ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠪᠠ ᠬᠠᠮᠠᠭᠠᠯᠠᠯᠳᠠ ᠶᠢᠨ ᠠᠵᠢᠯ ᠢ ᠤᠯᠠᠮ ᠨᠢᠬᠡ ᠴᠢᠩᠭᠠᠳᠬᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2019/7/24
ᠡᠵᠡᠨ ᠵᠠᠰᠠᠭ ᠲᠠᠷᠬᠠᠭᠠᠬᠤ ﹇2019﹈ 68 ᠳ᠋ᠤᠭᠠᠷ ᠲᠤᠭᠠᠳᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠵᠠᠰᠠᠠᠭ ᠤᠨ ᠤᠷᠳᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠬᠤᠯᠪᠤᠭᠳᠠᠯ ᠪᠦᠬᠦᠢ ᠬᠦᠷᠢᠶᠡᠯᠡᠩ ︵ᠰᠠᠭᠤᠷᠢᠨ ᠭᠠᠵᠠᠷ︶ ᠬᠠᠮᠢᠶᠠᠷᠤᠯᠳᠠ ᠶᠢᠨ ᠵᠦᠪᠯᠡᠯ᠂ ᠡᠯ᠎ᠡ ᠰᠢᠭᠤᠳ ᠬᠠᠷᠢᠶ᠎ᠠ ᠨᠢᠬᠡᠴᠡ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠄      ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠤᠯᠠᠮ ᠨᠢᠬᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠎ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠪᠠ ᠬᠠᠮᠠᠭᠠᠯᠠᠯᠳᠠ ᠶᠢᠨ ᠬᠦᠴᠦᠯᠡᠴᠡ ᠶᠢ ᠴᠢᠩᠭᠠᠳᠬᠠᠨ᠂ ᠤᠰᠤ ᠭᠠᠳᠠᠭᠰᠢᠯᠠᠭᠤᠯᠬᠤ ᠡᠳᠦᠷ ᠲᠤᠳᠤᠮ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠦᠨᠡᠨᠬᠦ ᠲᠦᠷᠢᠮᠵᠢᠬᠦᠯᠦᠨ᠂ ᠮᠠᠨ ᠤ ᠬᠤᠰᠢᠭᠤᠨ ᠤ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠰᠤᠳᠤᠯᠤᠯᠳᠠ ᠪᠠᠷ ᠲᠠᠮᠵᠢᠨ᠂ ᠡᠳᠦᠬᠡ ᠬᠤᠯᠪᠤᠭᠳᠠᠯ ᠪᠦᠬᠦᠢ ᠬᠡᠷᠡᠭ ᠤᠴᠢᠷ ᠢ ᠲᠤᠤᠷᠠᠬᠢ ᠮᠡᠳᠦ ᠮᠡᠳᠡᠭᠳᠡᠶ᠎ᠡ᠄      ᠨᠢᠬᠡ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠢᠮ ᠢ ᠲᠦᠪ ᠴᠢᠩᠭ᠎ᠠ ᠨᠠᠶᠢᠳᠠᠪᠤᠷᠢᠵᠢᠭᠤᠯᠤᠨ᠎ᠠ      