ᠨᠡᠬᠦᠷᠡᠰᠦᠨ ᠤ ᠨᠢᠬᠡᠳᠦᠯᠳᠠᠢ ᠰᠤᠯᠢᠯᠴᠠᠭ᠎ᠠ ᠲᠤᠭᠠᠴᠠᠭ᠎ᠠ ᠪᠠ ᠡᠳ᠋ ᠪᠠᠷᠠᠭᠠᠨ ᠤ ᠬᠦᠢᠯᠬᠡᠬᠡ ᠲᠡᠬᠡᠬᠡᠪᠦᠷᠢᠯᠡᠯᠳᠡ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2019/7/24
ᠡᠵᠡᠨ ᠵᠠᠰᠠᠭ ᠲᠠᠷᠬᠠᠭᠠᠬᠤ ﹇2019﹈ 4 ᠳ᠋ᠣᠭᠡᠷ ᠲᠤᠭᠠᠳᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠬᠤᠯᠪᠤᠭᠳᠠᠯ ᠪᠦᠬᠦᠢ ᠬᠦᠷᠢᠶᠡᠯᠡᠩ ︵ᠰᠠᠭᠤᠷᠢᠨ ᠭᠠᠵᠠᠷ︶᠎ ᠤᠨ ᠬᠠᠮᠢᠶᠠᠷᠤᠯᠳᠠ ᠶᠢᠨ ᠵᠦᠪᠯᠡᠯ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠄      ᠤᠶᠢᠷ᠎ᠠ ᠶᠢᠨ ᠵᠢᠯ᠂ ᠮᠠᠨ ᠤ ᠬᠤᠰᠢᠭᠤ ᠤᠷᠤᠨ ᠪᠠᠶᠢᠷᠢ ᠶᠢᠨ ᠲᠠᠪᠠᠭᠤᠯᠢᠭ ᠪᠠ ᠴᠡᠪᠡᠷᠴᠢ ᠨᠡᠬᠦᠷᠡᠰᠦᠨ ᠤ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠨ᠂ ᠨᠡᠬᠦᠷᠡᠰᠦᠨ ᠤ ᠠᠵᠤ ᠦᠢᠯᠡᠰ ᠤᠷᠳᠤ ᠤᠳᠠᠭᠠᠨ ᠤ ᠬᠦᠭᠵᠢᠯᠳᠡ ᠶᠢ ᠤᠯᠵᠤ᠂ ᠠᠵᠤ ᠦᠢᠯᠡᠰ ᠤᠨ ᠬᠤᠯᠪᠤᠭᠠᠰᠤ ᠶᠢ ᠲᠠᠰᠤᠷᠠᠯᠳᠠ ᠦᠬᠡᠢ ᠦᠷᠬᠦᠯᠵᠢᠯᠡᠬᠦᠯᠦᠨ᠂ ᠠᠵᠤ ᠦᠢᠯᠡᠰ ᠤᠨ ᠬᠡᠪᠴᠢᠶᠡᠵᠢᠯ ᠢ ᠲᠠᠰᠤᠷᠠᠯᠳᠠ ᠦᠬᠡᠢ ᠦᠷᠬᠡᠳᠬᠡᠨ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠪᠠ ᠡᠯ᠎ᠡ ᠲᠦᠷᠦᠯ ᠤᠨ ᠠᠵᠢᠯ ᠦᠢᠯᠡᠰ ᠎ ᠤᠨ ᠦᠳᠳᠦᠷ ᠲᠦᠷᠬᠡᠨ ᠬᠦᠭᠵᠢᠯᠳᠡ ᠶᠢ ᠠᠬᠢᠭᠤᠯᠬᠤ ᠴᠢᠬᠤᠯᠠ ᠲᠤᠯᠭᠠᠭᠤᠷᠢ ᠠᠵᠤ ᠦᠢᠯᠡᠰ ᠤᠨ ᠨᠢᠬᠡ ᠪᠤᠯᠭᠠᠨ᠎ᠠ᠃ ᠶᠡᠷᠦᠩᠬᠡᠢ ᠳᠡᠭᠡᠨ ᠠᠪᠴᠤ ᠦᠵᠡᠪᠡᠯ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠭᠰᠠᠨ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠲᠠᠢ ᠪᠠᠰᠠ ᠨᠡᠯᠢᠶᠡᠳ ᠵᠦᠷᠢᠶ᠎ᠡ ᠲᠠᠢ ᠪᠠᠶᠢᠵᠤ᠂ ᠠᠵᠤ ᠦᠢᠯᠡᠳᠪᠦᠷᠢᠵᠢᠯᠳᠡ ᠪᠠ ᠰᠤᠷᠠᠭ ᠵᠠᠩᠭᠢᠵᠢᠯᠳᠡ ᠶᠢᠨ ᠠᠭᠤᠰᠤᠯᠴᠤᠯ ᠬᠦᠷᠦᠯᠴᠡᠬᠦ ᠦᠬᠡᠢ᠂ ᠠᠵᠢᠯ ᠲᠦᠷᠦᠯ ᠤᠨ ᠲᠠᠶᠢᠴᠢᠯᠠᠬᠤ ᠦᠢᠯᠡᠳᠦᠯ ᠬᠦᠷᠦᠯᠴᠡᠬᠦ ᠦᠬᠡᠢ ᠵᠡᠷᠬᠡ ᠠᠰᠠᠭᠤᠳᠠᠯ ᠨᠡᠯᠢᠶᠡᠳ ᠲᠤᠪᠤᠶᠢᠮ᠎ᠠ ᠪᠠᠶᠢᠨ᠎ᠠ᠃ ᠮᠠᠨ ᠤ ᠬᠤᠰᠢᠭᠤ ᠦᠪᠡᠷ ᠤᠨ ᠨᠡᠬᠦᠷᠡᠰᠦᠨ ᠤ ᠠᠵᠤ ᠦᠢᠯᠡᠰ ᠤᠨ ᠬᠦᠭᠵᠢᠯᠳᠡ ᠶᠢᠨ ᠪᠤᠳᠠᠳᠤ ᠪᠠᠶᠢᠳᠠᠯ ᠳᠤ ᠰᠠᠭᠤᠷᠢᠯᠠᠨ᠂ ᠤᠯᠤᠰ ᠤᠨ ᠲᠤᠳᠤᠭᠠᠳᠤ ᠤᠯᠠᠨ ᠤᠯᠤᠰ ᠤᠨ ᠡᠨᠧᠷᠬᠢ ᠶᠢᠨ ᠮᠡᠷᠬᠡᠵᠢᠯ ᠤᠨ ᠬᠤᠪᠢᠰᠬᠠᠯ ᠤᠨ ᠰᠢᠨ᠎ᠡ ᠪᠠᠶᠢᠳᠠᠯ ᠢ ᠲᠠᠭᠠᠵᠤ᠂ ᠪᠤᠬᠢᠷᠳᠤᠯ ᠦᠬᠡᠢ ᠲᠤᠤᠷ᠎ᠠ ᠨᠡᠬᠦᠷᠡᠰᠦᠳᠦ᠋ᠷᠦᠭᠴᠢᠳᠤ ᠶᠢᠨ ᠴᠢᠭᠯᠡᠯ ᠢᠶᠠᠷ ᠮᠡᠷᠬᠡᠵᠢᠯ ᠤᠨ ᠰᠢᠨᠡᠴᠢᠯᠡᠯᠳᠡ᠂ ᠠᠵᠤ ᠦᠢᠯᠡᠰ ᠤᠨ ᠰᠢᠨᠡᠴᠢᠯᠡᠯᠳᠡ᠂ ᠬᠤᠳᠠᠯᠳᠤᠭᠠᠨ ᠤ ᠶᠠᠪᠤᠳᠠᠯ ᠤᠨ ᠰᠢᠨᠡᠴᠢᠯᠡᠯᠳᠡ ᠶᠢ ᠲᠦᠷᠦᠯ ᠬᠤᠪᠢᠶᠠᠨ ᠠᠬᠢᠭᠤᠯᠬᠤ ᠶᠢᠨ ᠬᠠᠮᠳᠤ ᠪᠤᠰᠤᠳ ᠤᠷᠤᠨ ᠬᠡᠪᠴᠢᠶᠡᠨ ᠤ ᠲᠡᠬᠡᠳᠦ ᠰᠢᠨ᠎ᠡ ᠮᠡᠷᠬᠡᠵᠢᠯ ᠎ ᠲᠠᠢ ᠴᠢᠩᠭ᠎ᠠ ᠤᠶᠠᠯᠳᠤᠭᠤᠯᠤᠨ᠂ ᠡᠨᠧᠷᠬᠢ ᠶᠢᠨ ᠮᠡᠷᠬᠡᠵᠢᠯ ᠲᠠᠢ ᠬᠤᠯᠪᠤᠭ᠎ᠠ ᠪᠦᠬᠦᠢ ᠠᠵᠤ ᠦᠢᠯᠡᠰ ᠢ ᠬᠦᠭᠵᠢᠬᠦᠯᠦᠨ ᠮᠠᠨ ᠤ ᠬᠤᠰᠢᠭᠤᠨ ᠤ ᠠᠵᠤ ᠦᠢᠯᠡᠰ ᠤᠨ ᠲᠡᠰ ᠲᠡᠪᠰᠢᠬᠦ ᠳᠤ ᠰᠢᠨ᠎ᠡ ᠨᠡᠮᠡᠭᠳᠡᠯ ᠤᠨ ᠴᠡᠭ ᠢ ᠲᠠᠶᠢᠴᠢᠯᠠᠨ᠎ᠠ᠃ ᠡᠳᠦᠬᠡ ᠬᠤᠯᠪᠤᠭᠳᠠᠯ ᠪᠦᠬᠦᠢ ᠤᠴᠢᠷ ᠢ ᠲᠤᠤᠷᠠᠬᠢ ᠮᠡᠳᠦ ᠮᠡᠳᠡᠭᠳᠡᠶ᠎ᠡ᠄      ᠨᠢᠭᠡ᠂ ᠦᠨᠳᠦᠰᠦᠨ ᠪᠠᠶᠢᠳᠠᠯ      ᠮᠠᠨ ᠤ ᠬᠤᠰᠢᠭᠤ ᠤᠯᠤᠰ ᠤᠨ ᠴᠢᠬᠤᠯᠠ ᠴᠡᠪᠡᠷᠴᠢ ᠡᠨᠧᠷᠬᠢ ᠶᠢᠨ ᠭᠠᠳᠠᠭᠰᠢᠯᠠᠭᠤᠯᠬᠤ ᠰᠠᠭᠤᠷᠢᠨ ᠭᠠᠵᠠᠷ ᠪᠠ ᠤᠳᠤ ᠦᠶ᠎ᠡ ᠶᠢᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠠᠶᠢᠵᠤ᠂ ᠤᠳᠤ ᠨᠢᠬᠡᠨᠳᠡ ᠨᠡᠬᠦᠷᠡᠰᠤᠨ ᠤ ᠦᠢᠯᠡᠳᠪᠦᠷᠢᠯᠡᠯ 2 ᠳ᠋ᠦᠩᠰᠢᠭᠤᠷ ᠲᠤᠨ/ ᠵᠢᠯ ᠠᠴᠠ ᠲᠡᠭᠡᠭᠰᠢ  ᠂ ᠵᠢᠯ ᠤᠨ ᠲᠤᠮᠳᠠᠴᠢ ᠪᠤᠷᠤ ᠨᠡᠬᠦᠷᠡᠰᠦ ᠶᠢᠨ ᠪᠤᠷᠤᠯᠠᠭᠤᠯᠭ᠎ᠠ 1.8 ᠳ᠋ᠦᠩᠰᠢᠭᠤᠷ ᠲᠤᠨ ᠠᠴᠠ ᠲᠡᠬᠡᠭᠰᠢ᠂ ᠨᠡᠬᠦᠷᠡᠰᠦ ᠨᠡᠬᠡᠬᠡᠨ ᠮᠠᠯᠳᠠᠬᠤ ᠪᠠᠷ ᠭᠤᠤᠯ ᠱᠤᠭᠤᠮ᠂ ᠨᠡᠬᠦᠷᠡᠰᠦ ᠶᠢ ᠨᠠᠷᠢᠯᠢᠭ ᠪᠤᠯᠪᠠᠰᠤᠷᠠᠭᠤᠯᠬᠤ ᠵᠢᠴᠢ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢᠶᠠᠷ ᠭᠤᠤᠯᠯᠠᠵᠤ᠂ ᠵᠠᠰᠠᠮᠠᠯ ᠵᠠᠮ ᠲᠡᠮᠦᠷ ᠵᠠᠮ ᠤᠨ ᠬᠠᠮᠳᠤᠷᠠᠨ ᠲᠡᠬᠡᠬᠡᠪᠦᠷᠢᠯᠡᠬᠦ ᠪᠠᠷ ᠪᠠᠳᠤᠯᠠᠭ᠎ᠠ ᠪᠠᠨ ᠪᠤᠯᠭᠠᠭᠰᠠᠨ ᠨᠡᠬᠦᠷᠡᠰᠦᠨ ᠤ ᠠᠵᠤ ᠦᠢᠯᠡᠰ ᠤᠨ ᠲᠡᠬᠡᠬᠡᠪᠦᠷᠢᠯᠡᠨ ᠪᠤᠷᠤᠯᠠᠭᠤᠯᠬᠤ ᠲᠤᠭᠳᠠᠯᠴᠠᠭ᠎ᠠ ᠶᠢ ᠠᠩᠬ᠎ᠠ ᠠᠯᠬᠤᠮ ᠪᠦᠷᠢᠯᠳᠦᠬᠦᠯᠦᠨ᠎ᠡ᠃ ᠤᠳᠤᠬᠠᠨ ᠳᠤ᠂ ᠮᠠᠨ ᠤ ᠬᠤᠰᠢᠭᠤᠨ ᠤ ᠨᠡᠬᠦᠷᠡᠰᠦᠨ ᠤ ᠦᠢᠯᠡᠳᠪᠦᠷᠢᠯᠡᠯ ᠠᠵᠤ ᠠᠬᠤᠶᠢᠯᠠᠯ ᠤᠨ ᠬᠤᠳᠠᠯᠳᠤᠭᠠᠨ ᠤ ᠰᠤᠯᠢᠯᠴᠠᠭ᠎ᠠ ᠲᠤᠭᠠᠴᠠᠭ᠎ᠠ ᠶᠢᠨ ᠪᠡᠯᠡ ᠮᠦᠩᠭᠦᠨ ᠤ ᠶᠡᠷᠦᠩᠬᠡᠢ ᠲᠤᠭ᠎ᠠ ᠪᠠᠷᠤᠭ 900 ᠳ᠋ᠦᠩᠰᠢᠭᠤᠷ ᠲᠦᠬᠦᠷᠢᠭ᠂ ᠬᠡᠳᠡᠯ᠎ᠡ ᠤᠯᠠᠩᠭᠢ ᠲᠤᠭᠠᠨ ᠤ ᠰᠤᠯᠢᠯᠴᠠᠭ᠎ᠠ ᠲᠤᠭᠠᠴᠠᠭ᠎ᠠ ᠶᠢᠨ ᠪᠡᠯᠡ ᠮᠦᠩᠭᠦ ᠬᠤᠰᠢᠭᠤᠨ ᠤ ᠭᠠᠳᠠᠨ᠎ᠠ ᠴᠢᠨᠠᠬᠰᠢᠯᠠᠪᠠᠯ ᠤᠯᠤᠰ ᠤᠨ ᠲᠤᠳᠤᠭᠠᠳᠤ ᠶᠢᠨ ᠪᠤᠰᠤᠳ ᠤᠷᠤᠨ ᠬᠡᠪᠴᠢᠶᠡᠨ ᠤ ᠪᠠᠩᠭᠢ ᠳᠤ ᠠᠯᠳᠠᠭᠳᠠᠨ᠂ ᠵᠤᠬᠢᠬᠤ ᠬᠡᠮᠵᠢᠶ᠎ᠡ ᠪᠠᠷ ᠮᠠᠨ ᠤ ᠬᠤᠰᠢᠭᠤᠨ ᠤ ᠭᠠᠵᠠᠷ ᠤᠷᠤᠨ ᠤ ᠮᠦᠩᠭᠦᠨ ᠬᠦᠢᠯᠬᠡᠬᠡᠨ ᠤ ᠬᠦᠭᠵᠢᠯᠳᠡ ᠶᠢ ᠬᠦᠯᠢᠶᠡᠰᠦᠯᠡᠵᠦ᠂ ᠡᠬᠦᠨ ᠤ ᠬᠠᠮᠳᠤ᠂ ᠲᠡᠬᠡᠷ᠎ᠡ ᠲᠤᠷᠠᠳᠤᠭᠰᠠᠨ ᠪᠠᠶᠢᠳᠠᠯ ᠮᠠᠨ ᠤ ᠬᠤᠰᠢᠭᠤᠨ ᠤ ᠭᠠᠵᠠᠷ ᠤᠷᠤᠨ ᠤ ᠡᠳ᠋ ᠪᠠᠷᠠᠭᠠᠨ ᠤ ᠬᠦᠢᠯᠬᠡᠬᠡᠨ ᠤ ᠠᠵᠤ ᠦᠢᠯᠡᠰ ᠬᠢᠬᠡᠳ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠡᠬᠦᠷᠬᠡ ᠴᠢᠳᠠᠪᠬᠢ ᠶᠢ ᠬᠦᠢᠴᠡᠳ ᠪᠠᠳᠠᠷᠠᠭᠤᠯᠬᠤ ᠶᠢ ᠬᠠᠷᠰᠢᠯᠡᠵᠦ᠂ ᠨᠡᠬᠦᠷᠡᠰᠦᠨ ᠤ ᠲᠡᠬᠡᠬᠡᠪᠦᠷᠢ ᠶᠢᠨ ᠬᠡᠪᠴᠢᠶᠡᠨ ᠤ ᠴᠢᠮᠡᠭᠡ ᠵᠠᠩᠭᠢ ᠶᠢ ᠨᠢᠬᠡᠳᠦᠬᠦᠯᠬᠦ ᠪᠠᠷ ᠬᠦᠷᠦᠯᠴᠡᠬᠦ ᠦᠬᠡᠢ ᠪᠠᠶᠢᠳᠠᠯ ᠤᠷᠤᠰᠢᠵᠤ᠂ ᠨᠡᠬᠦᠷᠡᠰᠦ ᠶᠢ ᠵᠠᠰᠠᠮᠠᠯ ᠵᠠᠮ ᠤᠨ ᠲᠤᠮᠳᠠ ᠤᠶᠢᠷ᠎ᠠ ᠵᠠᠮ ᠤᠨ ᠲᠡᠬᠡᠬᠡᠪᠦᠷᠢᠯᠡᠬᠦ ᠪᠠᠷᠠᠭᠠᠨ ᠤ ᠬᠡᠮᠵᠢᠶ᠎ᠡ ᠶᠡᠭᠡ᠂ ᠨᠡᠬᠦᠷᠡᠰᠦ ᠲᠡᠬᠡᠬᠡᠪᠦᠷᠢᠯᠡᠬᠦ ᠬᠦᠴᠦᠨ ᠤ ᠱᠠᠭᠠᠷᠳᠠᠯᠭ᠎ᠠ ᠬᠢᠬᠡᠳ ᠦᠢᠯᠡᠳᠪᠦᠷᠢᠯᠡᠨ ᠪᠤᠷᠤᠯᠠᠭᠤᠯᠬᠤ ᠴᠢᠮᠡᠭᠡ ᠵᠠᠩᠭᠢ ᠲᠡᠩᠴᠡᠬᠦᠷᠢ ᠦᠬᠡᠢ ᠵᠡᠷᠬᠡ ᠠᠰᠠᠭᠤᠳᠠᠯ ᠤᠷᠤᠰᠢᠵᠤ ᠪᠠᠶᠢᠨ᠎ᠠ᠃     ᠬᠤᠶᠠᠷ᠂ ᠬᠦᠭᠵᠢᠯᠳᠡ ᠶᠢᠨ ᠬᠠᠷᠠᠯᠳᠠ      ᠨᠡᠬᠦᠷᠡᠰᠦᠨ ᠤ ᠠᠵᠤ ᠦᠢᠯᠡᠰ ᠤᠨ ᠬᠦᠭᠵᠢᠯᠳᠡ ᠶᠢᠨ ︽ᠲᠦᠷᠪᠡᠨ ᠬᠤᠪᠢᠰᠬᠠᠯ︾᠎ ᠤᠨ ᠵᠠᠷᠴᠢᠮ ᠢ ᠪᠠᠷᠢᠮᠳᠠᠯᠠᠨ᠂ ᠵᠠᠬ᠎ᠠ ᠲᠡᠯᠬᠡᠬᠦᠷ ᠢᠶᠠᠷ ᠭᠤᠤᠯᠯᠠᠬᠤ᠂ ᠠᠵᠤ ᠠᠬᠤᠶᠢᠯᠠᠯ ᠤᠨ ᠭᠤᠤᠯ ᠴᠤᠭᠴᠠ ᠪᠠ ᠵᠠᠰᠠᠭ ᠤᠨ ᠤᠷᠳᠤᠨ ᠤ ᠲᠡᠮᠵᠢᠯᠬᠡ ᠶᠢ ᠤᠶᠠᠯᠳᠤᠭᠤᠯᠤᠭᠰᠠᠨ ᠬᠦᠭᠵᠢᠯᠳᠡ ᠶᠢ ᠵᠢᠮ᠎ᠡ ᠶᠤᠰᠤ ᠶᠢ ᠴᠢᠩᠭ᠎ᠠ ᠵᠢᠷᠤᠮᠯᠠᠵᠤ᠂ ᠡᠯ᠎ᠡ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠭᠴᠠ ᠨᠡᠬᠦᠷᠡᠰᠦᠨ ᠤ ᠵᠠᠬ᠎ᠠ ᠲᠡᠯᠬᠡᠬᠦᠷ ᠤᠨ ᠰᠤᠯᠢᠯᠴᠠᠭᠠᠨ ᠤ ᠪᠠᠶᠢᠭᠤᠯᠤᠯᠳᠠ ᠳᠤ ᠤᠷᠤᠯᠴᠠᠬᠤ ᠶᠢ ᠢᠳᠡᠪᠬᠢᠳᠠᠢ ᠲᠠᠶᠢᠴᠢᠯᠠᠨ᠂ ᠤᠷᠤᠨ ᠬᠡᠪᠴᠢᠶᠡᠵᠢᠭᠰᠡᠨ ᠰᠦᠯᠵᠢᠶᠡᠨ ᠲᠡᠬᠡᠷᠡᠬᠢ ᠨᠡᠬᠦᠷᠡᠰᠦᠨ ᠤ ᠰᠤᠯᠢᠯᠴᠠᠭᠠᠨ ᠤ ᠲᠠᠪᠴᠠᠩ ᠢ ᠲᠦᠷᠬᠡᠳᠬᠡᠨ ᠪᠠᠶᠢᠭᠤᠯᠵᠤ᠂ ᠨᠡᠬᠦᠷᠡᠰᠦᠨ ᠤ ᠦᠢᠯᠡᠳᠪᠦᠷᠢᠯᠡᠯ ᠲᠡᠬᠡᠬᠡᠪᠦᠷᠢ ᠪᠤᠷᠤᠯᠠᠭᠤᠯᠭ᠎ᠠ ᠶᠢ ᠤᠶᠠᠯᠳᠤᠭᠤᠯᠬᠤ ᠪᠠᠶᠢᠭᠤᠯᠤᠮᠵᠢ ᠶᠢ ᠲᠡᠬᠦᠯᠳᠡᠷᠵᠢᠬᠦᠯᠵᠦ᠂ ᠤᠯᠠᠮᠵᠢᠯᠠᠯᠳᠤ ᠦᠢᠯᠡᠳᠪᠦᠷᠢᠯᠡᠯ ᠲᠡᠬᠡᠬᠡᠪᠦᠷᠢ ᠪᠤᠷᠤᠯᠠᠭᠤᠯᠭ᠎ᠠ ᠶᠢᠨ ᠬᠡᠯᠪᠡᠷᠢ ᠠᠴᠠ ᠤᠳᠤ ᠦᠶ᠎ᠡ ᠶᠢᠨ ᠰᠤᠯᠢᠯᠴᠠᠭᠠᠨ ᠤ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠤᠨ᠂ ᠨᠡᠬᠦᠷᠡᠰᠦᠨ ᠤ ᠮᠦᠩᠭᠦᠨ ᠬᠦᠢᠯᠬᠡᠬᠡᠨ ᠤ ᠦᠢᠯᠡᠴᠢᠯᠡᠭᠡ ᠶᠢ ᠰᠢᠨᠡᠴᠢᠯᠡᠨ᠂ ᠰᠤᠯᠢᠯᠴᠠᠭᠠᠨ ᠤ ᠦᠪᠡᠷ ᠤᠨ ᠦᠷᠳᠡᠭ ᠢ ᠲᠤᠷᠤᠭᠰᠢᠯᠠᠭᠤᠯᠤᠨ᠂ ᠨᠡᠬᠦᠷᠡᠰᠦᠨ ᠤ ᠡᠬᠢ ᠪᠠᠶᠠᠯᠢᠭ ᠤᠨ ᠬᠤᠪᠢᠶᠠᠷᠯᠠᠯ ᠎ ᠢ ᠰᠢᠯᠢᠳᠡᠭᠵᠢᠬᠦᠯᠦᠨ᠎ᠡ᠃ ᠵᠠᠬ᠎ᠠ ᠲᠡᠯᠬᠡᠬᠦᠷ ᠢ ᠬᠤᠪᠢᠶᠠᠨ ᠠᠩᠭᠢᠯᠠᠬᠤ᠂ ᠭᠠᠵᠠᠷ ᠤᠷᠤᠨ ᠤ ᠪᠢᠳᠠᠬᠦᠮᠵᠢᠯᠠᠯ ᠵᠡᠷᠬᠡ ᠬᠢᠵᠠᠭᠠᠷᠯᠠᠯ ᠢ ᠤᠯᠠᠮ ᠨᠢᠬᠡ ᠠᠯᠬᠤᠮ ᠠᠷᠢᠯᠭᠠᠨ᠂ ᠨᠡᠬᠦᠷᠡᠰᠦᠨ ᠤ ᠰᠤᠯᠢᠯᠴᠠᠭᠠᠨ ᠤ ᠲᠠᠪᠴᠠᠩ ᠤᠨ ᠴᠢᠮᠡᠭᠡ ᠵᠠᠩᠭᠢ ᠶᠢ ᠬᠠᠮᠳᠤᠪᠡᠷ ᠡᠳ᠋ᠯᠡᠬᠦ ᠶᠢ ᠠᠬᠢᠭᠤᠯᠵᠤ᠂ ᠤᠷᠤᠨ ᠬᠡᠪᠴᠢᠶ᠎ᠡ᠂ ᠠᠵᠢᠯ ᠲᠦᠷᠦᠯ ᠠᠯᠤᠰᠯᠠᠭᠰᠠᠨ ᠤᠶᠤᠨᠴᠢᠯᠠᠭᠰᠠᠨ ᠡᠳ᠋ ᠪᠠᠷᠠᠭᠠᠨ ᠤ ᠬᠦᠢᠯᠬᠡᠬᠡᠨ ᠤ ᠴᠢᠮᠡᠭᠡ ᠵᠠᠩᠭᠢ ᠶᠢᠨ ᠦᠢᠯᠡᠴᠢᠯᠡᠬᠡᠨ ᠤ ᠲᠠᠪᠴᠠᠩ ᠢ ᠪᠦᠷᠢᠯᠳᠦᠬᠦᠯᠦᠨ᠎ᠡ᠃ ᠮᠠᠨ ᠤ ᠬᠤᠰᠢᠭᠤᠨ ᠤ ᠢ ᠨᠧᠩ ᠲᠦᠩ ᠰᠤᠯᠢᠯᠴᠠᠭᠠᠨ ᠤ ᠲᠠᠪᠴᠠᠩ ᠢᠶᠠᠷ ᠰᠠᠭᠤᠷᠢ ᠪᠤᠯᠭᠠᠨ᠂ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠨᠡᠬᠦᠷᠡᠰᠦᠨ ᠤ ᠠᠵᠢᠯ ᠲᠦᠷᠦᠯ ᠳᠤ ᠪᠦᠬᠦ ᠲᠠᠯ᠎ᠠ ᠎ ᠪᠠᠷ ᠬᠡᠷᠡᠭᠵᠢᠬᠦᠯᠬᠦ ᠶᠢ ᠠᠬᠢᠭᠤᠯᠤᠨ᠂ ᠲᠤᠭ᠎ᠠ ᠪᠠᠷᠢᠮᠳᠠ ᠴᠤᠭᠯᠠᠭᠤᠯᠬᠤ ᠬᠡᠪᠴᠢᠶ᠎ᠡ ᠶᠢ ᠠᠯᠬᠤᠮ ᠠᠯᠬᠤᠮ ᠢᠶᠠᠷ ᠦᠷᠬᠡᠳᠬᠡᠨ᠂ ᠨᠡᠬᠦᠷᠡᠰᠦᠨ ᠤ ᠦᠢᠯᠡᠳᠪᠦᠷᠢᠯᠡᠯ᠂ ᠲᠡᠬᠡᠬᠡᠪᠦᠷᠢᠯᠡᠬᠦ᠂ ᠪᠤᠷᠤᠯᠠᠭᠤᠯᠭ᠎ᠠ᠂ ᠪᠠᠷᠠᠭᠠᠨ ᠤ ᠬᠦᠢᠯᠬᠡᠬᠡ᠂ ᠡᠬᠢ ᠪᠠᠶᠠᠯᠢᠭ ᠵᠡᠷᠬᠡ ᠤᠷᠤᠨ ᠬᠡᠪᠴᠢᠶᠡᠨ ᠤ ᠲᠤᠭ᠎ᠠ ᠪᠠᠷᠢᠮᠳᠠ ᠶᠢ ᠪᠦᠷᠬᠦᠬᠦᠯᠦᠨ᠂ ᠤᠳᠤ ᠶᠢᠨ ᠪᠠᠶᠢᠭ᠎ᠠ ᠨᠡᠬᠦᠷᠡᠰᠦᠨ ᠤ ᠲᠤᠭ᠎ᠠ ᠪᠠᠷᠢᠮᠳᠠ ᠶᠢᠨ ᠡᠬᠢ ᠪᠠᠶᠠᠯᠢᠭ ᠢ ᠪᠦᠬᠦ ᠲᠠᠯ᠎ᠠ ᠪᠠᠷ ᠨᠢᠬᠡᠳᠦᠬᠦᠯᠦᠨ᠂ ᠨᠡᠬᠦᠷᠡᠰᠦᠨ ᠤ ᠦᠢᠯᠡᠳᠪᠦᠷᠢᠯᠡᠯ ᠰᠦᠪᠡᠭᠴᠢᠯᠡᠯ ᠤᠨ ᠰᠢᠨ᠎ᠡ ᠪᠠᠶᠢᠳᠠᠯ᠂ ᠰᠢᠨ᠎ᠡ ᠬᠡᠯᠪᠡᠷᠢ ᠵᠢᠴᠢ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠠᠨ ᠲᠡᠰ ᠲᠡᠪᠰᠢᠬᠦᠯᠬᠦ ᠳᠤ ᠬᠦᠴᠦᠳᠠᠢ ᠲᠠᠮᠵᠢᠯᠬᠡ ᠬᠠᠩᠭᠠᠨ᠎ᠠ᠃      ᠭᠤᠷᠪᠠ᠂ ᠭᠤᠤᠯᠳᠠᠯᠭᠠᠳᠤ ᠠᠵᠢᠯ      ︵ᠨᠢᠬᠡ︶ ᠨᠡᠬᠦᠷᠡᠰᠦᠨ ᠤ ᠠᠵᠤ ᠦᠢᠯᠡᠰ ᠤᠨ ᠮᠦᠩᠭᠦᠨ ᠬᠦᠢᠯᠬᠡᠬᠡᠨ ᠤ ᠲᠤᠭᠠᠴᠠᠭ᠎ᠠ ᠶᠢᠨ ᠠᠵᠢᠯ ᠢ ᠰᠢᠨᠡᠴᠢᠯᠡᠨ ᠦᠷᠨᠢᠬᠦᠯᠦᠨ᠎ᠡ᠃ ᠵᠠᠰᠠᠭ ᠤᠨ ᠤᠷᠳᠤᠨ ᠎ ᠤ ᠰᠠᠯᠠᠭ᠎ᠠ ᠮᠦᠴᠢᠷ ᠤᠨ ᠲᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠡᠯ᠎ᠡ ᠲᠦᠷᠦᠯ ᠤᠨ ᠪᠠᠩᠭᠢ ᠬᠢᠬᠡᠳ ᠨᠡᠬᠦᠷᠡᠰᠦᠨ ᠤ ᠦᠢᠯᠡᠳᠪᠦᠷᠢᠯᠡᠯ ᠵᠢᠴᠢ ᠲᠡᠬᠡᠬᠡᠪᠦᠷᠢᠯᠡᠨ ᠪᠤᠷᠤᠯᠠᠭᠤᠯᠬᠤ ᠠᠵᠤ ᠠᠬᠤᠶᠢᠯᠠᠯ ᠲᠠᠢ ᠬᠠᠮᠳᠤ ᠠᠮᠢᠳᠤᠯᠢᠭ᠂ ᠲᠦᠬᠦᠮ ᠲᠦᠳᠡ᠂ ᠦᠪᠡᠷ ᠤᠨ ᠦᠷᠳᠡᠭ ᠲᠤᠤᠷ᠎ᠠ ᠮᠦᠩᠭᠦᠨ ᠬᠦᠢᠯᠬᠡᠬᠡᠨ ᠤ ᠦᠢᠯᠡᠴᠢᠯᠡᠬᠡᠨ ᠤ ᠠᠷᠭ᠎ᠠ ᠵᠠᠮ ᠢ ᠢᠳᠡᠪᠬᠢᠳᠠᠢ ᠲᠠᠶᠢᠴᠢᠯᠠᠨ᠎ᠠ᠃ ᠨᠢᠬᠡ ᠳᠤ᠂ ᠤᠳᠤ ᠶᠢᠨ ᠪᠠᠶᠢᠭ᠎ᠠ ᠢ ᠨᠧᠩ ᠲᠦᠩ ᠰᠤᠯᠢᠯᠴᠠᠭᠠᠨ ᠤ ᠲᠠᠪᠴᠠᠩ ᠳᠤ ᠲᠦᠰᠢᠭᠯᠡᠨ᠂ ᠨᠡᠬᠦᠷᠡᠰᠦᠨ ᠤ ᠠᠵᠤ ᠦᠢᠯᠡᠰ ᠬᠤᠯᠪᠤᠭᠠᠰᠤ ᠶᠢᠨ ᠦᠢᠯᠡᠳᠪᠦᠷᠢᠯᠡᠯ ᠪᠤᠷᠤᠯᠠᠭᠤᠯᠭ᠎ᠠ ᠶᠢᠨ ᠬᠤᠳᠠᠯᠳᠤᠨ ᠠᠪᠤᠭᠴᠢ ᠳᠤ ᠰᠤᠯᠢᠯᠴᠠᠭ᠎ᠠ᠂ ᠲᠤᠭᠠᠴᠠᠭ᠎ᠠ᠂ ᠪᠠᠷᠠᠭᠠᠨ ᠤ ᠬᠦᠢᠯᠬᠡᠬᠡ᠂ ᠮᠦᠩᠭᠦᠨ ᠬᠦᠢᠯᠬᠡᠬᠡ᠂ ᠨᠡᠬᠦᠷᠡᠰᠦᠨ ᠤ ᠴᠢᠨᠠᠷ ᠤᠨ ᠪᠠᠶᠢᠴᠠᠭᠠᠯᠳᠠ᠂ ᠴᠢᠮᠡᠭᠡ ᠵᠠᠩᠭᠢ ᠵᠡᠷᠬᠡ ᠦᠢᠯᠡᠴᠢᠯᠡᠭᠡ ᠶᠢ ᠬᠠᠩᠭᠠᠨ᠎ᠠ᠃ ᠠᠵᠤ ᠠᠬᠤᠶᠢᠯᠠᠯ ᠤᠨ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠢ ᠤᠯᠠᠮ ᠨᠢᠬᠡ ᠠᠯᠬᠤᠮ ᠠᠬᠢᠭᠤᠯᠤᠨ᠂ ᠮᠠᠨ ᠤ ᠬᠤᠰᠢᠭᠤᠨ ᠤ ᠭᠠᠵᠠᠷ ᠤᠷᠤᠨ ᠤ ᠮᠦᠩᠭᠦᠨ ᠬᠦᠢᠯᠬᠡᠬᠡᠨ ᠤ ᠪᠠᠶᠢᠭᠤᠯᠤᠮᠵᠢ ᠳᠤ ᠵᠠᠬ᠎ᠠ ᠲᠡᠯᠬᠡᠬᠦᠷ ᠤᠨ ᠠᠳᠠᠯᠢ ᠬᠤᠭᠤᠴᠠᠭᠠᠨ ᠤ ᠬᠦᠦ ᠨᠤᠷᠮ᠎ᠠ ᠠᠴᠠ ᠲᠤᠤᠷ᠎ᠠ ᠪᠡᠯᠡ ᠮᠦᠩᠭᠦ ᠬᠤᠷᠠᠮᠳᠤᠭᠤᠯᠬᠤ ᠦᠢᠯᠡᠴᠢᠯᠡᠭᠡ ᠶᠢ ᠬᠠᠩᠭᠠᠵᠤ᠂ ᠭᠠᠵᠠᠷ ᠤᠷᠤᠨ ᠤ ᠠᠵᠤ ᠠᠬᠤᠶᠢᠯᠠᠯ ᠤᠨ ᠪᠡᠯᠡ ᠮᠦᠩᠭᠦ ᠬᠤᠷᠠᠮᠳᠤᠭᠤᠯᠬᠤ ᠬᠦᠴᠢᠷ᠂ ᠦᠨᠡᠳᠠᠢ ᠵᠡᠷᠬᠡ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠵᠦ᠂ ᠨᠡᠬᠦᠷᠡᠰᠦᠨ ᠎ ᠤ ᠦᠢᠯᠡᠳᠪᠦᠷᠢᠯᠡᠯ ᠤᠨ ᠠᠵᠤ ᠠᠬᠤᠶᠢᠯᠠᠯ ᠳᠤ ᠦᠪᠡᠷ ᠤᠨ ᠦᠷᠳᠡᠭ ᠢ ᠲᠤᠷᠤᠭᠰᠢᠯᠠᠭᠤᠯᠤᠨ ᠦᠷ᠎ᠡ ᠪᠦᠳᠦᠮᠵᠢ ᠶᠢ ᠨᠡᠮᠡᠭᠳᠡᠬᠦᠯᠬᠦ ᠳᠤ ᠲᠠᠮᠵᠢᠯᠬᠡ ᠬᠠᠩᠭᠠᠨ᠎ᠠ᠃ ᠬᠤᠶᠠᠷ ᠲᠤ᠂ ᠨᠡᠬᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠤᠤᠯᠯᠠᠬᠤ ᠦᠢᠯᠡᠳᠦᠯ ᠢ ᠪᠦᠳᠦᠮᠵᠢᠳᠠᠢ ᠪᠠᠳᠠᠷᠠᠭᠤᠯᠤᠨ᠂ ᠰᠦᠯᠵᠢᠶᠡᠨ ᠲᠡᠬᠡᠷ᠎ᠡ ᠰᠤᠯᠢᠯᠴᠠᠭᠠᠨ ᠤ ᠶᠠᠪᠤᠴᠠ ᠳᠤ ᠪᠡᠯᠡ ᠮᠦᠩᠭᠦ ᠪᠠᠨ ᠦᠪᠡᠷᠳᠡᠬᠡᠨ ᠲᠤᠬᠢᠷᠠᠭᠤᠯᠬᠤ ᠪᠠ ᠪᠠᠶᠢᠴᠠᠭᠠᠨ ᠠᠰᠠᠭᠤᠬᠤ ᠶᠢ ᠪᠡᠶᠡᠯᠡᠬᠦᠯᠵᠦ᠂ ᠨᠡᠬᠦᠷᠡᠰᠦᠨ ᠤ ᠰᠤᠯᠢᠯᠴᠠᠭ᠎ᠠ ᠲᠤᠭᠠᠴᠠᠭᠠᠨ ᠤ ᠪᠡᠯᠡ ᠮᠦᠩᠭᠦ ᠶᠢ ᠭᠠᠵᠠᠷ ᠤᠷᠤᠨ ᠤ ᠪᠠᠩᠭᠢ ᠳᠤ ᠦᠯᠡᠳᠡᠬᠡᠵᠤ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠵᠢᠴᠢ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠳᠡ ᠶᠢ ᠨᠡᠩ ᠰᠠᠶᠢᠨ ᠲᠠᠶᠢᠴᠢᠯᠠᠨ᠎ᠠ᠃      ︵ᠬᠤᠶᠠᠷ︶ ᠰᠦᠯᠵᠢᠶᠡᠨ ᠳᠠᠬᠢ ᠨᠡᠬᠦᠷᠡᠰᠦᠨ ᠤ ᠪᠠᠷᠠᠭᠠᠨ ᠤ ᠬᠦᠢᠯᠬᠡᠬᠡᠨ ᠤ ᠰᠤᠯᠢᠯᠴᠠᠭᠠᠨ ᠤ ᠲᠤᠭᠳᠠᠯᠴᠠᠭ᠎ᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠦᠨ᠎ᠡ ᠃ ᠨᠢᠬᠡ ᠳᠤ᠂ ᠪᠠᠷᠠᠭᠠᠨ ᠤ ᠰᠦᠯᠵᠢᠶ᠎ᠡ᠂ ᠨᠡᠬᠦᠳᠡᠯ ᠬᠤᠯᠪᠤᠭᠠᠨ ᠤ ᠰᠦᠯᠵᠢᠶ᠎ᠡ ᠵᠡᠷᠬᠡ ᠲᠡᠷᠢᠬᠦᠨ ᠤ ᠮᠡᠷᠬᠡᠵᠢᠯ ᠤᠨ ᠨᠡᠬᠦᠷᠡᠰᠦᠨ ᠤ ᠪᠠᠷᠠᠭᠠᠨ ᠤ ᠬᠦᠢᠯᠬᠡᠬᠡᠨ ᠤ ᠤᠷᠤᠨ ᠬᠡᠪᠴᠢᠶᠡᠨ ᠤ ᠬᠡᠷᠡᠭᠯᠡᠯᠳᠡ ᠶᠢ ᠲᠦᠷᠬᠡᠳᠬᠡᠨ᠂ ᠲᠡᠬᠡᠬᠡᠪᠦᠷᠢᠯᠡᠬᠦ ᠬᠦᠴᠦᠨ ᠤ ᠡᠬᠢ ᠪᠠᠶᠠᠯᠢᠭ ᠪᠠ ᠨᠡᠬᠦᠷᠡᠰᠦᠨ ᠤ ᠦᠢᠯᠡᠳᠪᠦᠷᠢᠯᠡᠯ ᠡᠵᠡᠩᠨᠡᠯᠳᠡ ᠶᠢᠨ ᠠᠵᠤ ᠠᠬᠤᠶᠢᠯᠠᠯ ᠤᠨ ᠬᠤᠯᠪᠤᠯᠴᠠᠬᠤ ᠶᠢ ᠪᠡᠶᠡᠯᠡᠬᠦᠯᠦᠨ᠂ ᠨᠡᠬᠦᠷᠡᠰᠦᠨ ᠤ ᠪᠠᠷᠠᠭᠠᠨ ᠤ ᠬᠦᠢᠯᠬᠡᠬᠡᠨ ᠤ ᠲᠤᠰᠬᠠᠶᠢᠵᠢᠭᠰᠠᠨ ᠬᠠᠮᠢᠶᠠᠷᠤᠯᠳᠠ ᠪᠠ ᠦᠢᠯᠡᠴᠢᠯᠡᠬᠡᠨ ᠤ ᠴᠢᠳᠠᠪᠬᠢ ᠎ ᠶᠢ ᠲᠡᠬᠡᠭᠰᠢᠯᠡᠬᠦᠯᠦᠨ᠎ᠡ᠃ ᠬᠤᠶᠠᠷ ᠲᠤ᠂ ᠢ ᠨᠧᠩ ᠲᠦᠩ ᠰᠤᠯᠢᠯᠴᠠᠭᠠᠨ ᠤ ᠲᠠᠪᠴᠠᠩ ᠢ ᠲᠦᠰᠢᠭᠯᠡᠨ᠂ ᠰᠦᠯᠵᠢᠶᠡᠨ ᠲᠡᠬᠡᠷ᠎ᠡ ᠨᠡᠬᠦᠷᠡᠰᠦᠨ ᠤ ᠵᠠᠰᠠᠮᠠᠯ ᠵᠠᠮ ᠤᠨ ᠲᠡᠬᠡᠬᠡᠪᠦᠷᠢ ᠶᠢᠨ ᠬᠠᠪᠳᠠᠰᠤ᠂ ᠴᠢᠮᠡᠭᠡ ᠵᠠᠩᠬᠢᠵᠢᠯᠳᠡ ᠶᠢᠨ ᠲᠠᠪᠴᠠᠩ ᠢ ᠠᠰᠢᠭᠯᠠᠨ ᠪᠠᠷᠠᠭᠠᠨ ᠤ ᠬᠦᠢᠯᠬᠡᠬᠡ ᠲᠡᠬᠡᠬᠡᠪᠦᠷᠢ ᠶᠢᠨ ᠲᠤᠬᠠᠶᠢᠯᠠᠭᠰᠠᠨ ᠠᠵᠢᠯ ᠢ ᠦᠷᠨᠢᠬᠦᠯᠵᠦ᠂ ᠪᠦᠬᠦ ᠬᠤᠰᠢᠭᠤᠨ ᠤ ᠪᠠᠷᠠᠭᠠᠨ ᠤ ᠬᠦᠢᠯᠬᠡᠬᠡ ᠶᠢ ᠨᠢᠬᠡᠳᠦᠯᠳᠠᠢ ᠲᠤᠬᠢᠷᠠᠭᠤᠯᠤᠨ᠂ ᠲᠡᠬᠡᠬᠡᠪᠦᠷᠢᠯᠡᠬᠦ ᠪᠠ ᠲᠤᠭᠠᠴᠠᠭ᠎ᠠ ᠶᠢ ᠪᠡᠶᠡᠯᠡᠬᠦᠯᠦᠨ᠎ᠡ᠃ ᠭᠤᠷᠪᠠ ᠎ ᠳᠤ᠂  ᠭᠠᠵᠠᠷ ᠤᠷᠤᠨ ᠤ ᠴᠢᠨᠠᠷᠳᠠᠢ ᠲᠤᠮᠤ ᠬᠡᠯᠪᠡᠷᠢ ᠶᠢᠨ ᠤᠶᠤᠨᠴᠢᠯᠠᠭᠰᠠᠨ ᠪᠠᠷᠠᠭᠠᠨ ᠤ ᠬᠦᠢᠯᠬᠡᠬᠡᠨ ᠲᠡᠬᠡᠬᠡᠪᠦᠷᠢ ᠶᠢᠨ ᠺᠤᠮᠫᠠᠨᠢ ᠶᠢ ᠬᠦᠮᠦᠵᠢᠬᠦᠯᠬᠦ ᠪᠠ ᠴᠤᠭᠴᠠᠯᠠᠨ ᠂ ᠪᠠᠷᠠᠭᠠᠨ ᠤ ᠬᠦᠢᠯᠬᠡᠬᠡᠨ ᠤ ᠲᠤᠬᠢᠷᠠᠭᠤᠯᠤᠨ ᠬᠦᠷᠬᠡᠬᠦ ᠲᠤᠭᠳᠠᠯᠴᠠᠭ᠎ᠠ ᠶᠢ ᠰᠢᠨᠡᠴᠢᠯᠡᠨ᠂ ᠲᠡᠬᠡᠬᠡᠪᠦᠷᠢ ᠶᠢᠨ ᠴᠢᠳᠠᠮᠵᠢ ᠶᠢ ᠵᠤᠬᠢᠶᠠᠨ ᠪᠠᠶᠢᠭᠤᠯᠬᠤ ᠶᠢ ᠲᠡᠬᠡᠭᠰᠢᠯᠡᠬᠦᠯᠵᠦ᠂ ᠪᠠᠷᠠᠭᠠᠨ ᠤ ᠬᠦᠢᠯᠬᠡᠬᠡᠨ ᠤ ᠲᠡᠬᠡᠬᠡᠪᠦᠷᠢ ᠶᠢᠨ ᠦᠪᠡᠷ ᠤᠨ ᠦᠷᠳᠡᠭ ᠢ ᠲᠤᠷᠤᠭᠰᠢᠯᠠᠭᠤᠯᠤᠨ᠂ ᠭᠠᠵᠠᠷ ᠤᠷᠤᠨ ᠤ ᠤᠳᠦ ᠦᠶ᠎ᠡ ᠶᠢᠨ ᠪᠠᠷᠠᠭᠠᠨ ᠤ ᠬᠦᠢᠯᠬᠡᠬᠡᠨ ᠤ ᠲᠡᠬᠡᠬᠡᠪᠦᠷᠢ ᠶᠢᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠪᠦᠳᠦᠮᠵᠢᠳᠠᠢ ᠠᠬᠢᠭᠤᠯᠤᠨ᠎ᠠ᠃      ︵ᠭᠤᠷᠪᠠ︶ ᠨᠡᠬᠦᠷᠡᠰᠦᠨ ᠤ ᠦᠢᠯᠡᠳᠪᠦᠷᠢᠯᠡᠯ ᠲᠡᠬᠡᠬᠡᠪᠦᠷᠢ ᠪᠤᠷᠤᠯᠠᠭᠤᠯᠭ᠎ᠠ ᠶᠢᠨ ᠠᠵᠤ ᠦᠢᠯᠡᠰ ᠤᠨ ᠰᠤᠯᠢᠯᠴᠠᠭᠠᠨ ᠤ ᠬᠡᠯᠬᠢᠶᠡᠰᠦ ᠶᠢ ᠦᠨᠡᠨᠬᠦ ᠦᠷᠬᠡᠳᠬᠡᠨ᠎ᠡ᠃ ᠢ ᠨᠧᠩ ᠲᠦᠩ ᠰᠤᠯᠢᠯᠴᠠᠭᠠᠨ ᠤ ᠲᠠᠪᠴᠠᠩ ᠤᠨ ᠴᠢᠮᠡᠭᠡ ᠵᠠᠩᠭᠢ ᠨᠡᠶᠢᠳᠡᠯᠡᠬᠦ᠂ ᠮᠡᠷᠬᠡᠵᠢᠯ ᠤᠨ ᠦᠢᠯᠡᠴᠢᠯᠡᠭᠡ᠂ ᠤᠬᠠᠭᠤᠯᠭ᠎ᠠ ᠲᠦᠬᠡᠮᠡᠯᠵᠢᠬᠦᠯᠦᠯᠳᠡ᠂ ᠠᠵᠢᠯ ᠲᠦᠷᠦᠯ ᠤᠨ ᠦᠪᠡᠷ ᠤᠨ ᠱᠠᠭᠠᠷᠳᠠᠯᠭ᠎ᠠ ᠵᠡᠷᠬᠡ ᠦᠢᠯᠡᠳᠦᠯ ᠢ ᠪᠦᠳᠦᠮᠵᠢᠳᠠᠢ ᠪᠠᠳᠠᠷᠠᠭᠤᠯᠤᠨ᠂ ᠠᠵᠢᠯ ᠲᠦᠷᠦᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠴᠢᠳᠠᠪᠤᠷᠢ ᠶᠢ ᠢᠳᠡᠪᠬᠢᠳᠠᠢ ᠲᠡᠬᠡᠭᠰᠢᠯᠡᠬᠦᠯᠦᠨ᠎ᠡ᠃ ᠤᠯᠠᠨ ᠴᠢᠳᠠᠪᠬᠢᠳᠤ ᠬᠤᠳᠠᠯᠳᠤᠭᠠᠨ ᠤ ᠦᠵᠡᠬᠦᠯᠦᠯᠬᠡ᠂ ᠰᠡᠯᠪᠢᠨ ᠵᠠᠰᠠᠵᠤ ᠪᠠᠶᠢᠴᠠᠭᠠᠨ ᠬᠡᠮᠵᠢᠬᠦ᠂ ᠪᠠᠷᠠᠭᠠᠨ ᠤ ᠬᠦᠢᠯᠬᠡᠬᠡᠨ ᠤ ᠬᠠᠳᠠᠭᠠᠯᠠᠮᠵᠢ ᠲᠤᠬᠢᠷᠠᠭᠤᠯᠤᠨ ᠬᠦᠷᠬᠡᠬᠦ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠠᠮᠢᠳᠤᠷᠠᠯ ᠤᠨ ᠦᠢᠯᠡᠴᠢᠯᠡᠭᠡ᠂ ᠦᠢᠯᠡᠳᠬᠦᠨ ᠰᠤᠳᠤᠯᠤᠨ ᠭᠠᠷᠭᠠᠬᠤ ᠵᠡᠷᠬᠡ ᠳᠤ ᠲᠦᠰᠢᠭᠯᠡᠨ᠂ ᠲᠦᠷᠦᠯ ᠵᠦᠢᠯ ᠪᠦᠷᠢᠨ᠂ ᠲᠠᠷᠬᠠᠯᠳᠠ ᠦᠷᠬᠡᠨ᠂ ᠡᠬᠦᠷᠬᠡ ᠴᠢᠳᠠᠪᠬᠢ ᠲᠡᠬᠦᠯᠳᠡᠷ ᠨᠢᠬᠡ ᠴᠤᠭᠴᠠᠵᠢᠭᠰᠠᠨ ᠤᠳᠤ ᠦᠶ᠎ᠡ ᠶᠢᠨ ᠦᠢᠯᠡᠴᠢᠯᠡᠬᠡᠨ ᠤ ᠲᠤᠭᠳᠠᠯᠴᠠᠭ᠎ᠠ ᠶᠢ ᠪᠦᠷᠢᠯᠳᠦᠬᠦᠯᠦᠨ᠎ᠡ᠃     ᠲᠦᠷᠪᠡ᠂ ᠪᠠᠳᠤᠯᠠᠭ᠎ᠠ ᠶᠢᠨ ᠠᠷᠭ᠎ᠠ ᠪᠠᠷᠢᠯ      ︵ᠨᠢᠬᠡ︶ ᠦᠵᠡᠯ ᠰᠠᠨᠠᠭ᠎ᠠ ᠪᠠᠨ ᠨᠢᠬᠡᠳᠬᠡᠨ᠂ ᠲᠠᠨᠢᠯᠳᠠ ᠪᠠᠨ ᠲᠡᠬᠡᠭᠰᠢᠯᠡᠬᠦᠯᠦᠨ᠎ᠡ᠃ ᠡᠯ᠎ᠡ ᠬᠤᠯᠪᠤᠭᠳᠠᠯ ᠪᠦᠬᠦᠢ ᠪᠠᠯᠭᠠᠰᠤ ᠪᠠ ᠰᠠᠯᠠᠭ᠎ᠠ ᠮᠦᠴᠢᠷ ᠨᠡᠬᠦᠷᠡᠰᠦᠨ ᠤ ᠨᠢᠬᠡᠳᠦᠯᠳᠠᠢ ᠰᠤᠯᠢᠯᠴᠠᠭ᠎ᠠ ᠲᠤᠭᠠᠴᠠᠭ᠎ᠠ ᠪᠠ ᠪᠠᠷᠠᠭᠠᠨ ᠤ ᠬᠦᠢᠯᠬᠡᠬᠡᠨ ᠤ ᠲᠡᠬᠡᠬᠡᠪᠦᠷᠢ ᠶᠢᠨ ᠠᠵᠢᠯ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠬᠠᠷᠢᠭᠤᠴᠠᠯᠭᠠᠳᠠᠨ ᠦᠪᠡᠷᠳᠡᠬᠡᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠷᠬᠦᠬᠡᠯᠡᠨ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠤᠳᠠᠳᠠᠢ ᠪᠠᠷ ᠠᠳᠬᠤᠵᠤ᠂ ᠲᠤᠬᠢᠷᠠᠭᠤᠯᠤᠯᠳᠠ ᠶᠢ ᠴᠢᠩᠭᠠᠳᠬᠠᠬᠤ ᠶᠢᠨ ᠲᠠᠭᠠᠤ ᠠᠵᠢᠯᠳᠠᠨ ᠲᠤᠮᠢᠯᠠᠨ ᠪᠤᠳᠠᠳᠠᠢ ᠪᠠᠷ ᠬᠠᠷᠢᠭᠤᠴᠠᠭᠤᠯᠤᠨ᠂ ᠲᠤᠰ ᠲᠦᠷᠦᠯ ᠤᠨ ᠠᠵᠢᠯ ᠢ ᠱᠠᠭᠠᠷᠳᠠᠯᠭ᠎ᠠ ᠶᠤᠰᠤᠭᠠᠷ ᠤᠷᠤᠨᠰᠢᠭᠤᠯᠤᠨ ᠬᠡᠷᠡᠭᠵᠢᠬᠦᠯᠬᠦ ᠶᠢ ᠪᠠᠳᠤᠯᠠᠨ᠎ᠠ᠃ ᠪᠦᠬᠦ ᠬᠤᠰᠢᠭᠤᠨ ᠤ ᠨᠡᠬᠦᠷᠡᠰᠦᠨ ᠤ ᠦᠢᠯᠡᠳᠪᠦᠷᠢᠯᠡᠯ ᠡᠵᠡᠩᠨᠡᠯᠳᠡ ᠶᠢᠨ ᠠᠵᠤ ᠠᠬᠤᠶᠢᠯᠠᠯ ᠠᠴᠠ ᠲᠤᠭ᠎ᠠ ᠪᠠᠷᠢᠮᠳᠠ ᠬᠢᠬᠡᠳ ᠢ ᠨᠧᠩ ᠲᠦᠩ ᠰᠤᠯᠢᠯᠴᠠᠭᠠᠨ ᠤ ᠲᠠᠪᠴᠠᠩ ᠤᠨ ᠴᠠᠭ ᠲᠤᠬᠠᠢ ᠳᠤᠨᠢ ᠬᠠᠮᠳᠤᠪᠡᠷ ᠡᠳ᠋ᠯᠡᠬᠦ ᠶᠢ ᠲᠦᠷᠬᠡᠳᠬᠡᠨ ᠪᠡᠶᠡᠯᠡᠬᠦᠯᠵᠦ᠂ ᠨᠡᠬᠦᠷᠡᠰᠦᠨ ᠤ ᠲᠤᠭ᠎ᠠ ᠪᠠᠷᠢᠮᠳᠠ ᠶᠢᠨ ᠡᠬᠢ ᠪᠠᠶᠠᠯᠢᠭ ᠤᠨ ᠪᠦᠳᠦᠮᠵᠢᠳᠠᠢ ᠨᠢᠬᠡᠳᠦᠬᠦᠯᠬᠦ ᠪᠠ ᠶᠡᠷᠦᠩᠬᠡᠶᠢᠯᠡᠨ ᠠᠰᠢᠭᠯᠠᠬᠤ ᠶᠢ ᠦᠨᠡᠨᠬᠦ ᠪᠠᠳᠤᠯᠠᠨ᠎ᠠ᠃      ︵ᠬᠤᠶᠠᠷ︶ ᠤᠬᠠᠭᠤᠯᠭ᠎ᠠ ᠶᠢ ᠰᠠᠶᠢᠳᠤᠷ ᠬᠢᠵᠦ᠂ ᠬᠦᠳᠦᠯᠦᠮᠵᠢ ᠪᠠᠨ ᠴᠢᠩᠭᠠᠳᠬᠠᠨ᠎ᠠ᠃ ᠢ ᠨᠧᠩ ᠲᠦᠩ ᠰᠤᠯᠢᠯᠴᠠᠭᠠᠨ ᠤ ᠲᠠᠪᠴᠠᠩ ᠤᠨ ᠴᠢᠳᠠᠪᠬᠢ ᠎ ᠶᠢᠨ ᠬᠡᠷᠡᠭᠯᠡᠭᠡ ᠪᠠᠷ ᠮᠠᠨ ᠤ ᠬᠤᠰᠢᠭᠤᠨ ᠤ ᠡᠯ᠎ᠡ ᠬᠤᠯᠪᠤᠭᠳᠠᠯ ᠪᠦᠬᠦᠢ ᠪᠠᠯᠭᠠᠰᠤ᠂ ᠬᠦᠷᠢᠶᠡᠯᠡᠩ᠂ ᠰᠠᠯᠠᠭ᠎ᠠ ᠮᠦᠴᠢᠷ ᠵᠢᠴᠢ ᠠᠵᠤ ᠠᠬᠤᠶᠢᠯᠠᠯ ᠤᠨ ᠤᠳᠤᠷᠢᠳᠤᠯᠭ᠎ᠠ ᠺᠠᠳ᠋ᠷᠴᠤᠳ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠤᠯᠭᠠᠵᠤ᠂ ᠨᠡᠶᠢᠳᠡᠯᠢᠭ ᠲᠤᠷᠰᠢᠯᠭ᠎ᠠ ᠶᠢ ᠬᠤᠷᠢᠶᠠᠩᠭᠤᠶᠢᠯᠠᠨ ᠲᠦᠬᠡᠮᠡᠯᠵᠢᠬᠦᠯᠵᠦ᠂ ᠠᠵᠤ ᠠᠬᠤᠶᠢᠯᠠᠯ ᠤᠨ ᠰᠢᠨᠡᠴᠢᠯᠡᠯᠳᠡ ᠶᠢᠨ ᠤᠬᠠᠮᠰᠠᠷ ᠢ ᠲᠡᠬᠡᠭᠰᠢᠯᠡᠬᠦᠯᠵᠦ᠂ ᠨᠡᠬᠦᠷᠡᠰᠦᠨ ᠤ ᠡᠵᠡᠩᠨᠡᠯᠳᠡ ᠶᠢᠨ ᠠᠵᠤ ᠠᠬᠤᠶᠢᠯᠠᠯ ᠢ ᠲᠠᠶᠢᠴᠢᠯᠠᠨ ᠰᠦᠯᠵᠢᠶᠡᠨ ᠲᠡᠬᠡᠷᠡᠬᠢ ᠨᠡᠬᠦᠷᠡᠰᠦᠨ ᠤ ᠵᠠᠬ᠎ᠠ ᠲᠡᠯᠬᠡᠬᠦᠷ ᠤᠨ ᠰᠤᠯᠢᠯᠴᠠᠭᠠᠨ ᠤ ᠲᠠᠪᠴᠠᠩ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠤᠨ᠎ᠠ᠃      ︵ᠭᠤᠷᠪᠠ︶ ᠡᠬᠢ ᠪᠠᠶᠠᠯᠢᠭ ᠢᠶᠠᠨ ᠨᠢᠬᠡᠳᠦᠬᠦᠯᠦᠨ᠂ ᠦᠷ᠎ᠡ ᠪᠦᠳᠦᠮᠵᠢ ᠶᠢ ᠲᠡᠬᠡᠭᠰᠢᠯᠡᠬᠦᠯᠦᠨ᠎ᠡ᠃ ᠢ ᠨᠧᠩ ᠲᠦᠩ ᠰᠤᠯᠢᠯᠴᠠᠭᠠᠨ ᠤ ᠲᠠᠪᠴᠠᠩ ᠪᠠ ᠲᠤᠮᠤ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠳᠤᠪᠡᠷ ᠡᠳ᠋ᠯᠡᠬᠦ ᠮᠡᠷᠬᠡᠵᠢᠯ ᠳᠤ ᠲᠦᠰᠢᠭᠯᠡᠨ᠂ ᠠᠵᠢᠯ ᠲᠦᠷᠦᠯ ᠤᠨ ᠲᠤᠳᠤᠷᠠᠬᠢ ᠰᠠᠯᠠᠭ᠎ᠠ ᠮᠦᠴᠢᠷ ᠵᠢᠴᠢ ᠨᠡᠬᠦᠷᠡᠰᠦᠨ ᠤ ᠦᠢᠯᠡᠳᠪᠦᠷᠢᠯᠡᠯ ᠡᠵᠡᠩᠨᠡᠨ ᠪᠤᠷᠤᠯᠠᠭᠤᠯᠬᠤ ᠠᠵᠤ ᠠᠬᠤᠶᠢᠯᠠᠯ ᠤᠨ ᠲᠤᠭ᠎ᠠ ᠪᠠᠷᠢᠮᠳᠠ ᠶᠢ ᠪᠦᠳᠦᠮᠵᠢᠳᠠᠢ ᠪᠠᠷ ᠨᠢᠬᠡᠳᠦᠬᠦᠯᠦᠨ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠲᠤ ᠪᠦᠬᠦ ᠲᠠᠯ᠎ᠠ ᠶᠢᠨ ᠤᠨᠤᠪᠴᠢᠳᠠᠢ ᠲᠤᠭ᠎ᠠ ᠪᠦᠷᠢᠳᠬᠡᠯ ᠤᠨ ᠵᠠᠳᠠᠯᠤᠯᠳᠠ ᠪᠠ ᠦᠨᠡᠯᠡᠯᠳᠡ᠂ ᠦᠷᠢᠳᠴᠢᠯᠠᠨ ᠰᠡᠷᠡᠮᠵᠢᠬᠦᠯᠬᠦ ᠵᠡᠷᠬᠡ ᠬᠤᠯᠪᠤᠭᠳᠠᠯ ᠪᠦᠬᠦᠢ ᠦᠢᠯᠡᠴᠢᠯᠡᠭᠡ ᠶᠢ ᠬᠠᠩᠭᠠᠵᠤ᠂ ᠠᠵᠤ ᠠᠬᠤᠶᠢᠯᠠᠯ ᠤᠨ ᠡᠵᠡᠩᠨᠡᠯᠳᠡ ᠶᠢᠨ ᠦᠪᠡᠷ ᠤᠨ ᠦᠷᠳᠡᠭ ᠪᠠ ᠰᠢᠢᠳᠪᠦᠷᠢ ᠠᠯᠳᠠᠭᠳᠠᠯ ᠢ ᠦᠨᠡᠨᠬᠦ ᠲᠤᠷᠤᠭᠰᠢᠭᠤᠯᠵᠤ᠂ ᠮᠠᠨ ᠤ ᠬᠤᠰᠢᠭᠤᠨ ᠤ ᠨᠡᠬᠦᠷᠡᠰᠦᠨ ᠤ ᠦᠢᠯᠡᠳᠪᠦᠷᠢᠯᠡᠯ ᠡᠵᠡᠩᠨᠡᠯᠳᠡ ᠪᠤᠷᠤᠯᠠᠭᠤᠯᠭ᠎ᠠ ᠶᠢᠨ ᠠᠵᠤ ᠠᠬᠤᠶᠢᠯᠠᠯ ᠳᠤ ᠰᠢᠯᠢᠳᠡᠭ ᠡᠵᠡᠩᠨᠡᠯᠳᠡ ᠶᠢᠨ ᠤᠷᠴᠢᠨ ᠲᠤᠭᠤᠷᠢᠨ ᠢ ᠬᠠᠩᠭᠠᠨ᠎ᠠ᠃      ︵ᠲᠦᠷᠪᠡ︶ ᠲᠦᠯᠦᠪᠵᠢᠬᠦᠯᠦᠨ ᠲᠤᠬᠢᠷᠠᠭᠤᠯᠵᠤ᠂ ᠨᠢᠭᠳᠠᠷᠠᠯᠴᠠᠨ ᠬᠠᠮᠵᠢᠯᠴᠠᠨ᠎ᠠ᠃ ᠬᠤᠰᠢᠭᠤᠨ ᠤ ᠨᠡᠬᠦᠷᠡᠰᠦᠨ ᠤ ᠲᠤᠪᠴᠢᠶ᠎ᠠ᠂ ᠠᠶᠤᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠵᠢᠴᠢ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢᠭᠳᠠᠷᠠᠯᠴᠠᠨ ᠬᠠᠮᠵᠢᠯᠴᠠᠵᠤ᠂ ᠨᠡᠬᠦᠷᠡᠰᠦ ᠶᠢ ᠲᠠᠪᠴᠠᠩ ᠤᠨ ᠰᠤᠯᠢᠯᠴᠠᠭ᠎ᠠ ᠪᠠ ᠲᠤᠭᠤᠴᠠᠭ᠎ᠠ ᠶᠢᠨ ᠠᠵᠢᠯ ᠢ ᠲᠦᠷᠬᠡᠳᠬᠡᠨ ᠠᠬᠢᠭᠤᠯᠵᠤ᠂ ᠠᠵᠤ ᠠᠬᠤᠶᠢᠯᠠᠯ ᠢ ᠲᠠᠶᠢᠴᠢᠯᠠᠨ ᠵᠤᠷᠢᠭᠵᠢᠭᠤᠯᠵᠤ ᠲᠠᠪᠴᠠᠩ ᠤᠨ ᠰᠤᠯᠢᠯᠴᠠᠭ᠎ᠠ ᠪᠠ ᠲᠤᠭᠠᠴᠠᠭ᠎ᠠ ᠵᠢᠴᠢ ᠲᠤᠮᠳᠠ ᠤᠶᠢᠷ᠎ᠠ ᠵᠠᠮ ᠤᠨ ᠮᠠᠰᠢᠨ ᠦᠬᠡᠢ ᠲᠡᠬᠡᠬᠡᠪᠦᠷᠢᠯᠡᠬᠦ ᠡᠵᠡᠩᠨᠡᠯᠳᠡ ᠬᠠᠮᠢᠶᠠᠷᠤᠯᠳᠠ ᠶᠢᠨ ᠬᠡᠯᠪᠡᠷᠢ ᠶᠢ ᠦᠷᠨᠢᠬᠦᠯᠵᠦ᠂ ᠲᠦᠷᠢᠮᠵᠢᠭᠰᠡᠨ ᠬᠠᠮᠢᠶᠠᠷᠤᠯᠳᠠ ᠪᠠ ᠪᠦᠯᠬᠦᠮ ᠬᠤᠯᠪᠤᠭᠠᠯᠠᠵᠤ ᠬᠦᠭᠵᠢᠬᠦᠯᠬᠦ ᠬᠠᠷᠠᠯᠳᠠ ᠳᠤ ᠬᠦᠷᠬᠡᠬᠦ ᠎ ᠶᠢ ᠪᠠᠳᠤᠯᠠᠨ᠎ᠠ᠃                           ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                                 2019 ᠤᠨ ᠤ 1 ᠰᠠᠷ᠎ᠠ ᠶᠢᠨ 22᠎ ᠤ ᠡᠳᠦᠷ
ᠢᠷᠡᠯᠲᠡ᠄ ᠲᠤᠰ ᠰᠦᠯᠵᠢᠶ᠎ᠡ