ᠤᠢ ᠰᠢᠭᠤᠢ ᠡᠪᠡᠰᠦ ᠪᠡᠯᠴᠢᠬᠡᠷ ᠤᠨ ᠭᠠᠯ ᠤᠨ ᠴᠢᠩᠭ᠎ᠠ ᠰᠡᠷᠬᠡᠶᠢᠯᠡᠯᠳᠡ ᠶᠢ ᠨᠡᠶᠢᠳᠡᠯᠡᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ
ᠨᠡᠶᠢᠲᠡᠯᠡᠭᠰᠡᠨ ᠴᠠᠭ᠄
2019-07-24
ᠡᠵᠡᠨ ᠵᠠᠰᠠᠭ ᠲᠠᠷᠬᠠᠭᠠᠬᠤ ﹇2019﹈ 21 ᠳ᠋ᠣᠭᠡᠷ ᠲᠤᠭᠠᠳᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠬᠡᠴᠡ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠄      ᠮᠠᠨ ᠤ ᠬᠤᠰᠢᠭᠤᠨ ᠤ ᠣᠳᠣᠬᠠᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠠᠵᠢᠯ ᠎ ᠤᠨ ᠪᠠᠶᠢᠳᠠᠯ ᠰᠢᠨ᠎ᠡ ᠬᠡᠯᠪᠡᠷᠢ᠂ ᠰᠢᠨ᠎ᠡ ᠡᠬᠦᠷᠬᠡ ᠳᠤ ᠲᠤᠯᠭᠠᠷᠠᠵᠤ ᠪᠠᠶᠢᠬᠤ ᠶᠢ ᠦᠨᠳᠦᠰᠤᠯᠠᠨ᠂ ᠪᠦᠬᠦ ᠬᠤᠰᠢᠭᠤᠨ ᠎ ᠤ ᠠᠷᠠᠳ ᠤᠨ ᠠᠮᠢ ᠨᠠᠰᠤ ᠡᠳ᠋ ᠬᠦᠷᠦᠩᠬᠡ ᠵᠢᠴᠢ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠤᠰᠠᠳᠠ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠲᠦᠷᠢᠮ︾᠎ ᠤᠨ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠤᠷᠳᠤᠨ ᠪᠦᠬᠦ ᠬᠤᠰᠢᠭᠤᠨ ᠤ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠬᠦ ᠪᠠᠷ ᠲᠤᠭᠳᠠᠭᠠᠪᠠ᠃      ᠨᠢᠬᠡ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠬᠤᠭᠤᠴᠠᠭ᠎ᠠ᠄ 2019 ᠤᠨ ᠤ 3 ᠰᠠᠷ᠎ᠠ ᠶᠢᠨ 1 ᠡᠳᠦᠷ ᠠᠴᠠ  5 ᠰᠠᠷ᠎ᠠ ᠶᠢᠨ 31 ᠡᠳᠦᠷ ᠬᠦᠷᠳᠡᠯ᠎ᠡ᠃      ᠬᠤᠶᠠᠷ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠤᠷᠤᠨ᠄ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠤᠷᠤᠨ ᠬᠡᠪᠴᠢᠶᠡᠨ ᠤ ᠤᠢ ᠰᠢᠭᠤᠢ᠂ ᠤᠢ ᠮᠤᠳᠤ᠂ ᠤᠶᠢᠳᠤ ᠭᠠᠵᠠᠷ ᠪᠠ ᠪᠠᠶᠢᠭᠠᠯᠢᠯᠢᠭ ᠪᠡᠯᠴᠢᠬᠡᠷ᠂ ᠬᠦᠮᠦᠨ ᠤ ᠬᠦᠴᠦᠨ ᠤ ᠡᠪᠡᠰᠦᠳᠤ ᠭᠠᠵᠠᠷ ᠵᠡᠷᠬᠡ᠂ ᠬᠤᠳᠠ ᠪᠠᠯᠭᠠᠰᠤᠨ ᠤ ᠲᠤᠭᠤᠷᠢᠭ ᠠᠴᠠ ᠭᠠᠳᠠᠨ᠎ᠠ᠃      ᠭᠤᠷᠪᠠ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠲᠦᠷᠢᠮ ᠤᠨ ᠬᠤᠭᠤᠴᠠᠭᠠᠨ ᠳᠤ᠂ ᠤᠢ ᠰᠢᠭᠤᠢ ᠡᠪᠡᠰᠦ ᠪᠡᠯᠴᠢᠬᠡᠷ ᠤᠨ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠤᠷᠤᠨ ᠬᠡᠪᠴᠢᠶᠡᠨ ᠳᠤ ᠬᠡᠬᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠲᠤᠤᠷᠠᠬᠢ ᠮᠡᠳᠦ ᠶᠢᠨ ᠠᠵᠢᠯᠯᠠᠭ᠎ᠠ ᠶᠢ ᠡᠷᠡᠰ ᠬᠤᠷᠢᠭᠯᠠᠨ᠎ᠠ᠄ ᠠᠳᠠᠷ ᠭᠠᠯᠳᠠᠨ ᠨᠡᠬᠦᠷᠡᠰᠦ ᠰᠢᠳᠠᠭᠠᠵᠤ ᠪᠤᠷᠳᠤᠭᠤᠷ ᠪᠤᠯᠭᠠᠬᠤ᠂ ᠬᠤᠭ ᠯᠠᠭ ᠲᠦᠯᠡᠬᠦ᠂ ᠲᠠᠷᠢᠶᠠᠨ ᠡᠰᠢ ᠰᠦᠷᠡᠯ᠂ ᠪᠡᠯᠴᠢᠬᠡᠷ ᠢ ᠭᠠᠯᠳᠠᠬᠤ᠂ ᠲᠠᠮᠠᠬᠢ ᠲᠠᠳᠠᠬᠤ᠂ ᠴᠠᠭᠠᠰᠤ᠂ ᠬᠦᠵᠢ᠂ ᠭᠤᠤᠷᠰᠤ ᠨᠤᠴᠤᠭᠠᠬᠤ᠂ ᠬᠡᠬᠡᠷ᠎ᠡ ᠲᠤᠭᠤᠭᠤᠯᠯᠠᠬᠤ᠂ ᠭᠠᠯ ᠲᠦᠯᠡᠬᠦ᠂ ᠬᠤᠸᠠᠷ ᠫᠤᠤᠵᠢᠩ ᠲᠠᠯᠪᠢᠬᠤ ᠪᠠ ᠭᠠᠯ ᠤᠨ ᠤᠴᠢ ᠲᠠᠢ ᠦᠯᠡᠳᠡᠭᠳᠡᠮᠡᠯ ᠨᠤᠴᠤᠮᠠᠳᠠᠬᠠᠢ ᠪᠤᠳᠠᠰ ᠵᠡᠷᠬᠡ ᠪᠤᠰᠤᠳ ᠦᠢᠯᠡᠳᠪᠦᠷᠢᠯᠡᠯ ᠤᠨ ᠴᠢᠨᠠᠷᠳᠠᠢ᠂ ᠦᠢᠯᠡᠳᠪᠦᠷᠢᠯᠡᠯ ᠤᠨ ᠪᠤᠰᠤ ᠴᠢᠨᠠᠷᠳᠠᠢ ᠬᠡᠷᠭᠯᠡᠬᠡᠨ ᠤ ᠭᠠᠯ᠃      ᠲᠦᠷᠪᠡ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠬᠤᠭᠤᠴᠠᠭᠠᠨ ᠳ᠋ᠣ᠋‌ᠤᠢ ᠰᠢᠭᠤᠢ ᠡᠪᠡᠰᠦ ᠪᠡᠯᠴᠢᠬᠡᠷ ᠤᠨ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠤᠷᠤᠨ ᠬᠡᠪᠴᠢᠶ᠎ᠡ᠂ ᠦᠢᠯᠡᠳᠪᠦᠷᠢᠯᠡᠯ᠂ ᠠᠮᠢᠳᠤᠷᠠᠯ ᠤᠨ ᠤᠨᠴᠠᠭᠠᠢ ᠪᠠᠶᠢᠳᠠᠯ ᠳᠤ ᠬᠡᠬᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠳᠠᠢ ᠦᠶᠡᠰ᠂ ᠲᠤᠬᠠᠢ ᠭᠠᠵᠠᠷ ᠎ ᠤᠨ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠭᠠᠯ ᠰᠡᠷᠬᠡᠶᠢᠯᠡᠯᠳᠡ ᠶᠢᠨ ᠵᠢᠯᠤᠭᠤᠳᠬᠤ ᠭᠠᠵᠠᠷ ᠤᠨ ᠠᠯᠪᠠᠨ ᠬᠡᠷ ᠢᠶᠠᠷ ᠬᠢᠨᠠᠨ ᠵᠦᠪᠰᠢᠶᠡᠷᠡᠬᠦᠯᠵᠦ᠂ ᠬᠤᠰᠢᠭᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠵᠢᠯᠤᠭᠤᠳᠬᠤ ᠭᠠᠵᠠᠷ ᠤᠨ ᠠᠯᠪᠠᠨ ᠬᠡᠷ ᠲᠤ ᠮᠡᠳᠡᠬᠦᠯᠦᠨ ᠬᠢᠨᠠᠨ ᠵᠦᠪᠰᠢᠶᠡᠷᠡᠬᠦᠯᠦᠨ᠂ ᠬᠤᠯᠪᠤᠭᠳᠠᠯ ᠪᠦᠬᠦᠢ ᠱᠠᠭᠠᠷᠳᠠᠯᠭ᠎ᠠ ᠪᠠᠷ ᠡᠷᠬᠡᠪᠰᠢ ᠭᠠᠯ ᠰᠡᠷᠬᠡᠶᠢᠯᠡᠬᠦ ᠠᠷᠭ᠎ᠠ ᠪᠠᠷᠢᠯ ᠢ ᠠᠪᠤᠭᠰᠠᠨ ᠤ ᠲᠠᠷᠠᠭ᠎ᠠ ᠬᠡᠷᠡᠭᠵᠢᠬᠦᠯᠦᠨ᠎ᠡ᠃ ᠰᠠᠯᠬᠢᠨ ᠤ ᠬᠦᠴᠦᠨ ᠭᠤᠷᠪᠠᠨ ᠲᠡᠰ ᠠᠴᠠ ᠲᠡᠭᠡᠭᠰᠢ ᠴᠠᠭ ᠠᠭᠤᠷ ᠤᠨ ᠨᠦᠬᠦᠴᠡᠯ ᠲᠤᠤᠷ᠎ᠠ ᠬᠡᠬᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃      ᠲᠠᠪᠤ᠂ ᠤᠢ ᠰᠢᠭᠤᠢ ᠡᠪᠡᠰᠦ ᠪᠡᠯᠴᠢᠬᠡᠷ ᠤᠨ ᠭᠠᠯ ᠢ ᠴᠢᠩᠭ᠎ᠠ ᠬᠡᠷᠡᠭᠯᠡᠬᠦ ᠬᠠᠮᠢᠶᠠᠷᠤᠯᠳᠠ ᠶᠢᠨ ᠤᠷᠤᠨ ᠬᠡᠪᠴᠢᠶᠡᠨ ᠳᠤ ᠡᠯ᠎ᠡ ᠵᠠᠰᠠᠮᠠᠯ ᠵᠠᠮ ᠤᠨ ᠡᠵᠡᠩᠨᠡᠯᠳᠡ ᠶᠢᠨ ᠨᠢᠬᠡᠴᠡ᠂ ᠡᠯ᠎ᠡ ᠦᠢᠯᠡᠳᠪᠦᠷᠢᠯᠡᠯ ᠤᠨ ᠴᠡᠭ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠵᠢᠭᠤᠯᠴᠢᠯᠠᠯ ᠤᠨ ᠤᠷᠤᠨ ᠡᠷᠬᠡᠪᠰᠢ ᠬᠠᠷᠢᠶ᠎ᠠ ᠤᠷᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠬᠦ ᠲᠠᠯᠳᠠ ᠬᠡᠮ ᠢ ᠪᠠᠶᠢᠴᠠᠭᠠᠨ ᠠᠷᠢᠯᠭᠠᠵᠤ᠂ ᠲᠤᠰᠬᠠᠢ ᠭᠠᠯ ᠤᠨᠳᠠᠷᠠᠭᠠᠬᠤ ᠠᠵᠢᠯᠳᠠᠨ ᠪᠠ ᠭᠠᠯ ᠤᠨᠳᠠᠷᠠᠭᠠᠬᠤ ᠪᠠᠭᠠᠵᠢ ᠶᠢ ᠲᠤᠬᠢᠷᠠᠭᠤᠯᠤᠨ᠎ᠠ᠃      ᠵᠢᠷᠭᠤᠭ᠎ᠠ᠂ ᠵᠠᠮ ᠬᠠᠷᠢᠯᠴᠠᠭᠠᠨ ᠤ ᠲᠡᠬᠡᠬᠡᠪᠦᠷᠢ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ ᠲᠦᠷᠢᠶᠡᠰᠦᠨ ᠮᠠᠰᠢᠨ᠂ ᠰᠢᠤᠳᠠᠨ᠂ ᠪᠠᠷᠠᠭᠠᠨ ᠤ ᠬᠦᠢᠯᠬᠡᠬᠡ᠂ ᠲᠦᠷᠬᠡᠨ ᠲᠠᠮᠵᠢᠭᠤᠯᠭ᠎ᠠ ᠵᠡᠷᠬᠡ ᠡᠵᠡᠩᠨᠡᠯᠳᠡ ᠬᠠᠮᠢᠶᠠᠷᠤᠯᠳᠠ ᠶᠢᠨ ᠨᠢᠬᠡᠴᠡ ᠶᠢᠨ ᠨᠠᠰᠢ ᠴᠠᠰᠢ ᠶᠠᠪᠤᠬᠤ ᠪᠠ ᠬᠠᠮᠢᠶᠠᠷᠤᠯᠳᠠ ᠶᠢᠨ ᠲᠡᠷᠬᠡ ᠮᠠᠰᠢᠨ ᠠᠵᠢᠯᠴᠢᠨ ᠳᠤ ᠭᠠᠯ ᠰᠡᠷᠬᠡᠶᠢᠯᠡᠬᠦ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠲᠠᠮᠠᠬᠢᠨ ᠶᠤᠵᠤᠭᠤᠷ ᠵᠡᠷᠬᠡ ᠭᠠᠯ ᠤᠨ ᠤᠴᠢ ᠬᠠᠶᠠᠬᠤ ᠶᠢ ᠴᠢᠩᠭ᠎ᠠ ᠴᠠᠭᠠᠵᠠᠯᠠᠨ᠎ᠠ᠃ ᠵᠢᠯᠤᠭᠤᠴᠢᠨ᠂ ᠲᠡᠷᠬᠡ ᠲᠠᠭᠠᠯᠳᠤᠨ ᠶᠠᠪᠤᠬᠤ ᠬᠠᠮᠢᠶᠠᠷᠤᠭᠴᠢ ᠪᠤᠯ ᠭᠠᠯ ᠰᠡᠷᠬᠡᠶᠢᠯᠡᠬᠦ ᠬᠠᠷᠢᠭᠤᠴᠠᠯᠭᠠᠳᠠᠨ ᠪᠤᠯᠤᠨ᠎ᠠ᠃      ᠲᠤᠯᠤᠭ᠎ᠠ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠬᠤᠭᠤᠴᠠᠭᠠᠨ ᠳᠤ ᠲᠤᠷᠠᠪᠡᠷ ᠢᠶᠠᠨ ᠬᠡᠬᠡᠷ᠎ᠡ ᠭᠠᠳᠠᠨ᠎ᠠ ᠭᠠᠯ ᠬᠡᠷᠡᠭᠯᠡᠭᠰᠡᠨ ᠠᠴᠠ ᠤᠢ ᠰᠢᠭᠤᠢ ᠡᠪᠡᠰᠦ ᠪᠡᠯᠴᠢᠬᠡᠷ ᠤᠨ ᠭᠠᠯ ᠤᠨ ᠠᠶᠤᠯ ᠭᠠᠷᠭᠠᠭᠰᠠᠨ ᠨᠢᠬᠡᠴᠡ ᠪᠤᠶᠤ ᠬᠤᠪᠢ ᠬᠦᠮᠦᠨ ᠳᠤ ︽ᠤᠢ ᠰᠢᠭᠤᠢ ᠶᠢᠨ ᠭᠠᠯ ᠰᠡᠷᠬᠡᠶᠢᠯᠡᠯᠳᠡ ᠶᠢᠨ ᠲᠦᠷᠢᠮ︾ ︽ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠲᠦᠷᠢᠮ︾ ᠪᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠲᠦᠷᠢᠮ︾ ᠵᠡᠷᠬᠡ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ᠂ ᠤᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ, ᠬᠠᠤᠯᠢ ᠶᠤᠰᠤᠭᠠᠷ ᠰᠢᠢᠳᠬᠡᠯ ᠦᠭᠴᠦ᠂ ᠶᠠᠯᠠᠳᠤ ᠠᠵᠢᠯᠯᠠᠭ᠎ᠠ ᠪᠤᠯᠪᠠᠯ᠂ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠨᠠᠢᠮᠠ᠂ ᠠᠵᠢᠯ ᠳᠤ ᠪᠠᠨ ᠠᠯᠮᠠᠶᠢᠷᠠᠬᠤ᠂ ᠬᠠᠷᠢᠭᠤᠴᠠᠯᠭ᠎ᠠ ᠪᠠᠨ ᠲᠦᠯᠬᠢᠬᠦ᠂ ᠬᠠᠮᠢᠶᠠᠷᠤᠯᠳᠠ ᠴᠢᠩᠭ᠎ᠠ ᠪᠤᠰᠤ᠂ ᠠᠷᠭ᠎ᠠ ᠬᠡᠮᠵᠢᠶ᠎ᠡ ᠲᠤᠳᠠᠮᠠᠭ ᠵᠢᠴᠢ ᠲᠤᠰᠢᠶᠠᠯ ᠢᠶᠠᠨ ᠭᠤᠳᠤᠭᠠᠬᠤ᠂ ᠬᠠᠷᠢᠭᠤᠴᠠᠯᠭ᠎ᠠ ᠪᠠᠨ ᠠᠯᠳᠠᠬᠤ ᠠᠴᠠ ᠭᠠᠯ ᠤᠨ ᠠᠶᠤᠯ ᠡᠬᠦᠰᠦᠪᠡᠯ᠂ ᠬᠦᠨᠳᠦ ᠨᠤᠴᠢᠳᠠᠢ ᠬᠤᠬᠢᠷᠠᠯ ᠭᠠᠷᠭᠠᠭᠰᠠᠨ ᠨᠢᠬᠡᠴᠡ ᠪᠠ ᠬᠤᠪᠢ ᠬᠦᠮᠦᠨ ᠳᠤ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾᠎ ᠪᠠᠷ ᠬᠤᠯᠪᠤᠭᠳᠠᠯ ᠪᠦᠬᠦᠢ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠴᠢᠩᠭ᠎ᠠ ᠨᠡᠬᠡᠮᠵᠢᠯᠡᠨ᠎ᠡ᠃      ᠶᠢᠰᠦ᠂ ᠶᠠᠮᠠᠷᠪᠠ ᠨᠢᠬᠡᠴᠡ ᠪᠠ ᠬᠤᠪᠢ ᠬᠦᠮᠦᠨ ᠤᠢ ᠰᠢᠭᠤᠢ ᠡᠪᠡᠰᠦ ᠪᠡᠯᠴᠢᠬᠡᠷ ᠤᠨ ᠲᠦᠢᠮᠡᠷ ᠤᠨ ᠪᠠᠶᠢᠳᠠᠯ ᠎ ᠢ ᠢᠯᠡᠷᠡᠬᠦᠯᠪᠡᠯ᠂ ᠴᠠᠭ ᠲᠤᠬᠠᠢ ᠳᠤᠨᠢ ᠪᠠᠯᠭᠠᠰᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠵᠢᠯᠤᠭᠤᠳᠬᠤ ᠭᠠᠵᠠᠷ ᠪᠤᠶᠤ ᠬᠤᠰᠢᠭᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠵᠢᠯᠤᠭᠤᠳᠬᠤ ᠭᠠᠵᠠᠷ ᠤᠨ ᠠᠯᠪᠠᠨ ᠬᠡᠷ ᠲᠤ ᠮᠡᠳᠡᠬᠦᠯᠦᠨ᠎ᠡ᠃ ᠬᠡᠷᠡᠭ ᠮᠡᠳᠡᠬᠦᠯᠬᠦ ᠤᠳᠠᠰᠤ᠄ 12119᠂ 0477 ᠊᠊᠊᠊᠊ 8690579᠃ ᠶᠠᠮᠠᠷᠪᠠ ᠨᠢᠬᠡᠴᠡ ᠪᠠ ᠬᠤᠪᠢ ᠬᠦᠮᠦᠨ ᠦᠨ᠎ᠡ ᠲᠦᠯᠦᠪᠦᠷᠢ ᠦᠬᠡᠢ ᠪᠠᠷ ᠬᠡᠷᠡᠭ ᠮᠡᠳᠡᠬᠦᠯᠤᠯᠳᠠ ᠳᠤ ᠲᠦᠬᠦᠮ ᠢ ᠦᠵᠡᠬᠦᠯᠬᠦ ᠴᠢᠬᠤᠯᠠᠳᠠᠢ᠂ ᠤᠢ ᠰᠢᠭᠤᠢ ᠡᠪᠡᠰᠦ ᠪᠡᠯᠴᠢᠬᠡᠷ ᠤᠨ ᠭᠠᠯ ᠢ ᠬᠤᠳᠠᠯ ᠎ ᠢᠶᠠᠷ ᠮᠡᠳᠡᠬᠦᠯᠬᠦ᠂ ᠲᠤᠷᠠᠪᠡᠷ ᠮᠡᠳᠡᠬᠦᠯᠬᠦ᠂ ᠦᠯᠦ ᠮᠡᠳᠡᠬᠦᠯᠬᠦ ᠶᠢ ᠴᠠᠭᠠᠵᠠᠯᠠᠨ᠎ᠠ᠃                           ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                                            2019 ᠤᠨ ᠤ 3 ᠰᠠᠷ᠎ᠠ ᠶᠢᠨ 1᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号