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠦᠯᠦᠬᠡ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠢᠯᠠᠵᠤ᠂ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠲᠡᠰ ᠤᠨ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠤᠯᠳᠠ ᠶᠢᠨ ᠶᠡᠷᠦᠩᠬᠡᠢ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠡᠬᠦᠷᠬᠡ ᠶᠢ ᠠᠬᠢᠭᠤᠯᠬᠤ ᠪᠤᠳᠠᠳᠠᠢ ᠪᠠᠨ ᠤᠶᠠᠯᠳᠤᠭᠤᠯᠤᠨ᠂ ᠡᠳᠦᠬᠡ ᠮᠠᠨ ᠤ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠭᠤᠷᠪᠠᠨ ᠵᠢᠯ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢᠨ ᠡᠬᠦᠷᠬᠡ ᠶᠢᠨ ᠨᠠᠷᠢᠨ ᠬᠠᠭᠤᠳᠠᠰᠤ ᠶᠢᠨ 2019 ᠤᠨ ᠤ ᠡᠬᠦᠷᠬᠡ ᠶᠢᠨ ᠲᠤᠬᠢᠷᠠᠭᠤᠯᠤᠭᠠᠳ 181 ᠲᠦᠷᠦᠯ ᠪᠤᠯᠭᠠᠪᠠ᠃ ᠡᠬᠦᠨ ᠤ ᠬᠠᠮᠳᠤ᠂ ᠬᠤᠰᠢᠭᠤ ᠱᠠᠳᠤᠨ ᠤ ᠬᠤᠯᠪᠤᠭᠳᠠᠯ ᠪᠦᠬᠦᠢ ᠤᠳᠤᠷᠢᠳᠤᠯᠭ᠎ᠠ ᠶᠢᠨ ᠠᠵᠢᠯ ᠤᠨ ᠬᠤᠪᠢᠶᠠᠷᠯᠠᠯ ᠢ ᠲᠤᠬᠢᠷᠠᠭᠤᠯᠤᠨ᠂ ᠪᠤᠬᠢᠷᠳᠤᠯ ᠢ ᠰᠡᠷᠬᠡᠶᠢᠯᠡᠨ ᠵᠠᠰᠠᠬᠤ ᠡᠬᠦᠷᠬᠡ ᠶᠢ ᠴᠡᠭᠴᠡᠯᠡᠬᠦ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠲᠤᠳᠤᠷᠬᠠᠶᠢᠯᠠᠨ᠂ ᠡᠳᠦᠬᠡ ᠬᠤᠯᠪᠤᠭᠳᠠᠯ ᠪᠦᠬᠦᠢ ᠬᠡᠷᠡᠭ ᠢ ᠲᠤᠤᠷᠠᠬᠢ ᠮᠡᠳᠦ ᠮᠡᠳᠡᠭᠳᠡᠶ᠎ᠡ᠃      ᠨᠢᠬᠡ ᠳᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠲᠦᠷᠦᠬᠦᠯᠡᠨ ᠬᠠᠷᠢᠭᠤᠴᠠᠬᠤ ᠰᠢᠶᠠᠨ ᠤ ᠲᠡᠰ ᠤᠨ ᠤᠳᠤᠷᠢᠳᠤᠯᠭ᠎ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ︽ᠨᠠᠮ ᠵᠠᠰᠠᠭ ᠤᠨ ᠬᠠᠮᠳᠤ ᠶᠢᠨ ᠬᠠᠷᠢᠭᠤᠴᠠᠯᠭ᠎ᠠ᠂ ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠵᠢᠭᠤᠯᠵᠤ᠂ ᠡᠯ᠎ᠡ ᠲᠦᠷᠦᠯ ᠤᠨ ᠤᠷᠴᠢᠨ ᠲᠤᠭᠤᠷᠢᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠰᠠᠭᠤᠳᠠᠯ ᠤᠨ ᠴᠡᠭᠴᠡᠯᠡᠨ ᠨᠠᠶᠢᠳᠠᠪᠤᠷᠢᠵᠢᠭᠤᠯᠬᠤ ᠶᠢ ᠦᠪᠡᠰᠦᠪᠡᠨ ᠰᠤᠳᠤᠯᠤᠨ ᠪᠠᠶᠢᠷᠢᠯᠠᠭᠤᠯᠬᠤ᠂ ᠵᠢᠯᠤᠭᠤᠳᠤᠨ ᠲᠤᠬᠢᠷᠠᠭᠤᠯᠬᠤ᠂ ᠠᠬᠢᠭᠤᠯᠤᠨ ᠪᠡᠶᠡᠯᠡᠬᠦᠯᠦᠨ᠎ᠡ᠃ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ᠂ ᠡᠯ᠎ᠡ ᠬᠤᠯᠪᠤᠭᠳᠠᠯ ᠪᠦᠬᠦᠢ ᠬᠦᠷᠢᠶᠡᠯᠡᠩ ᠵᠠᠪᠠᠯ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠬᠡᠳᠬᠡᠨ᠂ ᠵᠤᠭᠰᠤᠴᠠ ᠪᠠᠨ ᠲᠡᠬᠡᠭᠰᠢᠯᠡᠬᠦᠯᠦᠨ᠂ ᠡᠬᠦᠷᠬᠡ ᠪᠠᠨ ᠲᠤᠳᠤᠷᠬᠠᠶᠢᠯᠠᠨ᠂ ᠨᠠᠷᠢᠯᠢᠭ ᠵᠤᠬᠢᠶᠠᠨ ᠪᠠᠶᠢᠭᠤᠯᠵᠤ᠂ 2019 ᠤᠨ ᠤ ᠪᠦᠬᠦ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠡᠬᠦᠷᠬᠡ ᠎ ᠶᠢᠨ ᠨᠠᠷᠢᠨ ᠬᠠᠭᠤᠳᠠᠰᠤ ᠶᠢ ᠨᠠᠷᠢᠨ ᠬᠢᠨᠠᠮᠠᠭᠠᠢ ᠬᠠᠷᠭᠤᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠡᠬᠦᠷᠬᠡᠯᠡᠵᠦ᠂ ᠠᠵᠢᠯ ᠤᠨ ᠠᠷᠭ᠎ᠠ ᠪᠠᠷᠢᠯ ᠢᠶᠠᠨ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠴᠢᠭᠯᠡᠯ ᠢ ᠴᠢᠩᠭ᠎ᠠ ᠡᠵᠡᠮᠰᠢᠨ᠎ᠡ᠃ ᠪᠠᠶᠢᠩᠭᠤᠵᠢᠯᠳᠠ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠰᠡᠷᠡᠮᠵᠢ ᠶᠢᠨ ᠤᠬᠠᠮᠰᠠᠷ ᠢᠶᠠᠨ ᠲᠡᠬᠡᠭᠰᠢᠯᠡᠬᠦᠯᠵᠦ᠂ ᠰᠡᠷᠬᠡᠶᠢᠯᠡᠨ ᠡᠵᠡᠮᠰᠢᠬᠦ ᠠᠷᠭ᠎ᠠ ᠬᠡᠮᠵᠢᠶ᠎ᠡ ᠶᠢ ᠲᠤᠭᠳᠠᠭᠠᠵᠤ᠂ ᠪᠠᠶᠢᠩᠭᠤᠵᠢᠯᠳᠠ ᠶᠢᠨ ᠬᠢᠨᠠᠨ ᠡᠵᠡᠮᠰᠢᠯᠳᠠ ᠶᠢ ᠴᠢᠩᠭᠠᠳᠬᠠᠵᠤ᠂ ᠪᠤᠬᠢᠷᠳᠤᠯ ᠤᠨ ᠠᠶᠤᠯ ᠤᠨ ᠦᠨᠡᠯᠡᠯᠳᠡ ᠶᠢ ᠰᠠᠶᠢᠳᠤᠷ ᠬᠢᠵᠦ᠂ ᠪᠤᠬᠢᠷᠳᠤᠯ ᠶᠢᠨ ᠠᠶᠤᠯ ᠤᠨ ᠡᠯᠧᠮᠧᠨ᠋ᠲ ᠢ ᠰᠢᠭᠰᠢᠨ ᠰᠤᠩᠭᠤᠵᠤ᠂ ᠪᠠᠶᠢᠩᠭᠤᠵᠢᠯᠳᠠ ᠶᠢᠨ ᠠᠵᠢᠯ ᠵᠢᠴᠢ ᠠᠶᠤᠯ ᠲᠦᠭᠰᠢᠬᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ᠎ᠡ᠃ ᠲᠤᠬᠠᠢ ᠶᠢᠨ ᠴᠠᠭ ᠲᠤ ᠴᠡᠭᠴᠡᠯᠡᠨ ᠵᠠᠰᠠᠬᠤ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠵᠦ᠂ ᠴᠠᠭ ᠬᠤᠭᠤᠴᠠᠭᠠᠨ ᠤ ᠱᠠᠭᠠᠷᠳᠠᠯᠭ᠎ᠠ ᠲᠠᠢ ᠴᠡᠭᠴᠡᠯᠡᠬᠦ ᠠᠰᠠᠭᠤᠳᠠᠯ ᠳᠤ ᠴᠡᠭᠴᠡᠯᠡᠨ ᠵᠠᠰᠠᠬᠤ ᠲᠦᠰᠦᠯ᠂ ᠠᠰᠠᠭᠤᠳᠠᠯ ᠤᠨ ᠬᠦᠳᠦᠯᠦᠮᠵᠢ ᠶᠢ ᠨᠠᠷᠢᠯᠢᠭᠵᠢᠭᠤᠯᠬᠤ᠂ ᠴᠡᠭᠴᠡᠯᠡᠨ ᠵᠠᠰᠠᠬᠤ ᠠᠬᠢᠴᠠ ᠶᠢ ᠵᠤᠬᠢᠰᠳᠠᠢ ᠪᠠᠷ ᠲᠤᠬᠢᠷᠠᠭᠤᠯᠬᠤ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠡᠬᠦᠷᠬᠡ ᠪᠠᠨ ᠪᠡᠶᠡᠯᠡᠬᠦᠯᠬᠦ ᠶᠢ ᠪᠠᠳᠤᠯᠠᠨ᠎ᠠ᠃ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ᠂ ᠡᠯ᠎ᠡ ᠬᠤᠯᠪᠤᠭᠳᠠᠯ ᠪᠦᠬᠦᠢ ᠬᠦᠷᠢᠶᠡᠯᠡᠩ ᠤᠨ ᠭᠤᠤᠯ ᠬᠠᠷᠢᠭᠤᠴᠠᠯᠭᠠᠳᠠᠨ ᠲᠤᠰ ᠱᠠᠳᠤᠨ ᠤ ᠵᠠᠰᠠᠭ ᠵᠠᠬᠢᠷᠭᠠᠨ ᠤ ᠤᠷᠤᠨ ᠬᠡᠪᠴᠢᠶ᠎ᠡ ᠪᠠ ᠲᠤᠰ ᠰᠠᠯᠠᠭ᠎ᠠ ᠮᠦᠴᠢᠷ ᠎ ᠤᠨ ᠬᠠᠷᠢᠭᠤᠴᠠᠯᠭ᠎ᠠ ᠶᠢᠨ ᠬᠡᠪᠴᠢᠶᠡᠨ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠨᠢᠬᠡᠳᠦᠬᠡᠷ ᠬᠠᠷᠢᠭᠤᠴᠠᠯᠭᠠᠳᠠᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠪᠦᠬᠦ ᠲᠠᠯ᠎ᠠ ᠶᠢᠨ ᠤᠳᠤᠷᠢᠳᠬᠤ ᠬᠠᠷᠢᠭᠤᠴᠠᠯᠭ᠎ᠠ ᠲᠠᠢ︔ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ ᠬᠤᠪᠢᠳᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠡᠪᠴᠢᠶᠡᠨ ᠳᠠᠬᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠶᠡᠷᠦᠩᠬᠡᠶᠢᠯᠡᠭᠰᠡᠨ ᠬᠢᠨᠠᠨ ᠬᠠᠮᠢᠶᠠᠷᠤᠯᠳᠠ ᠶᠢᠨ ᠤᠳᠤᠷᠢᠳᠬᠤ ᠬᠠᠷᠢᠭᠤᠴᠠᠯᠭ᠎ᠠ ᠲᠠᠢ︔ ᠪᠤᠰᠤᠳ ᠬᠤᠯᠪᠤᠭᠳᠠᠯ ᠪᠦᠬᠦᠢ ᠬᠠᠷᠢᠭᠤᠴᠠᠯᠭᠠᠳᠠᠨ ᠬᠤᠪᠢᠳᠠᠨ ᠬᠠᠮᠢᠶᠠᠷᠬᠤ ᠲᠤᠬᠠᠶᠢᠯᠭᠰᠠᠨ ᠠᠵᠢᠯ ᠤᠨ ᠬᠡᠪᠴᠢᠶᠡᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠰᠢᠭᠤᠳ ᠤᠳᠤᠷᠢᠳᠬᠤ ᠬᠠᠷᠢᠭᠤᠴᠠᠯᠭ᠎ᠠ ᠲᠠᠢ᠃ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ ᠬᠤᠪᠢᠷᠠᠯᠳᠠ ᠭᠠᠷᠪᠠᠯ᠂ ᠵᠠᠰᠠᠭ ᠵᠠᠬᠢᠷᠭᠠᠨ ᠤ ᠲᠤᠰᠢᠶᠠᠯ ᠢ ᠤᠷᠤᠯᠠᠨ ᠬᠢᠬᠦ ᠠᠵᠢᠯᠳᠠᠨ ᠦᠪᠡᠷᠳᠡᠬᠡᠨ ᠬᠤᠯᠪᠤᠭᠳᠠᠯ ᠪᠦᠬᠦᠢ ᠠᠵᠢᠯ ᠢ ᠤᠷᠤᠯᠠᠨ ᠬᠢᠵᠦ᠂ ᠦᠬᠡᠷ᠎ᠡ ᠠᠯᠪᠠᠨ ᠪᠢᠴᠢᠭ ᠢᠶᠠᠷ ᠮᠡᠳᠡᠭᠳᠡᠬᠦ ᠦᠬᠡᠢ᠃      ᠬᠤᠶᠠᠷ ᠲᠤ᠂ ᠠᠵᠢᠯ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠲᠦᠯᠦᠪᠵᠢᠬᠦᠯᠦᠨ ᠵᠢᠯᠤᠭᠤᠳᠴᠤ ᠲᠤᠬᠢᠷᠠᠭᠤᠯᠤᠨ᠎ᠠ᠃ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠠᠴᠠ ᠬᠤᠰᠢᠭᠤᠨ ᠤ ᠤᠷᠴᠢᠨ ᠲᠤᠭᠤᠷᠢᠨ ᠤ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠤᠨ ᠲᠤᠰᠢᠶᠠᠯ ᠢᠶᠠᠨ ᠬᠦᠢᠴᠡᠳ ᠪᠠᠳᠠᠳᠠᠷᠠᠭᠤᠯᠵᠤ᠂ ᠪᠦᠬᠦ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠳᠤ ᠨᠢᠬᠡᠳᠦᠯᠳᠠᠢ ᠵᠢᠯᠤᠭᠤᠳᠴᠤ᠂ ᠲᠦᠯᠦᠪᠵᠢᠬᠦᠯᠦᠨ ᠵᠤᠬᠢᠴᠠᠭᠤᠯᠬᠤ ᠪᠠ ᠬᠢᠨᠠᠨ ᠬᠠᠮᠢᠶᠠᠷᠬᠤ ᠦᠢᠯᠡᠳᠦᠯ ᠢᠶᠠᠨ ᠦᠨᠡᠨᠬᠦ ᠴᠢᠩᠭᠠᠳᠬᠠᠨ᠎ᠠ᠃ ᠡᠯ᠎ᠡ ᠲᠦᠷᠦᠬᠦᠯᠡᠨ ᠬᠠᠷᠢᠭᠤᠴᠠᠬᠤ ᠨᠢᠬᠡᠴᠡ ᠪᠤᠬᠢᠷᠳᠤᠯ ᠢ ᠰᠡᠷᠬᠡᠶᠢᠯᠡᠨ ᠵᠠᠰᠠᠬᠤ ᠡᠬᠦᠷᠬᠡ ᠪᠠᠷ ᠬᠦᠳᠦᠯᠦᠮᠵᠢ ᠪᠠᠨ ᠪᠤᠯᠭᠠᠨ᠎ᠠ᠃                                 ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                                     2019 ᠤᠨ ᠤ 5ᠰᠠᠷ᠎ᠠ ᠶᠢᠨ 30᠎ ᠤ ᠡᠳᠦᠷ
ᠢᠷᠡᠯᠲᠡ᠄ ᠲᠤᠰ ᠰᠦᠯᠵᠢᠶ᠎ᠡ