ᠬᠤᠰᠢᠭᠤ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠯᠠᠯ ᠤᠨ ᠲᠤᠬᠢᠷᠠᠭᠤᠯᠤᠯᠳᠠ ᠶᠢᠨ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-07-24
ᠡᠵᠡᠨ ᠵᠠᠰᠠᠭ ᠠᠯᠪᠠᠨ ᠲᠠᠷᠬᠠᠭᠠᠬᠤ ﹇2019﹈ 14 ᠳ᠋ᠣᠬᠡᠷ ᠲᠤᠭᠠᠳᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠡᠯ᠎ᠡ ᠬᠦᠷᠢᠶᠡᠯᠡᠩ ︵ᠰᠠᠭᠤᠷᠢᠨ ᠭᠠᠵᠠᠷ︶ ᠬᠠᠮᠢᠶᠠᠷᠤᠯᠳᠠ ᠶᠢᠨ ᠭᠠᠵᠠᠷ᠂ ᠡᠯ᠎ᠡ ᠰᠢᠭᠤᠳ ᠬᠠᠷᠢᠶ᠎ᠠ ᠨᠢᠬᠡᠴᠡ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠄      ᠠᠵᠢᠯ ᠤᠨ ᠱᠠᠭᠠᠷᠳᠠᠯᠭ᠎ᠠ ᠪᠠᠷ᠂ ᠡᠳᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠯᠠᠯ ᠤᠨ ᠲᠤᠬᠢᠷᠠᠭᠤᠯᠤᠯᠳᠠ ᠶᠢ ᠲᠤᠤᠷᠠᠬᠢ ᠮᠡᠳᠦ ᠮᠡᠳᠡᠭᠳᠡᠶ᠎ᠡ᠃      ᠬᠤᠸᠠ ᠷᠦᠢ ᠹᠧᠩ    ᠬᠤᠰᠢᠭᠤ ᠲᠠᠷᠤᠭ᠎ᠠ      ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠬᠤᠰᠢᠭᠤᠨ ᠎ ᠤ ᠬᠢᠨᠠᠨ ᠪᠤᠳᠤᠬᠤ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃     ᠯᠢᠦ ᠬᠤᠸᠠᠢ ᠢᠦᠢ    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠲᠡᠳ᠋ ᠲᠠᠷᠤᠭ᠎ᠠ      ᠬᠤᠰᠢᠭᠤ ᠲᠠᠷᠤᠭ᠎ᠠ ᠶᠢ ᠬᠠᠪᠰᠤᠷᠤᠨ ᠵᠠᠰᠠᠭ ᠤᠨ ᠤᠷᠳᠤᠨ ᠤ ᠡᠳᠦᠷ ᠲᠤᠳᠤᠮ ᠤᠨ ᠬᠡᠷᠡᠭ ᠶᠠᠪᠤᠳᠠᠯ᠂ ᠡᠳ᠋ ᠎ ᠤᠨ ᠵᠠᠰᠠᠭ ᠭᠠᠶᠢᠯᠢ ᠮᠦᠩᠭᠦᠨ ᠬᠦᠢᠯᠬᠡᠬᠡᠨ᠂ ᠬᠦᠭᠵᠢᠬᠦᠯᠦᠯᠳᠡ ᠪᠠ ᠦᠬᠡᠷᠡᠴᠢᠯᠡᠯᠳᠡ᠂ ᠭᠤᠤᠯᠳᠠᠯᠭᠠᠳᠤ ᠲᠦᠷᠦᠯ ᠵᠦᠢᠯ ᠤᠨ ᠲᠤᠬᠢᠷᠠᠭᠤᠯᠤᠯᠳᠠ᠂ ᠬᠦᠮᠦᠨ ᠠᠵᠢᠯᠳᠠᠨ ᠬᠦᠳᠡᠯᠮᠦᠷᠢ ᠬᠦᠴᠦᠨ᠂ ᠡᠮ ᠡᠮᠨᠡᠯᠬᠡ ᠶᠢᠨ ᠲᠠᠭᠠᠳᠬᠠᠯ᠂ ᠤᠯᠤᠰ ᠤᠨ ᠦᠮᠴᠢᠯᠡᠯᠳᠦ ᠡᠳ᠋ ᠬᠦᠷᠦᠩᠬᠡ ᠶᠢᠨ ᠬᠠᠮᠢᠶᠠᠷᠤᠯᠳᠠ᠂ ᠠᠶᠤᠯᠬᠦᠢ ᠦᠢᠯᠡᠳᠪᠦᠷᠢᠯᠡᠯ ᠵᠡᠷᠬᠡ ᠠᠵᠢᠯ ᠢ ᠬᠠᠷᠢᠭᠤᠴᠠᠵᠤ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ︵ᠮᠦᠩᠭᠦᠨ ᠬᠦᠢᠯᠬᠡᠬᠡᠨ ᠤ ᠠᠵᠢᠯ ᠤᠨ ᠠᠯᠪᠠᠨ ᠬᠡᠷ︶᠂ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ︵ᠠᠮᠤ ᠪᠤᠳᠠᠭ᠎ᠠ ᠪᠠ ᠡᠳ᠋ ᠬᠦᠷᠦᠩᠬᠡ ᠬᠠᠳᠠᠭᠠᠯᠠᠬᠤ ᠲᠤᠪᠴᠢᠶ᠎ᠠ︶᠂ ᠡᠳ᠋ ᠤᠨ ᠵᠠᠰᠠᠭ ᠤᠨ ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠤᠪᠴᠢᠶ᠎ᠠ᠂ ᠡᠮ ᠡᠮᠨᠡᠯᠬᠡ ᠶᠢᠨ ᠪᠠᠳᠤᠯᠠᠭ᠎ᠠ ᠶᠢᠨ ᠲᠤᠪᠴᠢᠶ᠎ᠠ᠂ ᠵᠠᠰᠠᠭ ᠎ ᠤᠨ ᠶᠠᠪᠤᠳᠠᠯ ᠤᠨ ᠦᠢᠯᠡᠴᠢᠯᠡᠬᠡᠨ ᠤ ᠲᠤᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ᠂ ᠨᠡᠶᠢᠬᠡᠮ ᠤᠨ ᠪᠠᠳᠤᠯᠠᠭ᠎ᠠ ᠶᠢᠨ ᠲᠤᠪᠴᠢᠶ᠎ᠠ᠂ ᠠᠵᠢᠯ ᠤᠯᠭᠤᠯᠳᠠ ᠶᠢᠨ ᠲᠤᠪᠴᠢᠶ᠎ᠠ᠂ ᠲᠤᠮᠤ ᠳ᠋ᠠᠶᠢᠲ᠋ᠠ ᠶᠢᠨ ᠬᠠᠮᠢᠶᠠᠷᠤᠯᠳᠠ ᠶᠢᠨ ᠲᠤᠪᠴᠢᠶ᠎ᠠ᠂ ᠪᠠᠶᠢᠭᠤᠯᠭ᠎ᠠ ᠶᠢᠨ ᠬᠡᠷᠡᠭ ᠡᠷᠬᠢᠯᠡᠬᠦ ᠲᠤᠪᠴᠢᠶ᠎ᠠ᠂ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠦᠪ᠂ ᠤᠷᠳᠤᠰ ᠬᠤᠳᠠ ᠶᠢᠨ ᠱᠧᠩ ᠶᠤᠸᠠᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠤᠷᠳᠤᠰ ᠬᠤᠳᠠ ᠎ ᠶᠢᠨ ᠱᠧᠩ ᠶᠤᠸᠠᠨ ᠴᠢᠮᠡᠭᠡ ᠨᠡᠪᠳᠡᠷᠡᠯᠬᠡ ᠰᠦᠯᠵᠢᠶᠡᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠸᠠ ᠹᠧᠩ ᠠᠮᠤ ᠪᠤᠳᠠᠭ᠎ᠠ ᠬᠤᠳᠠᠯᠳᠤᠨ ᠪᠤᠷᠤᠯᠠᠭᠤᠯᠬᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢ ᠪᠤᠳᠠᠳᠠᠢ ᠪᠠᠷ ᠬᠤᠪᠢᠳᠠᠨ ᠬᠠᠮᠢᠶᠠᠷᠤᠨ᠎ᠠ᠃ ᠬᠤᠰᠢᠭᠤ ᠲᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠤᠳᠤᠬᠤ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃     ᠬᠠᠷᠢᠯᠴᠠᠬᠤ᠄ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠬᠡᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ᠂ ᠬᠤᠰᠢᠭᠤᠨ ᠤ ᠪᠠᠶᠢᠭᠤᠯᠤᠮᠵᠢ ᠶᠢᠨ ᠤᠷᠤᠨ ᠲᠤᠭᠠᠨ ᠤ ᠵᠦᠪᠯᠡᠯ ᠤᠨ ᠠᠯᠪᠠᠨ ᠬᠡᠷ᠂ ᠠᠵᠢᠯᠴᠢᠨ ᠤ ᠶᠡᠷᠦᠩᠬᠡᠢ ᠡᠪᠯᠡᠯ᠂ ᠡᠮᠡᠭᠳᠠᠶᠢᠴᠤᠳ ᠤᠨ ᠬᠤᠯᠪᠤᠭᠠᠳᠤ ᠬᠤᠷᠠᠯ᠂ ᠠᠬᠠᠮᠠᠳ ᠺᠠᠳ᠋ᠷᠴᠤᠳ ᠤᠨ ᠲᠤᠪᠴᠢᠶ᠎ᠠ᠂ ᠡᠪ ᠬᠠᠮᠳᠤ ᠵᠠᠯᠠᠭᠤᠴᠤᠳ ᠎ ᠤᠨ ᠡᠵᠡᠨ ᠬᠤᠷᠤᠭ᠎ᠠ ᠬᠤᠰᠢᠭᠤᠨ ᠤ ᠬᠤᠷᠢᠶ᠎ᠠ᠂ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠦᠭᠵᠢᠬᠦᠯᠦᠯᠳᠡ ᠶᠢᠨ ᠵᠦᠪᠯᠡᠯ ᠤᠨ ᠠᠯᠪᠠᠨ ᠬᠡᠷ᠂ ᠲᠡᠭᠷᠢᠯᠢᠭ ᠤᠯᠠᠨ ᠲᠠᠶᠠᠭᠠᠷ ᠎ ᠢᠶᠠᠨ ᠦᠢᠯᠡᠰ ᠪᠦᠳᠦᠬᠡᠬᠦ ᠬᠦᠷᠢᠶᠡᠯᠡᠩ᠂ ᠡᠵᠡᠨ ᠬᠤᠷᠤᠭ᠎ᠠ ᠬᠤᠰᠢᠭᠤᠨ ᠤ ᠲᠢᠶᠠᠨ ᠵᠢᠶᠤᠤ ᠪᠡᠯᠡ ᠤᠷᠤᠭᠤᠯᠤᠯᠳᠠ ᠡᠵᠡᠩᠨᠡᠯᠳᠡ ᠶᠢᠨ ᠬᠢᠵᠠᠭᠠᠷᠳᠤ ᠺᠤᠮᠫᠠᠨᠢ᠂ ᠭᠠᠯ ᠰᠡᠷᠬᠡᠶᠢᠯᠡᠯᠳᠡ ᠶᠢᠨ ᠶᠡᠭᠡ ᠠᠩᠭᠢ᠂ ᠠᠭᠤᠷᠬᠠᠢ ᠶᠢᠨ ᠤᠷᠤᠨ ᠤ ᠭᠠᠯ ᠰᠡᠷᠬᠡᠶᠢᠯᠡᠯᠳᠡ ᠶᠢᠨ ᠶᠡᠭᠡ ᠠᠩᠭᠢ᠂ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠤ ᠭᠠᠯ ᠰᠡᠷᠬᠡᠶᠢᠯᠡᠯᠳᠡ ᠶᠢᠨ ᠶᠡᠭᠡ ᠠᠩᠭᠢ᠂ ᠠᠷᠠᠳ ᠤᠨ ᠪᠠᠩᠭᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠭᠢ᠂ ᠤᠷᠳᠤᠰ ᠤᠨ ᠮᠦᠩᠭᠦᠨ ᠬᠦᠢᠯᠬᠡᠬᠡᠨ ᠤ ᠬᠢᠨᠠᠨ ᠬᠠᠮᠢᠶᠠᠷᠬᠤ ᠬᠤᠪᠢᠶᠠᠷᠢ ᠲᠤᠪᠴᠢᠶᠠᠨ ᠤ ᠡᠵᠡᠨ ᠬᠤᠷᠤᠭ᠎ᠠ ᠶᠢᠨ ᠬᠡᠷᠡᠭ ᠡᠷᠬᠢᠯᠡᠬᠦ ᠭᠠᠵᠠᠷ᠂ ᠲᠤᠮᠳᠠᠳᠤ ᠤᠯᠤᠰ ᠤᠨ ᠪᠠᠩᠭᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠭᠢ᠂ ᠤᠷᠳᠤᠰ ᠪᠠᠩᠭᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠭᠢ᠂ ᠤᠷᠳᠤᠰ ᠪᠠᠩᠭᠢ ᠶᠢᠨ ᠠᠭᠤᠷᠬᠠᠢ ᠶᠢᠨ ᠤᠷᠤᠨ ᠤ ᠰᠠᠯᠪᠤᠷᠢ ᠪᠠᠩᠭᠢ᠂ ᠲᠤᠮᠳᠠᠳᠤ ᠤᠯᠤᠰ ᠤᠨ ᠠᠷᠠᠳ ᠡᠳ᠋ ᠬᠦᠷᠦᠩᠬᠡ ᠶᠢᠨ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠺᠤᠮᠫᠠᠨᠢ᠂ ᠲᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠭᠢ ᠵᠢᠴᠢ ᠪᠤᠰᠤᠳ ᠮᠦᠩᠭᠦᠨ ᠬᠦᠢᠯᠬᠡᠬᠡ ᠪᠠ ᠲᠠᠭᠠᠳᠬᠠᠯ ᠤᠨ ᠨᠢᠬᠡᠴᠡ᠃     ᠯᠢ ᠰᠢᠶᠤᠤ ᠭᠠᠩ     ᠬᠤᠰᠢᠭᠤ ᠲᠡᠳ᠋ ᠲᠠᠷᠤᠭ᠎ᠠ      ᠬᠤᠰᠢᠭᠤ ᠲᠠᠷᠤᠭ᠎ᠠ ᠶᠢ ᠬᠠᠪᠰᠤᠷᠤᠨ ᠲᠤᠳᠤᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠬᠡ ᠠᠵᠢᠯ ᠢ ᠬᠠᠷᠢᠭᠤᠴᠠᠵᠤ᠂ ᠲᠤᠳᠤᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠲᠤᠪᠴᠢᠶ᠎ᠠ ᠶᠢ ᠪᠤᠳᠠᠳᠠᠢ ᠪᠠᠷ ᠬᠤᠪᠢᠳᠠᠨ ᠬᠠᠮᠢᠶᠠᠷᠤᠨ᠎ᠠ᠃      ᠬᠠᠷᠢᠯᠴᠠᠬᠤ᠄ ᠬᠤᠰᠢᠭᠤᠨ ᠤ ᠠᠷᠠᠳ ᠤᠨ ᠵᠡᠪᠰᠡᠭᠳᠦ ᠬᠦᠴᠦᠨ ᠤ ᠬᠡᠯᠳᠡᠰ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠤᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠭᠢ᠂ ᠵᠡᠪᠰᠡᠭᠳᠦ ᠴᠠᠭᠳᠠᠭᠠᠨ ᠤ ᠲᠤᠮᠳᠠ ᠠᠩᠭᠢ᠂ ᠪᠡᠯᠡᠳᠬᠡᠯ ᠠᠯᠪᠠᠨ ᠤ ᠴᠡᠷᠢᠭ ᠤᠨ 90 ᠠᠷᠮᠢ ᠶᠢᠨ ᠫᠤᠤᠳᠤ ᠴᠡᠷᠢᠭ ᠤᠨ ᠪᠠᠲ᠋ᠡᠯᠢᠶᠤᠨ᠃      ᠶᠠᠨ ᠼᠠᠢ ᠢᠦᠢ     ᠬᠤᠰᠢᠭᠤ ᠲᠡᠳ᠋ ᠲᠠᠷᠤᠭ᠎ᠠ      ᠬᠤᠰᠢᠭᠤ ᠲᠠᠷᠤᠭ᠎ᠠ ᠶᠢ ᠬᠠᠪᠰᠤᠷᠤᠨ ᠰᠤᠷᠭᠠᠨ ᠬᠦᠮᠦᠵᠢᠯ ᠪᠡᠶ᠎ᠡ ᠲᠠᠮᠢᠷ᠂ ᠡᠷᠡᠬᠦᠯ ᠬᠠᠮᠠᠭᠠᠯᠠᠯ ᠡᠷᠡᠬᠦᠯ ᠴᠢᠬᠢᠷᠠᠭ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ᠂ ᠰᠤᠶᠤᠯ ᠵᠢᠭᠤᠯᠴᠢᠯᠠᠯ ᠵᠡᠷᠬᠡ ᠠᠵᠢᠯ ᠢ ᠬᠠᠷᠢᠭᠤᠴᠠᠵᠤ᠂ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ᠂ ᠡᠷᠡᠬᠦᠯ ᠮᠡᠨᠳᠦ ᠡᠷᠡᠬᠦᠯ ᠴᠢᠬᠢᠷᠠᠭ ᠤᠨ ᠵᠦᠪᠯᠡᠯ ︵ᠮᠤᠩᠭᠤᠯ ᠬᠢᠳᠠᠳ ᠡᠮ ᠡᠮᠨᠡᠯᠬᠡ ᠶᠢᠨ ᠬᠠᠮᠢᠶᠠᠷᠤᠯᠳᠠ ᠶᠢᠨ ᠲᠤᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠬᠦᠯ ᠮᠡᠨᠳᠦ ᠶᠢᠨ ᠠᠵᠢᠯᠯᠠᠭᠠᠨ ᠤ ᠵᠦᠪᠯᠡᠯ ᠤᠨ ᠠᠯᠪᠠᠨ ᠬᠡᠷ︶᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ︵ᠮᠡᠳᠡᠯᠬᠡ ᠶᠢᠨ ᠡᠷᠬᠡ ᠶᠢᠨ ᠪᠦᠳᠦᠬᠡᠭᠳᠡᠬᠦᠨ ᠤ ᠲᠤᠪᠴᠢᠶ᠎ᠠ︶᠂ ᠰᠤᠶᠤᠯ ᠪᠠ ᠵᠢᠭᠤᠯᠴᠢᠯᠠᠯ ᠤᠨ ᠲᠤᠪᠴᠢᠶ᠎ᠠ ︵ᠲᠡᠤᠬᠡ ᠎ ᠶᠢᠨ ᠲᠤᠷᠠᠰᠬᠠᠯᠳᠤ ᠵᠦᠢᠯ ᠤᠨ ᠲᠤᠪᠴᠢᠶ᠎ᠠ︶᠂ ᠤᠷᠳᠤᠰ ᠤᠨ ᠡᠷᠳᠡᠨᠢ ᠶᠢᠨ ᠲᠤᠪᠴᠢ ᠰᠤᠶᠤᠯ ᠤᠨ ᠠᠵᠤ ᠦᠢᠯᠡᠰ ᠎ ᠤᠨ ᠬᠦᠷᠢᠶᠡᠯᠡᠩ ᠤᠨ ᠬᠠᠮᠢᠶᠠᠷᠤᠯᠳᠠ ᠶᠢᠨ ᠵᠦᠪᠯᠡᠯ᠂ ᠡᠵᠡᠨ ᠬᠤᠷᠤᠭ᠎ᠠ ᠬᠤᠰᠢᠭᠤᠨ ᠤ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢ ᠪᠤᠳᠠᠳᠠᠢ ᠪᠠᠷ ᠬᠤᠪᠢᠳᠠᠨ ᠬᠠᠮᠢᠶᠠᠷᠤᠨ᠎ᠠ᠃      ᠵᠠᠩ ᠶᠦᠩ    ᠬᠤᠰᠢᠭᠤ ᠲᠡᠳ᠋ ᠲᠠᠷᠤᠭ᠎ᠠ      ᠬᠤᠰᠢᠭᠤ ᠲᠠᠷᠤᠭ᠎ᠠ ᠶᠢ ᠬᠠᠪᠰᠤᠷᠤᠨ ᠠᠮᠢ ᠠᠬᠤᠢ ᠶᠢᠨ ᠤᠷᠴᠢᠨ ᠲᠤᠭᠤᠷᠢᠨ᠂ ᠬᠤᠳᠠ ᠶᠢᠨ ᠪᠠᠶᠢᠭᠤᠯᠤᠯᠳᠠ ᠲᠦᠯᠦᠪᠵᠢᠬᠦᠯᠬᠡ᠂ ᠵᠠᠮ ᠬᠠᠷᠢᠯᠴᠠᠭᠠᠨ ᠤ ᠲᠡᠬᠡᠬᠡᠪᠦᠷᠢ᠂ ᠠᠵᠤ ᠦᠢᠯᠡᠳᠪᠦᠷᠢ ᠠᠵᠤ ᠠᠬᠤᠢ᠂ ᠨᠡᠶᠢᠳᠡ ᠶᠢᠨ ᠪᠤᠰᠤ ᠠᠵᠤ ᠠᠬᠤᠢ᠂ ᠪᠠᠶᠢᠭᠠᠯᠢ ᠶᠢᠨ ᠡᠬᠢ ᠪᠠᠶᠠᠯᠢᠭ ᠵᠡᠷᠬᠡ ᠠᠵᠢᠯ ᠢ ᠬᠠᠷᠢᠭᠤᠴᠠᠵᠤ᠂ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠎ ᠶᠢᠨ ᠲᠤᠪᠴᠢᠶ᠎ᠠ ︵ᠠᠷᠠᠳ ᠤᠨ ᠠᠭᠠᠷ ᠰᠡᠷᠬᠡᠶᠢᠯᠡᠯᠳᠡ ᠶᠢᠨ ᠠᠵᠢᠯ ᠤᠨ ᠠᠯᠪᠠᠨ ᠬᠡᠷ︶᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠬᠢᠵᠢᠯᠳᠠ ᠶᠢᠨ ᠲᠤᠪᠴᠢᠶ᠎ᠠ ︵ᠠᠵᠤ ᠦᠢᠯᠡᠳᠪᠦᠷᠢ ᠠᠵᠤ ᠠᠬᠤᠢ︶᠂ ᠡᠨᠧᠷᠬᠢ ᠶᠢᠨ ᠲᠤᠪᠴᠢᠶ᠎ᠠ᠂ ᠵᠠᠮ ᠬᠠᠷᠢᠯᠴᠠᠭᠠᠨ ᠤ ᠲᠡᠬᠡᠬᠡᠪᠦᠷᠢ ᠶᠢᠨ ᠲᠤᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠲᠤᠪᠴᠢᠶ᠎ᠠ᠂ ᠴᠡᠴᠡᠷᠯᠢᠭᠵᠢᠬᠦᠯᠬᠡ ᠶᠢᠨ ᠲᠤᠪᠴᠢᠶ᠎ᠠ᠂ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠤᠪᠴᠢᠶ᠎ᠠ᠂ ᠬᠤᠳᠠ ᠶᠢᠨ ᠵᠠᠰᠠᠭ ᠤᠨ ᠶᠠᠪᠤᠳᠠᠯ ᠤᠨ ᠬᠠᠮᠢᠶᠠᠷᠤᠯᠳᠠ ᠶᠢᠨ ᠲᠤᠪᠴᠢᠶ᠎ᠠ᠂ ᠬᠡᠷ ᠪᠠᠶᠢᠰᠢᠩ ᠲᠠᠳᠠᠪᠤᠷᠢᠯᠠᠬᠤ ᠬᠠᠮᠢᠶᠠᠷᠤᠯᠳᠠ ᠶᠢᠨ ᠲᠤᠪᠴᠢᠶ᠎ᠠ᠂ ᠬᠡᠷ ᠪᠠᠶᠢᠰᠢᠩ ᠭᠠᠵᠠᠷ ᠬᠦᠷᠦᠩᠬᠡ ᠶᠢᠨ ᠬᠠᠮᠢᠶᠠᠷᠤᠯᠳᠠ ᠶᠢᠨ ᠲᠤᠪᠴᠢᠶ᠎ᠠ᠂ ᠲᠡᠮᠦᠷ ᠵᠠᠮ ᠠᠷᠠᠳ ᠤᠨ ᠠᠭᠠᠷ ᠠᠶᠠᠯᠠᠯ ᠎ ᠤᠨ ᠠᠯᠪᠠᠨ ᠬᠡᠷ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠢᠨᠵᠧᠨᠧᠷᠢᠩ ᠪᠠᠶᠢᠭᠤᠯᠤᠯᠳᠠ ᠶᠢᠨ ᠤᠳᠤᠷᠢᠳᠬᠤ ᠲᠤᠭᠤᠶᠢᠯᠠᠩ ᠤᠨ ᠠᠯᠪᠠᠨ ᠬᠡᠷ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠬᠤᠳᠠᠯᠳᠤᠨ ᠠᠪᠬᠤ ᠬᠠᠳᠠᠭᠠᠯᠠᠮᠵᠢ ᠶᠢᠨ ᠲᠦᠪ᠂ ᠨᠡᠬᠦᠷᠡᠰᠦᠨ ᠤ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠤᠨ ᠬᠠᠮᠢᠶᠠᠷᠤᠯᠳᠠ ᠶᠢᠨ ᠵᠦᠪᠯᠡᠯ᠂ ᠵᠠᠰᠠᠭ ᠪᠠᠷᠠᠭᠠᠨ ᠤ ᠬᠦᠢᠯᠬᠡᠬᠡᠨ ᠤ ᠬᠦᠷᠢᠶᠡᠯᠡᠩ ᠤᠨ ᠬᠠᠮᠢᠶᠠᠷᠤᠯᠳᠠ ᠶᠢᠨ ᠵᠦᠪᠯᠡᠯ᠂ ᠠᠭᠤᠷᠬᠠᠢ ᠶᠢᠨ ᠤᠷᠤᠨ ᠤ ᠠᠮᠢ ᠠᠬᠤᠢ ᠤᠷᠴᠢᠨ ᠲᠤᠭᠤᠷᠢᠨ ᠤ ᠰᠡᠷᠬᠦᠬᠡᠨ ᠨᠦᠬᠦᠪᠦᠷᠢᠯᠡᠬᠦ ᠤᠳᠤᠷᠢᠳᠬᠤ ᠲᠤᠭᠤᠶᠢᠯᠠᠩ ᠤᠨ ᠠᠯᠪᠠᠨ ᠬᠡᠷ᠂ ᠦᠪᠦᠷ ᠮᠤᠩᠭᠤᠯ ᠤᠨ ᠱᠧᠩ ᠶᠤᠸᠠᠨ ᠡᠨᠧᠷᠬᠢ ᠶᠢᠨ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠳᠠ ᠶᠢᠨ ᠪᠡᠯᠡ ᠤᠷᠤᠭᠤᠯᠤᠯᠳᠠ ᠪᠦᠳᠦᠬᠡᠨ ᠪᠠᠶᠢᠭᠤᠯᠤᠯᠳᠠ ᠶᠢᠨ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠢ ᠵᠦᠩ ᠦᠢᠯᠡᠴᠢᠯᠡᠬᠡᠨ ᠤ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠤᠷᠳᠤᠰ ᠬᠤᠳᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ ᠲᠦᠬᠡᠬᠡᠯ ᠤᠰᠤᠨ ᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ ᠵᠢᠦ ᠲᠠᠢ ᠢᠯᠴᠢ ᠶᠢᠨ ᠬᠦᠴᠦᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠤᠷᠳᠤᠰ ᠤᠨ ᠮᠧᠩ ᠰᠢ ᠪᠠ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠎ ᠤ ᠱᠧᠩ ᠳ᠋ᠢ ᠴᠠᠬᠢᠯᠭᠠᠨ ᠬᠦᠴᠦᠨ ᠤᠭᠰᠠᠷᠠᠨ ᠬᠠᠮᠠᠭᠠᠯᠠᠬᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ ᠶᠢᠨ ᠲᠤ ᠾᠧ ᠾᠧ ᠬᠡᠮᠵᠢᠨ ᠵᠢᠷᠤᠭᠯᠠᠬᠤ ᠬᠢᠵᠠᠭᠠᠷᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ ᠰᠢᠨ ᠶᠦᠩ ᠭᠠᠵᠠᠷ ᠰᠢᠷᠤᠢ ᠡᠬᠢ ᠪᠠᠶᠠᠯᠢᠭ ᠬᠤᠷᠢᠶᠠᠨ ᠬᠠᠳᠠᠭᠠᠯᠠᠬᠤ ᠪᠡᠯᠡ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠶᠢ ᠪᠤᠳᠠᠳᠠᠢ ᠪᠠᠷ ᠬᠤᠪᠢᠳᠠᠨ ᠬᠠᠮᠢᠶᠠᠷᠤᠨ᠎ᠠ᠃      ᠬᠠᠷᠢᠯᠴᠠᠬᠤ᠄ ᠤᠷᠳᠤᠰ ᠤᠨ ᠠᠭᠠᠷ ᠠᠶᠠᠯᠠᠯ ᠤᠨ ᠭᠠᠷᠠᠮ ᠤᠨ ᠬᠦᠷᠢᠶᠡᠯᠡᠩ ᠤᠨ ᠬᠠᠮᠢᠶᠠᠷᠤᠯᠳᠠ ᠶᠢᠨ ᠵᠦᠪᠯᠡᠯ᠂ ᠤᠷᠳᠤᠰ ᠵᠢᠶᠠᠩᠰᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠳᠠ ᠶᠢᠨ ᠵᠦᠪᠯᠡᠯ᠂ ᠤᠷᠳᠤᠰ ᠱᠧᠩ ᠶᠤᠸᠠᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠳᠠ ᠎ ᠶᠢᠨ ᠵᠦᠪᠯᠡᠯ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ᠂ ᠱᠧᠩ ᠳ᠋ᠦᠩ ᠨᠡᠬᠦᠷᠡᠰᠦᠨ ᠎ ᠤ ᠪᠦᠯᠦᠭᠯᠡᠯ᠂ ᠱᠧᠨ ᠬᠤᠸᠠ ᠨᠡᠬᠦᠷᠡᠰᠦ ᠪᠠᠷ ᠲᠤᠰᠤ ᠦᠢᠯᠡᠳᠬᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠤ ᠺᠤᠮᠫᠠᠨᠢ᠂ ᠴᠠᠬᠢᠯᠭᠠᠨ ᠬᠠᠩᠭᠠᠬᠤ ᠲᠤᠪᠴᠢᠶ᠎ᠠ᠂ ᠾᠧ ᠰᠢᠶᠤᠤ ᠴᠠᠬᠢᠯᠭᠠᠨ ᠪᠠᠶᠢᠭᠤᠯᠤᠯᠳᠠ ᠶᠢᠨ ᠺᠤᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠤᠮᠫᠠᠨᠢ᠂ ᠲᠡᠬᠡᠬᠡᠪᠦᠷᠢ ᠶᠢᠨ ᠬᠠᠮᠢᠶᠠᠷᠤᠯᠳᠠ ᠶᠢᠨ ᠲᠤᠪᠴᠢᠶ᠎ᠠ᠂ ᠵᠠᠮ ᠬᠠᠷᠢᠯᠴᠭᠠᠨ ᠤ ᠬᠠᠮᠢᠶᠠᠷᠤᠯᠳᠠ ᠶᠢᠨ ᠠᠵᠢᠯ ᠤᠨ ᠲᠤᠭᠤᠷᠢᠭ᠂ ᠰᠢᠤᠳᠠᠨ ᠤ ᠬᠠᠮᠢᠶᠠᠷᠤᠯᠳᠠ ᠶᠢᠨ ᠲᠤᠪᠴᠢᠶ᠎ᠠ᠂ ᠲᠤᠮᠳᠠᠳᠤ ᠤᠯᠤᠰ ᠤᠨ ᠨᠡᠬᠦᠳᠡᠯ ᠬᠤᠯᠪᠤᠭ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠤᠮᠫᠠᠨᠢ᠂ ᠲᠤᠮᠳᠠᠳᠤ ᠤᠯᠤᠰ ᠤᠨ ᠨᠢᠬᠡᠳᠦᠭᠰᠡᠨ ᠬᠤᠯᠪᠤᠭ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠤᠮᠫᠠᠨᠢ᠂ ᠲᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠤᠮᠫᠠᠨᠢ᠂ ᠰᠦᠯᠵᠢᠶᠡᠨ ᠤ ᠺᠤᠮᠫᠠᠨᠢ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠠᠮᠢᠶᠠᠷᠤᠯᠳᠠ ᠶᠢᠨ ᠭᠠᠵᠠᠷ᠂ ᠪᠦᠳᠦᠬᠡᠨ ᠪᠠᠶᠢᠭᠤᠯᠤᠯᠳᠠ ᠶᠢᠨ ᠪᠠᠩᠭᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠭᠢ᠂ ᠰᠢᠣᠳᠠᠨ ᠬᠠᠳᠠᠭᠠᠯᠠᠮᠵᠢ ᠶᠢᠨ ᠪᠠᠩᠭᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠭᠢ᠂ ᠪᠦᠳᠦᠬᠡᠨ ᠪᠠᠶᠢᠭᠤᠯᠤᠯᠳᠠ ᠶᠢᠨ ᠪᠠᠩᠭᠢ ᠶᠢᠨ ᠳ᠋ᠦᠩ ᠮᠸᠢ ᠰᠠᠯᠪᠤᠷᠢ ᠪᠠᠩᠭᠢ᠂ ᠵᠠᠮ ᠬᠠᠷᠢᠯᠴᠠᠭᠠᠨ ᠤ ᠪᠠᠩᠭᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠭᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠭᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠭᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠭᠢ ᠶᠢᠨ ᠳ᠋ᠦᠩ ᠮᠸᠢ ᠰᠠᠯᠪᠤᠷᠢ ᠪᠠᠩᠭᠢ᠂ ᠤᠷᠳᠤᠰ ᠡᠵᠡᠨ ᠬᠤᠷᠤᠭ᠎ᠠ ᠬᠤᠰᠢᠭᠤᠨ ᠤ ᠠᠷᠠᠳ ᠤᠨ ᠠᠭᠠᠷ ᠲᠡᠬᠡᠬᠡᠪᠦᠷᠢ ᠶᠢᠨ ᠨᠢᠰᠬᠡᠯ ᠤᠨ ᠪᠠᠭᠤᠳᠠᠯ ᠤᠨ ᠬᠢᠵᠠᠭᠠᠷᠳᠤ ᠺᠤᠮᠫᠠᠨᠢ᠂ ᠱᠧᠨ ᠬᠤᠸᠠ ᠪᠤᠤ ᠱᠧᠨ ᠲᠡᠮᠦᠷ ᠵᠠᠮ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠦᠪᠦᠷ ᠮᠤᠩᠭᠤᠯ ᠤᠨ ᠵᠡᠬᠦᠨᠭᠠᠷ ᠠᠴᠠ ᠰᠠᠶᠢᠨᠳᠤᠷ᠎ᠠ ᠬᠦᠷᠬᠦ ᠲᠡᠮᠦᠷ ᠵᠠᠮ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠦᠪᠦᠷ ᠮᠤᠩᠭᠤᠯ ᠤᠨ ᠳ᠋ᠦᠩᠱᠧᠩ ᠦᠬᠠᠢ ᠬᠦᠷᠬᠦ ᠲᠡᠮᠦᠷ ᠵᠠᠮ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠤᠷᠳᠤᠰ ᠤᠨ ᠡᠮᠦᠨᠡᠳᠦ ᠬᠡᠰᠡᠭ ᠤᠨ ᠲᠡᠮᠦᠷ ᠵᠠᠮ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠃      ᠯᠢ ᠱᠧᠩ     ᠬᠤᠰᠢᠭᠤ ᠲᠡᠳ᠋ ᠲᠠᠷᠤᠭ᠎ᠠ      ᠬᠤᠰᠢᠭᠤ ᠲᠠᠷᠤᠭ᠎ᠠ ᠶᠢ ᠬᠠᠪᠰᠤᠷᠤᠨ ᠲᠤᠭ᠎ᠠ ᠪᠦᠷᠢᠳᠬᠡᠯ᠂ ᠬᠠᠩᠭᠠᠨ ᠪᠤᠷᠤᠯᠠᠭᠤᠯᠭ᠎ᠠ ᠶᠢᠨ ᠠᠵᠢᠯ ᠢ ᠬᠠᠷᠢᠭᠤᠴᠠᠵᠤ᠂ ᠲᠤᠭ᠎ᠠ ᠪᠦᠷᠢᠳᠬᠡᠯ ᠤᠨ ᠲᠤᠪᠴᠢᠶ᠎ᠠ᠂ ᠬᠠᠩᠭᠠᠨ ᠪᠤᠷᠤᠯᠠᠭᠤᠯᠭ᠎ᠠ ᠶᠢᠨ ᠬᠤᠷᠰᠢᠶ᠎ᠠ ᠶᠢ ᠪᠤᠳᠠᠳᠠᠢ ᠪᠠᠷ ᠬᠤᠪᠢᠳᠠᠨ ᠬᠠᠮᠢᠶᠠᠷᠤᠨ᠎ᠠ᠃      ᠮᠡᠨᠳᠦᠪᠠᠶᠠᠷ     ᠬᠤᠰᠢᠭᠤ ᠲᠡᠳ᠋ ᠲᠠᠷᠤᠭ᠎ᠠ      ᠬᠤᠰᠢᠭᠤ ᠲᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠢ᠂ ᠬᠦᠳᠡᠭᠡ ᠲᠤᠰᠬᠤᠨ ᠮᠠᠯᠵᠢᠬᠤ ᠤᠷᠤᠨ᠂ ᠠᠷᠠᠳ ᠤᠨ ᠶᠠᠪᠤᠳᠠᠯ᠂ ᠰᠢᠨᠵᠢᠯᠡᠭᠡ ᠮᠡᠷᠬᠡᠵᠢᠯ᠂ ᠤᠨᠢᠨ ᠲᠡᠬᠡᠷ᠎ᠡ ᠎ ᠨᠢ ᠶᠠᠳᠠᠭᠤ ᠶᠢ ᠲᠡᠳᠬᠦᠬᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠦᠨᠳᠦᠰᠦᠳᠡᠨ ᠱᠠᠰᠢᠨ ᠰᠤᠷᠳᠠᠬᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠵᠡᠷᠬᠡ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠢ ᠰᠢᠭᠤᠢ ᠪᠠ ᠡᠪᠡᠰᠦ ᠪᠡᠯᠴᠢᠬᠡᠷ ᠤᠨ ᠲᠤᠪᠴᠢᠶ᠎ᠠ᠂ ᠤᠰᠤᠨ ᠠᠰᠢᠭᠯᠠᠯᠳᠠ ᠶᠢᠨ ᠲᠤᠪᠴᠢᠶ᠎ᠠ᠂ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ︵ᠮᠤᠩᠭᠤᠯ ᠬᠡᠯᠡ ᠪᠢᠴᠢᠭ ᠤᠨ ᠠᠵᠢᠯ ᠤᠨ ᠵᠦᠪᠯᠡᠯ︶᠂ ᠠᠷᠠᠳ ᠤᠨ ᠶᠠᠪᠤᠳᠠᠯ ᠤᠨ ᠲᠤᠪᠴᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠤᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠤᠪᠴᠢᠶ᠎ᠠ᠂ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭᠵᠢᠯᠳᠠ ᠶᠢᠨ ᠬᠠᠮᠢᠶᠠᠷᠤᠯᠳᠠ ᠶᠢᠨ ᠲᠤᠪᠴᠢᠶ᠎ᠠ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠨ ᠠᠮᠠ ᠶᠢ ᠰᠢᠯᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ᠂ ᠤᠷᠳᠤᠰ ᠬᠤᠳᠠ ᠶᠢᠨ ᠶᠦᠨ ᠳ᠋ᠦᠩ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢ ᠪᠤᠳᠠᠳᠠᠢ ᠬᠤᠪᠢᠳᠠᠨ ᠬᠠᠮᠢᠶᠠᠷᠤᠨ᠎ᠠ      ᠬᠠᠷᠢᠯᠴᠠᠬᠤ᠄ ᠤᠷᠳᠤᠰ ᠬᠤᠳᠠ ᠶᠢᠨ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠤ ᠬᠠᠮᠢᠶᠠᠷᠤᠯᠳᠠ ᠶᠢᠨ ᠵᠦᠪᠯᠡᠯ᠂ ᠬᠤᠰᠢᠭᠤᠨ ᠤ ᠵᠡᠮᠳᠡᠭᠴᠤᠳ ᠤᠨ ᠬᠤᠯᠪᠤᠭᠠᠳᠤ ᠬᠤᠷᠠᠯ᠂ ᠤᠯᠤᠰ ᠲᠠᠭᠠᠨ ᠪᠤᠴᠠᠭᠰᠠᠨ ᠲᠤᠮᠳᠠᠳᠤ ᠶᠢᠨ ᠬᠠᠷᠢᠶᠠᠳᠤ ᠶᠢᠨ ᠬᠤᠯᠪᠤᠭᠠᠳᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠨᠡᠶᠢᠬᠡᠮᠯᠢᠭ᠂ ᠴᠠᠭ ᠠᠭᠤᠷ ᠤᠨ ᠲᠤᠪᠴᠢᠶ᠎ᠠ᠂ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠤᠪᠴᠢᠶ᠎ᠠ᠂ ᠲᠠᠷᠢᠶᠠᠯᠠᠩ ᠤᠨ ᠪᠠᠩᠭᠢ ᠳ᠋ᠦᠩ ᠮᠸᠢ ᠰᠠᠯᠪᠤᠷᠢ ᠪᠠᠩᠭᠢ᠂ ᠡᠵᠡᠨ ᠬᠤᠷᠤᠭ᠎ᠠ ᠬᠤᠰᠢᠭᠤᠨ ᠤ ᠬᠦᠳᠡᠭᠡ ᠲᠤᠰᠬᠤᠨ ᠤ ᠬᠤᠳᠠᠯᠳᠤᠭᠠᠨ ᠤ ᠪᠠᠩᠭᠢ᠂ ᠳ᠋ᠦᠩ ᠮᠸᠢ ᠬᠦᠳᠡᠭᠡ ᠲᠤᠰᠬᠤᠨ ᠤ ᠢᠳᠡᠬᠡᠮᠵᠢ ᠎ ᠶᠢᠨ ᠬᠤᠷᠰᠢᠶ᠎ᠠ᠂ ᠡᠵᠡᠨ ᠬᠤᠷᠤᠭ᠎ᠠ ᠬᠤᠰᠢᠭᠤᠨ ᠤ ᠶᠢᠨ ᠭᠦ᠋ ᠲᠤᠰᠬᠤᠨ ᠪᠠᠯᠭᠠᠰᠤᠨ ᠤ ᠪᠠᠩᠭᠢ᠂ ᠡᠵᠡᠨ ᠬᠤᠷᠤᠭ᠎ᠠ ᠎ ᠶᠢᠨ ᠯᠢᠦ ᠯᠢᠩ ᠲᠤᠰᠬᠤᠨ ᠪᠠᠯᠭᠠᠰᠤᠨ ᠤ ᠪᠠᠩᠭᠢ᠂ ᠠᠨ ᠬᠤᠸᠠ ᠲᠠᠷᠢᠶᠠᠯᠠᠩ ᠤᠨ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠡᠵᠡᠩᠨᠡᠨ ᠪᠤᠷᠤᠯᠠᠭᠤᠯᠬᠤ ᠦᠢᠯᠡᠴᠢᠯᠡᠬᠡᠨ ᠤ ᠭᠠᠵᠠᠷ᠂ ᠠᠨ ᠬᠤᠸᠠ ᠲᠠᠷᠢᠶᠠᠯᠠᠩ ᠤᠨ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠳ᠋ᠦᠩ ᠮᠸᠢ ᠡᠵᠡᠩᠨᠡᠨ ᠪᠤᠷᠤᠯᠠᠭᠤᠯᠬᠤ ᠦᠢᠯᠡᠴᠢᠯᠡᠬᠡᠨ ᠤ ᠭᠠᠵᠠᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤᠨ ᠤ ᠺᠤᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠺᠤᠮᠫᠠᠨᠢ᠃      ᠵᠸᠤ ᠳ᠋ᠧ ᠮᠢᠩ      ᠵᠠᠩ ᠶᠦᠩ ᠨᠦᠬᠦᠷ ᠢ ᠬᠠᠪᠰᠤᠷᠤᠨ ᠠᠵᠢᠯᠯᠠᠨ᠎ᠠ᠃      ᠸᠠᠩ ᠵᠢᠶᠠᠨ ᠯᠢᠨ      ᠯᠢᠦ ᠬᠤᠸᠠᠢ ᠢᠦᠢ ᠨᠦᠬᠦᠷ ᠢ ᠬᠠᠪᠰᠤᠷᠤᠨ ᠠᠵᠢᠯᠯᠠᠨ᠎ᠠ᠃      ᠳ᠋ᠢᠩ ᠰᠢᠶᠠᠩ ᠮᠢᠩ      ᠮᠡᠨᠳᠦᠪᠠᠶᠠᠷ ᠨᠦᠬᠦᠷ ᠢ ᠬᠠᠪᠰᠤᠷᠤᠨ ᠠᠵᠢᠯᠯᠠᠨ᠎ᠠ᠃      ᠪᠢᠶᠠᠨ ᠶᠦᠩ ᠰᠢᠶᠠᠩ   ᠨᠠᠮ ᠤᠨ ᠲᠤᠭᠤᠶᠢᠯᠠᠩ ᠤᠨ ᠬᠡᠰᠢᠬᠦᠨ      ᠬᠤᠰᠢᠭᠤ ᠲᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠪᠠ ᠴᠢᠮᠡᠭᠡ ᠵᠠᠩᠬᠢᠵᠢᠯᠳᠠ ᠶᠢᠨ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ ︵ᠬᠤᠳᠠᠯᠳᠤᠭᠠᠨ ᠤ ᠶᠠᠪᠤᠳᠠᠯ ᠪᠠ ᠬᠤᠳᠠᠯᠳᠤᠭᠠᠨ ᠤᠷᠢᠵᠦ ᠪᠡᠯᠡ ᠤᠷᠤᠭᠤᠯᠬᠤ︶᠃               ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ                                          2019 ᠤᠨ ᠤ 4 ᠰᠠᠷ᠎ᠠ ᠶᠢᠨ 11᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号