ᠡᠵᠡᠨ ᠵᠠᠰᠠᠭ ᠲᠠᠷᠬᠠᠭᠠᠬᠤ ﹇2019﹈ 21 ᠳ᠋ᠣᠭᠡᠷ ᠲᠤᠭᠠᠳᠤ | | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ | ᠰᠢᠭᠤᠳ ᠬᠠᠷᠢᠶ᠎ᠠ ᠨᠢᠬᠡᠴᠡ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠄ | ᠮᠠᠨ ᠤ ᠬᠤᠰᠢᠭᠤᠨ ᠤ ᠣᠳᠣᠬᠠᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠠᠵᠢᠯ ᠤᠨ ᠪᠠᠶᠢᠳᠠᠯ ᠰᠢᠨ᠎ᠡ ᠬᠡᠯᠪᠡᠷᠢ᠂ ᠰᠢᠨ᠎ᠡ | ᠡᠬᠦᠷᠬᠡ ᠳᠤ ᠲᠤᠯᠭᠠᠷᠠᠵᠤ ᠪᠠᠶᠢᠬᠤ ᠶᠢ ᠦᠨᠳᠦᠰᠤᠯᠠᠨ᠂ ᠪᠦᠬᠦ ᠬᠤᠰᠢᠭᠤᠨ ᠤ ᠠᠷᠠᠳ ᠤᠨ ᠠᠮᠢ ᠨᠠᠰᠤ ᠡᠳ᠋ ᠬᠦᠷᠦᠩᠬᠡ ᠵᠢᠴᠢ ᠠᠮᠢ ᠠᠬᠤᠢ ᠶᠢᠨ ᠡᠬᠢ ᠪᠠᠶᠠᠯᠢᠭ | ᠤᠨ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠤᠰᠠᠳᠠ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠡᠪᠡᠰᠦ ᠪᠡᠯᠴᠢᠬᠡᠷ ᠤᠨ | ᠭᠠᠯ ᠰᠡᠷᠬᠡᠶᠢᠯᠡᠯᠳᠡ ᠶᠢᠨ ᠲᠦᠷᠢᠮ︾ ᠤᠨ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠤᠷᠳᠤᠨ ᠪᠦᠬᠦ ᠬᠤᠰᠢᠭᠤᠨ | ᠤ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠬᠦ ᠪᠠᠷ ᠲᠤᠭᠳᠠᠭᠠᠪᠠ᠃ | ᠨᠢᠬᠡ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠬᠤᠭᠤᠴᠠᠭ᠎ᠠ᠄ 2019 ᠤᠨ ᠤ 3 ᠰᠠᠷ᠎ᠠ ᠶᠢᠨ 1 ᠡᠳᠦᠷ ᠠᠴᠠ 5 ᠰᠠᠷ᠎ᠠ ᠶᠢᠨ 31 ᠡᠳᠦᠷ | ᠬᠦᠷᠳᠡᠯ᠎ᠡ᠃ | ᠬᠤᠶᠠᠷ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠤᠷᠤᠨ᠄ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠤᠷᠤᠨ ᠬᠡᠪᠴᠢᠶᠡᠨ ᠤ ᠤᠢ ᠰᠢᠭᠤᠢ᠂ | ᠤᠢ ᠮᠤᠳᠤ᠂ ᠤᠶᠢᠳᠤ ᠭᠠᠵᠠᠷ ᠪᠠ ᠪᠠᠶᠢᠭᠠᠯᠢᠯᠢᠭ ᠪᠡᠯᠴᠢᠬᠡᠷ᠂ ᠬᠦᠮᠦᠨ ᠤ ᠬᠦᠴᠦᠨ ᠤ ᠡᠪᠡᠰᠦᠳᠤ ᠭᠠᠵᠠᠷ ᠵᠡᠷᠬᠡ᠂ ᠬᠤᠳᠠ ᠪᠠᠯᠭᠠᠰᠤᠨ ᠤ ᠲᠤᠭᠤᠷᠢᠭ ᠠᠴᠠ | ᠭᠠᠳᠠᠨ᠎ᠠ᠃ | ᠭᠤᠷᠪᠠ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠲᠦᠷᠢᠮ ᠤᠨ ᠬᠤᠭᠤᠴᠠᠭᠠᠨ ᠳᠤ᠂ ᠤᠢ ᠰᠢᠭᠤᠢ ᠡᠪᠡᠰᠦ ᠪᠡᠯᠴᠢᠬᠡᠷ ᠤᠨ ᠭᠠᠯ ᠢ ᠴᠢᠩᠭ᠎ᠠ | ᠰᠡᠷᠬᠡᠶᠢᠯᠡᠬᠦ ᠬᠠᠮᠢᠶᠠᠷᠤᠯᠳᠠ ᠶᠢᠨ ᠤᠷᠤᠨ ᠬᠡᠪᠴᠢᠶᠡᠨ ᠳᠤ ᠬᠡᠬᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠲᠤᠤᠷᠠᠬᠢ ᠮᠡᠳᠦ ᠶᠢᠨ ᠠᠵᠢᠯᠯᠠᠭ᠎ᠠ ᠶᠢ | ᠡᠷᠡᠰ ᠬᠤᠷᠢᠭᠯᠠᠨ᠎ᠠ᠄ ᠠᠳᠠᠷ ᠭᠠᠯᠳᠠᠨ ᠨᠡᠬᠦᠷᠡᠰᠦ ᠰᠢᠳᠠᠭᠠᠵᠤ ᠪᠤᠷᠳᠤᠭᠤᠷ ᠪᠤᠯᠭᠠᠬᠤ᠂ ᠬᠤᠭ ᠯᠠᠭ ᠲᠦᠯᠡᠬᠦ᠂ ᠲᠠᠷᠢᠶᠠᠨ ᠡᠰᠢ ᠰᠦᠷᠡᠯ᠂ ᠪᠡᠯᠴᠢᠬᠡᠷ ᠢ ᠭᠠᠯᠳᠠᠬᠤ᠂ | ᠲᠠᠮᠠᠬᠢ ᠲᠠᠳᠠᠬᠤ᠂ ᠴᠠᠭᠠᠰᠤ᠂ ᠬᠦᠵᠢ᠂ ᠭᠤᠤᠷᠰᠤ ᠨᠤᠴᠤᠭᠠᠬᠤ᠂ ᠬᠡᠬᠡᠷ᠎ᠡ ᠲᠤᠭᠤᠭᠤᠯᠯᠠᠬᠤ᠂ ᠭᠠᠯ ᠲᠦᠯᠡᠬᠦ᠂ ᠬᠤᠸᠠᠷ ᠫᠤᠤᠵᠢᠩ ᠲᠠᠯᠪᠢᠬᠤ ᠪᠠ ᠭᠠᠯ ᠤᠨ ᠤᠴᠢ | ᠲᠠᠢ ᠦᠯᠡᠳᠡᠭᠳᠡᠮᠡᠯ ᠨᠤᠴᠤᠮᠠᠳᠠᠬᠠᠢ ᠪᠤᠳᠠᠰ ᠵᠡᠷᠬᠡ ᠪᠤᠰᠤᠳ ᠦᠢᠯᠡᠳᠪᠦᠷᠢᠯᠡᠯ ᠤᠨ ᠴᠢᠨᠠᠷᠳᠠᠢ᠂ ᠦᠢᠯᠡᠳᠪᠦᠷᠢᠯᠡᠯ ᠤᠨ ᠪᠤᠰᠤ ᠴᠢᠨᠠᠷᠳᠠᠢ ᠬᠡᠷᠭᠯᠡᠬᠡᠨ ᠤ ᠭᠠᠯ᠃ | ᠲᠦᠷᠪᠡ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠬᠤᠭᠤᠴᠠᠭᠠᠨ ᠳ᠋ᠣ᠋ᠤᠢ ᠰᠢᠭᠤᠢ ᠡᠪᠡᠰᠦ ᠪᠡᠯᠴᠢᠬᠡᠷ ᠤᠨ ᠭᠠᠯ ᠢ ᠴᠢᠩᠭ᠎ᠠ ᠰᠡᠷᠬᠡᠶᠢᠯᠡᠬᠦ | ᠬᠠᠮᠢᠶᠠᠷᠤᠯᠳᠠ ᠶᠢᠨ ᠤᠷᠤᠨ ᠬᠡᠪᠴᠢᠶ᠎ᠡ᠂ ᠦᠢᠯᠡᠳᠪᠦᠷᠢᠯᠡᠯ᠂ ᠠᠮᠢᠳᠤᠷᠠᠯ ᠤᠨ ᠤᠨᠴᠠᠭᠠᠢ ᠪᠠᠶᠢᠳᠠᠯ ᠳᠤ ᠬᠡᠬᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠳᠠᠢ ᠦᠶᠡᠰ᠂ | ᠲᠤᠬᠠᠢ ᠭᠠᠵᠠᠷ ᠤᠨ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠭᠠᠯ ᠰᠡᠷᠬᠡᠶᠢᠯᠡᠯᠳᠡ ᠶᠢᠨ ᠵᠢᠯᠤᠭᠤᠳᠬᠤ ᠭᠠᠵᠠᠷ ᠤᠨ ᠠᠯᠪᠠᠨ ᠬᠡᠷ ᠢᠶᠠᠷ ᠬᠢᠨᠠᠨ | ᠵᠦᠪᠰᠢᠶᠡᠷᠡᠬᠦᠯᠵᠦ᠂ ᠬᠤᠰᠢᠭᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠵᠢᠯᠤᠭᠤᠳᠬᠤ ᠭᠠᠵᠠᠷ ᠤᠨ ᠠᠯᠪᠠᠨ ᠬᠡᠷ ᠲᠤ ᠮᠡᠳᠡᠬᠦᠯᠦᠨ | ᠬᠢᠨᠠᠨ ᠵᠦᠪᠰᠢᠶᠡᠷᠡᠬᠦᠯᠦᠨ᠂ ᠬᠤᠯᠪᠤᠭᠳᠠᠯ ᠪᠦᠬᠦᠢ ᠱᠠᠭᠠᠷᠳᠠᠯᠭ᠎ᠠ ᠪᠠᠷ ᠡᠷᠬᠡᠪᠰᠢ ᠭᠠᠯ ᠰᠡᠷᠬᠡᠶᠢᠯᠡᠬᠦ ᠠᠷᠭ᠎ᠠ ᠪᠠᠷᠢᠯ ᠢ ᠠᠪᠤᠭᠰᠠᠨ ᠤ ᠲᠠᠷᠠᠭ᠎ᠠ ᠬᠡᠷᠡᠭᠵᠢᠬᠦᠯᠦᠨ᠎ᠡ᠃ | ᠰᠠᠯᠬᠢᠨ ᠤ ᠬᠦᠴᠦᠨ ᠭᠤᠷᠪᠠᠨ ᠲᠡᠰ ᠠᠴᠠ ᠲᠡᠭᠡᠭᠰᠢ ᠴᠠᠭ ᠠᠭᠤᠷ ᠤᠨ ᠨᠦᠬᠦᠴᠡᠯ ᠲᠤᠤᠷ᠎ᠠ ᠬᠡᠬᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃ | ᠲᠠᠪᠤ᠂ ᠤᠢ ᠰᠢᠭᠤᠢ ᠡᠪᠡᠰᠦ ᠪᠡᠯᠴᠢᠬᠡᠷ ᠤᠨ ᠭᠠᠯ ᠢ ᠴᠢᠩᠭ᠎ᠠ ᠬᠡᠷᠡᠭᠯᠡᠬᠦ ᠬᠠᠮᠢᠶᠠᠷᠤᠯᠳᠠ ᠶᠢᠨ ᠤᠷᠤᠨ ᠬᠡᠪᠴᠢᠶᠡᠨ ᠳᠤ ᠡᠯ᠎ᠡ ᠵᠠᠰᠠᠮᠠᠯ ᠵᠠᠮ ᠤᠨ ᠡᠵᠡᠩᠨᠡᠯᠳᠡ | ᠶᠢᠨ ᠨᠢᠬᠡᠴᠡ᠂ ᠡᠯ᠎ᠡ ᠦᠢᠯᠡᠳᠪᠦᠷᠢᠯᠡᠯ ᠤᠨ ᠴᠡᠭ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠵᠢᠭᠤᠯᠴᠢᠯᠠᠯ ᠤᠨ ᠤᠷᠤᠨ ᠡᠷᠬᠡᠪᠰᠢ ᠬᠠᠷᠢᠶ᠎ᠠ ᠤᠷᠤᠨ ᠤ | ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠬᠦ ᠲᠠᠯᠳᠠ ᠬᠡᠮ ᠢ ᠪᠠᠶᠢᠴᠠᠭᠠᠨ ᠠᠷᠢᠯᠭᠠᠵᠤ᠂ ᠲᠤᠰᠬᠠᠢ ᠭᠠᠯ ᠤᠨᠳᠠᠷᠠᠭᠠᠬᠤ ᠠᠵᠢᠯᠳᠠᠨ ᠪᠠ ᠭᠠᠯ ᠤᠨᠳᠠᠷᠠᠭᠠᠬᠤ | ᠪᠠᠭᠠᠵᠢ ᠶᠢ ᠲᠤᠬᠢᠷᠠᠭᠤᠯᠤᠨ᠎ᠠ᠃ | ᠵᠢᠷᠭᠤᠭ᠎ᠠ᠂ ᠵᠠᠮ ᠬᠠᠷᠢᠯᠴᠠᠭᠠᠨ ᠤ ᠲᠡᠬᠡᠬᠡᠪᠦᠷᠢ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ ᠲᠦᠷᠢᠶᠡᠰᠦᠨ ᠮᠠᠰᠢᠨ᠂ ᠰᠢᠤᠳᠠᠨ᠂ ᠪᠠᠷᠠᠭᠠᠨ ᠤ ᠬᠦᠢᠯᠬᠡᠬᠡ᠂ | ᠲᠦᠷᠬᠡᠨ ᠲᠠᠮᠵᠢᠭᠤᠯᠭ᠎ᠠ ᠵᠡᠷᠬᠡ ᠡᠵᠡᠩᠨᠡᠯᠳᠡ ᠬᠠᠮᠢᠶᠠᠷᠤᠯᠳᠠ ᠶᠢᠨ ᠨᠢᠬᠡᠴᠡ ᠶᠢᠨ ᠨᠠᠰᠢ ᠴᠠᠰᠢ ᠶᠠᠪᠤᠬᠤ ᠪᠠ ᠬᠠᠮᠢᠶᠠᠷᠤᠯᠳᠠ ᠶᠢᠨ ᠲᠡᠷᠬᠡ ᠮᠠᠰᠢᠨ ᠠᠵᠢᠯᠴᠢᠨ ᠳᠤ | ᠭᠠᠯ ᠰᠡᠷᠬᠡᠶᠢᠯᠡᠬᠦ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠲᠠᠮᠠᠬᠢᠨ ᠶᠤᠵᠤᠭᠤᠷ ᠵᠡᠷᠬᠡ ᠭᠠᠯ ᠤᠨ ᠤᠴᠢ ᠬᠠᠶᠠᠬᠤ ᠶᠢ ᠴᠢᠩᠭ᠎ᠠ ᠴᠠᠭᠠᠵᠠᠯᠠᠨ᠎ᠠ᠃ ᠵᠢᠯᠤᠭᠤᠴᠢᠨ᠂ | ᠲᠡᠷᠬᠡ ᠲᠠᠭᠠᠯᠳᠤᠨ ᠶᠠᠪᠤᠬᠤ ᠬᠠᠮᠢᠶᠠᠷᠤᠭᠴᠢ ᠪᠤᠯ ᠭᠠᠯ ᠰᠡᠷᠬᠡᠶᠢᠯᠡᠬᠦ ᠬᠠᠷᠢᠭᠤᠴᠠᠯᠭᠠᠳᠠᠨ ᠪᠤᠯᠤᠨ᠎ᠠ᠃ | ᠲᠤᠯᠤᠭ᠎ᠠ᠂ ᠭᠠᠯ ᠢ ᠴᠢᠩᠭ᠎ᠠ ᠰᠡᠷᠬᠡᠶᠢᠯᠡᠬᠦ ᠬᠠᠮᠢᠶᠠᠷᠤᠯᠳᠠ ᠶᠢᠨ ᠬᠤᠭᠤᠴᠠᠭᠠᠨ ᠳᠤ ᠲᠤᠷᠠᠪᠡᠷ ᠢᠶᠠᠨ ᠬᠡᠬᠡᠷ᠎ᠡ ᠭᠠᠳᠠᠨ᠎ᠠ ᠭᠠᠯ ᠬᠡᠷᠡᠭᠯᠡᠭᠰᠡᠨ ᠠᠴᠠ ᠤᠢ ᠰᠢᠭᠤᠢ | ᠡᠪᠡᠰᠦ ᠪᠡᠯᠴᠢᠬᠡᠷ ᠤᠨ ᠭᠠᠯ ᠤᠨ ᠠᠶᠤᠯ ᠭᠠᠷᠭᠠᠭᠰᠠᠨ ᠨᠢᠬᠡᠴᠡ ᠪᠤᠶᠤ ᠬᠤᠪᠢ ᠬᠦᠮᠦᠨ ᠳᠤ ︽ᠤᠢ ᠰᠢᠭᠤᠢ ᠶᠢᠨ ᠭᠠᠯ ᠰᠡᠷᠬᠡᠶᠢᠯᠡᠯᠳᠡ ᠶᠢᠨ ᠲᠦᠷᠢᠮ︾ ︽ᠡᠪᠡᠰᠦ | ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠲᠦᠷᠢᠮ︾ ᠪᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ | ᠰᠡᠷᠬᠡᠶᠢᠯᠡᠯᠳᠡ ᠶᠢᠨ ᠲᠦᠷᠢᠮ︾ ᠵᠡᠷᠬᠡ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ᠂ ᠤᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ, ᠬᠠᠤᠯᠢ | ᠶᠤᠰᠤᠭᠠᠷ ᠰᠢᠢᠳᠬᠡᠯ ᠦᠭᠴᠦ᠂ ᠶᠠᠯᠠᠳᠤ ᠠᠵᠢᠯᠯᠠᠭ᠎ᠠ ᠪᠤᠯᠪᠠᠯ᠂ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠨᠠᠢᠮᠠ᠂ ᠠᠵᠢᠯ ᠳᠤ ᠪᠠᠨ ᠠᠯᠮᠠᠶᠢᠷᠠᠬᠤ᠂ ᠬᠠᠷᠢᠭᠤᠴᠠᠯᠭ᠎ᠠ ᠪᠠᠨ ᠲᠦᠯᠬᠢᠬᠦ᠂ ᠬᠠᠮᠢᠶᠠᠷᠤᠯᠳᠠ ᠴᠢᠩᠭ᠎ᠠ ᠪᠤᠰᠤ᠂ ᠠᠷᠭ᠎ᠠ ᠬᠡᠮᠵᠢᠶ᠎ᠡ ᠲᠤᠳᠠᠮᠠᠭ ᠵᠢᠴᠢ ᠲᠤᠰᠢᠶᠠᠯ | ᠢᠶᠠᠨ ᠭᠤᠳᠤᠭᠠᠬᠤ᠂ ᠬᠠᠷᠢᠭᠤᠴᠠᠯᠭ᠎ᠠ ᠪᠠᠨ ᠠᠯᠳᠠᠬᠤ ᠠᠴᠠ ᠭᠠᠯ ᠤᠨ ᠠᠶᠤᠯ ᠡᠬᠦᠰᠦᠪᠡᠯ᠂ ᠬᠦᠨᠳᠦ ᠨᠤᠴᠢᠳᠠᠢ ᠬᠤᠬᠢᠷᠠᠯ ᠭᠠᠷᠭᠠᠭᠰᠠᠨ ᠨᠢᠬᠡᠴᠡ ᠪᠠ ᠬᠤᠪᠢ | ᠬᠦᠮᠦᠨ ᠳᠤ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠠᠵᠢᠯ ᠤᠨ | ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠪᠠᠷ ᠬᠤᠯᠪᠤᠭᠳᠠᠯ ᠪᠦᠬᠦᠢ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠴᠢᠩᠭ᠎ᠠ ᠨᠡᠬᠡᠮᠵᠢᠯᠡᠨ᠎ᠡ᠃ | ᠶᠢᠰᠦ᠂ ᠶᠠᠮᠠᠷᠪᠠ ᠨᠢᠬᠡᠴᠡ ᠪᠠ ᠬᠤᠪᠢ ᠬᠦᠮᠦᠨ ᠤᠢ ᠰᠢᠭᠤᠢ ᠡᠪᠡᠰᠦ ᠪᠡᠯᠴᠢᠬᠡᠷ ᠤᠨ ