ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ ᠮᠦᠩᠬᠦ ᠬᠤᠷᠠᠮᠳᠤᠭᠤᠯᠬᠤ ᠠᠵᠢᠯᠯᠠᠭ᠎ᠠ ᠦᠷᠨᠢᠬᠦᠯᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2019-07-24
ᠡᠵᠡᠨ ᠵᠠᠰᠠᠭ ᠲᠠᠷᠬᠠᠭᠠᠬᠤ ﹇2019﹈ 53 ᠳ᠋ᠤᠭᠠᠷ ᠲᠤᠭᠠᠳᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠡᠶᠢᠭᠤᠯᠭ᠎ᠠ ᠨᠢᠭᠡᠴᠢ᠂ ᠡᠯ᠎ᠡ ᠲᠣᠮᠣ ᠠᠵᠤ ᠠᠬᠤᠶᠢᠯᠠᠯ᠄      ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠪᠣᠯ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠯ᠎ᠡ ᠱᠠᠳᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠢ ᠨᠠᠶᠢᠳᠠᠵᠤ ᠦᠷᠨᠢᠬᠦᠯᠦᠭᠰᠡᠨ ᠨᠢᠭᠡᠨ ᠲᠦᠷᠦᠯ ᠤᠨ ᠨᠡᠶᠢᠬᠡᠮ ᠨᠡᠶᠢᠳᠡ ᠠᠴᠠ ᠮᠦᠩᠬᠦ ᠬᠤᠷᠠᠮᠳᠤᠭᠤᠯᠬᠤ ᠠᠵᠢᠯᠯᠠᠭ᠎ᠠ ᠪᠣᠯᠣᠨ᠎ᠠ᠃ ᠪᠦᠬᠦ ᠬᠤᠰᠢᠭᠤᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ ᠶᠢ ᠦᠨᠡᠨᠬᠦ ᠰᠠᠶᠢᠳᠤᠷ ᠬᠢᠵᠤ᠂ ︽ᠡᠵᠡᠨ ᠬᠤᠷᠤᠭ᠎ᠠ ᠬᠤᠰᠢᠭᠤᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ﹀ ᠮᠦᠩᠬᠦ ᠬᠤᠷᠠᠮᠳᠤᠭᠤᠯᠬᠤ ᠠᠵᠢᠯᠯᠠᠭᠠᠨ ᠤ ᠤᠷᠳᠤ ᠬᠤᠭᠤᠴᠠᠭᠠᠨ ᠤ ᠠᠵᠢᠯ ᠤᠨ ᠪᠠᠶᠢᠭᠤᠯᠤᠮᠵᠢ ᠶᠢ ᠬᠡᠷᠡᠭᠵᠢᠬᠦᠯᠬᠦ ᠲᠦᠰᠦᠯ ᠤᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠠᠷᠬᠠᠭᠠᠭᠰᠠᠨ ᠮᠡᠳᠡᠭᠳᠡᠯ ︵ᠡᠵᠡᠨ ᠨᠠᠮ ᠠᠯᠪᠠᠨ ᠵᠠᠰᠠᠭ ᠲᠠᠷᠬᠠᠭᠠᠭᠰᠠᠨ ﹇2008﹈ 53 ᠲᠣᠭᠠᠳᠤ﹀ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠨᠠᠶᠢᠳᠠᠪᠦᠷᠢᠵᠢᠭᠤᠯᠤᠨ ᠲᠤᠤᠱᠯᠠᠭᠤᠯᠬᠤ ᠶᠢᠨ ᠲᠦᠯᠦᠭᠡ᠂ ᠣᠳᠣ ᠪᠦᠬᠦ ᠬᠤᠰᠢᠭᠤᠨ ᠳᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭᠠᠨ ᠤ ᠬᠠᠮᠢᠶ᠎ᠠ ᠪᠦᠬᠦᠢ ᠤᠴᠢᠷ ᠢ ᠮᠡᠳᠡᠭᠳᠡᠶ᠎ᠡ᠄      ᠨᠢᠭᠡ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭᠲᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠦ᠂ ᠰᠢ ᠶᠢᠨ ᠫᠢᠡᠭ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠨᠠᠶᠢᠳᠠᠪᠦᠷᠢᠵᠢᠭᠤᠯᠤᠨ᠂ ︽ᠬᠦᠮᠦᠡᠯᠢᠭ ᠶᠣᠰᠣ᠂ ᠲᠦᠭᠡᠮᠡᠯ ᠬᠠᠶᠢᠷ᠎ᠠ᠂ ᠬᠠᠨᠳᠢᠪᠯᠠᠬᠤ︾ ᠬᠡᠬᠦ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠶᠢ ᠦᠷᠭᠡᠨ ᠲᠡᠯᠭᠡᠷᠡᠩᠬᠦᠢ ᠪᠠᠷ ᠦᠷᠨᠢᠬᠦᠯᠬᠦ ᠪᠠᠷ ᠲᠠᠮᠵᠢᠨ᠂ ᠨᠡᠶᠢᠬᠡᠮ ᠨᠡᠶᠢᠳᠡ ᠶᠢᠨ ᠬᠠᠶᠢᠷ᠎ᠠ ᠬᠠᠯᠠᠮᠵᠢᠳᠤ ᠡᠳ᠋ ᠮᠦᠩᠬᠦ ᠶᠢ ᠬᠦᠢᠴᠡᠳ ᠬᠦᠯᠢᠶᠡᠨ ᠠᠪᠴᠦ᠂ ᠤᠯᠠᠨ ᠲᠦᠮᠡᠨ ᠤ ᠬᠦᠴᠦ ᠶᠢ ᠬᠠᠮᠳᠤᠳᠬᠠᠨ᠂ ᠶᠠᠳᠠᠭᠤ ᠬᠦᠴᠢᠷᠳᠡᠯᠳᠡᠢ ᠤᠯᠠᠨ ᠲᠦᠮᠡᠨ ᠪᠠ ᠪᠠᠭᠤᠷᠠᠶᠢᠴᠤᠤᠯ ᠢ ᠲᠤᠰᠠᠯᠠᠨ ᠲᠡᠮᠵᠢᠵᠦ᠂ ᠤᠯᠠᠨ ᠲᠦᠮᠡᠨ ᠲᠠᠢ ᠬᠠᠷᠢᠴᠠᠭ᠎ᠠ ᠬᠤᠯᠪᠣᠭ᠎ᠠ ᠪᠠᠨ ᠴᠢᠩᠭᠠᠳᠬᠠᠨ ᠰᠠᠶᠢᠳᠤᠷ ᠦᠢᠯᠡᠴᠢᠯᠡᠬᠦ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠡᠵᠡᠨ ᠬᠤᠷᠤᠭ᠎ᠠ ᠶᠢᠨ ᠴᠢᠨᠠᠷ ᠰᠠᠶᠢᠳᠠᠢ ᠬᠦᠭᠵᠢᠯᠲᠡ ᠰᠢᠨ᠎ᠡ ᠪᠠᠶᠢᠳᠠᠯ ᠢ ᠡᠬᠦᠳᠬᠦ ᠶᠢᠨ ᠲᠦᠯᠦᠭᠡ ᠢᠳᠡᠪᠬᠢᠳᠡᠢ ᠬᠤᠪᠢ ᠨᠡᠮᠡᠷᠢ ᠦᠵᠡᠬᠦᠯᠬᠦ ᠬᠡᠷᠡᠭᠳᠡᠢ᠃      ᠬᠤᠶᠠᠷ᠂ ᠠᠵᠢᠯᠯᠠᠭᠠᠨ ᠤ ᠭᠤᠣᠯ ᠰᠡᠳᠤᠪ      ᠨᠢᠭᠡ ᠡᠳᠦᠷ ᠤᠨ ᠬᠦᠯᠦᠰᠦ ᠤᠯᠭᠤᠮᠵᠢ ᠪᠠᠨ ᠬᠠᠨᠳᠢᠪᠯᠡᠵᠦ᠂ ᠨᠢᠭᠡᠨ ᠬᠤᠪᠢ ᠬᠠᠶᠢᠷ᠎ᠠ ᠰᠡᠳᠬᠢᠯᠡᠭᠡ ᠪᠠᠨ ᠡᠷᠬᠦᠶ᠎ᠡ᠃      ᠭᠤᠷᠪᠠ᠂ ᠤᠷᠤᠯᠴᠠᠬᠤ ᠬᠦᠷᠢᠶ᠎ᠡ ᠬᠡᠪᠴᠢᠶ᠎ᠡ      ᠡᠯ᠎ᠡ ᠪᠠᠯᠭᠠᠰᠤᠨ ᠤ ᠵᠠᠰᠠᠭ ᠤᠨ ᠣᠷᠳᠣᠨ᠂ ᠬᠤᠰᠢᠭᠤᠨ ᠤ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠠᠷᠠᠳ ᠤᠨ ᠪᠦᠯᠬᠦᠮ᠂ ᠨᠡᠶᠢᠬᠡᠮ ᠤᠨ ᠪᠦᠯᠬᠦᠮ᠂ ᠡᠯ᠎ᠡ ᠰᠢᠭᠤᠳ ᠬᠠᠷᠢᠶ᠎ᠠ ᠪᠡᠶᠢᠭᠤᠯᠭ᠎ᠠ ᠨᠢᠭᠡᠴᠢ᠂ ᠡᠯ᠎ᠡ ᠤᠯᠤᠰ ᠤᠨ ᠦᠮᠴᠢᠯᠡᠯᠲᠤ ᠠᠵᠤ ᠠᠬᠤᠶᠢᠯᠠᠯ᠂ ᠬᠤᠪᠢ ᠤᠷᠤᠭᠤᠯᠤᠭᠰᠠᠨ ᠳᠦᠷᠢᠮ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠡᠷᠦᠬᠡ ᠪᠠ ᠬᠤᠪᠢ ᠬᠦᠮᠦᠨ᠃     ᠲᠦᠷᠪᠡ᠂ ᠬᠤᠷᠠᠮᠳᠤᠭᠤᠯᠤᠭᠰᠠᠨ ᠮᠦᠩᠬᠦ ᠶᠢᠨ ᠬᠡᠷᠡᠭᠯᠡᠭᠡ      ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ ᠶᠢᠨ ᠬᠤᠷᠠᠮᠳᠤᠭᠤᠯᠤᠭᠰᠠᠨ ᠮᠦᠩᠬᠦ ᠶᠢᠨ ᠬᠡᠷᠡᠭᠯᠡᠭᠡ᠄ ᠭᠠᠮᠰᠢᠭ ᠠᠴᠠ ᠠᠪᠤᠷᠠᠬᠤ ᠭᠠᠮᠰᠢᠭ ᠳᠤ ᠬᠡᠷᠡᠭᠯᠡᠬᠦ  ᠪᠡᠯᠡᠳᠭᠡᠯ ᠮᠦᠩᠬᠦ ᠪᠣᠯᠭᠠᠨ ᠬᠠᠳᠠᠭᠠᠯᠠᠬᠤ᠂ ᠬᠦᠮᠦᠡᠯᠢᠭ ᠶᠣᠰᠣ ᠶᠢᠨ ᠬᠠᠯᠠᠮᠵᠢᠯᠠᠯ ᠦᠷᠨᠢᠬᠦᠯᠬᠦ᠂ ᠭᠠᠢ ᠭᠠᠮᠰᠢᠭ ᠠᠴᠠ ᠠᠪᠤᠷᠠᠬᠤ ᠬᠢᠭᠡᠳ ︽ᠤᠯᠠᠭᠠᠨ ᠵᠠᠭᠠᠯᠮᠠᠶᠢᠳᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠵᠣᠷᠢᠭ ᠰᠠᠨᠠᠭ᠎ᠠ ᠶᠢ ᠬᠦᠨᠵᠡᠭᠡᠶᠢᠷᠡᠬᠦᠯᠬᠦ ᠵᠡᠷᠭᠡ ᠤᠯᠠᠭᠠᠨ ᠵᠠᠭᠠᠯᠮᠠᠶᠢᠳᠠᠨ ᠤ ᠵᠣᠷᠢᠯᠲᠠ ᠳᠤ ᠨᠡᠶᠢᠴᠡᠭᠰᠡᠨ ᠠᠷᠠᠳ ᠤᠨ ᠠᠮᠢᠳᠤᠷᠠᠯ ᠤᠨ ᠲᠦᠷᠦᠯ ᠵᠦᠢᠯ᠃     ᠲᠠᠪᠤ᠂ ᠠᠵᠢᠯᠯᠠᠭᠠᠨ ᠤ ᠲᠣᠬᠢᠷᠠᠭᠤᠯᠤᠯᠲᠠ      ︵ᠨᠢᠭᠡ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ 5 ᠰᠠᠷ᠎ᠠ ᠶᠢᠨ ᠡᠬᠢᠨ ᠳᠤ ᠡᠬᠢᠯᠡᠨ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠮᠦᠩᠬᠦ ᠬᠤᠷᠠᠮᠳᠤᠭᠤᠯᠬᠤ ᠠᠵᠢᠯᠯᠠᠭ᠎ᠠ ᠎ ᠶᠢ 7 ᠰᠠᠷ᠎ᠠ ᠶᠢᠨ30᠎ ᠤ ᠡᠳᠦᠷ ᠤᠨ ᠡᠮᠦᠨ᠎ᠡ ᠲᠠᠭᠤᠰᠬᠠᠵᠤ᠂ ᠠᠵᠤ ᠠᠬᠤᠶᠢᠯᠠᠯ ᠬᠢᠭᠡᠳ ᠬᠤᠪᠢ ᠬᠦᠮᠦᠨ ᠤ ᠮᠦᠩᠬᠦ ᠬᠤᠷᠠᠮᠳᠤᠭᠤᠯᠬᠤ ᠠᠵᠢᠯᠯᠠᠭ᠎ᠠ ᠶᠢ 12 ᠰᠠᠷ᠎ᠠ ᠶᠢᠨ30᠎ ᠤ ᠡᠳᠦᠷ ᠠᠴᠠ ᠡᠮᠦᠨ᠎ᠡ ᠲᠠᠭᠤᠰᠬᠠᠨ᠎ᠠ᠃      ︵ᠬᠤᠶᠠᠷ︶ ᠬᠠᠨᠳᠢᠪᠯᠡᠬᠤ ᠮᠦᠩᠬᠦ ᠎ ᠶᠢᠨ ᠲᠤᠭ᠎ᠠ ᠬᠡᠮᠵᠢᠶ᠎ᠡ ᠪᠣᠯ ᠬᠤᠪᠢ ᠬᠦᠮᠦᠨ ᠤ ᠨᠢᠭᠡ ᠡᠳᠦᠷ ᠤᠨ ᠬᠦᠯᠦᠰᠦ ᠤᠯᠭᠤᠮᠵᠢ ᠪᠠᠨ ᠬᠠᠨᠳᠢᠪᠯᠡᠵᠦ᠂ ᠠᠵᠤ ᠠᠬᠤᠶᠢᠯᠠᠯ ᠡᠰᠡᠬᠦᠯ᠎ᠡ ᠪᠠᠶᠢᠭᠤᠯᠭ᠎ᠠ ᠶᠢᠨ ᠨᠢᠭᠡ ᠡᠳᠦᠷ ᠤᠨ ᠣᠷᠣᠯᠭ᠎ᠠ ᠪᠣᠶᠣ ᠠᠷᠪᠢᠯᠠᠨ ᠭᠠᠷᠭᠠᠭᠰᠠᠨ ᠮᠦᠩᠬᠦ ᠪᠠᠨ ᠬᠠᠨᠳᠢᠪᠯᠡᠨ᠎ᠡ᠃      ︵ᠭᠤᠷᠪᠠ︶ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ᠂ ᠡᠯ᠎ᠡ ᠪᠠᠶᠢᠭᠤᠯᠭ᠎ᠠ ᠨᠢᠭᠡᠴᠢ ᠦᠪᠡᠷᠳᠡᠭᠡᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠎ ᠪᠠᠨ ᠰᠠᠶᠢᠳᠤᠷ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠵᠡᠷᠭᠡ ᠳᠤᠨᠢ  ᠬᠠᠷᠢᠶᠠᠨ ᠲᠤᠳᠤᠷᠠᠬᠢ ᠲᠤᠤᠷ᠎ᠠ ᠱᠠᠳᠤᠨ ᠤ ᠪᠠᠶᠢᠭᠤᠯᠭ᠎ᠠ ᠶᠢᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ ᠶᠢ ᠰᠠᠶᠢᠳᠤᠷ ᠡᠷᠬᠢᠯᠡᠨ᠂ ᠮᠦᠩᠬᠦ ᠬᠤᠷᠠᠮᠳᠤᠭᠤᠯᠬᠤ ᠠᠵᠢᠯᠯᠠᠭ᠎ᠠ ᠲᠠᠭᠤᠰᠤᠭᠰᠠᠨ ᠤ ᠲᠠᠷᠠᠭ᠎ᠠ ᠮᠦᠩᠬᠦ ᠬᠠᠨᠳᠢᠪᠯᠠᠭᠰᠠᠨ ᠬᠦᠮᠦᠨ ᠤ ᠨᠡᠷ᠎ᠡ ᠵᠢᠴᠢ ᠠᠵᠢᠯᠯᠠᠭᠠᠨ ᠰᠡᠬᠦᠳᠡᠷ᠂ ᠴᠢᠮᠡᠭᠡ ᠵᠠᠩᠬᠢ ᠶᠢ ᠬᠠᠩᠭᠠᠨ᠎ᠠ᠃      ︵ᠲᠦᠷᠪᠡ︶ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠡᠷᠬᠡᠪᠰᠢ ᠲᠤᠰ ᠭᠠᠵᠠᠷ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠂ ᠬᠤᠪᠢ ᠶᠢᠨ ᠡᠵᠡᠩᠨᠡᠯᠲᠡ ᠶᠢᠨ ᠡᠷᠦᠬᠡ ᠬᠢᠭᠡᠳ ᠨᠡᠶᠢᠬᠡᠮ ᠤᠨ ᠡᠯ᠎ᠡ ᠡᠳᠡᠭᠡᠳ ᠢ ᠲᠠᠶᠢᠴᠢᠯᠠᠨ ᠮᠦᠩᠬᠦ ᠬᠤᠷᠠᠮᠳᠤᠭᠤᠯᠬᠤ ᠠᠵᠢᠯᠯᠠᠭ᠎ᠠ ᠶᠢ ᠰᠠᠶᠢᠳᠤᠷ ᠬᠢᠨ᠎ᠡ᠂ ᠡᠯ᠎ᠡ ᠠᠵᠢᠯ ᠲᠦᠷᠦᠯ ᠤᠨ ᠭᠤᠣᠯ ᠬᠠᠷᠢᠭᠤᠴᠠᠬᠤ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠡᠷᠦᠬᠡ ᠶᠢ ᠵᠣᠬᠢᠶᠠᠨ ᠪᠠᠶᠢᠭᠤᠯᠤᠨ ᠲᠠᠶᠢᠴᠢᠯᠠᠵᠦ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠶᠢ ᠬᠠᠷᠢᠭᠤᠴᠠᠨ᠎ᠠ᠂ ᠬᠤᠷᠠᠮᠳᠤᠭᠤᠯᠤᠭᠰᠠᠨ ᠮᠦᠩᠬᠦ ᠪᠠᠨ ᠨᠢᠭᠡᠳᠦᠯᠳᠡᠢ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠲᠤ ᠲᠤᠰᠢᠶᠠᠨ᠎ᠠ᠃      ︵ᠲᠠᠪᠤ︶ ᠬᠤᠰᠢᠭᠤᠨ ᠤ ᠡᠯ᠎ᠡ ᠲᠤᠮᠤ ᠠᠵᠤ ᠠᠬᠤᠶᠢᠯᠠᠯ᠂ ᠲᠥᠪ᠂ ᠦᠪᠡᠷᠳᠡᠭᠡᠨ ᠵᠠᠰᠠᠬᠤ ᠣᠷᠣᠨ᠂ ᠬᠤᠲᠠ ᠶᠢᠨ ᠬᠤᠰᠢᠭᠤᠨ ᠤ ᠰᠠᠭᠤᠭ᠎ᠠ ᠡᠯ᠎ᠡ ᠠᠵᠤ ᠠᠬᠤᠶᠢᠯᠠᠯ ᠤᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ ᠶᠢ ᠦᠪᠡᠷᠳᠡᠭᠡᠨ ᠵᠣᠬᠢᠶᠠᠨ ᠪᠠᠶᠢᠭᠤᠯᠵᠤ᠂ ᠬᠤᠷᠠᠮᠳᠤᠭᠤᠯᠤᠭᠰᠠᠨ ᠮᠦᠩᠬᠦ ᠪᠠᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠲᠤ ᠲᠤᠰᠢᠶᠠᠨ᠎ᠠ᠃      ᠵᠢᠷᠭᠤᠭ᠎ᠠ᠂ ᠵᠣᠬᠢᠶᠠᠨ ᠪᠠᠶᠢᠭᠤᠯᠬᠤ ᠪᠠᠳᠤᠯᠠᠭ᠎ᠠ      ︵ᠨᠢᠭᠡ︶ ᠡᠯ᠎ᠡ ᠪᠠᠶᠢᠭᠤᠯᠭ᠎ᠠ ᠡᠷᠬᠡᠪᠰᠢ ᠴᠢᠬᠤᠯᠠᠴᠢᠯᠠᠨ ᠦᠵᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠶᠢ ᠨᠢᠭᠡᠨ ᠲᠦᠷᠦᠯ ᠤᠨ ᠠᠷᠠᠳ ᠲᠤ ᠠᠰᠢᠭ ᠬᠦᠷᠳᠡᠭᠡᠬᠦ ᠲᠦᠷᠦᠯ ᠵᠦᠢᠯ ᠪᠣᠯᠭᠠᠵᠤ᠂ ᠨᠠᠷᠢᠨ ᠬᠢᠨᠠᠮᠠᠭᠠᠢ ᠵᠣᠬᠢᠨᠨ ᠪᠠᠶᠢᠭᠤᠯᠤᠨ᠂ ᠲᠤᠰᠬᠠᠢ ᠬᠦᠮᠦᠨ ᠬᠠᠷᠢᠭᠤᠴᠠᠵᠤ ᠂ ᠮᠦᠩᠬᠦ ᠬᠤᠷᠠᠮᠳᠤᠭᠤᠯᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠨ᠎ᠠ᠃      ︵ᠬᠤᠶᠠᠷ︶ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ ᠤᠨ ᠬᠢᠨ ᠲᠣᠭᠳᠠᠭᠰᠠᠨ ᠴᠠᠭ ᠬᠤᠭᠤᠴᠠᠭᠠᠨ ᠤ ᠶᠣᠰᠣᠭᠠᠷ ᠮᠦᠩᠬᠦ ᠬᠤᠷᠠᠮᠳᠤᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠠᠵᠢᠯᠯᠠᠭᠠᠨ ᠤ ᠦᠷᠨᠢᠬᠦᠯᠦᠭᠰᠡᠨ ᠪᠠᠶᠢᠳᠠᠯ ᠢ ᠪᠦᠬᠦ ᠬᠤᠰᠢᠭᠤᠨ ᠤ ᠬᠦᠷᠢᠶ᠎ᠡ ᠬᠡᠪᠴᠢᠶᠡᠨ ᠳᠤ ᠨᠡᠶᠢᠳᠡᠯᠡᠬᠦ ᠬᠡᠷᠡᠭᠳᠡᠢ᠃      ︵ᠭᠤᠷᠪᠠ︶ ᠤᠬᠠᠭᠤᠯᠬᠤ ᠬᠡᠯᠳᠡᠰ ᠪᠠ ᠰᠣᠨᠢᠨ ᠮᠡᠳᠡᠭᠡᠨ ᠤ ᠲᠥᠪ ᠤᠨ ᠬᠢᠨ ᠡᠷᠬᠡᠪᠰᠢ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠶᠢ ᠢᠳᠡᠪᠬᠢᠳᠡᠢ ᠤᠬᠠᠭᠤᠯᠵᠤ᠂ ᠮᠦᠩᠬᠦ ᠬᠤᠷᠠᠮᠳᠤᠭᠤᠯᠬᠤ ᠶᠠᠪᠤᠴᠠ ᠳᠤ ᠢᠯᠡᠷᠡᠭᠰᠡᠨ ᠲᠡᠷᠢᠬᠦᠨ ᠤ ᠬᠤᠪᠢ ᠬᠦᠮᠦᠨ ᠪᠠ ᠬᠠᠮᠳᠤ ᠨᠢᠭᠡᠴᠡ ᠶᠢ ᠲᠦᠪᠯᠡᠷᠡᠬᠦᠯᠦᠨ ᠤᠬᠠᠭᠤᠯᠵᠤ᠂ ᠮᠦᠩᠬᠦ ᠬᠤᠷᠠᠮᠳᠤᠭᠤᠯᠬᠤ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠨᠡᠶᠢᠬᠡᠮ ᠨᠡᠶᠢᠳᠡ ᠶᠢᠨ ᠨᠦᠯᠦᠭᠡ ᠲᠤᠰᠬᠠᠯ ᠢ ᠦᠷᠭᠡᠨ ᠲᠡᠯᠭᠡᠷᠡᠩᠬᠦᠢ ᠪᠣᠯᠭᠠᠬᠤ ᠬᠡᠷᠡᠭᠳᠡᠢ᠃       ᠲᠣᠯᠤᠭ᠎ᠠ᠂ ᠮᠦᠩᠬᠦ ᠬᠤᠷᠠᠮᠳᠤᠭᠤᠯᠬᠤ ᠠᠷᠭ᠎ᠠ      ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠨᠢᠭᠡᠴᠢ᠂ ᠨᠡᠶᠢᠬᠡᠮ ᠤᠨ ᠪᠦᠯᠬᠦᠮ ᠤᠨ ᠬᠢᠨ ᠮᠦᠩᠬᠦ ᠬᠤᠷᠠᠮᠳᠤᠭᠤᠯᠬᠤ ᠠᠵᠢᠯᠯᠠᠭ᠎ᠠ ᠲᠠᠭᠤᠰᠤᠭᠰᠠᠨ ᠤ ᠲᠠᠷᠠᠭ᠎ᠠ᠂ ᠬᠠᠶᠢᠷ᠎ᠠ ᠬᠠᠯᠠᠮᠵᠢᠳᠤ ᠺᠠᠷᠲ᠂ ᠬᠤᠷᠠᠮᠳᠤᠭᠤᠯᠤᠭᠰᠠᠨ ᠮᠦᠩᠬᠦ ︵ᠪᠡᠯᠡᠨ ᠮᠦᠩᠬᠦ ᠪᠣᠶᠣ ᠪᠠᠩᠬᠢ ᠳᠤ ᠮᠦᠩᠬᠦ ᠭᠤᠪᠢᠭᠤᠯᠤᠭᠰᠠᠨ ᠪᠠᠷᠢᠮᠲᠠ︶᠂ ᠮᠦᠩᠬᠦ ᠬᠠᠨᠳᠢᠪᠯᠠᠭᠰᠠᠨ ᠠᠵᠢᠯᠲᠠᠨ ᠤ ᠨᠡᠷ᠎ᠡ ︵A4 ᠴᠠᠭᠠᠰᠤᠨ ᠲᠡᠭᠡᠷ᠎ᠡ ᠳᠠᠷᠤᠮᠠᠯᠠᠨ᠎ᠠ︶ ᠵᠢᠴᠢ ᠵᠢᠷᠤᠭ ᠰᠡᠬᠦᠳᠡᠷ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠲᠤ ᠲᠤᠰᠢᠶᠠᠵᠤ᠂ ᠪᠠᠷᠢᠮᠲᠠ ᠪᠢᠴᠢᠭ ᠭᠠᠷᠭᠠᠬᠤ ᠪᠠ ᠤᠬᠠᠭᠤᠯᠭ᠎ᠠ ᠬᠢᠬᠦ ᠳᠤ ᠳᠦᠬᠦᠮ ᠦᠵᠡᠬᠦᠯᠦᠨ᠎ᠡ᠃      ᠲᠤᠰᠠᠯᠠᠨ ᠲᠡᠳᠬᠦᠬᠦ ᠬᠠᠯᠠᠮᠵᠢᠰᠢᠯ ᠤᠳᠠᠰᠤ᠄ 0477 ᠊᠊᠊᠊ 8969905                                                 0477 ᠊᠊᠊᠊ 8969904      ᠬᠠᠶ᠋ᠢᠭ᠄ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤ ᠶᠢᠨ ᠴᠧᠨ ᠶᠤᠸᠠᠨA ᠨᠤᠮᠧᠷᠲᠤ ᠠᠰᠠᠷ ᠤᠨ 3 ᠳ᠋ᠤᠭᠠᠷ ᠲᠠᠪᠬᠤᠷᠭ᠎ᠠ ᠶᠢᠨ306 ᠲᠠᠰᠤᠭ      ᠮᠦᠩᠬᠦ ᠬᠠᠨᠳᠢᠪᠯᠠᠬᠤ ᠲᠠᠩᠰᠠᠨ ᠤ ᠨᠤᠮᠧᠷ᠄ 0612082029200122279 ︵︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠡᠵᠤ ᠲᠤᠳᠤᠷᠬᠠᠶᠢᠯᠠᠨ᠎ᠠ︶      ᠲᠠᠩᠰᠠᠨ ᠤ ᠨᠡᠷ᠎ᠡ᠄ ᠡᠵᠡᠨ ᠬᠤᠷᠤᠭ᠎ᠠ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ      ᠲᠠᠩᠰᠠ ᠨᠡᠭᠡᠭᠡᠭᠰᠡᠨ ᠪᠠᠩᠬᠢ᠄ ᠲᠤᠮᠳᠠᠳᠤ ᠤᠯᠤᠰ ᠤᠨ ᠠᠵᠤ ᠦᠢᠯᠡᠳᠪᠦᠷᠢ ᠶᠢᠨ ᠪᠠᠩᠬᠢ ᠶᠢᠨ ᠬᠤᠪᠢ ᠣᠷᠣᠭᠤᠯᠣᠭᠰᠠᠨ ᠬᠢᠵᠠᠭᠠᠷᠲᠤ ᠺᠤᠮᠫᠠᠨᠢ ᠶᠢᠨ ᠡᠵᠡᠨ ᠬᠤᠷᠤᠭ᠎ᠠ ᠰᠠᠯᠪᠦᠷᠢ ᠪᠠᠩᠬᠢ                               ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ                                      2019 ᠤᠨ ᠤ 5 ᠰᠡᠷ᠎ᠡ ᠶᠢᠨ 5᠎ ᠤ ᠡᠳᠤᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号