ᠡᠵᠡᠨ ᠵᠠᠰᠠᠭ ᠠᠯᠪᠠᠨ ᠲᠠᠷᠬᠠᠭᠠᠬᠤ ﹇2019﹈ 25 ᠳ᠋ᠤᠭᠠᠷ ᠲᠣᠭᠠᠲᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ | ᠪᠠᠶᠢᠭᠤᠯᠭ᠎ᠠ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄ | ᠣᠶᠢᠷ᠎ᠠ ᠶᠢᠨ ᠬᠤᠭᠤᠴᠠᠭᠠᠨ ᠤ ᠠᠵᠢᠯᠲᠠᠨ ᠤ ᠲᠣᠬᠢᠷᠠᠭᠤᠯᠤᠯᠲᠠ ᠶᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠣᠳᠣᠯᠣᠯᠲᠠ ᠪᠠᠷ | ᠲᠠᠮᠵᠢᠨ᠂ ᠬᠤᠰᠢᠭᠤᠨ ᠤ ᠠᠷᠠᠳ ᠤᠨᠵᠠᠰᠠᠭ ᠤᠨ ᠣᠷᠳᠣᠨ ᠤ ᠨᠢᠭᠡ ᠪᠦᠯᠦᠭ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠪᠠ AB ᠳᠦᠷᠢ ᠳᠤ | ᠲᠣᠬᠢᠷᠠᠭᠤᠯᠤᠯᠲᠠ ᠬᠢᠬᠦ ᠪᠠᠷ ᠰᠢᠢᠳᠴᠦ᠂ ᠣᠳᠣ ᠬᠠᠮᠢᠶ᠎ᠠ ᠪᠦᠬᠦᠢ ᠤᠴᠢᠷ ᠢ ᠮᠡᠳᠡᠭᠳᠡᠶ᠎ᠡ᠄ | ᠨᠢᠭᠡ ᠂ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ | ᠯᠢᠦ ᠬᠤᠸᠠᠢ ᠢᠦᠢ ᠬᠤᠰᠢᠭᠤ ᠳᠡᠳ᠋ ᠲᠠᠷᠤᠭ᠎ᠠ | ᠤᠤᠯ ᠤᠨ ᠬᠤᠪᠢᠶᠠᠷᠢᠯᠠᠭᠰᠠᠨ ᠠᠵᠢᠯ ᠬᠤᠪᠢᠷᠠᠯᠲᠠ ᠦᠭᠡᠢ᠂ ᠵᠡᠷᠭᠡ ᠳᠤᠨᠢ ᠲᠤᠭ᠎ᠠ ᠪᠦᠷᠢᠳᠭᠡᠯ ᠤᠨ ᠠᠵᠢᠯ ᠢ ᠬᠠᠮᠢᠶᠠᠷᠴᠦ᠂ ᠬᠤᠰᠢᠭᠤᠨ ᠤ ᠲᠤᠭ᠎ᠠ | ᠪᠦᠷᠢᠳᠭᠡᠯ ᠤᠨ ᠲᠣᠪᠴᠢᠶ᠎ᠠ ᠶᠢ ᠪᠤᠳᠠᠳᠠᠢ ᠬᠠᠷᠢᠭᠤᠴᠠᠨ ᠬᠠᠮᠢᠶᠠᠷᠤᠨ᠎ᠠ᠃ | ᠮᠡᠨᠳᠦᠪᠡᠶᠡᠷ ᠬᠤᠰᠢᠭᠤ ᠳᠡᠳ᠋ ᠲᠠᠷᠤᠭ᠎ᠠ | ᠤᠤᠯ ᠤᠨ ᠬᠤᠪᠢᠶᠠᠷᠢᠯᠠᠭᠰᠠᠨ ᠠᠵᠢᠯ ᠬᠤᠪᠢᠷᠠᠯᠲᠠ ᠦᠭᠡᠢ᠂ ᠵᠡᠷᠭᠡ ᠳᠤᠨᠢ ᠬᠠᠩᠭᠠᠨ ᠪᠣᠷᠣᠯᠠᠭᠤᠯᠭ᠎ᠠ ᠶᠢᠨ ᠠᠵᠢᠯ ᠢ ᠬᠠᠮᠢᠶᠠᠷᠴᠦ᠂ ᠬᠤᠰᠢᠭᠤᠨ ᠤ | ᠬᠠᠩᠭᠠᠨᠪᠣᠷᠣᠯᠠᠭᠤᠯᠭᠠ ᠶᠢᠨ ᠬᠤᠷᠰᠢᠶ᠎ᠠ ᠶᠢ ᠬᠠᠷᠢᠭᠤᠴᠠᠨ ᠬᠠᠮᠢᠶᠠᠷᠤᠨ᠎ᠠ᠃ | ᠬᠤᠶᠠᠷ᠂ AB ᠳᠦᠷᠢ ᠶᠢᠨ ᠲᠣᠬᠢᠷᠠᠭᠤᠯᠤᠯᠲᠠ ᠶᠢᠨ ᠲᠤᠬᠠᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠶᠢᠨAB ᠳᠦᠷᠢ ᠤ ᠠᠵᠢᠯ ᠤᠨ ᠳᠦᠷᠢᠮ ᠪᠣᠯ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠢ ᠨᠢᠭᠡ ᠤᠳᠤᠷᠢᠳᠤᠯᠭ᠎ᠠ ︵A ᠪᠣᠶᠣ B ᠳᠦᠷᠢ ︶ ᠭᠠᠳᠠᠭᠰᠢ ᠭᠠᠷᠴᠦ ᠰᠣᠷᠣᠯᠴᠠᠬᠤ᠂ ᠪᠠᠶᠢᠴᠠᠭᠠᠬᠤ᠂ ᠠᠵᠢᠯ ᠢᠶᠠᠷ | ᠭᠠᠷᠬᠤ᠂ ᠠᠮᠠᠷᠠᠬᠤ᠂ ᠴᠢᠯᠦᠭᠡ ᠭᠤᠶᠤᠬᠤ ᠵᠡᠷᠭᠡ ᠲᠤᠰᠢᠶᠠᠯ ᠢᠶᠠᠨ ᠡᠭᠦᠷᠭᠡᠯᠡᠵᠤ ᠴᠢᠳᠠᠬᠤ ᠦᠬᠡᠢ ᠦᠶ᠎ᠡ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠨᠦᠬᠦᠭᠡ ᠨᠢᠭᠡ ᠤᠳᠤᠷᠢᠳᠤᠯᠭ᠎ᠠ ︵B ᠪᠣᠶᠣ A ᠳᠦᠷᠢ ︶ ᠠᠴᠠ ᠬᠤᠪᠢᠶᠠᠷᠢᠯᠠᠨ ᠬᠠᠷᠢᠭᠤᠴᠠᠵᠤ ᠪᠠᠶᠢᠬᠤ ᠠᠵᠢᠯ ᠢ ᠲᠦᠷ ᠬᠠᠷᠢᠭᠤᠴᠠᠬᠤ ᠳᠦᠷᠢᠮ ᠢ ᠵᠢᠭᠠᠨ᠎ᠠ᠃ | ᠲᠣᠬᠢᠷᠠᠭᠤᠯᠤᠯᠲᠠ ᠬᠢᠭᠰᠡᠨ ᠤ ᠲᠠᠷᠠᠭ᠎ᠠ A B ᠳᠦᠷᠢ ᠲᠣᠣᠷᠠᠬᠢ ᠮᠡᠲᠦ᠄ | A ᠯᠢᠦ ᠬᠤᠸᠠᠢ ᠢᠤᠢ B ᠶᠠᠨ ᠽᠠᠢ ᠢᠤᠢ | A ᠯᠢ ᠰᠢᠶᠤᠤ ᠭᠠᠨᠭ᠌ B ᠪᠢᠶᠠᠨ ᠶᠦᠡᠭ ᠰᠢᠶᠠᠩ | A ᠵᠠᠩ ᠶᠦᠡᠭ B ᠮᠡᠨᠳᠦᠪᠠᠶᠠᠷ | AB ᠳᠦᠷᠢ ᠵᠢᠨᠤᠳᠤᠷᠢᠳᠤᠯᠭᠠ ᠵᠠᠷᠴᠢᠮ ᠲᠡᠭᠡᠷ᠎ᠡ ᠪᠠᠨ ᠵᠡᠷᠭᠡ ᠳᠤᠨᠢ ᠠᠮᠠᠷᠠᠯᠲᠠ ᠬᠢᠵᠦ᠂ ᠴᠢᠯᠦᠭᠡ ᠭᠤᠶᠤᠬᠤ ᠪᠣᠶᠣ ᠭᠠᠳᠠᠭᠰᠢ ᠭᠠᠷᠴᠦ ᠪᠣᠯᠬᠤ ᠦᠬᠡᠢ᠃ | A ᠳᠦᠷᠢ ︵ᠪᠣᠶᠣ Bᠳᠦᠷᠢ︶ ᠶᠢᠨ ᠤᠳᠤᠷᠢᠳᠤᠯᠭ᠎ᠠ ᠠᠮᠠᠷᠠᠯᠲᠠ ᠬᠢᠬᠦ᠂ ᠴᠢᠯᠦᠭᠡ ᠭᠤᠶᠤᠬᠤ᠂ ᠭᠠᠳᠠᠭᠰᠢ ᠭᠠᠷᠬᠤ ᠵᠡᠷᠭᠡ ᠤᠴᠢᠷ ᠲᠤᠬᠢᠶᠠᠯᠳᠤᠪᠠᠯ᠂ ᠡᠷᠬᠡᠪᠰᠢ | ᠤᠷᠢᠳᠴᠢᠯᠠᠨ B ᠳᠦᠷᠢ ︵ᠪᠣᠶᠣA ᠳᠦᠷᠢ︶ ᠶᠢᠨ ᠤᠳᠤᠷᠢᠳᠤᠯᠭ᠎ᠠ ᠲᠠᠢ ᠬᠠᠷᠢᠯᠴᠠᠵᠤ ᠠᠵᠢᠯ ᠢᠶᠠᠨ ᠰᠠᠶᠢᠳᠤᠷ ᠲᠣᠬᠢᠷᠠᠭᠤᠯᠬᠤ ᠬᠡᠷᠡᠭᠳᠡᠢ᠃ ᠬᠠᠷᠢᠯᠴᠠᠨA B | ᠳᠦᠷᠢ ᠪᠣᠯᠬᠤ ᠤᠳᠤᠷᠢᠳᠤᠯᠭ᠎ᠠ ᠡᠷᠬᠡᠪᠰᠢ ᠬᠠᠷᠢᠯᠴᠠᠭ᠎ᠠ ᠨᠡᠪᠳᠡᠷᠡᠯᠴᠡᠭᠡ ᠪᠠᠨ ᠴᠢᠩᠭᠠᠳᠬᠠᠨ᠂ ᠣᠷᠣᠯᠠᠨ ᠬᠤᠷᠠᠯᠳᠤᠬᠤ᠂ ᠣᠷᠣᠯᠠᠨ ᠠᠵᠢᠯ ᠰᠢᠢᠳᠪᠦᠷᠢᠯᠡᠬᠦ | ᠶᠠᠪᠤᠴᠠ ᠳᠤ ᠴᠠᠭ ᠲᠤᠬᠠᠢ ᠳᠤᠨᠢ ᠠᠵᠢᠯ ᠤᠨ ᠪᠠᠶᠢᠳᠠᠯ ᠢ ᠮᠡᠳᠡᠬᠦᠯᠵᠦ᠂ ᠠᠵᠢᠯ ᠤᠨ ᠠᠪᠴᠠᠯᠳᠤᠭ᠎ᠠ ᠶᠢ ᠰᠠᠶᠢᠳᠤᠷ ᠬᠢᠵᠦ᠂ ᠴᠢᠬᠤᠯᠠ ᠶᠡᠭᠡ ᠤᠴᠢᠷ ᠢ ᠬᠤᠰᠢᠭᠤ | ᠲᠠᠷᠤᠭ᠎ᠠ ᠳᠤ ᠮᠡᠳᠡᠬᠦᠯᠵᠦ ᠰᠢᠢᠳᠪᠦᠷᠢ ᠬᠢᠬᠦ ᠬᠡᠷᠡᠭᠳᠡᠢ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 ᠣᠨ ᠤ 6ᠰᠠᠷ᠎ᠠ ᠶᠢᠨ 4 ᠤ ᠡᠳᠦᠷ | | | | |