠡᠭ ᠤᠨ ᠮᠠᠰᠢᠨ᠂ ᠲᠤᠰᠠᠭᠠᠷᠠᠯᠠᠬᠤ ᠬᠡᠷᠡᠰᠭᠡ ᠤᠭᠰᠠᠷᠠᠬᠤ ᠠᠵᠢᠯ ᠢ ᠪᠡᠶᠡᠯᠡᠬᠦᠯᠵᠤ᠂ ᠵᠠᠮ ᠬᠠᠷᠢᠯᠴᠠᠭᠠᠨ ᠤ ᠲᠣᠬᠢᠶᠠᠨ ᠳ᠋ᠸᠡᠭ ᠤᠨ ᠲᠦᠬᠦᠭᠡᠷᠦᠮᠵᠢ ᠤᠭᠰᠠᠷᠠᠬᠤ ᠠᠵᠢᠯ ᠢ ᠠᠬᠢᠭᠤᠯᠤᠨ᠎ᠠ᠃ 9 ᠰᠠᠷ᠎ᠠ ᠶᠢᠨ25᠎ ᠤ ᠡᠳᠦᠷ ᠤᠨ ᠡᠮᠦᠨ᠎ᠡ ᠵᠠᠮ ᠬᠠᠷᠢᠯᠴᠠᠭᠠᠨ ᠤ ᠲᠣᠬᠢᠶᠠᠨ ᠲᠡᠮᠳᠡᠭ ᠤᠨ ᠵᠣᠬᠢᠴᠠᠭᠤᠯᠬᠤ ᠴᠠᠭ ᠤᠨ ᠦᠢᠯᠡᠴᠢᠯᠡᠭᠡ ᠶᠢ ᠰᠢᠯᠢᠳᠡᠭᠵᠢᠬᠦᠯᠦᠨ᠂ ᠲᠣᠯᠬᠢᠶᠠᠨ ᠮᠠᠶ᠋ᠢᠭ ᠤᠨ ᠬᠡᠷᠡᠰᠭᠡ ᠤᠭᠰᠠᠷᠠᠬᠤ ᠠᠵᠢᠯ ᠢ ᠪᠡᠶᠡᠯᠡᠬᠦᠯᠦᠨ᠎ᠡ᠃12 ᠰᠠᠷ᠎ᠠ ᠶᠢᠨ15᠎ ᠤ ᠡᠳᠦᠷ  ‍ᠤᠨ‌ᠡᠮᠦᠨ᠎ᠡ ᠪᠦᠲᠦᠭᠡᠨ ᠪᠠᠶᠢᠭᠤᠯᠵᠤ ᠤᠭᠰᠠᠷᠠᠬᠤ ᠠᠵᠢᠯ ᠢ ᠪᠦᠬᠦᠨ ᠢ ᠲᠠᠭᠤᠰᠬᠠᠨ᠎ᠠ᠃ ︵ᠲᠣᠯᠣᠭᠠᠶᠢᠯᠠᠬᠤ ᠤᠳᠤᠷᠢᠳᠤᠯᠭ᠎ᠠ᠄ ᠯᠢ ᠰᠢᠶᠤᠤ ᠭᠠᠨᠭ᠌ ᠲᠣᠯᠣᠭᠠᠶᠢᠯᠠᠬᠤ ᠰᠠᠯᠠᠭ᠎ᠠ ᠮᠦᠴᠢᠷ:ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠮᠵᠢᠯᠴᠠᠬᠤ ᠰᠠᠯᠠᠭ᠎ᠠ ᠮᠦᠴᠢᠷ᠄ ᠬᠤᠰᠢᠭᠤᠨ ᠤ ᠦᠭᠡᠷᠡᠴᠢᠯᠡᠯᠲᠡ ᠬᠦᠭᠵᠢᠬᠦᠯᠦᠯᠲᠡ ᠶᠢᠨ  ᠵᠦᠪᠯᠡᠯ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠦᠯᠦᠪᠵᠢᠬᠦᠯᠭᠡ ᠶᠢᠨ ᠲᠣᠪᠴᠢᠶ᠎ᠠ᠂ ᠤᠯᠠᠨ ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ︶      ︵ᠲᠠᠪᠤ︶ ᠭᠠᠵᠠᠷ ᠣᠷᠣᠨ ᠤ ᠢᠳᠡᠭᠡᠨ ᠤᠮᠳᠠᠭᠠᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠪᠦᠳᠦᠭᠡᠨ ᠪᠠᠶᠢᠭᠤᠯᠬᠤ ᠲᠦᠷᠦᠯ ᠵᠦᠢᠯ      ᠭᠠᠵᠠᠷ ᠣᠷᠣᠨ ᠤ ᠢᠳᠡᠭᠡᠨ ᠤᠮᠳᠠᠭᠠᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠲᠦᠯᠦᠪᠵᠢᠬᠦᠯᠦᠨ ᠪᠠᠶᠢᠭᠤᠯᠵᠤ᠂ ᠭᠠᠵᠠᠷ ᠣᠷᠣᠨ ᠤ ᠢᠳᠡᠭᠡᠨ ᠤᠮᠳᠠᠭᠠᠨ ᠪᠣᠯᠪᠠᠰᠤᠷᠠᠭᠤᠯᠬᠤ  ᠳᠤ ᠣᠷᠣᠬᠤ ᠪᠣᠭᠤᠮᠲᠠ ᠎ ᠲᠠᠢ ᠪᠣᠯᠭᠠᠨ᠂ ᠨᠢᠭᠡ ᠬᠢᠨᠠᠨ ᠪᠠᠶᠢᠴᠠᠭᠠᠬᠤ ᠲᠥᠪ ᠲᠠᠢ ᠪᠠᠷᠢᠮᠵᠢᠶᠠᠵᠢᠭᠰᠠᠨ ᠦᠢᠯᠡᠳᠪᠦᠷᠢᠯᠡᠨ ᠪᠣᠯᠪᠠᠰᠤᠷᠠᠭᠤᠯᠬᠤ ᠭᠠᠵᠠᠷ  ᠢ ᠪᠠᠶᠢᠭᠤᠯᠵᠤ᠂ ᠢᠳᠡᠭᠡᠨ ᠤᠮᠳᠠᠭᠠᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠦᠷᠭᠡᠨ ᠤᠯᠠᠨ ᠠᠷᠠᠳ ᠲᠦᠮᠡᠨ ᠤ ᠢᠳᠡᠭᠡᠨ ᠤᠮᠳᠠᠭᠠᠨ ᠤ ᠠᠶᠦᠯᠬᠦᠢ ᠶᠢ ᠪᠠᠳᠤᠯᠠᠨ᠎ᠠ᠃ ᠲᠦᠷᠦᠯ ᠵᠦᠢᠯ ᠳᠤ ᠨᠡᠶᠢᠳᠡ5000 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠪᠠᠷᠢᠯᠭ᠎ᠠ ᠶᠢᠨ ᠡᠵᠡᠯᠡᠬᠦ ᠲᠠᠯᠠᠪᠠᠢ 20000 ᠲᠡᠭᠰᠢ ᠲᠦᠷᠪᠡᠯᠵᠢᠨ ᠮᠧᠲᠷ᠂ ᠠᠵᠢᠯᠯᠠᠬᠤ ᠲᠤᠭᠤᠷᠢᠭ᠂ ᠪᠣᠯᠪᠠᠰᠤᠷᠠᠭᠤᠯᠬᠤ ᠲᠣᠭᠤᠷᠢᠭ᠂ ᠲᠣᠬᠢᠷᠠᠭᠤᠯᠤᠨ ᠬᠦᠷᠭᠡᠬᠦ ᠲᠣᠭᠤᠷᠢᠭ᠂ ᠬᠠᠳᠠᠭᠠᠯᠠᠨ ᠬᠤᠷᠢᠶᠠᠬᠤ ᠲᠣᠭᠤᠷᠢᠭ ᠪᠣᠯᠣᠨ ᠣᠯᠠᠨ ᠨᠡᠶᠢᠳᠡ ᠶᠢᠨ ᠲᠣᠭᠤᠷᠢᠭ ᠢ ᠪᠠᠭᠳᠠᠭᠠᠨ᠎ᠠ᠃ ᠲᠦᠷᠦᠯ ᠵᠦᠢᠯ ᠤᠨ5 ᠰᠠᠷ᠎ᠠ ᠶᠢᠨ30᠎ ᠤ ᠡᠳᠦᠷ ᠤᠨ ᠡᠮᠦᠨ᠎ᠡ ᠲᠦᠷᠦᠯ ᠵᠦᠢᠯ ᠢ ᠪᠠᠶᠢᠭᠤᠯᠬᠤ ᠲᠦᠰᠦᠯ ᠬᠢᠭᠡᠳ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠵᠢᠴᠢ ᠭᠠᠷ ᠬᠦᠢᠴᠡᠳᠭᠡᠯ ᠢ ᠪᠡᠶᠡᠯᠡᠬᠦᠯᠦᠨ᠎ᠡ᠃6 ᠰᠠᠷ᠎ᠠ ᠶᠢᠨ30᠎ ᠤ ᠡᠳᠦᠷ ᠠᠴᠠ ᠡᠮᠦᠨ᠎ᠡ ᠪᠠᠷᠢᠯᠭ᠎ᠠ ᠶᠢᠨ ᠲᠦᠯᠦᠪᠵᠢᠬᠦᠯᠭᠡ ᠶᠢᠨ ᠵᠢᠷᠤᠭ ᠪᠠ ᠪᠠᠷᠢᠯᠭ᠎ᠠ ᠵᠢᠨ‌‍ᠲ᠋ᠧᠨ᠋ᠳᠧᠷ ᠵᠠᠷᠯᠠᠬᠤ ᠠᠵᠢᠯ ᠢ ᠪᠡᠶᠡᠯᠡᠬᠦᠯᠦᠨ᠎ᠡ ᠃10 ᠰᠠᠷ᠎ᠠ ᠶᠢᠨ30 ᠎ ᠤ ᠡᠳᠦᠷ ᠤᠨ ᠡᠮᠦᠨ᠎ᠡ ᠭᠤᠣᠯ ᠴᠤᠭᠴᠠ ᠶᠢᠨ ᠪᠡᠷᠢᠯᠭ᠎ᠠ ᠎ ᠶᠢᠨ ᠪᠦᠳᠦᠭᠡᠨ ᠪᠠᠶᠢᠭᠤᠯᠤᠯᠲᠠ ᠶᠢ ᠪᠡᠶᠡᠯᠡᠬᠦᠯᠦᠨ᠎ᠡ᠃12 ᠰᠠᠷ᠎ᠠ ᠶᠢᠨ30᠎ ᠤ ᠡᠳᠦᠷ ᠤᠨ ᠡᠮᠦᠨ᠎ᠡ ᠪᠦᠬᠦ ᠪᠦᠳᠦᠭᠡᠨ ᠪᠠᠶᠢᠭᠤᠯᠬᠤ ᠠᠵᠢᠯ ᠢ ᠪᠡᠶᠡᠯᠡᠬᠦᠯᠵᠤ᠂ ᠬᠡᠷᠡᠭᠯᠡᠯᠲᠡ ᠳᠤ ᠣᠷᠣᠭᠤᠯᠬᠤ ᠨᠦᠬᠦᠴᠡᠯ ᠲᠠᠢ ᠪᠣᠯᠭᠠᠨ᠎ᠠ᠃ ︵ᠲᠣᠯᠣᠭᠠᠶᠢᠯᠠᠬᠤ ᠤᠳᠤᠷᠢᠳᠤᠯᠭ᠎ᠠ᠄ ᠶᠠᠨ ᠽᠠᠢ ᠢᠣᠢ  ᠲᠤᠯᠤᠭᠠᠶᠢᠯᠠᠬᠤ ᠰᠠᠯᠠᠭ᠎ᠠ ᠮᠦᠴᠢᠷ :ᠬᠤᠰᠢᠭᠤᠨ ᠤ ᠵᠠᠬ᠎ᠠ ᠲᠡᠯᠭᠡᠬᠦᠷ ᠎ ᠤᠨ ᠬᠢᠨᠠᠨ ᠬᠠᠮᠢᠶᠠᠷᠤᠯᠲᠠ  ᠶᠢᠨ ᠲᠣᠪᠴᠢᠶ᠎ᠠ᠂ ᠬᠤᠲᠠ ᠶᠢᠨ ᠪᠦᠳᠦᠭᠡᠨ ᠪᠠᠶᠢᠭᠤᠯᠤᠯᠲᠠ ᠪᠡᠯᠡ ᠤᠷᠤᠭᠤᠯᠤᠯᠲᠠ ᠶᠢᠨ ᠪᠦᠯᠦᠭᠯᠡᠯ   ᠬᠠᠮᠵᠢᠯᠴᠠᠬᠤ ᠰᠠᠯᠠᠭ᠎ᠠ ᠮᠦᠴᠢᠷ ᠄ ᠬᠤᠰᠢᠭᠤᠨ ᠤ ᠦᠭᠡᠷᠡᠴᠢᠯᠡᠯᠲᠡ ᠬᠦᠭᠵᠢᠬᠦᠯᠦᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠦᠯᠦᠪᠵᠢᠬᠦᠯᠭᠡ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠭᠠᠯ ᠰᠡᠷᠭᠡᠶᠢᠯᠡᠬᠦ ᠶᠡᠭᠡ ᠠᠩᠭᠢ︶      ︵ᠵᠢᠷᠭᠤᠭ᠎ᠠ︶ ᠴᠠᠬᠢᠯᠭᠠᠨ ᠱᠠᠲᠤ ᠦᠭᠡᠢ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠲᠦᠷᠦᠯ ᠵᠦᠢᠯ      ᠠᠯᠳᠠᠨᠰᠢᠷᠡᠭᠡᠳᠤ ᠪᠠᠯᠭᠠᠰᠤᠨ ᠤ 41 ᠰᠠᠭᠤᠭᠠᠯᠢ ᠲᠣᠭᠤᠷᠢᠭ ᠤᠨ1226 ᠠᠰᠠᠷ ᠨᠢ ᠴᠠᠬᠢᠯᠭᠠᠨ ᠱᠠᠲᠤ ᠦᠬᠡᠢ ᠠᠰᠠᠷ᠂ ᠡᠭᠦᠨ ᠤ ᠲᠣᠲᠣᠷ᠎ᠠ 860 ᠠᠰᠠᠷ ᠨᠢ ᠴᠠᠬᠢᠯᠭᠠᠨ ᠱᠠᠲᠤ ᠨᠡᠮᠡᠵᠤ ᠤᠭᠰᠠᠷᠠᠬᠤ ᠨᠦᠬᠦᠴᠡᠯ ᠲᠠᠢ᠂ ︽ᠦᠮᠴᠢᠳᠡᠨ ᠤ ᠰᠠᠶᠢᠨ ᠳᠤᠷ᠎ᠠ᠂ ᠬᠡᠯᠡᠯᠴᠡᠵᠦ ᠰᠠᠨᠠᠯ ᠨᠢᠭᠡᠳᠦᠨ᠂ ᠠᠮᠤᠷ ᠲᠥᠪᠰᠢᠨ ᠢ ᠪᠠᠳᠤᠯᠠᠬᠤ︾ ᠵᠠᠷᠴᠢᠮ ᠢ ᠦᠨᠳᠦᠰᠦᠯᠡᠵᠦ᠂2019 ᠣᠨ ᠳᠤ 200 ᠴᠠᠬᠢᠯᠭᠠᠨ ᠱᠠᠲᠤ ᠦᠬᠡᠢ ᠠᠰᠠᠷ ᠎ ᠲᠤ ᠴᠠᠬᠢᠯᠭᠠᠨ ᠱᠠᠲᠤ ᠨᠡᠮᠡᠨ ᠤᠭᠰᠠᠷᠠᠨ᠎ᠠ᠃ ᠲᠦᠷᠦᠯ ᠵᠦᠢᠯ ᠳᠤ ᠨᠡᠶᠢᠳᠡ 10000 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠪᠡᠯᠡ ᠮᠦᠩᠬᠦᠨ ᠤ ᠢᠷᠡᠯᠲᠡ ᠶᠢ ᠵᠠᠰᠠᠭ ᠤᠨ ᠣᠷᠳᠣᠨ ᠠᠴᠠ5000 ᠲᠦᠮᠡᠨ ᠲᠦᠭᠦᠷᠢᠭ ᠪᠡᠯᠡ ᠣᠷᠣᠭᠤᠯᠵᠣ᠂ ᠰᠠᠠᠭᠤᠭᠠᠯᠢ ᠠᠷᠠᠳ ᠦᠪᠡᠷᠳᠡᠭᠡᠨ 5000 ᠲᠦᠮᠡᠨ ᠲᠦᠭᠦᠷᠢᠭ ᠴᠤᠭᠯᠠᠭᠤᠯᠤᠨ᠎ᠠ᠃ ᠲᠦᠷᠦᠯ ᠵᠦᠢᠯ  ᠢ 4 ᠰᠠᠷ᠎ᠠ ᠶᠢᠨ30᠎ ᠤ ᠡᠳᠦᠷ ᠤᠨ ᠡᠮᠦᠨ᠎ᠡ ᠡᠷᠦᠬᠡ ᠳᠤ ᠬᠦᠷᠴᠦ ᠤᠬᠠᠭᠤᠯᠭ᠎ᠠ ᠶᠢᠨ ᠠᠵᠢᠯ ᠬᠢᠵᠦ᠂ ᠪᠡᠯᠡ ᠮᠦᠩᠬᠦ ᠬᠤᠷᠠᠮᠳᠤᠭᠤᠯᠬᠤ ᠠᠵᠢᠯ ᠢ ᠡᠬᠢᠯᠡᠨ ᠬᠢᠨ᠎ᠡ᠃5 ᠰᠠᠷ᠎ᠠ ᠶᠢᠨ30᠎ ᠤ ᠡᠳᠦᠷ ᠤᠨ ᠡᠮᠦᠨ᠎ᠡ ᠲᠦᠷᠦᠯ ᠵᠦᠢᠯ ᠤᠨ ᠪᠡᠯᠡᠳᠭᠡᠯ ᠠᠵᠢᠯ ᠤᠨ ᠭᠠᠷ ᠬᠦᠢᠴᠡᠳᠭᠡᠯ ᠢ ᠬᠢᠨ᠎ᠡ᠃7 ᠰᠠᠷ᠎ᠠ ᠶᠢᠨ31᠎ ᠤ ᠡᠳᠦᠷ ᠤᠨ ᠡᠮᠦᠨ᠎ᠡ 40 ᠠᠰᠠᠷ ᠲᠤ ᠴᠠᠬᠢᠯᠭᠠᠨ ᠱᠠᠳᠤ ᠤᠭᠰᠠᠷᠠᠨ᠎ᠠ᠃10 ᠰᠠᠷ᠎ᠠ ᠶᠢᠨ 30᠎ ᠤ ᠡᠳᠦᠷ ᠤᠨ ᠡᠮᠦᠨ᠎ᠡ160 ᠠᠰᠠᠷ ᠲᠤ ᠴᠠᠬᠢᠯᠭᠠᠨ ᠱᠠᠲᠤ ᠤᠭᠰᠠᠷᠠᠨ᠎ᠠ᠃12 ᠰᠠᠷ᠎ᠠ ᠶᠢᠨ30᠎ ᠤ ᠡᠳᠦᠷ ᠤᠨ ᠡᠮᠦᠨ᠎ᠡ 200 ᠠᠰᠠᠷ ᠲᠤ ᠴᠠᠬᠢᠯᠭᠠᠨ ᠱᠠᠲᠤ ᠤᠭᠰᠠᠷᠠᠬᠤ ᠠᠵᠢᠯ ᠢ ᠪᠡᠶᠡᠯᠡᠬᠦᠯᠦᠨ᠎ᠡ᠃ ︵ᠲᠣᠯᠣᠭᠤᠶᠢᠯᠠᠬᠤ ᠤᠳᠤᠷᠢᠳᠤᠯᠭ᠎ᠠ᠄ ᠵᠠᠩ ᠶᠦᠡᠭ   ᠲᠤᠯᠤᠭᠠᠶᠢᠯᠠᠬᠤ ᠰᠠᠯᠠᠭ᠎ᠠ ᠮᠦᠴᠢᠷ᠄ ᠬᠤᠰᠢᠭᠤᠨ ᠤ ᠭᠡᠷ ᠪᠠᠶᠢᠰᠢᠩ  ᠭᠠᠵᠠᠷ ᠬᠦᠷᠦᠩᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠯᠳᠠᠨᠰᠢᠷᠡᠭᠡᠳᠤ ᠪᠠᠯᠭᠠᠰᠤ   ᠬᠠᠮᠵᠢᠯᠴᠠᠬᠤ ᠰᠠᠯᠠᠭ᠎ᠠ ᠮᠦᠴᠢᠷ᠄ ᠬᠤᠰᠢᠭᠤᠨ ᠤ ᠦᠭᠡᠷᠡᠴᠢᠯᠡᠯᠲᠡ ᠬᠦᠭᠵᠢᠬᠦᠯᠦᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠲᠡᠯᠭᠡᠬᠦᠷ ᠲᠤ ᠬᠢᠨᠠᠨ ᠬᠠᠮᠢᠶᠠᠷᠤᠯᠲᠠ ᠲᠠᠯᠪᠢᠬᠤ ᠲᠣᠪᠴᠢᠶ᠎ᠠ᠂ ᠭᠠᠯ ᠢ ᠰᠡᠷᠭᠡᠶᠢᠯᠡᠬᠦ ᠶᠡᠭᠡ ᠠᠩᠭᠢ᠂ ᠰᠣᠨᠢᠨ ᠮᠡᠳᠡᠭᠡᠨ ᠤ ᠲᠥᠪ︶       ︵ᠲᠤᠯᠤᠭ᠎ᠠ︶ ᠭᠡᠷ ᠪᠠᠶᠢᠰᠢᠩ ᠤᠨ ᠦᠮᠴᠢᠯᠡᠯ ᠤᠨ ᠡᠷᠬᠡ ᠶᠢ ᠲᠦᠪᠯᠡᠷᠡᠬᠦᠯᠦᠨ ᠵᠠᠰᠠᠨ ᠴᠡᠭᠴᠡᠯᠡᠬᠦ ᠲᠦᠷᠦᠯ ᠵᠦᠢᠯ      ᠰᠢᠨ ᠶᠠ ᠶᠤᠸᠠᠨ᠂ ᠪᠠᠢ ᠡᠸ᠋ᠾ ᠬᠤᠸᠠ ᠶᠤᠸᠠᠨ᠂ ᠤᠯᠠᠭᠠᠨᠨᠠᠭᠤᠷ ᠰᠠᠭᠤᠭᠠᠯᠢ ᠲᠣᠭᠤᠷᠢᠭ᠂ ᠮᠢᠨ ᠶᠤᠸᠠᠢ B ᠲᠣᠭᠤᠷᠢᠭ᠂ ᠬᠦᠡᠭ ᠶᠤᠸᠠᠨ ᠲᠢᠶᠠᠨ ᠰᠢᠶᠠ᠂ ᠵᠢᠶᠦ᠋ᠨ ᠸᠠᠩ ᠱᠢᠶᠠᠨ ᠳ᠋ᠠᠢ ᠬᠤᠲᠠ᠂ ᠬᠤᠳᠠᠯᠳᠤᠭᠠᠨ ᠤ ᠶᠠᠪᠤᠳᠠᠯ ᠤᠨ ᠲᠣᠮᠣ ᠠᠰᠠᠷ᠂ ᠹᠦ᠋ ᠬᠦᠢ ᠶᠤᠸᠠᠨ᠂ ᠹᠦ᠋ ᠺᠠᠢ ᠺᠠᠨᠭ᠌ ᠰᠢᠨ‌‍ᠶᠤᠸᠠᠨ᠂ ᠪᠢ ᠶᠢᠩ ᠬᠤᠸᠠ ᠴᠸᠡᠭ᠂ ᠠᠭᠤᠷᠬᠠᠢ ᠶᠢᠨ ᠣᠷᠣᠨ ᠤ ᠠᠷᠠᠳ ᠢ ᠨᠡᠭᠦᠯᠭᠡᠨ ᠰᠢᠯᠵᠢᠬᠦᠯᠬᠦCD ᠲᠣᠭᠤᠷᠢᠭ᠂ ᠶᠢᠨ ᠱᠠᠩ ᠶᠤᠸᠠᠨ᠂ ᠶᠢᠨ ᠢᠢ ᠶᠤᠸᠠᠨ᠂ ᠶᠢᠨ ᠰᠢᠤᠸᠠᠨ᠂ ᠶᠢᠨ ᠽᠧ ᠶᠤᠸᠠᠨ᠂ ᠶᠢᠨ ᠰᠢᠨ ᠶᠤᠸᠠᠨ᠂ ᠵᠢᠩ ᠳ᠋ᠢᠶᠠᠨ ᠵᠢᠶᠠ ᠶᠤᠸᠠᠨ᠂ ᠰᠢ ᠱᠠᠨ ᠵᠢᠶᠠ ᠶᠤᠸᠠᠨ ᠵᠡᠷᠭᠡ18 ᠰᠠᠭᠤᠭᠠᠯᠢ ᠲᠣᠭᠤᠷᠢᠭ ᠤᠨ10605 ᠡᠷᠦᠬᠡ ᠶᠢᠨ ᠦᠯᠦ ᠬᠦᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠣᠯᠭᠤᠬᠤ ᠶᠢ ᠲᠦᠯᠬᠢᠨ ᠠᠬᠢᠭᠤᠯᠤᠨ᠎ᠠ᠃ 4ᠰᠠᠷ᠎ᠠ ᠶᠢᠨ15᠎ ᠤ ᠡᠳᠦᠷ ᠤᠨ ᠡᠮᠦᠨ᠎ᠡ᠂ ᠰᠢᠨ ᠶᠠ ᠶᠤᠸᠠᠨB ᠲᠣᠭᠤᠷᠢᠭ ᠤᠨ922 ᠡᠷᠦᠬᠡ ᠶᠢᠨ ᠦᠯᠦ ᠬᠦᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠣᠯᠭᠤᠬᠤ ᠠᠵᠢᠯ ᠢ ᠠᠬᠢᠭᠤᠯᠤᠨ᠎ᠠ᠃6 ᠰᠠᠷ᠎ᠠ ᠶᠢᠨ25᠎ ᠤ ᠡᠳᠦᠷ ᠤᠨ ᠡᠮᠦᠨ᠎ᠡ ᠪᠠᠢ ᠡᠸ᠋ᠾ ᠬᠤᠸᠠ ᠶᠤᠸᠠᠨ ᠰᠠᠭᠤᠭᠠᠯᠢ ᠲᠣᠭᠤᠷᠢᠭ ᠤᠨ468 ᠡᠷᠦᠬᠡ᠂ ᠤᠯᠠᠭᠠᠨᠨᠠᠭᠤᠷ ᠰᠠᠭᠤᠭᠠᠯᠢ ᠲᠣᠭᠤᠷᠢᠭ ᠤᠨ508 ᠡᠷᠦᠬᠡ᠂ ᠮᠢᠨ ᠶᠤᠸᠠᠢ B ᠲᠣᠭᠤᠷᠢᠭ 576 ᠡᠷᠦᠬᠡ᠂ ᠬᠦᠡᠭ ᠶᠤᠸᠠᠨ ᠲᠢᠶᠠᠨ ᠰᠢᠶᠠ ᠰᠠᠭᠤᠭᠠᠯᠢ ᠲᠣᠭᠤᠷᠢᠭ ᠤᠨ704 ᠡᠷᠦᠬᠡ ᠶᠢᠨ ᠦᠯᠦ ᠬᠦᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠣᠯᠭᠤᠬᠤ ᠠᠵᠢᠯ ᠢ ᠠᠬᠢᠭᠤᠯᠤᠨ᠎ᠠ᠃ 10 ᠰᠠᠷ᠎ᠠ  ᠶᠢᠨ20᠎ ᠤ ᠡᠳᠦᠷ ᠎ ᠤᠨ ᠡᠮᠦᠨ᠎ᠡ ᠵᠢᠶᠦ᠋ᠨ ᠸᠠᠩ ᠱᠢᠶᠠᠨ ᠳ᠋ᠠᠢ ᠬᠤᠲᠠ  ᠶᠢᠨ749 ᠡᠷᠦᠬᠡ᠂ ᠬᠤᠳᠠᠯᠳᠤᠭᠠᠨ ᠤ ᠶᠠᠪᠤᠳᠠᠯ ᠤᠨ ᠲᠣᠮᠣ ᠠᠰᠠᠷ  ᠤᠨ73 ᠡᠷᠦᠬᠡ᠂ ᠹᠦ᠋ ᠬᠦᠢ ᠶᠤᠸᠠᠨ 516 ᠡᠷᠦᠬᠡ᠂  ᠹᠦ᠋ ᠺᠠᠢ ᠺᠠᠨᠭ᠌ ᠰᠢᠨ‌‍ᠶᠤᠸᠠᠨ 360 ᠡᠷᠦᠬᠡ  ᠶᠢᠨ ᠦᠯᠦ ᠬᠦᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠣᠯᠭᠤᠬᠤ ᠠᠵᠢᠯ ᠢ ᠠᠬᠢᠭᠤᠯᠤᠨ᠎ᠠ᠃ 12 ᠰᠠᠷ᠎ᠠ ᠶᠢᠨ15᠎ ᠤ ᠡᠳᠦᠷ ᠠᠴᠠ ᠡᠮᠦᠨ᠎ᠡ ᠪᠢ ᠶᠢᠩ ᠬᠤᠸᠠ ᠴᠸᠡᠭ ᠤᠨ784 ᠡᠷᠦᠬᠡ᠂ ᠠᠭᠤᠷᠬᠠᠢ ᠶᠢᠨ ᠣᠷᠣᠨ ᠤ ᠠᠷᠠᠳ ᠢ ᠨᠡᠭᠦᠯᠭᠡᠨ ᠰᠢᠯᠵᠢᠬᠦᠯᠬᠦCD ᠲᠣᠭᠤᠷᠢᠭ1714 ᠡᠷᠦᠬᠡ᠂ ᠶᠢᠨ ᠱᠠᠩ ᠶᠤᠸᠠᠨ᠂ ᠶᠢᠨ ᠢᠢ ᠶᠤᠸᠠᠨ᠂ ᠶᠢᠨ ᠰᠢᠤᠸᠠᠨ᠂ ᠶᠢᠨ ᠽᠧ ᠶᠤᠸᠠᠨ᠂ ᠶᠢᠨ ᠰᠢᠨ ᠶᠤᠸᠠᠨ 638 ᠡᠷᠦᠬᠡ᠂ ᠵᠢᠩ ᠳ᠋ᠢᠶᠠᠨ ᠵᠢᠶᠠ ᠶᠤᠸᠠᠨ  ᠰᠠᠭᠤᠭᠠᠯᠢ ᠲᠣᠭᠤᠷᠢᠭ ᠤᠨ204 ᠡᠷᠦᠬᠡ᠂ ᠰᠢ ᠱᠠᠨ ᠵᠢᠶᠠ ᠶᠤᠸᠠᠨ 2389 ᠡᠷᠦᠬᠡ ᠶᠢᠨ ᠦᠯᠦ ᠬᠦᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠣᠯᠭᠤᠬᠤ ᠠᠵᠢᠯ ᠢ ᠠᠬᠢᠭᠤᠯᠤᠨ᠎ᠠ᠃ ︵ᠲᠤᠯᠤᠭᠠᠶᠢᠯᠠᠬᠤ ᠤᠳᠤᠷᠢᠳᠤᠯᠭ᠎ᠠ᠄ ᠵᠠᠩ ᠶᠦᠡᠭ ᠲᠣᠯᠣᠭᠠᠶᠢᠯᠠᠬᠤ ᠰᠠᠯᠠᠭ᠎ᠠ ᠮᠦᠴᠢᠷ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ   ᠬᠠᠮᠵᠢᠯᠴᠠᠬᠤ ᠰᠠᠯᠠᠭ᠎ᠠ ᠮᠦᠴᠢᠷ᠄ ᠬᠤᠰᠢᠭᠤᠨ ᠤ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ᠂ ᠭᠡᠷ ᠪᠠᠶᠢᠰᠢᠩ  ᠭᠠᠵᠠᠷ ᠬᠦᠷᠦᠩᠭᠡ ᠶᠢᠨ ᠬᠠᠮᠢᠶᠠᠷᠤᠯᠲᠠ ᠶᠢᠨ ᠲᠣᠪᠢᠴᠶ᠎ᠠ᠂ ᠲᠦᠯᠦᠪᠵᠢᠬᠦᠯᠭᠡ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠢ ᠰᠡᠷᠭᠡᠶᠢᠯᠡᠬᠦ ᠶᠡᠭᠡ ᠠᠩᠭᠢ︶      ︵ᠨᠠᠢᠮᠠ︶ ᠨᠡᠶᠢᠬᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠲᠦᠷᠦᠯ ᠤᠨ ᠠᠷᠠᠳ ᠤᠨ ᠠᠮᠢᠳᠤᠷᠠᠯ ᠤᠨ ᠵᠢᠵᠢᠭ ᠣᠴᠢᠷ ᠶᠠᠪᠤᠳᠠᠯ ᠤᠨ ᠲᠦᠷᠦᠯ ᠵᠦᠢᠯ      ᠨᠡᠶᠢᠬᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠶᠢ ᠬᠤᠳᠠᠯᠳᠤᠨ ᠠᠪᠬᠤ  ᠮᠠᠶ᠋ᠢᠭ  ᠢᠶᠠᠷ ᠲᠠᠮᠵᠢᠨ ᠠᠷᠠᠳ ᠤᠯᠠᠨ ᠤ ᠠᠩᠬᠠᠷᠤᠯ ᠢ ᠲᠠᠳᠠᠭᠰᠠᠨ᠂ ᠠᠰᠢᠭ ᠬᠦᠷᠳᠡᠬᠦ ᠬᠡᠪᠴᠢᠶ᠎ᠡ ᠦᠷᠭᠡᠨ᠂ ᠰᠠᠭᠤᠭᠠᠯᠢ ᠠᠷᠠᠳ ᠪᠠ ᠠᠮᠢᠳᠤᠷᠠᠯ ᠲᠠᠢ ᠰᠢᠭᠤᠳ ᠬᠤᠯᠪᠤᠭᠳᠠᠭᠰᠠᠨ ᠦᠢᠯᠡᠴᠢᠯᠡᠭᠡᠨ ᠤ ᠲᠦᠷᠦᠯ ᠤᠨ ᠠᠷᠠᠳ ᠤᠨ ᠠᠮᠢᠳᠤᠷᠠᠯ ᠤᠨ ᠵᠢᠵᠢᠭ ᠤᠴᠢᠷ ᠶᠠᠪᠤᠳᠠᠯ ᠢ ᠬᠡᠷᠡᠭᠵᠢᠬᠦᠯᠦᠨ᠎ᠡ᠃ ᠪᠦᠬᠦ ᠤᠯᠠᠨ ᠲᠦᠮᠡᠨ ᠤ ᠬᠡᠷᠡᠭᠴᠡᠭᠡᠨ ᠤ ᠱᠠᠭᠠᠷᠳᠠᠯᠭ᠎ᠠ ᠳᠤ ᠰᠣᠳᠣᠯᠣᠯᠲᠠ ᠬᠢᠵᠤ᠂ ᠡᠵᠡᠨ ᠬᠤᠷᠤᠭ᠎ᠠ ᠬᠤᠰᠢᠭᠤᠨ ᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠰᠣᠳᠣᠯᠣᠯᠲᠠ ᠬᠢᠭᠰᠡᠨ ᠮᠡᠳᠡᠬᠦᠯᠦᠯᠲᠡ ᠭᠠᠷᠭᠠᠨ᠂ ᠰᠠᠭᠤᠭᠠᠯᠢ ᠠᠷᠠᠳ ᠲᠤ ᠣᠨᠣᠪᠴᠢᠳᠠᠢ ᠦᠢᠯᠡᠴᠢᠯᠡᠭᠡ ᠬᠠᠩᠭᠠᠬᠤ ᠳᠤ ᠪᠠᠷᠢᠮᠲᠠ ᠪᠣᠯᠭᠠᠬᠤ ᠬᠡᠷᠡᠭᠳᠡᠢ᠃ 30 ᠨᠡᠶᠢᠬᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠶᠢ ᠬᠤᠳᠠᠯᠳᠤᠨ ᠠᠪᠴᠦ᠂ ᠨᠡᠶᠢᠬᠡᠮ ᠲᠣᠭᠤᠷᠢᠭ ᠤᠨ ᠰᠣᠶᠣᠯ ᠲᠠᠮᠢᠷ ᠤᠨ ᠲᠦᠬᠦᠭᠡᠷᠦᠮᠵᠢ ᠲᠡᠬᠦᠯᠳᠡᠷᠵᠢᠬᠦᠯᠬᠦ᠂ ᠰᠠᠭᠤᠭᠠᠯᠢ ᠠᠷᠠᠳ ᠤᠨ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠬᠤ ᠰᠣᠶᠣᠯ ᠲᠠᠮᠢᠷ ᠤᠨ ᠲᠦᠷᠦᠯ ᠵᠦᠢᠯ ᠂ ᠰᠠᠭᠤᠭᠠᠯᠢ ᠠᠷᠠᠳ ᠤᠨ ᠦᠪᠡᠷ ᠤᠨ ᠬᠦᠳᠡᠯᠦᠯᠴᠡᠭᠡ ᠶᠢ ᠴᠢᠩᠭᠠᠷᠠᠭᠤᠯᠬᠤ᠂ ᠰᠠᠭᠤᠭᠠᠯᠢ ᠠᠷᠠᠳ ᠤᠨ ᠶᠡᠷᠦᠩᠬᠡᠶᠢᠯᠡᠭᠰᠡᠨ ᠬᠡᠪ ᠴᠢᠨᠠᠷ ᠢ ᠲᠡᠭᠡᠭᠰᠢᠯᠡᠬᠦᠯᠬᠦ ᠰᠠᠭᠤᠭᠠᠯᠢ ᠠᠷᠠᠳ ᠤᠨ ᠠᠮᠢᠳᠤᠷᠠᠯ ᠢ ᠬᠠᠯᠠᠮᠵᠢᠯᠠᠬᠤ ᠲᠦᠷᠦᠯ ᠵᠦᠢᠯ ᠨᠡᠶᠢᠬᠡᠮ ᠲᠣᠭᠤᠷᠢᠭ ᠤᠨ ᠠᠶᠢᠯ ᠬᠥᠷᠰᠢ ᠶᠢᠨ ᠬᠠᠷᠢᠴᠠᠭ᠎ᠠ ᠶᠢ ᠰᠠᠶᠢᠵᠢᠷᠠᠭᠤᠯᠬᠤ᠂ ᠣᠯᠠᠨ ᠨᠡᠶᠢᠳᠡ ᠶᠢᠨ ᠦᠢᠯᠡᠴᠢᠯᠡᠭᠡ ᠶᠢ ᠬᠦᠭᠵᠢᠬᠦᠯᠬᠦ ᠶᠢ ᠠᠬᠢᠭᠤᠯᠬᠤ ᠠᠰᠢᠭ ᠬᠦᠷᠳᠡᠭᠡᠬᠦ ᠮᠠᠶ᠋ᠢᠭ ᠤᠨ ᠲᠦᠷᠦᠯ ᠵᠦᠢᠯ ᠢ ᠦᠷᠨᠢᠬᠦᠯᠦᠨ᠎ᠡ᠃ ᠲᠠᠪᠤᠨ ᠰᠠᠭᠤᠭᠠᠯᠢ ᠲᠣᠭᠤᠷᠢᠭ ᠲᠤ20 ᠨᠡᠶᠢᠬᠡᠮ ᠲᠣᠭᠤᠷᠢᠭ ᠤᠨ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠲᠦᠷᠦᠯ ᠵᠦᠢᠯ ᠢ ᠲᠣᠷᠰᠢᠨ ᠦᠷᠨᠢᠬᠦᠯᠵᠦ᠂ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠴᠢᠳᠠᠪᠦᠷᠢ ᠶᠢ ᠲᠡᠭᠡᠭᠰᠢᠯᠡᠬᠦᠯᠦᠨ᠎ᠡ᠃ ᠲᠦᠷᠦᠯ ᠵᠦᠢᠯ ᠳᠤ 200 ᠲᠦᠮᠡᠨ ᠲᠦᠭᠦᠷᠢᠭ ᠤᠨ ᠪᠡᠯᠡ ᠣᠷᠣᠭᠤᠯᠣᠨ᠎ᠠ᠃ ᠲᠦᠷᠦᠯ ᠵᠦᠢᠯ ᠢ 5 ᠰᠠᠷ᠎ᠠ ᠶᠢᠨ15᠎ ᠤ ᠡᠳᠦᠷ ᠠᠴᠠ ᠡᠮᠦᠨ᠎ᠡ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢᠨ ᠰᠣᠳᠣᠯᠣᠯᠲᠠ ᠬᠢᠭᠰᠡᠨ ᠮᠡᠳᠡᠬᠦᠯᠦᠯᠲᠡ ᠬᠢᠵᠦ ᠭᠠᠷᠭᠠᠨ᠎ᠠ᠃5 ᠰᠠᠷ᠎ᠠ ᠶᠢᠨ31᠎ ᠤ ᠡᠳᠦᠷ ᠠᠴᠠ ᠡᠮᠦᠨ᠎ᠡ ᠨᠡᠶᠢᠬᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠪᠠ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠲᠦᠷᠦᠯ ᠵᠦᠢᠯ ᠢ ᠴᠤᠭᠯᠠᠭᠤᠯᠬᠤ ᠪᠠ ᠰᠣᠩᠭᠤᠨ ᠰᠢᠯᠭᠠᠷᠠᠭᠤᠯᠵᠤ ᠪᠠᠷᠠᠨ᠎ᠠ᠃8 ᠰᠠᠷ᠎ᠠ ᠶᠢᠨ31᠎ ᠤ ᠡᠳᠦᠷ ᠠᠴᠠ ᠡᠮᠦᠨ᠎ᠡ ᠲᠦᠷᠦᠯ ᠵᠦᠢᠯ ᠤᠨ ᠳᠤᠮᠳᠠ ᠬᠤᠭᠤᠴᠠᠭᠠᠨ ᠤ ᠬᠢᠨᠠᠨ ᠳᠣᠭᠲᠠᠭᠠᠯᠲᠠ ᠶᠢ ᠬᠢᠨ᠎ᠡ᠃11 ᠰᠠᠷ᠎ᠠ ᠶᠢᠨ30᠎ ᠤ ᠡᠳᠦᠷ ᠤᠨ ᠡᠮᠦᠨ᠎ᠡ ᠪᠦᠬᠦᠨ ᠢ ᠬᠡᠷᠡᠭᠵᠢᠬᠦᠯᠦᠨ᠎ᠡ᠃ ︵ᠲᠤᠯᠤᠭᠠᠶᠢᠯᠠᠬᠤ ᠤᠳᠤᠷᠢᠳᠤᠯᠭ᠎ᠠ᠄ ᠸᠠᠩ ᠶᠠᠨ ᠵᠢᠶᠦ᠋ᠨ ᠲᠣᠯᠣᠭᠠᠶᠢᠯᠠᠬᠤ ᠰᠠᠯᠠᠭ᠎ᠠ ᠮᠦᠴᠢᠷ᠄ ᠬᠤᠰᠢᠭᠤᠨ ᠤ ᠵᠣᠬᠢᠶᠠᠨ ᠪᠠᠶᠢᠭᠤᠯᠬᠤ ᠬᠡᠯᠳᠡᠰ   ᠬᠠᠮᠵᠢᠯᠴᠠᠬᠤ ᠰᠠᠯᠠᠭ᠎ᠠ ᠮᠦᠴᠢᠷ:ᠬᠤᠰᠢᠭᠤᠨ ᠤ ᠡᠳ᠋ ᠤᠨ ᠵᠠᠰᠠᠭ ᠲᠣᠪᠴᠢᠶ᠎ᠠ᠂ ᠠᠯᠳᠠᠨᠰᠢᠷᠡᠭᠡᠳᠤ ᠪᠠᠯᠭᠠᠰᠤ︶      ᠬᠤᠶᠠᠷ᠂ ᠵᠣᠬᠢᠴᠠᠭᠤᠯᠤᠨ ᠬᠠᠮᠢᠶᠠᠷᠬᠤ      ᠠᠷᠠᠳ ᠤᠨ ᠶᠠᠪᠤᠳᠠᠯ ᠤᠨ ᠲᠦᠷᠦᠯ ᠵᠦᠢᠯ ᠢ ᠲᠣᠯᠣᠭᠠᠶᠢᠯᠠᠬᠤ ᠰᠠᠯᠠᠭ᠎ᠠ ᠮᠦᠴᠢᠷ ᠵᠣᠬᠢᠴᠠᠭᠤᠯᠬᠤ᠂ ᠲᠣᠯᠣᠭᠠᠶᠢᠯᠠᠬᠤ ᠤᠳᠤᠷᠢᠳᠤᠯᠭ᠎ᠠ ᠵᠣᠬᠢᠴᠠᠭᠤᠯᠬᠤ ᠪᠠ ᠠᠷᠠᠳ ᠤᠨ ᠠᠮᠢᠳᠤᠷᠠᠯ ᠤᠨ ᠪᠤᠳᠠᠳᠤ ᠤᠴᠢᠷ ᠢ ᠠᠷᠠᠳ ᠤᠨ ᠲᠦᠯᠦᠭᠡᠯᠡᠭᠴᠢ ᠪᠢᠯᠧᠲ ᠦᠭᠴᠦ ᠰᠢᠢᠳᠪᠦᠷᠢᠯᠡᠬᠦ ᠤᠳᠤᠷᠢᠳᠬᠤ ᠲᠣᠭᠤᠶᠢᠯᠠᠩ ᠵᠣᠬᠢᠴᠠᠭᠤᠯᠬᠤ ᠵᠡᠷᠭᠡ ᠭᠤᠷᠪᠠᠨ ᠲᠡᠰ ᠤᠨ ᠵᠣᠬᠢᠴᠠᠭᠤᠯᠬᠤ ᠪᠠᠶᠢᠭᠤᠯᠤᠮᠵᠢ ᠶᠢ ᠬᠡᠷᠡᠭᠯᠡᠵᠦ᠂ ᠱᠠᠲᠤ ᠬᠤᠪᠢᠶᠠᠨ ᠬᠠᠷᠢᠭᠤᠴᠠᠯᠭ᠎ᠠ ᠡᠬᠦᠷᠭᠡᠯᠡᠬᠦ ᠳᠦᠷᠢᠮ ᠢ ᠦᠨᠳᠦᠰᠦᠯᠡᠵᠦ᠂ ᠲᠣᠯᠣᠭᠠᠶᠢᠯᠠᠬᠤ ᠰᠠᠯᠠᠭ᠎ᠠ ᠮᠦᠴᠢᠷ ᠬᠠᠭᠠᠰ ᠰᠠᠷ᠎ᠠ ᠶᠢᠨ ᠵᠣᠬᠢᠴᠠᠭᠤᠯᠭ᠎ᠠ  ᠬᠢᠬᠦ᠂ ᠲᠣᠯᠣᠭᠠᠶᠢᠯᠠᠬᠤ ᠤᠳᠤᠷᠢᠳᠤᠯᠭ᠎ᠠ ᠰᠠᠷ᠎ᠠ ᠳᠤ ᠨᠢᠭᠡ ᠤᠳᠠᠭ᠎ᠠ ᠶᠢᠨ ᠵᠣᠬᠢᠴᠠᠭᠤᠯᠭ᠎ᠠ ᠬᠢᠬᠦ᠂ ᠠᠷᠠᠳ ᠤᠨ ᠠᠮᠢᠳᠤᠷᠠᠯ ᠤᠨ ᠪᠤᠳᠠᠳᠤ ᠤᠴᠢᠷ ᠢ ᠠᠷᠠᠳ ᠤᠨ ᠲᠦᠯᠦᠭᠡᠯᠡᠭᠴᠢ ᠪᠢᠯᠧᠲ ᠦᠭᠴᠦ ᠰᠢᠢᠳᠪᠦᠷᠢᠯᠡᠬᠦ ᠤᠳᠤᠷᠢᠳᠬᠤ ᠲᠣᠭᠤᠶᠢᠯᠠᠩ  ᠤᠨ ᠬᠢᠨ ᠨᠢᠭᠡ ᠤᠯᠠᠷᠢᠯ ᠳᠤ ᠨᠢᠭᠡ ᠤᠳᠠᠭ᠎ᠠ ᠵᠣᠬᠢᠴᠠᠭᠤᠯᠭ᠎ᠠ ᠬᠢᠬᠦ ᠶᠢ ᠬᠡᠷᠡᠭᠵᠢᠬᠦᠯᠦᠨ᠎ᠡ᠃      ᠡᠯ᠎ᠡ ᠲᠣᠯᠣᠭᠠᠶᠢᠯᠠᠬᠤ ᠰᠠᠯᠠᠭ᠎ᠠ ᠮᠦᠴᠢᠷ ᠰᠠᠷ᠎ᠠ ᠪᠦᠷᠢ ᠶᠢᠨ16᠎ ᠤ ᠡᠳᠦᠷ ᠪᠣᠯᠣᠨ30 ᠎ ᠤ ᠡᠳᠦᠷ ᠬᠠᠭᠠᠰ ᠰᠠᠷ᠎ᠠ ᠪᠦᠷᠢ ᠪᠠᠶᠢᠳᠠᠯ ᠢᠶᠠᠨ ᠬᠤᠰᠢᠭᠤᠨ ᠤ ᠦᠭᠡᠷᠡᠴᠢᠯᠡᠯᠲᠡ ᠬᠦᠭᠵᠢᠬᠦᠯᠦᠯᠲᠡ ᠶᠢᠨ ᠵᠦᠪᠯᠡᠯ ᠳᠤ ᠮᠡᠳᠡᠬᠦᠯᠵᠦ᠂ ᠬᠤᠰᠢᠭᠤᠨ ᠤ ᠦᠭᠡᠷᠡᠴᠢᠯᠡᠯᠲᠡ ᠬᠦᠭᠵᠢᠬᠦᠯᠦᠯᠲᠡ ᠶᠢᠨ ᠵᠦᠪᠯᠡᠯ ᠪᠠᠶᠢᠳᠠᠯ ᠤᠨ ᠮᠡᠳᠡᠬᠦᠯᠦᠯᠳᠡ ᠶᠢ ᠬᠤᠷᠢᠶᠠᠩᠭᠤᠶᠢᠯᠠᠭᠰᠠᠨ ᠤ ᠲᠠᠷᠠᠭ᠎ᠠ ᠬᠤᠰᠢᠭᠤᠨ ‍ᠤ‌ᠠᠷᠠᠳ ᠤᠨ ᠠᠮᠢᠳᠤᠷᠠᠯ ᠤᠨ ᠪᠤᠳᠠᠳᠤ ᠤᠴᠢᠷ ᠢ ᠠᠷᠠᠳ ᠤᠨ ᠲᠦᠯᠦᠭᠡᠯᠡᠭᠴᠢ ᠪᠢᠯᠧᠲ ᠦᠭᠴᠦ ᠰᠢᠢᠳᠪᠦᠷᠢᠯᠡᠬᠦ ᠤᠳᠤᠷᠢᠳᠬᠤ ᠲᠣᠭᠤᠶᠢᠯᠠᠩ  ᠳᠤ ᠮᠡᠳᠡᠬᠦᠯᠦᠨ᠎ᠡ᠃ᠬᠤᠰᠢᠭᠤᠨ ᠤ ᠠᠷᠠᠳ ᠤᠨ ᠠᠮᠢᠳᠤᠷᠠᠯ ᠤᠨ ᠪᠤᠳᠠᠳᠤ ᠤᠴᠢᠷ ᠢ ᠠᠷᠠᠳ ᠤᠨ ᠲᠦᠯᠦᠭᠡᠯᠡᠭᠴᠢ ᠪᠢᠯᠧᠲ ᠦᠭᠴᠦ ᠰᠢᠢᠳᠪᠦᠷᠢᠯᠡᠬᠦ ᠤᠳᠤᠷᠢᠳᠬᠤ ᠲᠣᠭᠤᠶᠢᠯᠠᠩ  ᠤᠨ ᠬᠢᠨ ᠤᠯᠠᠷᠢᠯ ᠪᠦᠷᠢ ᠨᠢᠭᠡ ᠤᠳᠠᠭᠠᠨ ᠤ ᠲᠦᠷᠦᠯ ᠵᠦᠢᠯ ᠤᠨ ᠶᠡᠷᠦᠩᠬᠡᠶᠢᠯᠡᠭᠰᠡᠨ ᠵᠣᠬᠢᠴᠠᠭᠤᠯᠬᠤ ᠬᠤᠷᠠᠯ ᠢ ᠬᠤᠷᠠᠯᠳᠤᠭᠤᠯᠤᠨ᠎ᠠ᠃ ᠬᠡᠷᠪᠡ ᠭᠡᠨᠡᠳᠳᠡ ᠶᠢᠨ ᠡᠰᠡᠬᠦᠯ᠎ᠡ ᠪᠠᠴᠢᠮ ᠵᠣᠬᠢᠴᠠᠭᠤᠯᠬᠤ ᠴᠢᠬᠤᠯᠠᠳᠠᠢ ᠠᠰᠠᠭᠤᠳᠠᠯ ᠲᠤᠯᠭᠠᠷᠠᠪᠠᠯ᠂ ᠬᠡᠷᠡᠭᠴᠡᠭᠡ ᠪᠠᠨ ᠦᠨᠳᠦᠰᠦᠯᠡᠨ ᠲᠣᠭᠲᠠᠭᠰᠠᠨ ᠬᠤᠭᠤᠴᠠᠭ᠎ᠠ ᠦᠬᠡᠢ ᠪᠠᠷ ᠬᠤᠷᠠᠯ ᠪᠣᠶᠣ ᠲᠤᠬᠠᠢ ᠶᠢᠨ ᠲᠠᠯᠠᠪᠤᠷ ᠤᠨ ᠵᠣᠬᠢᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ᠎ᠠ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠦᠵᠡᠯ ᠲᠠᠨᠢᠯᠲᠠ ᠪᠠᠨ ᠲᠡᠭᠡᠭᠰᠢᠯᠡᠬᠦᠯᠵᠦ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠡᠯ᠎ᠡ ᠲᠣᠯᠣᠭᠠᠶᠢᠯᠠᠬᠤ ᠰᠠᠯᠠᠭ᠎ᠠ ᠮᠦᠴᠢᠷ ᠡᠷᠬᠡᠪᠰᠢ ᠠᠷᠠᠳ ᠤᠨ ᠠᠮᠢᠳᠤᠷᠠᠯ ᠤᠨ ᠪᠤᠳᠠᠳᠤ ᠤᠴᠢᠷ ᠢ ᠰᠠᠶᠢᠳᠤᠷ ᠬᠢᠬᠦ ᠶᠢ ᠠᠷᠠᠳ ᠲᠦᠮᠡᠨ ᠲᠠᠢ ᠨᠢᠭᠲᠠ‌ᠬᠠᠷᠢᠯᠴᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠣᠷᠳᠣᠨ ᠢ ᠪᠠᠶᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ ᠲᠣᠰ ᠪᠠᠶᠢᠭᠤᠯᠭ᠎ᠠ ᠶᠢᠨ ᠠᠵᠢᠯ ᠤᠨ ᠭᠤᠣᠯᠳᠠᠯᠭ᠎ᠠ ᠪᠣᠯᠭᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡᠪᠰᠢ ᠲᠣᠭᠳᠠᠭᠰᠠᠨ ᠴᠠᠭ ᠬᠤᠭᠤᠴᠠᠭ᠎ᠠ ᠦᠬᠡᠢ ᠪᠠᠷ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠢ ᠬᠢᠨᠠᠨ ᠪᠠᠶᠢᠴᠠᠭᠠᠬᠤ ᠬᠤᠷᠠᠯ ᠢ ᠵᠣᠬᠢᠶᠠᠨ ᠪᠠᠶᠢᠭᠤᠯᠵᠤ᠂ ᠴᠠᠭ ᠲᠤᠬᠠᠢ ᠳᠤᠨᠢ ᠪᠤᠳᠠᠳᠤ ᠤᠴᠢᠷ ᠤᠨ ᠲᠦᠷᠦᠯ ᠵᠦᠢᠯ ᠤᠨ ᠪᠠᠶᠢᠳᠠᠯ ᠤᠨ ᠮᠡᠳᠡᠬᠦᠯᠦᠯᠲᠡ ᠶᠢ ᠰᠣᠨᠣᠰᠴᠦ᠂ ᠬᠡᠷᠡᠭᠵᠢᠬᠦᠯᠬᠦ ᠶᠠᠪᠤᠴᠠ ᠳᠤᠮᠲᠠ ᠲᠤᠯᠭᠠᠷᠠᠭᠰᠠᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠨ᠎ᠡ᠃      ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠤ᠂ ᠨᠠᠷᠢᠨ ᠬᠢᠨᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠡᠯ᠎ᠡ ᠲᠣᠯᠣᠭᠠᠶᠢᠯᠠᠬᠤ ᠰᠠᠯᠠᠭ᠎ᠠ ᠮᠦᠴᠢᠷ ᠡᠷᠬᠡᠪᠰᠢ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠵᠤ᠂ ᠲᠤᠰᠬᠠᠢ ᠬᠦᠮᠦᠨ ᠢᠶᠠᠷ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠢ ᠬᠠᠷᠢᠭᠤᠴᠠᠭᠤᠯᠵᠤ᠂  ᠲᠦᠷᠦᠯ ᠵᠦᠢᠯ ᠳᠤ ᠬᠡᠷᠡᠭᠵᠢᠬᠦᠯᠵᠦ ᠪᠣᠯᠪᠠᠰᠤ ᠲᠦᠰᠦᠯ ᠢ ᠲᠤᠭᠳᠠᠭᠠᠨ᠂ ᠲᠣᠭᠲᠠᠭᠰᠠᠨ ᠴᠠᠭ ᠎ ᠤᠨ ᠶᠣᠰᠣᠭᠠᠷ ᠲᠦᠷᠦᠯ ᠵᠦᠢᠯ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠳᠡᠢ᠃ ᠡᠯ᠎ᠡ ᠰᠠᠯᠠᠭ᠎ᠠ ᠮᠦᠴᠢᠷ ᠬᠠᠷᠢᠯᠴᠠᠭ᠎ᠠ ᠪᠠᠨ ᠴᠢᠩᠭᠠᠳᠬᠠᠨ᠂ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠢ ᠰᠠᠶᠢᠳᠤᠷ ᠬᠢᠵᠦ ᠠᠷᠠᠳ ᠲᠦᠮᠡᠨ ᠢ ᠰᠡᠳᠬᠢᠯ ᠬᠠᠨᠤᠮᠵᠢᠳᠠᠢ ᠪᠣᠯᠭᠠᠬᠤ ᠬᠡᠷᠡᠭᠳᠡᠢ᠃      ︵ᠭᠤᠷᠪᠠ︶ ᠬᠢᠨᠠᠨ ᠪᠠᠶᠢᠴᠠᠭᠠᠯᠲᠠ ᠪᠠᠨ ᠴᠢᠩᠭᠠᠳᠬᠠᠨ᠂ ᠬᠠᠷᠠᠯᠲᠠ ᠶᠢᠨ ᠬᠢᠨᠠᠨ ᠰᠢᠯᠭᠠᠯᠲᠠ ᠶᠢ ᠴᠢᠩᠭᠠᠷᠠᠭᠤᠯᠤᠨ᠎ᠠ᠃ ᠠᠷᠠᠳ ᠤᠨ ᠠᠮᠢᠳᠤᠷᠠᠯ ᠤᠨ ᠪᠤᠳᠠᠳᠤ ᠤᠴᠢᠷ ᠢ ᠠᠷᠠᠳ ᠤᠨ ᠲᠦᠯᠦᠭᠡᠯᠡᠭᠴᠢ ᠪᠢᠯᠧᠲ ᠦᠭᠴᠦ ᠰᠢᠢᠳᠪᠦᠷᠢᠯᠡᠬᠦ ᠤᠳᠤᠷᠢᠳᠬᠤ ᠲᠣᠭᠤᠶᠢᠯᠠᠩ  ᠤᠨ ᠠᠯᠪᠠᠨ ᠭᠡᠷ ᠠᠴᠠ ᠬᠢᠨᠠᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠨ᠂ ᠲᠦᠷᠦᠯ ᠵᠦᠢᠯ ᠤᠨ ᠬᠡᠷᠡᠭᠵᠢᠬᠦᠯᠵᠦ ᠪᠠᠶᠢᠬᠤ ᠪᠠᠶᠢᠳᠠᠯ ᠢ ᠴᠠᠭ ᠲᠤᠬᠠᠢ ᠳᠤᠨᠢ ᠮᠡᠳᠡᠬᠦᠯᠦᠨ᠎ᠡ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠷᠬᠡᠪᠰᠢ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠤᠨ ᠪᠡᠯᠡ ᠮᠦᠩᠬᠦ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ ᠲᠦᠷᠦᠯ ᠤᠨ ᠪᠡᠯᠡ ᠮᠦᠩᠬᠦ ᠶᠢ ᠲᠤᠭᠲᠠᠭᠰᠠᠨ ᠭᠠᠵᠠᠷ ᠬᠡᠷᠡᠭᠯᠡᠬᠦ ᠬᠡᠷᠡᠭᠳᠡᠢ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠎ ᠬᠢᠨ ᠰᠠᠬᠢᠯᠭ᠎ᠠ ᠪᠠᠳᠤ ᠪᠠᠶᠢᠴᠠᠭᠠᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠪᠠᠨ ᠴᠢᠩᠭᠠᠳᠬᠠᠨ᠂ ᠠᠯᠪᠠ ᠬᠠᠰᠢᠵᠤ ᠠᠮᠠ ᠪᠦᠭᠯᠡᠬᠦ᠂ ᠬᠠᠷᠢᠯᠴᠠᠨ ᠲᠦᠯᠬᠢᠯᠴᠡᠬᠦ ᠬᠢᠭᠡᠳ ᠲᠦᠷᠦᠯ ᠵᠦᠢᠯ ᠤᠨ ᠴᠢᠨᠠᠷ ᠴᠢᠨᠰᠠᠭ᠎ᠠ ᠳᠤ ᠣᠷᠣᠰᠢᠵᠤ ᠪᠠᠶᠢᠬᠤ ᠠᠰᠠᠭᠤᠳᠠᠯ᠂ ᠪᠡᠯᠡ ᠮᠦᠩᠬᠦ ᠶᠢ ᠰᠢᠯᠵᠢᠬᠦᠯᠦᠨ ᠬᠡᠷᠡᠭᠯᠡᠬᠦ᠂ ᠬᠠᠭᠠᠬᠤ ᠵᠡᠷᠭᠡ ᠪᠠᠶᠢᠳᠠᠯ ᠳᠤ ᠬᠠᠤᠯᠢ ᠶᠣᠰᠣᠭᠠᠷ ᠰᠢᠢᠳᠪᠦᠷᠢᠯᠡᠨ᠎ᠡ᠃ ᠬᠤᠰᠢᠭᠤᠨ ᠤ ᠰᠣᠨᠢᠨ ᠮᠡᠳᠡᠭᠡᠨ ᠤ ᠲᠥᠪ ᠤᠨ ᠬᠢᠨ ᠤᠬᠠᠭᠤᠯᠭ᠎ᠠ ᠶᠢ ᠰᠠᠶᠢᠳᠤᠷ ᠬᠢᠵᠦ᠂ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ  ᠲᠦᠷᠦᠯ ᠵᠦᠢᠯ ᠳᠤ ᠣᠬᠢ ᠰᠠᠶᠢᠨ ᠣᠷᠴᠢᠨ ᠲᠣᠭᠤᠷᠢᠨ ᠪᠦᠷᠢᠯᠳᠦᠬᠦᠯᠬᠦ ᠬᠡᠷᠡᠭᠳᠡᠢ᠃      ︵ᠲᠦᠷᠪᠡ︶ ᠬᠤᠶᠢᠨᠠᠬᠢ ᠬᠠᠮᠢᠶᠠᠷᠤᠯᠲᠠ ᠶᠢ ᠴᠢᠩᠭᠠᠷᠠᠭᠤᠯᠤᠨ᠂ ᠤᠷᠳᠤ ᠬᠤᠭᠤᠴᠠᠭᠠᠨ ᠤ ᠪᠠᠶᠢᠭᠤᠯᠤᠮᠵᠢ ᠶᠢ ᠪᠠᠶᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠡᠷᠬᠡᠪᠰᠢ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠤᠨ ᠬᠤᠶᠢᠨᠠᠬᠢ ᠬᠠᠮᠢᠶᠠᠷᠤᠯᠲᠠ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠪᠤᠳᠠᠳᠤ ᠤᠴᠢᠷ ᠤᠨ ᠲᠦᠷᠦᠯ ᠵᠦᠢᠯ ᠤᠨ ᠬᠤᠶᠢᠨᠠᠬᠢ ᠬᠠᠮᠢᠶᠠᠷᠤᠯᠲᠠ ᠶᠢᠨ ᠠᠷᠭ᠎ᠠ ᠶᠢ ᠨᠠᠷᠢᠨ ᠬᠢᠨᠠᠮᠠᠭᠠᠢ ᠰᠣᠳᠣᠯᠣᠨ ᠲᠡᠬᠦᠯᠳᠡᠷᠵᠢᠬᠦᠯᠵᠦ᠂ ᠬᠤᠶᠢᠨᠠᠬᠢ ᠬᠠᠮᠢᠶᠠᠷᠤᠯᠲᠠ ᠶᠢᠨ ᠠᠷᠭ᠎ᠠ ᠪᠠ ᠪᠠᠶᠢᠭᠤᠯᠤᠮᠵᠢ ᠶᠢ ᠪᠠᠶᠢᠭᠤᠯᠤᠨ ᠲᠡᠬᠦᠯᠳᠡᠷᠵᠢᠬᠦᠯᠦᠨ᠂ ᠲᠦᠷᠦᠯ ᠵᠦᠢᠯ ᠤᠨ ᠬᠤᠶᠢᠨᠠᠬᠢ ᠬᠠᠮᠢᠶᠠᠷᠤᠯᠲᠠ ᠶᠢᠨ ᠬᠦᠮᠦᠨ ᠤ ᠬᠦᠴᠦᠨ ᠪᠠ ᠵᠠᠷᠤᠳᠠᠯ ᠮᠦᠩᠬᠦ ᠶᠢᠨ ᠪᠠᠳᠤᠯᠠᠭ᠎ᠠ ᠶᠢᠨ ᠲᠠᠯ᠎ᠠ ᠪᠠᠷ  ᠲᠡᠮᠵᠢᠯᠭᠡ ᠦᠵᠡᠬᠦᠯᠬᠦ ᠬᠡᠷᠡᠭᠳᠡᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号