ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡ ᠪᠦᠯᠦᠭ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠪᠠ AB ᠳᠦᠷᠢ ᠳᠤ ᠲᠣᠬᠢᠷᠠᠭᠤᠯᠤᠯᠲᠠ ᠬᠢᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-07-24
ᠡᠵᠡᠨ ᠵᠠᠰᠠᠭ ᠠᠯᠪᠠᠨ ᠲᠠᠷᠬᠠᠭᠠᠬᠤ ﹇2019﹈ 25 ᠳ᠋ᠤᠭᠠᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ᠂  ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄      ᠣᠶᠢᠷ᠎ᠠ ᠶᠢᠨ ᠬᠤᠭᠤᠴᠠᠭᠠᠨ ᠤ ᠠᠵᠢᠯᠲᠠᠨ ᠤ ᠲᠣᠬᠢᠷᠠᠭᠤᠯᠤᠯᠲᠠ ᠶᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠣᠳᠣᠯᠣᠯᠲᠠ ᠪᠠᠷ ᠲᠠᠮᠵᠢᠨ᠂ ᠬᠤᠰᠢᠭᠤᠨ ᠤ ᠠᠷᠠᠳ ‍ᠤᠨ‌ᠵᠠᠰᠠᠭ ᠤᠨ ᠣᠷᠳᠣᠨ ᠤ ᠨᠢᠭᠡ ᠪᠦᠯᠦᠭ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠪᠠ AB ᠳᠦᠷᠢ ᠳᠤ ᠲᠣᠬᠢᠷᠠᠭᠤᠯᠤᠯᠲᠠ ᠬᠢᠬᠦ ᠪᠠᠷ ᠰᠢᠢᠳᠴᠦ᠂ ᠣᠳᠣ ᠬᠠᠮᠢᠶ᠎ᠠ ᠪᠦᠬᠦᠢ ᠤᠴᠢᠷ ᠢ ᠮᠡᠳᠡᠭᠳᠡᠶ᠎ᠡ᠄     ᠨᠢᠭᠡ  ᠂ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ      ᠯᠢᠦ ᠬᠤᠸᠠᠢ ᠢᠦᠢ         ᠬᠤᠰᠢᠭᠤ ᠳᠡᠳ᠋ ᠲᠠᠷᠤᠭ᠎ᠠ      ᠤᠤᠯ ᠤᠨ ᠬᠤᠪᠢᠶᠠᠷᠢᠯᠠᠭᠰᠠᠨ ᠠᠵᠢᠯ ᠬᠤᠪᠢᠷᠠᠯᠲᠠ ᠦᠭᠡᠢ᠂ ᠵᠡᠷᠭᠡ ᠳᠤᠨᠢ ᠲᠤᠭ᠎ᠠ ᠪᠦᠷᠢᠳᠭᠡᠯ ᠤᠨ ᠠᠵᠢᠯ ᠢ ᠬᠠᠮᠢᠶᠠᠷᠴᠦ᠂ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ ᠶᠢ ᠪᠤᠳᠠᠳᠠᠢ ᠬᠠᠷᠢᠭᠤᠴᠠᠨ ᠬᠠᠮᠢᠶᠠᠷᠤᠨ᠎ᠠ᠃      ᠮᠡᠨᠳᠦᠪᠡᠶᠡᠷ               ᠬᠤᠰᠢᠭᠤ ᠳᠡᠳ᠋ ᠲᠠᠷᠤᠭ᠎ᠠ      ᠤᠤᠯ ᠤᠨ ᠬᠤᠪᠢᠶᠠᠷᠢᠯᠠᠭᠰᠠᠨ ᠠᠵᠢᠯ ᠬᠤᠪᠢᠷᠠᠯᠲᠠ ᠦᠭᠡᠢ᠂ ᠵᠡᠷᠭᠡ ᠳᠤᠨᠢ ᠬᠠᠩᠭᠠᠨ ᠪᠣᠷᠣᠯᠠᠭᠤᠯᠭ᠎ᠠ ᠶᠢᠨ ᠠᠵᠢᠯ ᠢ ᠬᠠᠮᠢᠶᠠᠷᠴᠦ᠂ ᠬᠤᠰᠢᠭᠤᠨ ᠤ  ᠬᠠᠩᠭᠠᠨ‌‍ᠪᠣᠷᠣᠯᠠᠭᠤᠯᠭ᠎ᠠ ᠶᠢᠨ ᠬᠤᠷᠰᠢᠶ᠎ᠠ ᠶᠢ ᠬᠠᠷᠢᠭᠤᠴᠠᠨ ᠬᠠᠮᠢᠶᠠᠷᠤᠨ᠎ᠠ᠃      ᠬᠤᠶᠠᠷ᠂ AB ᠳᠦᠷᠢ ᠶᠢᠨ ᠲᠣᠬᠢᠷᠠᠭᠤᠯᠤᠯᠲᠠ ᠶᠢᠨ ᠲᠤᠬᠠᠢ     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠶᠢᠨAB ᠳᠦᠷᠢ ᠎ ᠤ ᠠᠵᠢᠯ ᠤᠨ ᠳᠦᠷᠢᠮ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠢ ᠨᠢᠭᠡ ᠤᠳᠤᠷᠢᠳᠤᠯᠭ᠎ᠠ  ︵A ᠪᠣᠶᠣ B ᠳᠦᠷᠢ ︶ ᠭᠠᠳᠠᠭᠰᠢ ᠭᠠᠷᠴᠦ ᠰᠣᠷᠣᠯᠴᠠᠬᠤ᠂ ᠪᠠᠶᠢᠴᠠᠭᠠᠬᠤ᠂ ᠠᠵᠢᠯ ᠢᠶᠠᠷ ᠭᠠᠷᠬᠤ᠂ ᠠᠮᠠᠷᠠᠬᠤ᠂ ᠴᠢᠯᠦᠭᠡ ᠭᠤᠶᠤᠬᠤ ᠵᠡᠷᠭᠡ ᠲᠤᠰᠢᠶᠠᠯ ᠢᠶᠠᠨ ᠡᠭᠦᠷᠭᠡᠯᠡᠵᠤ ᠴᠢᠳᠠᠬᠤ ᠦᠬᠡᠢ ᠦᠶ᠎ᠡ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠦᠬᠦᠭᠡ ᠨᠢᠭᠡ ᠤᠳᠤᠷᠢᠳᠤᠯᠭ᠎ᠠ ︵B ᠪᠣᠶᠣ A ᠳᠦᠷᠢ ︶᠎ ᠠᠴᠠ ᠬᠤᠪᠢᠶᠠᠷᠢᠯᠠᠨ ᠬᠠᠷᠢᠭᠤᠴᠠᠵᠤ ᠪᠠᠶᠢᠬᠤ ᠠᠵᠢᠯ ᠢ ᠲᠦᠷ ᠬᠠᠷᠢᠭᠤᠴᠠᠬᠤ ᠳᠦᠷᠢᠮ ᠢ ᠵᠢᠭᠠᠨ᠎ᠠ᠃ ᠲᠣᠬᠢᠷᠠᠭᠤᠯᠤᠯᠲᠠ ᠬᠢᠭᠰᠡᠨ ᠤ ᠲᠠᠷᠠᠭ᠎ᠠ A B ᠳᠦᠷᠢ ᠲᠣᠣᠷᠠᠬᠢ  ᠮᠡᠲᠦ᠄      A ᠯᠢᠦ ᠬᠤᠸᠠᠢ ᠢᠤᠢ                     B  ᠶᠠᠨ ᠽᠠᠢ ᠢᠤᠢ      