| ᠡᠵᠡᠨ ᠵᠠᠰᠠᠭ ᠠᠯᠪᠠᠨ ᠲᠠᠷᠬᠠᠭᠠᠬᠤ ﹇2019﹈ 18 ᠳ᠋ᠤᠭᠠᠷ ᠲᠤᠭᠠᠳᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠄ | ︽ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠪᠠ ᠦᠬᠡᠷᠡᠴᠢᠯᠡᠬᠦ ᠲᠤᠬᠠᠢ ᠪᠠᠶᠢᠭᠠᠯᠢ ᠶᠢᠨ | ᠡᠬᠢ ᠪᠠᠶᠠᠯᠢᠭ ᠤᠨ ᠶᠠᠮᠤᠨ ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ ᠮᠡᠳᠡᠭᠳᠡᠯ︾ ︵ᠪᠠᠶᠢᠭᠠᠯᠢ ᠡᠬᠢ ᠲᠤᠭᠳᠠᠭᠠᠯ ﹇2019﹈ 1 ᠳ᠋ᠣᠬᠡᠷ ᠲᠤᠭᠠᠳᠤ︶ ᠪᠠ | ︽ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠪᠠ ᠦᠬᠡᠷᠡᠴᠢᠯᠡᠬᠦ ᠲᠤᠬᠠᠢ ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠤᠨ ᠮᠡᠳᠡᠭᠳᠡᠯ︾ ︵ᠦᠪᠦᠷ | ᠪᠠᠶᠢᠭᠠᠯᠢ ᠡᠬᠢ ᠦᠰᠦᠭ ﹇2019﹈ 145 ᠳ᠋ᠤᠭᠠᠷ ᠲᠤᠭᠠᠳᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠦᠯᠦᠬᠡ᠂ ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢ ᠴᠢᠩᠭᠠᠳᠬᠠᠵᠤ᠂ ᠵᠤᠬᠢᠰᠳᠠᠢ ᠬᠠᠮᠠᠭᠠᠯᠠᠯᠳᠠ᠂ ᠦᠨᠳᠦᠷ ᠠᠰᠢᠭ ᠢ | ᠬᠤᠷᠠᠮᠳᠤᠭᠤᠯᠵᠤ᠂ ᠬᠢᠨᠠᠯᠳᠠ ᠬᠠᠮᠢᠶᠠᠷᠤᠯᠳᠠ ᠴᠢᠩᠭ᠎ᠠ ᠤᠷᠳᠤ ᠤᠳᠠᠭᠠᠨ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠤᠨᠴᠠᠭᠠᠢ ᠬᠠᠮᠠᠭᠠᠯᠠᠯᠳᠠ ᠶᠢᠨ | ᠰᠢᠨ᠎ᠡ ᠪᠠᠶᠢᠳᠠᠯ ᠢ ᠪᠠᠶᠢᠭᠤᠯᠵᠤ᠂ ᠮᠠᠨ ᠤ ᠬᠤᠰᠢᠭᠤᠨ ᠤ ᠤᠷᠳᠤ ᠤᠳᠠᠭᠠᠨ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠢ ᠲᠤᠭᠳᠠᠭᠠᠬᠤ ᠦᠷ᠎ᠡ ᠪᠦᠳᠦᠮᠵᠢ | ᠶᠢ ᠴᠡᠭᠴᠡᠯᠡᠨ ᠵᠠᠰᠠᠬᠤ ᠨᠦᠬᠦᠪᠦᠷᠢᠯᠡᠨ ᠲᠤᠭᠳᠠᠭᠠᠬᠤ ᠪᠠ ᠬᠠᠳᠠᠭᠠᠯᠠᠮᠵᠢ ᠶᠢᠨ ᠤᠷᠤᠨ ᠢ ᠲᠤᠭᠳᠠᠭᠠᠬᠤ ᠠᠵᠢᠯ ᠢ ᠲᠦᠷᠢᠮᠵᠢᠬᠦᠨ ᠡᠮᠬᠢ ᠴᠡᠭᠴᠡ ᠲᠠᠢ ᠦᠷᠨᠢᠬᠦᠯᠤᠨ᠎ᠠ | ᠃ ᠬᠤᠰᠢᠭᠤ ᠠᠷᠠᠳ ᠤᠨ ᠵᠠᠰᠠᠭ ᠤᠨ ᠤᠷᠳᠤᠨ ᠤ ᠰᠤᠳᠤᠯᠤᠯᠳᠠ ᠪᠠᠷ ᠲᠠᠮᠵᠢᠨ᠂ ᠡᠵᠡᠨ ᠬᠤᠷᠤᠭ᠎ᠠ ᠬᠤᠰᠢᠭᠤᠨ ᠤ ᠤᠷᠳᠤ ᠬᠤᠭᠤᠴᠠᠭᠠᠨ ᠤ ᠦᠨᠳᠦᠰᠦᠨ | ᠲᠠᠷᠢᠶᠠᠨ ᠭᠠᠵᠠᠷ ᠤᠨ ᠬᠠᠳᠠᠭᠠᠯᠠᠮᠵᠢ ᠶᠢᠨ ᠤᠷᠤᠨ ᠢ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠶᠢ ᠲᠤᠭᠳᠠᠵᠤ᠂ ᠪᠤᠳᠠᠳᠠᠢ | ᠪᠦᠷᠢᠯᠳᠦᠬᠦᠨ ᠬᠡᠰᠢᠬᠦᠨ ᠲᠤᠤᠷᠠᠬᠢ ᠮᠡᠳᠦ᠄ | ᠲᠤᠭᠤᠶᠢᠯᠠᠩ ᠤᠨ ᠲᠠᠷᠤᠭ᠎ᠠ᠄ | ᠵᠠᠩ ᠶᠦᠩ ᠬᠤᠰᠢᠭᠤ ᠠᠷᠠᠳ ᠤᠨ ᠵᠠᠰᠠᠭ ᠤᠨ ᠤᠷᠳᠤᠨ ᠤ ᠲᠡᠳ᠋ ᠲᠠᠷᠤᠭ᠎ᠠ | ᠲᠡᠳ᠋ ᠲᠤᠭᠤᠶᠢᠯᠠᠩ ᠤᠨ ᠲᠠᠷᠤᠭ᠎ᠠ᠄ | ᠭᠤᠤ ᠰᠢᠤᠸᠠᠢ ᠹᠧᠩ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠲᠡᠳ᠋ ᠡᠷᠬᠢᠯᠡᠭᠴᠢ | ᠬᠤ᠋ ᠶᠠᠨ ᠭᠠᠩ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠷᠢᠭᠤᠴᠠᠯᠭᠠᠳᠠᠨ | ᠵᠠᠩ ᠽᠢ ᠵᠢᠶᠦ᠋ᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠲᠠᠷᠤᠭ᠎ᠠ | ᠬᠡᠰᠢᠬᠦᠨ᠄ | ᠰᠢᠦᠢ ᠵᠢᠶᠠᠨ ᠭᠠᠩ ᠬᠤᠰᠢᠭᠤᠨ ᠤ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ | ᠵᠠᠩ ᠳ᠋ᠧ ᠴᠢᠶᠠᠩ ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠲᠠᠷᠤᠭ᠎ᠠ | ᠱᠢ ᡁᠢ ᠫᠢᠩ ᠬᠤᠰᠢᠭᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠠᠶᠢᠭᠤᠯᠤᠯᠳᠠ ᠶᠢᠨ ᠲᠤᠪᠴᠢᠶᠠᠨ ᠲᠠᠷᠤᠭ᠎ᠠ | ᠹᠧᠩ ᠭᠤᠸᠠᠩ ᠢ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠲᠤᠪᠴᠢᠶᠠᠨ ᠲᠠᠷᠤᠭ᠎ᠠ | ᠰᠢᠦᠢ ᠬᠤᠸᠠᠢ ᠵᠢᠢ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶᠠᠨ ᠲᠠᠷᠤᠭ᠎ᠠ | ᠵᠤᠤ ᠬᠠᠢ ᠯᠤ᠋ ᠬᠤᠰᠢᠭᠤᠨ ᠤ ᠤᠢ ᠰᠢᠭᠤᠢ ᠪᠠ ᠡᠪᠡᠰᠦ ᠪᠡᠯᠴᠢᠬᠡᠷ ᠤᠨ ᠲᠤᠪᠴᠢᠶᠠᠨ ᠲᠠᠷᠤᠭ᠎ᠠ | ᠵᠠᠩ ᠹᠦ᠋ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠲᠡᠳ᠋ ᠲᠠᠷᠤᠭ᠎ᠠ | ᠤᠳᠤᠷᠢᠳᠬᠤ ᠲᠤᠭᠤᠶᠢᠯᠠᠩ ᠲᠤᠤᠷ᠎ᠠ ᠪᠠᠨ ᠠᠯᠪᠠᠨ ᠬᠡᠷ ᠲᠤᠬᠢᠷᠠᠭᠤᠯᠵᠤ᠂ ᠠᠯᠪᠠᠨ ᠬᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ | ᠳᠤ ᠲᠤᠬᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢ ᠬᠤ᠋ ᠶᠠᠨ ᠭᠠᠩ ᠬᠠᠪᠰᠤᠷᠭᠠᠨ ᠡᠷᠬᠢᠯᠡᠵᠦ᠂ ᠬᠡᠰᠢᠬᠦᠨ ᠢ ᠡᠯ᠎ᠡ ᠪᠦᠷᠢᠯᠳᠦᠬᠦᠨ ᠨᠢᠬᠡᠴᠡ ᠠᠴᠠ ᠰᠤᠩᠭᠤᠨ | ᠠᠵᠢᠯᠯᠠᠨ᠎ᠠ᠃ ᠤᠷᠳᠤ ᠬᠤᠭᠤᠴᠠᠭᠠᠨ ᠤ ᠦᠨᠳᠦᠰᠦᠨ ᠲᠠᠷᠢᠶᠠᠨ ᠭᠠᠵᠠᠷ ᠤᠨ ᠬᠠᠳᠠᠭᠠᠯᠠᠮᠵᠢ ᠶᠢᠨ ᠤᠷᠤᠨ ᠤ ᠠᠵᠢᠯ ᠢ ᠪᠤᠳᠠᠳᠠᠢ ᠬᠠᠷᠢᠭᠤᠴᠠᠵᠤ᠂ ᠠᠵᠢᠯ ᠤᠨ | ᠲᠦᠰᠦᠯ ᠮᠡᠷᠬᠡᠵᠢᠯ ᠤᠨ ᠲᠦᠰᠦᠯ ᠢ ᠲᠤᠭᠤᠷᠪᠢᠨ ᠲᠤᠭᠳᠠᠭᠠᠬᠤ ᠪᠠ ᠲᠤᠭᠳᠠᠭᠠᠬᠤ ᠪᠦᠳᠦᠮᠵᠢ ᠶᠢ ᠬᠢᠨᠠᠨ ᠪᠠᠶᠢᠴᠠᠭᠠᠵᠤ ᠲᠡᠬᠡᠭᠰᠢ ᠮᠡᠳᠡᠬᠦᠯᠤᠨ᠂ ᠲᠤᠭᠳᠠᠭᠠᠬᠤ | ᠡᠮᠦᠨ᠎ᠡ ᠬᠤᠭᠤᠴᠠᠭᠠᠨ ᠤ ᠠᠵᠢᠯ᠂ ᠰᠠᠭᠤᠷᠢ ᠪᠠᠶᠢᠴᠠᠭᠠᠨ ᠰᠤᠳᠤᠯᠤᠯᠳᠠ ᠶᠢ ᠲᠤᠬᠢᠷᠠᠭᠤᠯᠤᠨ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ ᠦᠨᠳᠦᠰᠦᠨ | ᠲᠠᠷᠢᠶᠠᠨ ᠭᠠᠵᠠᠷ ᠤᠨ ᠬᠠᠳᠠᠭᠠᠯᠠᠮᠵᠢ ᠶᠢᠨ ᠤᠷᠤᠨ ᠤ ᠦᠷ᠎ᠡ ᠪᠦᠳᠦᠮᠵᠢ ᠶᠢ ᠬᠢᠨᠠᠨ ᠲᠤᠭᠳᠠᠭᠠᠵᠤ᠂ ᠲᠤᠭᠳᠠᠭᠠᠬᠤ ᠶᠠᠪᠤᠴᠠ ᠳᠠᠬᠢ ᠪᠤᠰᠤᠳ ᠠᠰᠠᠭᠤᠳᠠᠯ ᠢ | ᠵᠤᠬᠢᠴᠠᠭᠤᠯᠤᠨ ᠰᠢᠢᠳᠪᠦᠷᠢᠯᠡᠨ᠎ᠡ᠃ | ᠤᠳᠤᠷᠢᠳᠬᠤ ᠲᠤᠭᠤᠶᠢᠯᠠᠩ ᠤᠨ ᠬᠡᠰᠢᠬᠦᠨ ᠬᠤᠪᠢᠷᠠᠯᠳᠠ ᠭᠠᠷᠪᠠᠯ᠂ ᠲᠡᠬᠦᠨ ᠤ ᠵᠠᠰᠠᠭ ᠵᠠᠬᠢᠷᠭᠠᠨ ᠤ ᠲᠤᠰᠢᠶᠠᠯ ᠢ ᠤᠷᠤᠯᠠᠨ ᠬᠦᠢᠴᠡᠳᠬᠡᠬᠦ ᠠᠵᠢᠯᠳᠠᠨ | ᠬᠤᠯᠪᠤᠭᠳᠠᠯ ᠪᠦᠬᠦᠢ ᠠᠵᠢᠯ ᠢ ᠤᠷᠤᠯᠠᠵᠤ᠂ ᠦᠬᠡᠷ᠎ᠡ ᠠᠯᠪᠠᠨ ᠪᠢᠴᠢᠭ ᠢᠶᠠᠷ ᠲᠠᠬᠢᠨ ᠮᠡᠳᠡᠭᠳᠡᠬᠦ ᠦᠬᠡᠢ᠃ ᠲᠤᠰ ᠲᠦᠷᠦᠯ ᠤᠨ ᠠᠵᠢᠯ ᠲᠠᠭᠤᠰᠤᠭᠰᠠᠨ ᠤ ᠲᠠᠷᠠᠭ᠎ᠠ᠂ | ᠤᠳᠤᠷᠢᠳᠬᠤ ᠲᠤᠭᠤᠶᠢᠯᠠᠩ ᠦᠪᠡᠷᠳᠡᠬᠡᠨ ᠬᠦᠴᠦᠨ ᠦᠬᠡᠢ ᠪᠤᠯᠤᠨ᠎ᠠ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ | 2019 ᠤᠨ ᠤ 5 ᠰᠠᠷ᠎ᠠ ᠶᠢᠨ 17 ᠤ ᠡᠳᠦᠷ | | | | | | | | | | | | | | | | | | |