ᠡᠵᠡᠨ ᠵᠠᠰᠠᠭ ᠲᠠᠷᠬᠠᠭᠠᠬᠤ ﹇2019﹈ 4 ᠳ᠋ᠣᠭᠡᠷ ᠲᠤᠭᠠᠳᠤ | | | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠬᠤᠯᠪᠤᠭᠳᠠᠯ ᠪᠦᠬᠦᠢ ᠬᠦᠷᠢᠶᠡᠯᠡᠩ ︵ᠰᠠᠭᠤᠷᠢᠨ ᠭᠠᠵᠠᠷ︶ ᠤᠨ | ᠬᠠᠮᠢᠶᠠᠷᠤᠯᠳᠠ ᠶᠢᠨ ᠵᠦᠪᠯᠡᠯ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠄ | ᠤᠶᠢᠷ᠎ᠠ ᠶᠢᠨ ᠵᠢᠯ᠂ ᠮᠠᠨ ᠤ ᠬᠤᠰᠢᠭᠤ ᠤᠷᠤᠨ ᠪᠠᠶᠢᠷᠢ ᠶᠢᠨ ᠲᠠᠪᠠᠭᠤᠯᠢᠭ ᠪᠠ ᠴᠡᠪᠡᠷᠴᠢ ᠨᠡᠬᠦᠷᠡᠰᠦᠨ ᠤ | ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠨ᠂ ᠨᠡᠬᠦᠷᠡᠰᠦᠨ ᠤ ᠠᠵᠤ ᠦᠢᠯᠡᠰ ᠤᠷᠳᠤ ᠤᠳᠠᠭᠠᠨ ᠤ | ᠬᠦᠭᠵᠢᠯᠳᠡ ᠶᠢ ᠤᠯᠵᠤ᠂ ᠠᠵᠤ ᠦᠢᠯᠡᠰ ᠤᠨ ᠬᠤᠯᠪᠤᠭᠠᠰᠤ ᠶᠢ ᠲᠠᠰᠤᠷᠠᠯᠳᠠ ᠦᠬᠡᠢ ᠦᠷᠬᠦᠯᠵᠢᠯᠡᠬᠦᠯᠦᠨ᠂ ᠠᠵᠤ | ᠦᠢᠯᠡᠰ ᠤᠨ ᠬᠡᠪᠴᠢᠶᠡᠵᠢᠯ ᠢ ᠲᠠᠰᠤᠷᠠᠯᠳᠠ ᠦᠬᠡᠢ ᠦᠷᠬᠡᠳᠬᠡᠨ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ | ᠪᠠ ᠡᠯ᠎ᠡ ᠲᠦᠷᠦᠯ ᠤᠨ ᠠᠵᠢᠯ ᠦᠢᠯᠡᠰ ᠤᠨ ᠦᠳᠳᠦᠷ ᠲᠦᠷᠬᠡᠨ ᠬᠦᠭᠵᠢᠯᠳᠡ ᠶᠢ ᠠᠬᠢᠭᠤᠯᠬᠤ ᠴᠢᠬᠤᠯᠠ | ᠲᠤᠯᠭᠠᠭᠤᠷᠢ ᠠᠵᠤ ᠦᠢᠯᠡᠰ ᠤᠨ ᠨᠢᠬᠡ ᠪᠤᠯᠭᠠᠨ᠎ᠠ᠃ ᠶᠡᠷᠦᠩᠬᠡᠢ ᠳᠡᠭᠡᠨ ᠠᠪᠴᠤ ᠦᠵᠡᠪᠡᠯ ᠶᠡᠷᠦᠩᠬᠡᠢ ᠱᠦᠵᠢ ᠰᠢ | ᠶᠢᠨ ᠫᠢᠩ ᠤᠨ ᠱᠠᠭᠠᠷᠳᠠᠭᠰᠠᠨ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠲᠠᠢ | ᠪᠠᠰᠠ ᠨᠡᠯᠢᠶᠡᠳ ᠵᠦᠷᠢᠶ᠎ᠡ ᠲᠠᠢ ᠪᠠᠶᠢᠵᠤ᠂ ᠠᠵᠤ ᠦᠢᠯᠡᠳᠪᠦᠷᠢᠵᠢᠯᠳᠡ ᠪᠠ ᠰᠤᠷᠠᠭ ᠵᠠᠩᠭᠢᠵᠢᠯᠳᠡ ᠶᠢᠨ | ᠠᠭᠤᠰᠤᠯᠴᠤᠯ ᠬᠦᠷᠦᠯᠴᠡᠬᠦ ᠦᠬᠡᠢ᠂ ᠠᠵᠢᠯ ᠲᠦᠷᠦᠯ ᠤᠨ ᠲᠠᠶᠢᠴᠢᠯᠠᠬᠤ ᠦᠢᠯᠡᠳᠦᠯ ᠬᠦᠷᠦᠯᠴᠡᠬᠦ ᠦᠬᠡᠢ ᠵᠡᠷᠬᠡ | ᠠᠰᠠᠭᠤᠳᠠᠯ ᠨᠡᠯᠢᠶᠡᠳ ᠲᠤᠪᠤᠶᠢᠮ᠎ᠠ ᠪᠠᠶᠢᠨ᠎ᠠ᠃ ᠮᠠᠨ ᠤ ᠬᠤᠰᠢᠭᠤ ᠦᠪᠡᠷ ᠤᠨ ᠨᠡᠬᠦᠷᠡᠰᠦᠨ ᠤ ᠠᠵᠤ ᠦᠢᠯᠡᠰ ᠤᠨ | ᠬᠦᠭᠵᠢᠯᠳᠡ ᠶᠢᠨ ᠪᠤᠳᠠᠳᠤ ᠪᠠᠶᠢᠳᠠᠯ ᠳᠤ ᠰᠠᠭᠤᠷᠢᠯᠠᠨ᠂ ᠤᠯᠤᠰ ᠤᠨ ᠲᠤᠳᠤᠭᠠᠳᠤ ᠤᠯᠠᠨ ᠤᠯᠤᠰ ᠤᠨ ᠡᠨᠧᠷᠬᠢ | ᠶᠢᠨ ᠮᠡᠷᠬᠡᠵᠢᠯ ᠤᠨ ᠬᠤᠪᠢᠰᠬᠠᠯ ᠤᠨ ᠰᠢᠨ᠎ᠡ ᠪᠠᠶᠢᠳᠠᠯ ᠢ ᠲᠠᠭᠠᠵᠤ᠂ ᠪᠤᠬᠢᠷᠳᠤᠯ ᠦᠬᠡᠢ ᠲᠤᠤᠷ᠎ᠠ | ᠨᠡᠬᠦᠷᠡᠰᠦᠳᠦ᠋ᠷᠦᠭᠴᠢᠳᠤ ᠶᠢᠨ ᠴᠢᠭᠯᠡᠯ ᠢᠶᠠᠷ ᠮᠡᠷᠬᠡᠵᠢᠯ ᠤᠨ ᠰᠢᠨᠡᠴᠢᠯᠡᠯᠳᠡ᠂ ᠠᠵᠤ ᠦᠢᠯᠡᠰ ᠤᠨ ᠰᠢᠨᠡᠴᠢᠯᠡᠯᠳᠡ᠂ | ᠬᠤᠳᠠᠯᠳᠤᠭᠠᠨ ᠤ ᠶᠠᠪᠤᠳᠠᠯ ᠤᠨ ᠰᠢᠨᠡᠴᠢᠯᠡᠯᠳᠡ ᠶᠢ ᠲᠦᠷᠦᠯ ᠬᠤᠪᠢᠶᠠᠨ ᠠᠬᠢᠭᠤᠯᠬᠤ ᠶᠢᠨ ᠬᠠᠮᠳᠤ ᠪᠤᠰᠤᠳ ᠤᠷᠤᠨ | ᠬᠡᠪᠴᠢᠶᠡᠨ ᠤ ᠲᠡᠬᠡᠳᠦ ᠰᠢᠨ᠎ᠡ ᠮᠡᠷᠬᠡᠵᠢᠯ ᠲᠠᠢ ᠴᠢᠩᠭ᠎ᠠ ᠤᠶᠠᠯᠳᠤᠭᠤᠯᠤᠨ᠂ ᠡᠨᠧᠷᠬᠢ ᠶᠢᠨ ᠮᠡᠷᠬᠡᠵᠢᠯ ᠲᠠᠢ | ᠬᠤᠯᠪᠤᠭ᠎ᠠ ᠪᠦᠬᠦᠢ ᠠᠵᠤ ᠦᠢᠯᠡᠰ ᠢ ᠬᠦᠭᠵᠢᠬᠦᠯᠦᠨ ᠮᠠᠨ ᠤ ᠬᠤᠰᠢᠭᠤᠨ ᠤ ᠠᠵᠤ ᠦᠢᠯᠡᠰ ᠤᠨ ᠲᠡᠰ ᠲᠡᠪᠰᠢᠬᠦ | ᠳᠤ ᠰᠢᠨ᠎ᠡ ᠨᠡᠮᠡᠭᠳᠡᠯ ᠤᠨ ᠴᠡᠭ ᠢ ᠲᠠᠶᠢᠴᠢᠯᠠᠨ᠎ᠠ᠃ ᠡᠳᠦᠬᠡ ᠬᠤᠯᠪᠤᠭᠳᠠᠯ ᠪᠦᠬᠦᠢ ᠤᠴᠢᠷ ᠢ ᠲᠤᠤᠷᠠᠬᠢ ᠮᠡᠳᠦ | ᠮᠡᠳᠡᠭᠳᠡᠶ᠎ᠡ᠄ | ᠨᠢᠭᠡ᠂ ᠦᠨᠳᠦᠰᠦᠨ ᠪᠠᠶᠢᠳᠠᠯ | ᠮᠠᠨ ᠤ ᠬᠤᠰᠢᠭᠤ ᠤᠯᠤᠰ ᠤᠨ ᠴᠢᠬᠤᠯᠠ ᠴᠡᠪᠡᠷᠴᠢ ᠡᠨᠧᠷᠬᠢ ᠶᠢᠨ ᠭᠠᠳᠠᠭᠰᠢᠯᠠᠭᠤᠯᠬᠤ ᠰᠠᠭᠤᠷᠢᠨ ᠭᠠᠵᠠᠷ | ᠪᠠ ᠤᠳᠤ ᠦᠶ᠎ᠡ ᠶᠢᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠠᠵᠤ ᠦᠢᠯᠡᠰ ᠤᠨ ᠵᠢᠱᠢᠶ᠎ᠡ ᠦᠵᠡᠬᠦᠯᠬᠦ | ᠰᠠᠭᠤᠷᠢᠨ ᠭᠠᠵᠠᠷ ᠪᠠᠶᠢᠵᠤ᠂ ᠤᠳᠤ ᠨᠢᠬᠡᠨᠳᠡ ᠨᠡᠬᠦᠷᠡᠰᠤᠨ ᠤ ᠦᠢᠯᠡᠳᠪᠦᠷᠢᠯᠡᠯ 2 ᠳ᠋ᠦᠩᠰᠢᠭᠤᠷ ᠲᠤᠨ/ ᠵᠢᠯ ᠠᠴᠠ | ᠲᠡᠭᠡᠭᠰᠢ ᠂ ᠵᠢᠯ ᠤᠨ ᠲᠤᠮᠳᠠᠴᠢ ᠪᠤᠷᠤ ᠨᠡᠬᠦᠷᠡᠰᠦ ᠶᠢᠨ ᠪᠤᠷᠤᠯᠠᠭᠤᠯᠭ᠎ᠠ 1.8 ᠳ᠋ᠦᠩᠰᠢᠭᠤᠷ ᠲᠤᠨ ᠠᠴᠠ ᠲᠡᠬᠡᠭᠰᠢ᠂ | ᠨᠡᠬᠦᠷᠡᠰᠦ ᠨᠡᠬᠡᠬᠡᠨ ᠮᠠᠯᠳᠠᠬᠤ ᠪᠠᠷ ᠭᠤᠤᠯ ᠱᠤᠭᠤᠮ᠂ ᠨᠡᠬᠦᠷᠡᠰᠦ ᠶᠢ ᠨᠠᠷᠢᠯᠢᠭ ᠪᠤᠯᠪᠠᠰᠤᠷᠠᠭᠤᠯᠬᠤ ᠵᠢᠴᠢ ᠨᠡᠬᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢᠶᠠᠷ ᠭᠤᠤᠯᠯᠠᠵᠤ᠂ ᠵᠠᠰᠠᠮᠠᠯ ᠵᠠᠮ ᠲᠡᠮᠦᠷ ᠵᠠᠮ ᠤᠨ ᠬᠠᠮᠳᠤᠷᠠᠨ | ᠲᠡᠬᠡᠬᠡᠪᠦᠷᠢᠯᠡᠬᠦ ᠪᠠᠷ ᠪᠠᠳᠤᠯᠠᠭ᠎ᠠ ᠪᠠᠨ ᠪᠤᠯᠭᠠᠭᠰᠠᠨ ᠨᠡᠬᠦᠷᠡᠰᠦᠨ ᠤ ᠠᠵᠤ ᠦᠢᠯᠡᠰ ᠤᠨ ᠲᠡᠬᠡᠬᠡᠪᠦᠷᠢᠯᠡᠨ | ᠪᠤᠷᠤᠯᠠᠭᠤᠯᠬᠤ ᠲᠤᠭᠳᠠᠯᠴᠠᠭ᠎ᠠ ᠶᠢ ᠠᠩᠬ᠎ᠠ ᠠᠯᠬᠤᠮ ᠪᠦᠷᠢᠯᠳᠦᠬᠦᠯᠦᠨ᠎ᠡ᠃ ᠤᠳᠤᠬᠠᠨ ᠳᠤ᠂ ᠮᠠᠨ ᠤ ᠬᠤᠰᠢᠭᠤᠨ ᠤ | ᠨᠡᠬᠦᠷᠡᠰᠦᠨ ᠤ ᠦᠢᠯᠡᠳᠪᠦᠷᠢᠯᠡᠯ ᠠᠵᠤ ᠠᠬᠤᠶᠢᠯᠠᠯ ᠤᠨ ᠬᠤᠳᠠᠯᠳᠤᠭᠠᠨ ᠤ ᠰᠤᠯᠢᠯᠴᠠᠭ᠎ᠠ ᠲᠤᠭᠠᠴᠠᠭ᠎ᠠ ᠶᠢᠨ ᠪᠡᠯᠡ | ᠮᠦᠩᠭᠦᠨ ᠤ ᠶᠡᠷᠦᠩᠬᠡᠢ ᠲᠤᠭ᠎ᠠ ᠪᠠᠷᠤᠭ 900 ᠳ᠋ᠦᠩᠰᠢᠭᠤᠷ ᠲᠦᠬᠦᠷᠢᠭ᠂ ᠬᠡᠳᠡᠯ᠎ᠡ ᠤᠯᠠᠩᠭᠢ ᠲᠤᠭᠠᠨ ᠤ | ᠰᠤᠯᠢᠯᠴᠠᠭ᠎ᠠ ᠲᠤᠭᠠᠴᠠᠭ᠎ᠠ ᠶᠢᠨ ᠪᠡᠯᠡ ᠮᠦᠩᠭᠦ ᠬᠤᠰᠢᠭᠤᠨ ᠤ ᠭᠠᠳᠠᠨ᠎ᠠ ᠴᠢᠨᠠᠬᠰᠢᠯᠠᠪᠠᠯ ᠤᠯᠤᠰ ᠤᠨ ᠲᠤᠳᠤᠭᠠᠳᠤ | ᠶᠢᠨ ᠪᠤᠰᠤᠳ ᠤᠷᠤᠨ ᠬᠡᠪᠴᠢᠶᠡᠨ ᠤ ᠪᠠᠩᠭᠢ ᠳᠤ ᠠᠯᠳᠠᠭᠳᠠᠨ᠂ ᠵᠤᠬᠢᠬᠤ ᠬᠡᠮᠵᠢᠶ᠎ᠡ ᠪᠠᠷ ᠮᠠᠨ ᠤ ᠬᠤᠰᠢᠭᠤᠨ ᠤ | ᠭᠠᠵᠠᠷ ᠤᠷᠤᠨ ᠤ ᠮᠦᠩᠭᠦᠨ ᠬᠦᠢᠯᠬᠡᠬᠡᠨ ᠤ ᠬᠦᠭᠵᠢᠯᠳᠡ ᠶᠢ ᠬᠦᠯᠢᠶᠡᠰᠦᠯᠡᠵᠦ᠂ ᠡᠬᠦᠨ ᠤ ᠬᠠᠮᠳᠤ᠂ ᠲᠡᠬᠡᠷ᠎ᠡ | ᠲᠤᠷᠠᠳᠤᠭᠰᠠᠨ ᠪᠠᠶᠢᠳᠠᠯ ᠮᠠᠨ ᠤ ᠬᠤᠰᠢᠭᠤᠨ ᠤ ᠭᠠᠵᠠᠷ ᠤᠷᠤᠨ ᠤ ᠡᠳ᠋ ᠪᠠᠷᠠᠭᠠᠨ ᠤ ᠬᠦᠢᠯᠬᠡᠬᠡᠨ ᠤ ᠠᠵᠤ ᠦᠢᠯᠡᠰ | ᠬᠢᠬᠡᠳ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠡᠬᠦᠷᠬᠡ ᠴᠢᠳᠠᠪᠬᠢ ᠶᠢ ᠬᠦᠢᠴᠡᠳ ᠪᠠᠳᠠᠷᠠᠭᠤᠯᠬᠤ ᠶᠢ | ᠬᠠᠷᠰᠢᠯᠡᠵᠦ᠂ ᠨᠡᠬᠦᠷᠡᠰᠦᠨ ᠤ ᠲᠡᠬᠡᠬᠡᠪᠦᠷᠢ ᠶᠢᠨ ᠬᠡᠪᠴᠢᠶᠡᠨ ᠤ ᠴᠢᠮᠡᠭᠡ ᠵᠠᠩᠭᠢ ᠶᠢ ᠨᠢᠬᠡᠳᠦᠬᠦᠯᠬᠦ ᠪᠠᠷ ᠬᠦᠷᠦᠯᠴᠡᠬᠦ | ᠦᠬᠡᠢ ᠪᠠᠶᠢᠳᠠᠯ ᠤᠷᠤᠰᠢᠵᠤ᠂ ᠨᠡᠬᠦᠷᠡᠰᠦ ᠶᠢ ᠵᠠᠰᠠᠮᠠᠯ ᠵᠠᠮ ᠤᠨ ᠲᠤᠮᠳᠠ ᠤᠶᠢᠷ᠎ᠠ ᠵᠠᠮ ᠤᠨ ᠲᠡᠬᠡᠬᠡᠪᠦᠷᠢᠯᠡᠬᠦ ᠪᠠᠷᠠᠭᠠᠨ | ᠤ ᠬᠡᠮᠵᠢᠶ᠎ᠡ ᠶᠡᠭᠡ᠂ ᠨᠡᠬᠦᠷᠡᠰᠦ ᠲᠡᠬᠡᠬᠡᠪᠦᠷᠢᠯᠡᠬᠦ ᠬᠦᠴᠦᠨ ᠤ ᠱᠠᠭᠠᠷᠳᠠᠯᠭ᠎ᠠ ᠬᠢᠬᠡᠳ ᠦᠢᠯᠡᠳᠪᠦᠷᠢᠯᠡᠨ ᠪᠤᠷᠤᠯᠠᠭᠤᠯᠬᠤ | ᠴᠢᠮᠡᠭᠡ ᠵᠠᠩᠭᠢ ᠲᠡᠩᠴᠡᠬᠦᠷᠢ ᠦᠬᠡᠢ ᠵᠡᠷᠬᠡ ᠠᠰᠠᠭᠤᠳᠠᠯ ᠤᠷᠤᠰᠢᠵᠤ ᠪᠠᠶᠢᠨ᠎ᠠ᠃ | ᠬᠤᠶᠠᠷ᠂ ᠬᠦᠭᠵᠢᠯᠳᠡ ᠶᠢᠨ ᠬᠠᠷᠠᠯᠳᠠ | ᠨᠡᠬᠦᠷᠡᠰᠦᠨ ᠤ ᠠᠵᠤ ᠦᠢᠯᠡᠰ ᠤᠨ ᠬᠦᠭᠵᠢᠯᠳᠡ ᠶᠢᠨ ︽ᠲᠦᠷᠪᠡᠨ ᠬᠤᠪᠢᠰᠬᠠᠯ︾ ᠤᠨ ᠵᠠᠷᠴᠢᠮ ᠢ | ᠪᠠᠷᠢᠮᠳᠠᠯᠠᠨ᠂ ᠵᠠᠬ᠎ᠠ ᠲᠡᠯᠬᠡᠬᠦᠷ ᠢᠶᠠᠷ ᠭᠤᠤᠯᠯᠠᠬᠤ᠂ ᠠᠵᠤ ᠠᠬᠤᠶᠢᠯᠠᠯ ᠤᠨ ᠭᠤᠤᠯ ᠴᠤᠭᠴᠠ ᠪᠠ ᠵᠠᠰᠠᠭ ᠤᠨ | ᠤᠷᠳᠤᠨ ᠤ ᠲᠡᠮᠵᠢᠯᠬᠡ ᠶᠢ ᠤᠶᠠᠯᠳᠤᠭᠤᠯᠤᠭᠰᠠᠨ ᠬᠦᠭᠵᠢᠯᠳᠡ ᠶᠢ ᠵᠢᠮ᠎ᠡ ᠶᠤᠰᠤ ᠶᠢ ᠴᠢᠩᠭ᠎ᠠ ᠵᠢᠷᠤᠮᠯᠠᠵᠤ᠂ ᠡᠯ᠎ᠡ | ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠭᠴᠠ ᠨᠡᠬᠦᠷᠡᠰᠦᠨ ᠤ ᠵᠠᠬ᠎ᠠ ᠲᠡᠯᠬᠡᠬᠦᠷ ᠤᠨ ᠰᠤᠯᠢᠯᠴᠠᠭᠠᠨ ᠤ | ᠪᠠᠶᠢᠭᠤᠯᠤᠯᠳᠠ ᠳᠤ ᠤᠷᠤᠯᠴᠠᠬᠤ ᠶᠢ ᠢᠳᠡᠪᠬᠢᠳᠠᠢ ᠲᠠᠶᠢᠴᠢᠯᠠᠨ᠂ ᠤᠷᠤᠨ ᠬᠡᠪᠴᠢᠶᠡᠵᠢᠭᠰᠡᠨ ᠰᠦᠯᠵᠢᠶᠡᠨ ᠲᠡᠬᠡᠷᠡᠬᠢ | ᠨᠡᠬᠦᠷᠡᠰᠦᠨ ᠤ ᠰᠤᠯᠢᠯᠴᠠᠭᠠᠨ ᠤ ᠲᠠᠪᠴᠠᠩ ᠢ ᠲᠦᠷᠬᠡᠳᠬᠡᠨ ᠪᠠᠶᠢᠭᠤᠯᠵᠤ᠂ ᠨᠡᠬᠦᠷᠡᠰᠦᠨ ᠤ ᠦᠢᠯᠡᠳᠪᠦᠷᠢᠯᠡᠯ | ᠲᠡᠬᠡᠬᠡᠪᠦᠷᠢ ᠪᠤᠷᠤᠯᠠᠭᠤᠯᠭ᠎ᠠ ᠶᠢ ᠤᠶᠠᠯᠳᠤᠭᠤᠯᠬᠤ ᠪᠠᠶᠢᠭᠤᠯᠤᠮᠵᠢ ᠶᠢ ᠲᠡᠬᠦᠯᠳᠡᠷᠵᠢᠬᠦᠯᠵᠦ᠂ ᠤᠯᠠᠮᠵᠢᠯᠠᠯᠳᠤ | ᠦᠢᠯᠡᠳᠪᠦᠷᠢᠯᠡᠯ ᠲᠡᠬᠡᠬᠡᠪᠦᠷᠢ ᠪᠤᠷᠤᠯᠠᠭᠤᠯᠭ᠎ᠠ ᠶᠢᠨ ᠬᠡᠯᠪᠡᠷᠢ ᠠᠴᠠ ᠤᠳᠤ ᠦᠶ᠎ᠡ ᠶᠢᠨ ᠰᠤᠯᠢᠯᠴᠠᠭᠠᠨ ᠤ ᠬᠡᠯᠪᠡᠷᠢ | ᠲᠡᠰᠢ ᠬᠤᠪᠢᠷᠠᠭᠤᠯᠬᠤ ᠶᠢ ᠠᠬᠢᠭᠤᠯᠤᠨ᠂ ᠨᠡᠬᠦᠷᠡᠰᠦᠨ ᠤ ᠮᠦᠩᠭᠦᠨ ᠬᠦᠢᠯᠬᠡᠬᠡᠨ ᠤ ᠦᠢᠯᠡᠴᠢᠯᠡᠭᠡ ᠶᠢ ᠰᠢᠨᠡᠴᠢᠯᠡᠨ᠂ | ᠰᠤᠯᠢᠯᠴᠠᠭᠠᠨ ᠤ ᠦᠪᠡᠷ ᠤᠨ ᠦᠷᠳᠡᠭ ᠢ ᠲᠤᠷᠤᠭᠰᠢᠯᠠᠭᠤᠯᠤᠨ᠂ ᠨᠡᠬᠦᠷᠡᠰᠦᠨ ᠤ ᠡᠬᠢ ᠪᠠᠶᠠᠯᠢᠭ ᠤᠨ ᠬᠤᠪᠢᠶᠠᠷᠯᠠᠯ ᠢ | ᠰᠢᠯᠢᠳᠡᠭᠵᠢᠬᠦᠯᠦᠨ᠎ᠡ᠃ ᠵᠠᠬ᠎ᠠ ᠲᠡᠯᠬᠡᠬᠦᠷ ᠢ ᠬᠤᠪᠢᠶᠠᠨ ᠠᠩᠭᠢᠯᠠᠬᠤ᠂ ᠭᠠᠵᠠᠷ ᠤᠷᠤᠨ ᠤ ᠪᠢᠳᠠᠬᠦᠮᠵᠢᠯᠠᠯ ᠵᠡᠷᠬᠡ | ᠬᠢᠵᠠᠭᠠᠷᠯᠠᠯ ᠢ ᠤᠯᠠᠮ ᠨᠢᠬᠡ ᠠᠯᠬᠤᠮ ᠠᠷᠢᠯᠭᠠᠨ᠂ ᠨᠡᠬᠦᠷᠡᠰᠦᠨ ᠤ ᠰᠤᠯᠢᠯᠴᠠᠭᠠᠨ ᠤ ᠲᠠᠪᠴᠠᠩ ᠤᠨ ᠴᠢᠮᠡᠭᠡ ᠵᠠᠩᠭᠢ | ᠶᠢ ᠬᠠᠮᠳᠤᠪᠡᠷ ᠡᠳ᠋ᠯᠡᠬᠦ ᠶᠢ ᠠᠬᠢᠭᠤᠯᠵᠤ᠂ ᠤᠷᠤᠨ ᠬᠡᠪᠴᠢᠶ᠎ᠡ᠂ ᠠᠵᠢᠯ ᠲᠦᠷᠦᠯ ᠠᠯᠤᠰᠯᠠᠭᠰᠠᠨ ᠤᠶᠤᠨᠴᠢᠯᠠᠭᠰᠠᠨ | ᠡᠳ᠋ ᠪᠠᠷᠠᠭᠠᠨ ᠤ ᠬᠦᠢᠯᠬᠡᠬᠡᠨ ᠤ ᠴᠢᠮᠡᠭᠡ ᠵᠠᠩᠭᠢ ᠶᠢᠨ ᠦᠢᠯᠡᠴᠢᠯᠡᠬᠡᠨ ᠤ ᠲᠠᠪᠴᠠᠩ ᠢ ᠪᠦᠷᠢᠯᠳᠦᠬᠦᠯᠦᠨ᠎ᠡ᠃ ᠮᠠᠨ ᠤ | ᠬᠤᠰᠢᠭᠤᠨ ᠤ ᠢ ᠨᠧᠩ ᠲᠦᠩ ᠰᠤᠯᠢᠯᠴᠠᠭᠠᠨ ᠤ ᠲᠠᠪᠴᠠᠩ ᠢᠶᠠᠷ ᠰᠠᠭᠤᠷᠢ ᠪᠤᠯᠭᠠᠨ᠂ ᠲᠤᠮᠤ ᠳ᠋ᠠᠶᠢᠲ᠋ᠠ ᠶᠢᠨ | ᠪᠠᠶᠢᠯᠳᠤᠬᠤ ᠪᠤᠳᠤᠯᠭ᠎ᠠ ᠶᠢ ᠨᠡᠬᠦᠷᠡᠰᠦᠨ ᠤ ᠠᠵᠢᠯ ᠲᠦᠷᠦᠯ ᠳᠤ ᠪᠦᠬᠦ ᠲᠠᠯ᠎ᠠ ᠪᠠᠷ ᠬᠡᠷᠡᠭᠵᠢᠬᠦᠯᠬᠦ ᠶᠢ ᠠᠬᠢᠭᠤᠯᠤᠨ᠂ | ᠲᠤᠭ᠎ᠠ ᠪᠠᠷᠢᠮᠳᠠ ᠴᠤᠭᠯᠠᠭᠤᠯᠬᠤ ᠬᠡᠪᠴᠢᠶ᠎ᠡ ᠶᠢ ᠠᠯᠬᠤᠮ ᠠᠯᠬᠤᠮ ᠢᠶᠠᠷ ᠦᠷᠬᠡᠳᠬᠡᠨ᠂ ᠨᠡᠬᠦᠷᠡᠰᠦᠨ ᠤ | ᠦᠢᠯᠡᠳᠪᠦᠷᠢᠯᠡᠯ᠂ ᠲᠡᠬᠡᠬᠡᠪᠦᠷᠢᠯᠡᠬᠦ᠂ ᠪᠤᠷᠤᠯᠠᠭᠤᠯᠭ᠎ᠠ᠂ ᠪᠠᠷᠠᠭᠠᠨ ᠤ ᠬᠦᠢᠯᠬᠡᠬᠡ᠂ ᠡᠬᠢ ᠪᠠᠶᠠᠯᠢᠭ ᠵᠡᠷᠬᠡ ᠤᠷᠤᠨ | ᠬᠡᠪᠴᠢᠶᠡᠨ ᠤ ᠲᠤᠭ᠎ᠠ ᠪᠠᠷᠢᠮᠳᠠ ᠶᠢ ᠪᠦᠷᠬᠦᠬᠦᠯᠦᠨ᠂ ᠤᠳᠤ ᠶᠢᠨ ᠪᠠᠶᠢᠭ᠎ᠠ ᠨᠡᠬᠦᠷᠡᠰᠦᠨ ᠤ ᠲᠤᠭ᠎ᠠ ᠪᠠᠷᠢᠮᠳᠠ ᠶᠢᠨ | ᠡᠬᠢ ᠪᠠᠶᠠᠯᠢᠭ ᠢ ᠪᠦᠬᠦ ᠲᠠᠯ᠎ᠠ ᠪᠠᠷ ᠨᠢᠬᠡᠳᠦᠬᠦᠯᠦᠨ᠂ ᠨᠡᠬᠦᠷᠡᠰᠦᠨ ᠤ ᠦᠢᠯᠡᠳᠪᠦᠷᠢᠯᠡᠯ ᠰᠦᠪᠡᠭᠴᠢᠯᠡᠯ ᠤᠨ ᠰᠢᠨ᠎ᠡ | ᠪᠠᠶᠢᠳᠠᠯ᠂ ᠰᠢᠨ᠎ᠡ ᠬᠡᠯᠪᠡᠷᠢ ᠵᠢᠴᠢ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠠᠨ ᠲᠡᠰ ᠲᠡᠪᠰᠢᠬᠦᠯᠬᠦ ᠳᠤ | ᠬᠦᠴᠦᠳᠠᠢ ᠲᠠᠮᠵᠢᠯᠬᠡ ᠬᠠᠩᠭᠠᠨ᠎ᠠ᠃ | ᠭᠤᠷᠪᠠ᠂ ᠭᠤᠤᠯᠳᠠᠯᠭᠠᠳᠤ ᠠᠵᠢᠯ | ︵ᠨᠢᠬᠡ︶ ᠨᠡᠬᠦᠷᠡᠰᠦᠨ ᠤ ᠠᠵᠤ ᠦᠢᠯᠡᠰ ᠤᠨ ᠮᠦᠩᠭᠦᠨ ᠬᠦᠢᠯᠬᠡᠬᠡᠨ ᠤ ᠲᠤᠭᠠᠴᠠᠭ᠎ᠠ ᠶᠢᠨ ᠠᠵᠢᠯ ᠢ | ᠰᠢᠨᠡᠴᠢᠯᠡᠨ ᠦᠷᠨᠢᠬᠦᠯᠦᠨ᠎ᠡ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠲᠠᠶᠢᠴᠢᠯᠠᠬᠤ ᠦᠢᠯᠡᠳᠦᠯ ᠢ | ᠬᠦᠢᠴᠡᠳ ᠪᠠᠳᠠᠷᠠᠭᠤᠯᠤᠨ᠂ ᠡᠯ᠎ᠡ ᠲᠦᠷᠦᠯ ᠤᠨ ᠪᠠᠩᠭᠢ ᠬᠢᠬᠡᠳ ᠨᠡᠬᠦᠷᠡᠰᠦᠨ ᠤ ᠦᠢᠯᠡᠳᠪᠦᠷᠢᠯᠡᠯ ᠵᠢᠴᠢ | ᠲᠡᠬᠡᠬᠡᠪᠦᠷᠢᠯᠡᠨ ᠪᠤᠷᠤᠯᠠᠭᠤᠯᠬᠤ ᠠᠵᠤ ᠠᠬᠤᠶᠢᠯᠠᠯ ᠲᠠᠢ ᠬᠠᠮᠳᠤ ᠠᠮᠢᠳᠤᠯᠢᠭ᠂ ᠲᠦᠬᠦᠮ ᠲᠦᠳᠡ᠂ ᠦᠪᠡᠷ ᠤᠨ | ᠦᠷᠳᠡᠭ ᠲᠤᠤᠷ᠎ᠠ ᠮᠦᠩᠭᠦᠨ ᠬᠦᠢᠯᠬᠡᠬᠡᠨ ᠤ ᠦᠢᠯᠡᠴᠢᠯᠡᠬᠡᠨ ᠤ ᠠᠷᠭ᠎ᠠ ᠵᠠᠮ ᠢ ᠢᠳᠡᠪᠬᠢᠳᠠᠢ ᠲᠠᠶᠢᠴᠢᠯᠠᠨ᠎ᠠ᠃ ᠨᠢᠬᠡ | ᠳᠤ᠂ ᠤᠳᠤ ᠶᠢᠨ ᠪᠠᠶᠢᠭ᠎ᠠ ᠢ ᠨᠧᠩ ᠲᠦᠩ ᠰᠤᠯᠢᠯᠴᠠᠭᠠᠨ ᠤ ᠲᠠᠪᠴᠠᠩ ᠳᠤ ᠲᠦᠰᠢᠭᠯᠡᠨ᠂ ᠨᠡᠬᠦᠷᠡᠰᠦᠨ ᠤ ᠠᠵᠤ | ᠦᠢᠯᠡᠰ ᠬᠤᠯᠪᠤᠭᠠᠰᠤ ᠶᠢᠨ ᠦᠢᠯᠡᠳᠪᠦᠷᠢᠯᠡᠯ ᠪᠤᠷᠤᠯᠠᠭᠤᠯᠭ᠎ᠠ ᠶᠢᠨ ᠬᠤᠳᠠᠯᠳᠤᠨ ᠠᠪᠤᠭᠴᠢ ᠳᠤ ᠰᠤᠯᠢᠯᠴᠠᠭ᠎ᠠ᠂ | ᠲᠤᠭᠠᠴᠠᠭ᠎ᠠ᠂ ᠪᠠᠷᠠᠭᠠᠨ ᠤ ᠬᠦᠢᠯᠬᠡᠬᠡ᠂ ᠮᠦᠩᠭᠦᠨ ᠬᠦᠢᠯᠬᠡᠬᠡ᠂ ᠨᠡᠬᠦᠷᠡᠰᠦᠨ ᠤ ᠴᠢᠨᠠᠷ ᠤᠨ ᠪᠠᠶᠢᠴᠠᠭᠠᠯᠳᠠ᠂ | ᠴᠢᠮᠡᠭᠡ ᠵᠠᠩᠭᠢ ᠵᠡᠷᠬᠡ ᠦᠢᠯᠡᠴᠢᠯᠡᠭᠡ ᠶᠢ ᠬᠠᠩᠭᠠᠨ᠎ᠠ᠃ ᠠᠵᠤ ᠠᠬᠤᠶᠢᠯᠠᠯ ᠤᠨ ᠵᠠᠬ᠎ᠠ ᠲᠡᠯᠬᠡᠬᠦᠷ ᠤᠨ ᠠᠮᠢᠵᠢᠷᠠᠯ ᠤᠨ | ᠬᠦᠴᠦᠨ ᠢ ᠤᠯᠠᠮ ᠨᠢᠬᠡ ᠠᠯᠬᠤᠮ ᠠᠬᠢᠭᠤᠯᠤᠨ᠂ ᠮᠠᠨ ᠤ ᠬᠤᠰᠢᠭᠤᠨ ᠤ ᠭᠠᠵᠠᠷ ᠤᠷᠤᠨ ᠤ ᠮᠦᠩᠭᠦᠨ ᠬᠦᠢᠯᠬᠡᠬᠡᠨ | ᠤ ᠪᠠᠶᠢᠭᠤᠯᠤᠮᠵᠢ ᠳᠤ ᠵᠠᠬ᠎ᠠ ᠲᠡᠯᠬᠡᠬᠦᠷ ᠤᠨ ᠠᠳᠠᠯᠢ ᠬᠤᠭᠤᠴᠠᠭᠠᠨ ᠤ ᠬᠦᠦ ᠨᠤᠷᠮ᠎ᠠ ᠠᠴᠠ ᠲᠤᠤᠷ᠎ᠠ ᠪᠡᠯᠡ ᠮᠦᠩᠭᠦ | ᠬᠤᠷᠠᠮᠳᠤᠭᠤᠯᠬᠤ ᠦᠢᠯᠡᠴᠢᠯᠡᠭᠡ ᠶᠢ ᠬᠠᠩᠭᠠᠵᠤ᠂ ᠭᠠᠵᠠᠷ ᠤᠷᠤᠨ ᠤ ᠠᠵᠤ ᠠᠬᠤᠶᠢᠯᠠᠯ ᠤᠨ ᠪᠡᠯᠡ ᠮᠦᠩᠭᠦ | ᠬᠤᠷᠠᠮᠳᠤᠭᠤᠯᠬᠤ ᠬᠦᠴᠢᠷ᠂ ᠦᠨᠡᠳᠠᠢ ᠵᠡᠷᠬᠡ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠵᠦ᠂ ᠨᠡᠬᠦᠷᠡᠰᠦᠨ ᠤ | ᠦᠢᠯᠡᠳᠪᠦᠷᠢᠯᠡᠯ ᠤᠨ ᠠᠵᠤ ᠠᠬᠤᠶᠢᠯᠠᠯ ᠳᠤ ᠦᠪᠡᠷ ᠤᠨ ᠦᠷᠳᠡᠭ ᠢ ᠲᠤᠷᠤᠭᠰᠢᠯᠠᠭᠤᠯᠤᠨ ᠦᠷ᠎ᠡ ᠪᠦᠳᠦᠮᠵᠢ ᠶᠢ | ᠨᠡᠮᠡᠭᠳᠡᠬᠦᠯᠬᠦ ᠳᠤ ᠲᠠᠮᠵᠢᠯᠬᠡ ᠬᠠᠩᠭᠠᠨ᠎ᠠ᠃ ᠬᠤᠶᠠᠷ ᠲᠤ᠂ ᠨᠡᠬᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ | ᠤᠨ ᠭᠤᠤᠯᠯᠠᠬᠤ ᠦᠢᠯᠡᠳᠦᠯ ᠢ ᠪᠦᠳᠦᠮᠵᠢᠳᠠᠢ ᠪᠠᠳᠠᠷᠠᠭᠤᠯᠤᠨ᠂ ᠰᠦᠯᠵᠢᠶᠡᠨ ᠲᠡᠬᠡᠷ᠎ᠡ ᠰᠤᠯᠢᠯᠴᠠᠭᠠᠨ ᠤ ᠶᠠᠪᠤᠴᠠ ᠳᠤ | ᠪᠡᠯᠡ ᠮᠦᠩᠭᠦ ᠪᠠᠨ ᠦᠪᠡᠷᠳᠡᠬᠡᠨ ᠲᠤᠬᠢᠷᠠᠭᠤᠯᠬᠤ ᠪᠠ ᠪᠠᠶᠢᠴᠠᠭᠠᠨ ᠠᠰᠠᠭᠤᠬᠤ ᠶᠢ ᠪᠡᠶᠡᠯᠡᠬᠦᠯᠵᠦ᠂ ᠨᠡᠬᠦᠷᠡᠰᠦᠨ ᠤ | ᠰᠤᠯᠢᠯᠴᠠᠭ᠎ᠠ ᠲᠤᠭᠠᠴᠠᠭᠠᠨ ᠤ ᠪᠡᠯᠡ ᠮᠦᠩᠭᠦ ᠶᠢ ᠭᠠᠵᠠᠷ ᠤᠷᠤᠨ ᠤ ᠪᠠᠩᠭᠢ ᠳᠤ ᠦᠯᠡᠳᠡᠬᠡᠵᠤ᠂ ᠮᠠᠨ ᠤ ᠬᠤᠰᠢᠭᠤᠨ | ᠤ ᠠᠵᠤ ᠠᠬᠤᠢ ᠨᠡᠶᠢᠬᠡᠮ ᠵᠢᠴᠢ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠳᠡ ᠶᠢ ᠨᠡᠩ ᠰᠠᠶᠢᠨ | ᠲᠠᠶᠢᠴᠢᠯᠠᠨ᠎ᠠ᠃ | ︵ᠬᠤᠶᠠᠷ︶ ᠰᠦᠯᠵᠢᠶᠡᠨ ᠳᠠᠬᠢ ᠨᠡᠬᠦᠷᠡᠰᠦᠨ ᠤ ᠪᠠᠷᠠᠭᠠᠨ ᠤ ᠬᠦᠢᠯᠬᠡᠬᠡᠨ ᠤ ᠰᠤᠯᠢᠯᠴᠠᠭᠠᠨ ᠤ | ᠲᠤᠭᠳᠠᠯᠴᠠᠭ᠎ᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠦᠨ᠎ᠡ᠃ ᠨᠢᠬᠡ ᠳᠤ᠂ ᠪᠠᠷᠠᠭᠠᠨ ᠤ ᠰᠦᠯᠵᠢᠶ᠎ᠡ᠂ ᠨᠡᠬᠦᠳᠡᠯ | ᠬᠤᠯᠪᠤᠭᠠᠨ ᠤ ᠰᠦᠯᠵᠢᠶ᠎ᠡ ᠵᠡᠷᠬᠡ ᠲᠡᠷᠢᠬᠦᠨ ᠤ ᠮᠡᠷᠬᠡᠵᠢᠯ ᠤᠨ ᠨᠡᠬᠦᠷᠡᠰᠦᠨ ᠤ ᠪᠠᠷᠠᠭᠠᠨ ᠤ ᠬᠦᠢᠯᠬᠡᠬᠡᠨ ᠤ ᠤᠷᠤᠨ | ᠬᠡᠪᠴᠢᠶᠡᠨ ᠤ ᠬᠡᠷᠡᠭᠯᠡᠯᠳᠡ ᠶᠢ ᠲᠦᠷᠬᠡᠳᠬᠡᠨ᠂ ᠲᠡᠬᠡᠬᠡᠪᠦᠷᠢᠯᠡᠬᠦ ᠬᠦᠴᠦᠨ ᠤ ᠡᠬᠢ ᠪᠠᠶᠠᠯᠢᠭ ᠪᠠ ᠨᠡᠬᠦᠷᠡᠰᠦᠨ ᠤ | ᠦᠢᠯᠡᠳᠪᠦᠷᠢᠯᠡᠯ ᠡᠵᠡᠩᠨᠡᠯᠳᠡ ᠶᠢᠨ ᠠᠵᠤ ᠠᠬᠤᠶᠢᠯᠠᠯ ᠤᠨ ᠬᠤᠯᠪᠤᠯᠴᠠᠬᠤ ᠶᠢ ᠪᠡᠶᠡᠯᠡᠬᠦᠯᠦᠨ᠂ ᠨᠡᠬᠦᠷᠡᠰᠦᠨ ᠤ | ᠪᠠᠷᠠᠭᠠᠨ ᠤ ᠬᠦᠢᠯᠬᠡᠬᠡᠨ ᠤ ᠲᠤᠰᠬᠠᠶᠢᠵᠢᠭᠰᠠᠨ ᠬᠠᠮᠢᠶᠠᠷᠤᠯᠳᠠ ᠪᠠ ᠦᠢᠯᠡᠴᠢᠯᠡᠬᠡᠨ ᠤ ᠴᠢᠳᠠᠪᠬᠢ ᠶᠢ | ᠲᠡᠬᠡᠭᠰᠢᠯᠡᠬᠦᠯᠦᠨ᠎ᠡ᠃ ᠬᠤᠶᠠᠷ ᠲᠤ᠂ ᠢ ᠨᠧᠩ ᠲᠦᠩ ᠰᠤᠯᠢᠯᠴᠠᠭᠠᠨ ᠤ ᠲᠠᠪᠴᠠᠩ ᠢ ᠲᠦᠰᠢᠭᠯᠡᠨ᠂ ᠰᠦᠯᠵᠢᠶᠡᠨ | ᠲᠡᠬᠡᠷ᠎ᠡ ᠨᠡᠬᠦᠷᠡᠰᠦᠨ ᠤ ᠵᠠᠰᠠᠮᠠᠯ ᠵᠠᠮ ᠤᠨ ᠲᠡᠬᠡᠬᠡᠪᠦᠷᠢ ᠶᠢᠨ ᠬᠠᠪᠳᠠᠰᠤ᠂ ᠴᠢᠮᠡᠭᠡ ᠵᠠᠩᠬᠢᠵᠢᠯᠳᠡ ᠶᠢᠨ ᠲᠠᠪᠴᠠᠩ ᠢ | ᠠᠰᠢᠭᠯᠠᠨ ᠪᠠᠷᠠᠭᠠᠨ ᠤ ᠬᠦᠢᠯᠬᠡᠬᠡ ᠲᠡᠬᠡᠬᠡᠪᠦᠷᠢ ᠶᠢᠨ ᠲᠤᠬᠠᠶᠢᠯᠠᠭᠰᠠᠨ ᠠᠵᠢᠯ ᠢ ᠦᠷᠨᠢᠬᠦᠯᠵᠦ᠂ ᠪᠦᠬᠦ ᠬᠤᠰᠢᠭᠤᠨ ᠤ | ᠪᠠᠷᠠᠭᠠᠨ ᠤ ᠬᠦᠢᠯᠬᠡᠬᠡ ᠶᠢ ᠨᠢᠬᠡᠳᠦᠯᠳᠠᠢ ᠲᠤᠬᠢᠷᠠᠭᠤᠯᠤᠨ᠂ ᠲᠡᠬᠡᠬᠡᠪᠦᠷᠢᠯᠡᠬᠦ ᠪᠠ ᠲᠤᠭᠠᠴᠠᠭ᠎ᠠ ᠶᠢ ᠪᠡᠶᠡᠯᠡᠬᠦᠯᠦᠨ᠎ᠡ᠃ | ᠭᠤᠷᠪᠠ ᠳᠤ᠂ ᠭᠠᠵᠠᠷ ᠤᠷᠤᠨ ᠤ ᠴᠢᠨᠠᠷᠳᠠᠢ ᠲᠤᠮᠤ ᠬᠡᠯᠪᠡᠷᠢ ᠶᠢᠨ ᠤᠶᠤᠨᠴᠢᠯᠠᠭᠰᠠᠨ ᠪᠠᠷᠠᠭᠠᠨ ᠤ ᠬᠦᠢᠯᠬᠡᠬᠡᠨ | ᠲᠡᠬᠡᠬᠡᠪᠦᠷᠢ ᠶᠢᠨ ᠺᠤᠮᠫᠠᠨᠢ ᠶᠢ ᠬᠦᠮᠦᠵᠢᠬᠦᠯᠬᠦ ᠪᠠ ᠴᠤᠭᠴᠠᠯᠠᠨ᠂ ᠪᠠᠷᠠᠭᠠᠨ ᠤ ᠬᠦᠢᠯᠬᠡᠬᠡᠨ ᠤ ᠲᠤᠬᠢᠷᠠᠭᠤᠯᠤᠨ ᠬᠦᠷᠬᠡᠬᠦ | ᠲᠤᠭᠳᠠᠯᠴᠠᠭ᠎ᠠ ᠶᠢ ᠰᠢᠨᠡᠴᠢᠯᠡᠨ᠂ ᠲᠡᠬᠡᠬᠡᠪᠦᠷᠢ ᠶᠢᠨ ᠴᠢᠳᠠᠮᠵᠢ ᠶᠢ ᠵᠤᠬᠢᠶᠠᠨ ᠪᠠᠶᠢᠭᠤᠯᠬᠤ ᠶᠢ ᠲᠡᠬᠡᠭᠰᠢᠯᠡᠬᠦᠯᠵᠦ᠂ | ᠪᠠᠷᠠᠭᠠᠨ ᠤ ᠬᠦᠢᠯᠬᠡᠬᠡᠨ ᠤ ᠲᠡᠬᠡᠬᠡᠪᠦᠷᠢ ᠶᠢᠨ ᠦᠪᠡᠷ ᠤᠨ ᠦᠷᠳᠡᠭ ᠢ ᠲᠤᠷᠤᠭᠰᠢᠯᠠᠭᠤᠯᠤᠨ᠂ ᠭᠠᠵᠠᠷ ᠤᠷᠤᠨ ᠤ | ᠤᠳᠦ ᠦᠶ᠎ᠡ ᠶᠢᠨ ᠪᠠᠷᠠᠭᠠᠨ ᠤ ᠬᠦᠢᠯᠬᠡᠬᠡᠨ ᠤ ᠲᠡᠬᠡᠬᠡᠪᠦᠷᠢ ᠶᠢᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ | ᠪᠦᠳᠦᠮᠵᠢᠳᠠᠢ ᠠᠬᠢᠭᠤᠯᠤᠨ᠎ᠠ᠃ | ︵ᠭᠤᠷᠪᠠ︶ ᠨᠡᠬᠦᠷᠡᠰᠦᠨ ᠤ ᠦᠢᠯᠡᠳᠪᠦᠷᠢᠯᠡᠯ ᠲᠡᠬᠡᠬᠡᠪᠦᠷᠢ ᠪᠤᠷᠤᠯᠠᠭᠤᠯᠭ᠎ᠠ ᠶᠢᠨ ᠠᠵᠤ ᠦᠢᠯᠡᠰ ᠤᠨ | ᠰᠤᠯᠢᠯᠴᠠᠭᠠᠨ ᠤ ᠬᠡᠯᠬᠢᠶᠡᠰᠦ ᠶᠢ ᠦᠨᠡᠨᠬᠦ ᠦᠷᠬᠡᠳᠬᠡᠨ᠎ᠡ᠃ ᠢ ᠨᠧᠩ ᠲᠦᠩ ᠰᠤᠯᠢᠯᠴᠠᠭᠠᠨ ᠤ ᠲᠠᠪᠴᠠᠩ ᠤᠨ | ᠴᠢᠮᠡᠭᠡ ᠵᠠᠩᠭᠢ ᠨᠡᠶᠢᠳᠡᠯᠡᠬᠦ᠂ ᠮᠡᠷᠬᠡᠵᠢᠯ ᠤᠨ ᠦᠢᠯᠡᠴᠢᠯᠡᠭᠡ᠂ ᠤᠬᠠᠭᠤᠯᠭ᠎ᠠ ᠲᠦᠬᠡᠮᠡᠯᠵᠢᠬᠦᠯᠦᠯᠳᠡ᠂ ᠠᠵᠢᠯ ᠲᠦᠷᠦᠯ | ᠤᠨ ᠦᠪᠡᠷ ᠤᠨ ᠱᠠᠭᠠᠷᠳᠠᠯᠭ᠎ᠠ ᠵᠡᠷᠬᠡ ᠦᠢᠯᠡᠳᠦᠯ ᠢ ᠪᠦᠳᠦᠮᠵᠢᠳᠠᠢ ᠪᠠᠳᠠᠷᠠᠭᠤᠯᠤᠨ᠂ ᠠᠵᠢᠯ ᠲᠦᠷᠦᠯ ᠤᠨ | ᠶᠡᠷᠦᠩᠬᠡᠶᠢᠯᠡᠭᠰᠡᠨ ᠦᠢᠯᠡᠴᠢᠯᠡᠬᠡᠨ ᠤ ᠴᠢᠳᠠᠪᠤᠷᠢ ᠶᠢ ᠢᠳᠡᠪᠬᠢᠳᠠᠢ ᠲᠡᠬᠡᠭᠰᠢᠯᠡᠬᠦᠯᠦᠨ᠎ᠡ᠃ ᠤᠯᠠᠨ ᠴᠢᠳᠠᠪᠬᠢᠳᠤ | ᠬᠤᠳᠠᠯᠳᠤᠭᠠᠨ ᠤ ᠦᠵᠡᠬᠦᠯᠦᠯᠬᠡ᠂ ᠰᠡᠯᠪᠢᠨ ᠵᠠᠰᠠᠵᠤ ᠪᠠᠶᠢᠴᠠᠭᠠᠨ ᠬᠡᠮᠵᠢᠬᠦ᠂ ᠪᠠᠷᠠᠭᠠᠨ ᠤ ᠬᠦᠢᠯᠬᠡᠬᠡᠨ ᠤ | ᠬᠠᠳᠠᠭᠠᠯᠠᠮᠵᠢ ᠲᠤᠬᠢᠷᠠᠭᠤᠯᠤᠨ ᠬᠦᠷᠬᠡᠬᠦ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠠᠮᠢᠳᠤᠷᠠᠯ ᠤᠨ | ᠦᠢᠯᠡᠴᠢᠯᠡᠭᠡ᠂ ᠦᠢᠯᠡᠳᠬᠦᠨ ᠰᠤᠳᠤᠯᠤᠨ ᠭᠠᠷᠭᠠᠬᠤ ᠵᠡᠷᠬᠡ ᠳᠤ ᠲᠦᠰᠢᠭᠯᠡᠨ᠂ ᠲᠦᠷᠦᠯ ᠵᠦᠢᠯ ᠪᠦᠷᠢᠨ᠂ | ᠲᠠᠷᠬᠠᠯᠳᠠ ᠦᠷᠬᠡᠨ᠂ ᠡᠬᠦᠷᠬᠡ ᠴᠢᠳᠠᠪᠬᠢ ᠲᠡᠬᠦᠯᠳᠡᠷ ᠨᠢᠬᠡ ᠴᠤᠭᠴᠠᠵᠢᠭᠰᠠᠨ ᠤᠳᠤ ᠦᠶ᠎ᠡ ᠶᠢᠨ ᠦᠢᠯᠡᠴᠢᠯᠡᠬᠡᠨ ᠤ | ᠲᠤᠭᠳᠠᠯᠴᠠᠭ᠎ᠠ ᠶᠢ ᠪᠦᠷᠢᠯᠳᠦᠬᠦᠯᠦᠨ᠎ᠡ᠃ | ᠲᠦᠷᠪᠡ᠂ ᠪᠠᠳᠤᠯᠠᠭ᠎ᠠ ᠶᠢᠨ ᠠᠷᠭ᠎ᠠ ᠪᠠᠷᠢᠯ | ︵ᠨᠢᠬᠡ︶ ᠦᠵᠡᠯ ᠰᠠᠨᠠᠭ᠎ᠠ ᠪᠠᠨ ᠨᠢᠬᠡᠳᠬᠡᠨ᠂ ᠲᠠᠨᠢᠯᠳᠠ ᠪᠠᠨ ᠲᠡᠬᠡᠭᠰᠢᠯᠡᠬᠦᠯᠦᠨ᠎ᠡ᠃ ᠡᠯ᠎ᠡ ᠬᠤᠯᠪᠤᠭᠳᠠᠯ | ᠪᠦᠬᠦᠢ ᠪᠠᠯᠭᠠᠰᠤ ᠪᠠ ᠰᠠᠯᠠᠭ᠎ᠠ ᠮᠦᠴᠢᠷ ᠨᠡᠬᠦᠷᠡᠰᠦᠨ ᠤ ᠨᠢᠬᠡᠳᠦᠯᠳᠠᠢ ᠰᠤᠯᠢᠯᠴᠠᠭ᠎ᠠ ᠲᠤᠭᠠᠴᠠᠭ᠎ᠠ ᠪᠠ ᠪᠠᠷᠠᠭᠠᠨ ᠤ | ᠬᠦᠢᠯᠬᠡᠬᠡᠨ ᠤ ᠲᠡᠬᠡᠬᠡᠪᠦᠷᠢ ᠶᠢᠨ ᠠᠵᠢᠯ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠬᠠᠷᠢᠭᠤᠴᠠᠯᠭᠠᠳᠠᠨ | ᠦᠪᠡᠷᠳᠡᠬᠡᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠷᠬᠦᠬᠡᠯᠡᠨ᠂ ᠬᠤᠪᠢᠳᠠᠨ ᠬᠠᠮᠢᠶᠠᠷᠬᠤ ᠤᠳᠤᠷᠢᠳᠤᠯᠭ᠎ᠠ | ᠪᠤᠳᠠᠳᠠᠢ ᠪᠠᠷ ᠠᠳᠬᠤᠵᠤ᠂ ᠲᠤᠬᠢᠷᠠᠭᠤᠯᠤᠯᠳᠠ ᠶᠢ ᠴᠢᠩᠭᠠᠳᠬᠠᠬᠤ ᠶᠢᠨ ᠲᠠᠭᠠᠤ ᠠᠵᠢᠯᠳᠠᠨ ᠲᠤᠮᠢᠯᠠᠨ ᠪᠤᠳᠠᠳᠠᠢ ᠪᠠᠷ | ᠬᠠᠷᠢᠭᠤᠴᠠᠭᠤᠯᠤᠨ᠂ ᠲᠤᠰ ᠲᠦᠷᠦᠯ ᠤᠨ ᠠᠵᠢᠯ ᠢ ᠱᠠᠭᠠᠷᠳᠠᠯᠭ᠎ᠠ ᠶᠤᠰᠤᠭᠠᠷ ᠤᠷᠤᠨᠰᠢᠭᠤᠯᠤᠨ ᠬᠡᠷᠡᠭᠵᠢᠬᠦᠯᠬᠦ ᠶᠢ | ᠪᠠᠳᠤᠯᠠᠨ᠎ᠠ᠃ ᠪᠦᠬᠦ ᠬᠤᠰᠢᠭᠤᠨ ᠤ ᠨᠡᠬᠦᠷᠡᠰᠦᠨ ᠤ ᠦᠢᠯᠡᠳᠪᠦᠷᠢᠯᠡᠯ ᠡᠵᠡᠩᠨᠡᠯᠳᠡ ᠶᠢᠨ ᠠᠵᠤ ᠠᠬᠤᠶᠢᠯᠠᠯ ᠠᠴᠠ | ᠲᠤᠭ᠎ᠠ ᠪᠠᠷᠢᠮᠳᠠ ᠬᠢᠬᠡᠳ ᠢ ᠨᠧᠩ ᠲᠦᠩ ᠰᠤᠯᠢᠯᠴᠠᠭᠠᠨ ᠤ ᠲᠠᠪᠴᠠᠩ ᠤᠨ ᠴᠠᠭ ᠲᠤᠬᠠᠢ ᠳᠤᠨᠢ ᠬᠠᠮᠳᠤᠪᠡᠷ | ᠡᠳ᠋ᠯᠡᠬᠦ ᠶᠢ ᠲᠦᠷᠬᠡᠳᠬᠡᠨ ᠪᠡᠶᠡᠯᠡᠬᠦᠯᠵᠦ᠂ ᠨᠡᠬᠦᠷᠡᠰᠦᠨ ᠤ ᠲᠤᠭ᠎ᠠ ᠪᠠᠷᠢᠮᠳᠠ ᠶᠢᠨ ᠡᠬᠢ ᠪᠠᠶᠠᠯᠢᠭ ᠤᠨ ᠪᠦᠳᠦᠮᠵᠢᠳᠠᠢ | ᠨᠢᠬᠡᠳᠦᠬᠦᠯᠬᠦ ᠪᠠ ᠶᠡᠷᠦᠩᠬᠡᠶᠢᠯᠡᠨ ᠠᠰᠢᠭᠯᠠᠬᠤ ᠶᠢ ᠦᠨᠡᠨᠬᠦ ᠪᠠᠳᠤᠯᠠᠨ᠎ᠠ᠃ | ︵ᠬᠤᠶᠠᠷ︶ ᠤᠬᠠᠭᠤᠯᠭ᠎ᠠ ᠶᠢ ᠰᠠᠶᠢᠳᠤᠷ ᠬᠢᠵᠦ᠂ ᠬᠦᠳᠦᠯᠦᠮᠵᠢ ᠪᠠᠨ ᠴᠢᠩᠭᠠᠳᠬᠠᠨ᠎ᠠ᠃ ᠢ ᠨᠧᠩ ᠲᠦᠩ | ᠰᠤᠯᠢᠯᠴᠠᠭᠠᠨ ᠤ ᠲᠠᠪᠴᠠᠩ ᠤᠨ ᠴᠢᠳᠠᠪᠬᠢ ᠶᠢᠨ ᠬᠡᠷᠡᠭᠯᠡᠭᠡ ᠪᠠᠷ ᠮᠠᠨ ᠤ ᠬᠤᠰᠢᠭᠤᠨ ᠤ ᠡᠯ᠎ᠡ ᠬᠤᠯᠪᠤᠭᠳᠠᠯ ᠪᠦᠬᠦᠢ | ᠪᠠᠯᠭᠠᠰᠤ᠂ ᠬᠦᠷᠢᠶᠡᠯᠡᠩ᠂ ᠰᠠᠯᠠᠭ᠎ᠠ ᠮᠦᠴᠢᠷ ᠵᠢᠴᠢ ᠠᠵᠤ ᠠᠬᠤᠶᠢᠯᠠᠯ ᠤᠨ ᠤᠳᠤᠷᠢᠳᠤᠯᠭ᠎ᠠ ᠺᠠᠳ᠋ᠷᠴᠤᠳ ᠤᠨ | ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠤᠯᠭᠠᠵᠤ᠂ ᠨᠡᠶᠢᠳᠡᠯᠢᠭ ᠲᠤᠷᠰᠢᠯᠭ᠎ᠠ ᠶᠢ ᠬᠤᠷᠢᠶᠠᠩᠭᠤᠶᠢᠯᠠᠨ | ᠲᠦᠬᠡᠮᠡᠯᠵᠢᠬᠦᠯᠵᠦ᠂ ᠠᠵᠤ ᠠᠬᠤᠶᠢᠯᠠᠯ ᠤᠨ ᠰᠢᠨᠡᠴᠢᠯᠡᠯᠳᠡ ᠶᠢᠨ ᠤᠬᠠᠮᠰᠠᠷ ᠢ ᠲᠡᠬᠡᠭᠰᠢᠯᠡᠬᠦᠯᠵᠦ᠂ ᠨᠡᠬᠦᠷᠡᠰᠦᠨ ᠤ | ᠡᠵᠡᠩᠨᠡᠯᠳᠡ ᠶᠢᠨ ᠠᠵᠤ ᠠᠬᠤᠶᠢᠯᠠᠯ ᠢ ᠲᠠᠶᠢᠴᠢᠯᠠᠨ ᠰᠦᠯᠵᠢᠶᠡᠨ ᠲᠡᠬᠡᠷᠡᠬᠢ ᠨᠡᠬᠦᠷᠡᠰᠦᠨ ᠤ ᠵᠠᠬ᠎ᠠ ᠲᠡᠯᠬᠡᠬᠦᠷ ᠤᠨ | ᠰᠤᠯᠢᠯᠴᠠᠭᠠᠨ ᠤ ᠲᠠᠪᠴᠠᠩ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠤᠨ᠎ᠠ᠃ | ︵ᠭᠤᠷᠪᠠ︶ ᠡᠬᠢ ᠪᠠᠶᠠᠯᠢᠭ ᠢᠶᠠᠨ ᠨᠢᠬᠡᠳᠦᠬᠦᠯᠦᠨ᠂ ᠦᠷ᠎ᠡ ᠪᠦᠳᠦᠮᠵᠢ ᠶᠢ ᠲᠡᠬᠡᠭᠰᠢᠯᠡᠬᠦᠯᠦᠨ᠎ᠡ᠃ ᠢ ᠨᠧᠩ | ᠲᠦᠩ ᠰᠤᠯᠢᠯᠴᠠᠭᠠᠨ ᠤ ᠲᠠᠪᠴᠠᠩ ᠪᠠ ᠲᠤᠮᠤ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠳᠤᠪᠡᠷ ᠡᠳ᠋ᠯᠡᠬᠦ ᠮᠡᠷᠬᠡᠵᠢᠯ ᠳᠤ | ᠲᠦᠰᠢᠭᠯᠡᠨ᠂ ᠠᠵᠢᠯ ᠲᠦᠷᠦᠯ ᠤᠨ ᠲᠤᠳᠤᠷᠠᠬᠢ ᠰᠠᠯᠠᠭ᠎ᠠ ᠮᠦᠴᠢᠷ ᠵᠢᠴᠢ ᠨᠡᠬᠦᠷᠡᠰᠦᠨ ᠤ ᠦᠢᠯᠡᠳᠪᠦᠷᠢᠯᠡᠯ ᠡᠵᠡᠩᠨᠡᠨ | ᠪᠤᠷᠤᠯᠠᠭᠤᠯᠬᠤ ᠠᠵᠤ ᠠᠬᠤᠶᠢᠯᠠᠯ ᠤᠨ ᠲᠤᠭ᠎ᠠ ᠪᠠᠷᠢᠮᠳᠠ ᠶᠢ ᠪᠦᠳᠦᠮᠵᠢᠳᠠᠢ ᠪᠠᠷ ᠨᠢᠬᠡᠳᠦᠬᠦᠯᠦᠨ᠂ ᠵᠠᠰᠠᠭ ᠤᠨ | ᠤᠷᠳᠤᠨ ᠤ ᠰᠠᠯᠠᠭ᠎ᠠ ᠮᠦᠴᠢᠷ ᠲᠤ ᠪᠦᠬᠦ ᠲᠠᠯ᠎ᠠ ᠶᠢᠨ ᠤᠨᠤᠪᠴᠢᠳᠠᠢ ᠲᠤᠭ᠎ᠠ ᠪᠦᠷᠢᠳᠬᠡᠯ ᠤᠨ ᠵᠠᠳᠠᠯᠤᠯᠳᠠ ᠪᠠ | ᠦᠨᠡᠯᠡᠯᠳᠡ᠂ ᠦᠷᠢᠳᠴᠢᠯᠠᠨ ᠰᠡᠷᠡᠮᠵᠢᠬᠦᠯᠬᠦ ᠵᠡᠷᠬᠡ ᠬᠤᠯᠪᠤᠭᠳᠠᠯ ᠪᠦᠬᠦᠢ ᠦᠢᠯᠡᠴᠢᠯᠡᠭᠡ ᠶᠢ ᠬᠠᠩᠭᠠᠵᠤ᠂ ᠠᠵᠤ | ᠠᠬᠤᠶᠢᠯᠠᠯ ᠤᠨ ᠡᠵᠡᠩᠨᠡᠯᠳᠡ ᠶᠢᠨ ᠦᠪᠡᠷ ᠤᠨ ᠦᠷᠳᠡᠭ ᠪᠠ ᠰᠢᠢᠳᠪᠦᠷᠢ ᠠᠯᠳᠠᠭᠳᠠᠯ ᠢ ᠦᠨᠡᠨᠬᠦ ᠲᠤᠷᠤᠭᠰᠢᠭᠤᠯᠵᠤ᠂ | ᠮᠠᠨ ᠤ ᠬᠤᠰᠢᠭᠤᠨ ᠤ ᠨᠡᠬᠦᠷᠡᠰᠦᠨ ᠤ ᠦᠢᠯᠡᠳᠪᠦᠷᠢᠯᠡᠯ ᠡᠵᠡᠩᠨᠡᠯᠳᠡ ᠪᠤᠷᠤᠯᠠᠭᠤᠯᠭ᠎ᠠ ᠶᠢᠨ ᠠᠵᠤ ᠠᠬᠤᠶᠢᠯᠠᠯ ᠳᠤ | ᠰᠢᠯᠢᠳᠡᠭ ᠡᠵᠡᠩᠨᠡᠯᠳᠡ ᠶᠢᠨ ᠤᠷᠴᠢᠨ ᠲᠤᠭᠤᠷᠢᠨ ᠢ ᠬᠠᠩᠭᠠᠨ᠎ᠠ᠃ | ︵ᠲᠦᠷᠪᠡ︶ ᠲᠦᠯᠦᠪᠵᠢᠬᠦᠯᠦᠨ ᠲᠤᠬᠢᠷᠠᠭᠤᠯᠵᠤ᠂ ᠨᠢᠭᠳᠠᠷᠠᠯᠴᠠᠨ ᠬᠠᠮᠵᠢᠯᠴᠠᠨ᠎ᠠ᠃ ᠬᠤᠰᠢᠭᠤᠨ ᠤ | ᠨᠡᠬᠦᠷᠡᠰᠦᠨ ᠤ ᠲᠤᠪᠴᠢᠶ᠎ᠠ᠂ ᠠᠶᠤᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠵᠢᠴᠢ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ | ᠨᠢᠭᠳᠠᠷᠠᠯᠴᠠᠨ ᠬᠠᠮᠵᠢᠯᠴᠠᠵᠤ᠂ ᠨᠡᠬᠦᠷᠡᠰᠦ ᠶᠢ ᠲᠠᠪᠴᠠᠩ ᠤᠨ ᠰᠤᠯᠢᠯᠴᠠᠭ᠎ᠠ ᠪᠠ ᠲᠤᠭᠤᠴᠠᠭ᠎ᠠ ᠶᠢᠨ ᠠᠵᠢᠯ ᠢ | ᠲᠦᠷᠬᠡᠳᠬᠡᠨ ᠠᠬᠢᠭᠤᠯᠵᠤ᠂ ᠠᠵᠤ ᠠᠬᠤᠶᠢᠯᠠᠯ ᠢ ᠲᠠᠶᠢᠴᠢᠯᠠᠨ ᠵᠤᠷᠢᠭᠵᠢᠭᠤᠯᠵᠤ ᠲᠠᠪᠴᠠᠩ ᠤᠨ ᠰᠤᠯᠢᠯᠴᠠᠭ᠎ᠠ ᠪᠠ | ᠲᠤᠭᠠᠴᠠᠭ᠎ᠠ ᠵᠢᠴᠢ ᠲᠤᠮᠳᠠ ᠤᠶᠢᠷ᠎ᠠ ᠵᠠᠮ ᠤᠨ ᠮᠠᠰᠢᠨ ᠦᠬᠡᠢ ᠲᠡᠬᠡᠬᠡᠪᠦᠷᠢᠯᠡᠬᠦ ᠡᠵᠡᠩᠨᠡᠯᠳᠡ ᠬᠠᠮᠢᠶᠠᠷᠤᠯᠳᠠ ᠶᠢᠨ | ᠬᠡᠯᠪᠡᠷᠢ ᠶᠢ ᠦᠷᠨᠢᠬᠦᠯᠵᠦ᠂ ᠲᠦᠷᠢᠮᠵᠢᠭᠰᠡᠨ ᠬᠠᠮᠢᠶᠠᠷᠤᠯᠳᠠ ᠪᠠ ᠪᠦᠯᠬᠦᠮ ᠬᠤᠯᠪᠤᠭᠠᠯᠠᠵᠤ ᠬᠦᠭᠵᠢᠬᠦᠯᠬᠦ ᠬᠠᠷᠠᠯᠳᠠ | ᠳᠤ ᠬᠦᠷᠬᠡᠬᠦ ᠶᠢ ᠪᠠᠳᠤᠯᠠᠨ᠎ᠠ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2019 ᠤᠨ ᠤ 1 ᠰᠠᠷ᠎ᠠ ᠶᠢᠨ 22 ᠤ ᠡᠳᠦᠷ | | | | | | | | | | |