A ᠯᠢ ᠰᠢᠶᠤᠤ ᠭᠠᠨᠭ᠌                      B  ᠪᠢᠶᠠᠨ ᠶᠦᠡᠭ ᠰᠢᠶᠠᠩ      A ᠵᠠᠩ ᠶᠦᠡᠭ                           B  ᠮᠡᠨᠳᠦᠪᠠᠶᠠᠷ     AB ᠳᠦᠷᠢ ᠵᠢᠨ‌ᠤᠳᠤᠷᠢᠳᠤᠯᠭ᠎ᠠ ᠵᠠᠷᠴᠢᠮ ᠲᠡᠭᠡᠷ᠎ᠡ ᠪᠠᠨ ᠵᠡᠷᠭᠡ ᠳᠤᠨᠢ ᠠᠮᠠᠷᠠᠯᠲᠠ ᠬᠢᠵᠦ᠂ ᠴᠢᠯᠦᠭᠡ ᠭᠤᠶᠤᠬᠤ ᠪᠣᠶᠣ ᠭᠠᠳᠠᠭᠰᠢ ᠭᠠᠷᠴᠦ ᠪᠣᠯᠬᠤ ᠦᠬᠡᠢ᠃ A ᠳᠦᠷᠢ ︵ᠪᠣᠶᠣ Bᠳᠦᠷᠢ︶᠎ ᠶᠢᠨ ᠤᠳᠤᠷᠢᠳᠤᠯᠭ᠎ᠠ ᠠᠮᠠᠷᠠᠯᠲᠠ ᠬᠢᠬᠦ᠂ ᠴᠢᠯᠦᠭᠡ ᠭᠤᠶᠤᠬᠤ᠂ ᠭᠠᠳᠠᠭᠰᠢ ᠭᠠᠷᠬᠤ ᠵᠡᠷᠭᠡ ᠤᠴᠢᠷ ᠲᠤᠬᠢᠶᠠᠯᠳᠤᠪᠠᠯ᠂ ᠡᠷᠬᠡᠪᠰᠢ ᠤᠷᠢᠳᠴᠢᠯᠠᠨ B ᠳᠦᠷᠢ ︵ᠪᠣᠶᠣA ᠳᠦᠷᠢ︶᠎ ᠶᠢᠨ ᠤᠳᠤᠷᠢᠳᠤᠯᠭ᠎ᠠ ᠲᠠᠢ ᠬᠠᠷᠢᠯᠴᠠᠵᠤ ᠠᠵᠢᠯ ᠢᠶᠠᠨ ᠰᠠᠶᠢᠳᠤᠷ ᠲᠣᠬᠢᠷᠠᠭᠤᠯᠬᠤ ᠬᠡᠷᠡᠭᠳᠡᠢ᠃ ᠬᠠᠷᠢᠯᠴᠠᠨA B ᠳᠦᠷᠢ ᠪᠣᠯᠬᠤ ᠤᠳᠤᠷᠢᠳᠤᠯᠭ᠎ᠠ ᠡᠷᠬᠡᠪᠰᠢ ᠬᠠᠷᠢᠯᠴᠠᠭ᠎ᠠ ᠨᠡᠪᠳᠡᠷᠡᠯᠴᠡᠭᠡ ᠪᠠᠨ ᠴᠢᠩᠭᠠᠳᠬᠠᠨ᠂ ᠣᠷᠣᠯᠠᠨ ᠬᠤᠷᠠᠯᠳᠤᠬᠤ᠂  ᠣᠷᠣᠯᠠᠨ ᠠᠵᠢᠯ ᠰᠢᠢᠳᠪᠦᠷᠢᠯᠡᠬᠦ ᠶᠠᠪᠤᠴᠠ ᠳᠤ ᠴᠠᠭ ᠲᠤᠬᠠᠢ ᠳᠤᠨᠢ ᠠᠵᠢᠯ ᠤᠨ ᠪᠠᠶᠢᠳᠠᠯ ᠢ ᠮᠡᠳᠡᠬᠦᠯᠵᠦ᠂ ᠠᠵᠢᠯ ᠤᠨ ᠠᠪᠴᠠᠯᠳᠤᠭ᠎ᠠ ᠶᠢ ᠰᠠᠶᠢᠳᠤᠷ ᠬᠢᠵᠦ᠂ ᠴᠢᠬᠤᠯᠠ ᠶᠡᠭᠡ ᠤᠴᠢᠷ ᠢ ᠬᠤᠰᠢᠭᠤ ᠲᠠᠷᠤᠭ᠎ᠠ ᠳᠤ ᠮᠡᠳᠡᠬᠦᠯᠵᠦ ᠰᠢᠢᠳᠪᠦᠷᠢ ᠬᠢᠬᠦ ᠬᠡᠷᠡᠭᠳᠡᠢ᠃                    ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                           2019 ᠣᠨ ᠤ 6ᠰᠠᠷ᠎ᠠ ᠶᠢᠨ 4᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号