ᠡᠵᠡᠨ ᠬᠤᠷᠤᠭ᠎ᠠ ᠬᠤᠰᠢᠭᠤᠨ ᠤ ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠳᠠᠭᠠᠯᠠᠮᠵᠢ ᠶᠢᠨ ᠤᠷᠤᠨ ᠢ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠎ ᠤᠨ ᠮᠡᠳᠡ᠊
ᠨᠡᠶᠢᠲᠡᠯᠡᠭᠰᠡᠨ ᠴᠠᠭ᠄
2019-07-24
ᠡᠵᠡᠨ ᠵᠠᠰᠠᠭ ᠠᠯᠪᠠᠨ ᠲᠠᠷᠬᠠᠭᠠᠬᠤ ﹇2019﹈ 18 ᠳ᠋ᠤᠭᠠᠷ ᠲᠤᠭᠠᠳᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠄      ︽ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠪᠠ ᠦᠬᠡᠷᠡᠴᠢᠯᠡᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ   ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ ᠮᠡᠳᠡᠭᠳᠡᠯ︾ ︵ᠪᠠᠶᠢᠭᠠᠯᠢ ᠡᠬᠢ ᠲᠤᠭᠳᠠᠭᠠᠯ ﹇2019﹈ 1 ᠳ᠋ᠣᠬᠡᠷ ᠲᠤᠭᠠᠳᠤ︶ ᠪᠠ ︽ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠪᠠ ᠦᠬᠡᠷᠡᠴᠢᠯᠡᠬᠦ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ    ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠤᠨ ᠮᠡᠳᠡᠭᠳᠡᠯ︾ ︵ᠦᠪᠦᠷ ᠪᠠᠶᠢᠭᠠᠯᠢ ᠡᠬᠢ ᠦᠰᠦᠭ ﹇2019﹈ 145 ᠳ᠋ᠤᠭᠠᠷ ᠲᠤᠭᠠᠳᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠬᠡ᠂ ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠎ ᠶᠢ ᠴᠢᠩᠭᠠᠳᠬᠠᠵᠤ᠂ ᠵᠤᠬᠢᠰᠳᠠᠢ ᠬᠠᠮᠠᠭᠠᠯᠠᠯᠳᠠ᠂ ᠦᠨᠳᠦᠷ ᠠᠰᠢᠭ ᠢ ᠬᠤᠷᠠᠮᠳᠤᠭᠤᠯᠵᠤ᠂ ᠬᠢᠨᠠᠯᠳᠠ ᠬᠠᠮᠢᠶᠠᠷᠤᠯᠳᠠ ᠴᠢᠩᠭ᠎ᠠ ᠤᠷᠳᠤ ᠤᠳᠠᠭᠠᠨ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠤᠨᠴᠠᠭᠠᠢ ᠬᠠᠮᠠᠭᠠᠯᠠᠯᠳᠠ ᠶᠢᠨ ᠰᠢᠨ᠎ᠡ ᠪᠠᠶᠢᠳᠠᠯ ᠢ ᠪᠠᠶᠢᠭᠤᠯᠵᠤ᠂ ᠮᠠᠨ ᠤ ᠬᠤᠰᠢᠭᠤᠨ ᠤ ᠤᠷᠳᠤ ᠤᠳᠠᠭᠠᠨ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠢ ᠲᠤᠭᠳᠠᠭᠠᠬᠤ ᠦᠷ᠎ᠡ ᠪᠦᠳᠦᠮᠵᠢ ᠶᠢ ᠴᠡᠭᠴᠡᠯᠡᠨ ᠵᠠᠰᠠᠬᠤ ᠨᠦᠬᠦᠪᠦᠷᠢᠯᠡᠨ ᠲᠤᠭᠳᠠᠭᠠᠬᠤ ᠪᠠ ᠬᠠᠳᠠᠭᠠᠯᠠᠮᠵᠢ ᠶᠢᠨ ᠤᠷᠤᠨ ᠢ ᠲᠤᠭᠳᠠᠭᠠᠬᠤ ᠠᠵᠢᠯ ᠢ ᠲᠦᠷᠢᠮᠵᠢᠬᠦᠨ ᠡᠮᠬᠢ ᠴᠡᠭᠴᠡ ᠲᠠᠢ ᠦᠷᠨᠢᠬᠦᠯᠤᠨ᠎ᠠ᠃ ᠬᠤᠰᠢᠭᠤ ᠠᠷᠠᠳ ᠤᠨ ᠵᠠᠰᠠᠭ ᠤᠨ ᠤᠷᠳᠤᠨ ᠤ ᠰᠤᠳᠤᠯᠤᠯᠳᠠ ᠪᠠᠷ ᠲᠠᠮᠵᠢᠨ᠂ ᠡᠵᠡᠨ ᠬᠤᠷᠤᠭ᠎ᠠ ᠬᠤᠰᠢᠭᠤᠨ ᠤ ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠳᠠᠭᠠᠯᠠᠮᠵᠢ ᠶᠢᠨ ᠤᠷᠤᠨ ᠢ ᠲᠤᠭᠳᠠᠭᠠᠬᠤ ᠠᠵᠢᠯ ᠎ ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠶᠢ ᠲᠤᠭᠳᠠᠵᠤ᠂ ᠪᠤᠳᠠᠳᠠᠢ ᠪᠦᠷᠢᠯᠳᠦᠬᠦᠨ ᠬᠡᠰᠢᠬᠦᠨ ᠲᠤᠤᠷᠠᠬᠢ ᠮᠡᠳᠦ᠄      ᠲᠤᠭᠤᠶᠢᠯᠠᠩ ᠤᠨ ᠲᠠᠷᠤᠭ᠎ᠠ᠄      ᠵᠠᠩ ᠶᠦᠩ         ᠬᠤᠰᠢᠭᠤ ᠠᠷᠠᠳ ᠤᠨ ᠵᠠᠰᠠᠭ ᠤᠨ ᠤᠷᠳᠤᠨ ᠤ ᠲᠡᠳ᠋ ᠲᠠᠷᠤᠭ᠎ᠠ      ᠲᠡᠳ᠋ ᠲᠤᠭᠤᠶᠢᠯᠠᠩ ᠤᠨ ᠲᠠᠷᠤᠭ᠎ᠠ᠄      ᠭᠤᠤ ᠰᠢᠤᠸᠠᠢ ᠹᠧᠩ     ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠲᠡᠳ᠋ ᠡᠷᠬᠢᠯᠡᠭᠴᠢ      ᠬᠤ᠋ ᠶᠠᠨ ᠭᠠᠩ         ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠷᠢᠭᠤᠴᠠᠯᠭᠠᠳᠠᠨ      ᠵᠠᠩ ᠽᠢ ᠵᠢᠶᠦ᠋ᠨ       ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠲᠠᠷᠤᠭ᠎ᠠ      ᠬᠡᠰᠢᠬᠦᠨ᠄      ᠰᠢᠦᠢ ᠵᠢᠶᠠᠨ ᠭᠠᠩ      ᠬᠤᠰᠢᠭᠤᠨ ᠤ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ      ᠵᠠᠩ ᠳ᠋ᠧ ᠴᠢᠶᠠᠩ       ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠲᠠᠷᠤᠭ᠎ᠠ      ᠱᠢ ᡁᠢ ᠫᠢᠩ          ᠬᠤᠰᠢᠭᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠠᠶᠢᠭᠤᠯᠤᠯᠳᠠ ᠎ ᠶᠢᠨ ᠲᠤᠪᠴᠢᠶᠠᠨ ᠲᠠᠷᠤᠭ᠎ᠠ      ᠹᠧᠩ ᠭᠤᠸᠠᠩ ᠢ      ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠲᠤᠪᠴᠢᠶᠠᠨ ᠲᠠᠷᠤᠭ᠎ᠠ      ᠰᠢᠦᠢ ᠬᠤᠸᠠᠢ ᠵᠢᠢ       ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶᠠᠨ ᠲᠠᠷᠤᠭ᠎ᠠ      ᠵᠤᠤ ᠬᠠᠢ ᠯᠤ᠋          ᠬᠤᠰᠢᠭᠤᠨ ᠤ ᠤᠢ ᠰᠢᠭᠤᠢ ᠪᠠ ᠡᠪᠡᠰᠦ ᠪᠡᠯᠴᠢᠬᠡᠷ ᠤᠨ ᠲᠤᠪᠴᠢᠶᠠᠨ ᠲᠠᠷᠤᠭ᠎ᠠ      ᠵᠠᠩ ᠹᠦ᠋             ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠲᠡᠳ᠋ ᠲᠠᠷᠤᠭ᠎ᠠ      ᠤᠳᠤᠷᠢᠳᠬᠤ ᠲᠤᠭᠤᠶᠢᠯᠠᠩ ᠲᠤᠤᠷ᠎ᠠ ᠪᠠᠨ ᠠᠯᠪᠠᠨ ᠬᠡᠷ ᠲᠤᠬᠢᠷᠠᠭᠤᠯᠵᠤ᠂ ᠠᠯᠪᠠᠨ ᠬᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠳᠤ ᠲᠤᠬᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢ ᠬᠤ᠋ ᠶᠠᠨ ᠭᠠᠩ ᠬᠠᠪᠰᠤᠷᠭᠠᠨ ᠡᠷᠬᠢᠯᠡᠵᠦ᠂ ᠬᠡᠰᠢᠬᠦᠨ ᠢ ᠡᠯ᠎ᠡ ᠪᠦᠷᠢᠯᠳᠦᠬᠦᠨ ᠨᠢᠬᠡᠴᠡ ᠠᠴᠠ ᠰᠤᠩᠭᠤᠨ ᠠᠵᠢᠯᠯᠠᠨ᠎ᠠ᠃ ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠳᠠᠭᠠᠯᠠᠮᠵᠢ ᠶᠢᠨ ᠤᠷᠤᠨ ᠤ ᠠᠵᠢᠯ ᠢ ᠪᠤᠳᠠᠳᠠᠢ ᠬᠠᠷᠢᠭᠤᠴᠠᠵᠤ᠂ ᠠᠵᠢᠯ ᠤᠨ ᠲᠦᠰᠦᠯ ᠮᠡᠷᠬᠡᠵᠢᠯ ᠤᠨ ᠲᠦᠰᠦᠯ ᠢ ᠲᠤᠭᠤᠷᠪᠢᠨ ᠲᠤᠭᠳᠠᠭᠠᠬᠤ ᠪᠠ ᠲᠤᠭᠳᠠᠭᠠᠬᠤ ᠪᠦᠳᠦᠮᠵᠢ ᠶᠢ ᠬᠢᠨᠠᠨ ᠪᠠᠶᠢᠴᠠᠭᠠᠵᠤ ᠲᠡᠬᠡᠭᠰᠢ ᠮᠡᠳᠡᠬᠦᠯᠤᠨ᠂ ᠲᠤᠭᠳᠠᠭᠠᠬᠤ ᠡᠮᠦᠨ᠎ᠡ ᠬᠤᠭᠤᠴᠠᠭᠠᠨ ᠤ ᠠᠵᠢᠯ᠂ ᠰᠠᠭᠤᠷᠢ ᠪᠠᠶᠢᠴᠠᠭᠠᠨ ᠰᠤᠳᠤᠯᠤᠯᠳᠠ ᠶᠢ ᠲᠤᠬᠢᠷᠠᠭᠤᠯᠤᠨ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠳᠠᠭᠠᠯᠠᠮᠵᠢ ᠶᠢᠨ ᠤᠷᠤᠨ ᠤ ᠦᠷ᠎ᠡ ᠪᠦᠳᠦᠮᠵᠢ ᠶᠢ ᠬᠢᠨᠠᠨ ᠲᠤᠭᠳᠠᠭᠠᠵᠤ᠂ ᠲᠤᠭᠳᠠᠭᠠᠬᠤ ᠶᠠᠪᠤᠴᠠ ᠳᠠᠬᠢ ᠪᠤᠰᠤᠳ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠎ᠡ᠃      ᠤᠳᠤᠷᠢᠳᠬᠤ ᠲᠤᠭᠤᠶᠢᠯᠠᠩ ᠤᠨ ᠬᠡᠰᠢᠬᠦᠨ ᠬᠤᠪᠢᠷᠠᠯᠳᠠ ᠭᠠᠷᠪᠠᠯ᠂ ᠲᠡᠬᠦᠨ ᠤ ᠵᠠᠰᠠᠭ ᠵᠠᠬᠢᠷᠭᠠᠨ ᠤ ᠲᠤᠰᠢᠶᠠᠯ ᠢ ᠤᠷᠤᠯᠠᠨ ᠬᠦᠢᠴᠡᠳᠬᠡᠬᠦ ᠠᠵᠢᠯᠳᠠᠨ ᠬᠤᠯᠪᠤᠭᠳᠠᠯ ᠪᠦᠬᠦᠢ ᠠᠵᠢᠯ ᠢ ᠤᠷᠤᠯᠠᠵᠤ᠂ ᠦᠬᠡᠷ᠎ᠡ ᠠᠯᠪᠠᠨ ᠪᠢᠴᠢᠭ ᠢᠶᠠᠷ ᠲᠠᠬᠢᠨ ᠮᠡᠳᠡᠭᠳᠡᠬᠦ ᠦᠬᠡᠢ᠃ ᠲᠤᠰ ᠲᠦᠷᠦᠯ ᠤᠨ ᠠᠵᠢᠯ ᠲᠠᠭᠤᠰᠤᠭᠰᠠᠨ ᠤ ᠲᠠᠷᠠᠭ᠎ᠠ᠂ ᠤᠳᠤᠷᠢᠳᠬᠤ ᠲᠤᠭᠤᠶᠢᠯᠠᠩ ᠦᠪᠡᠷᠳᠡᠬᠡᠨ ᠬᠦᠴᠦᠨ ᠦᠬᠡᠢ ᠪᠤᠯᠤᠨ᠎ᠠ᠃                  ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ                                              2019 ᠤᠨ ᠤ 5 ᠰᠠᠷ᠎ᠠ ᠶᠢᠨ 17᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号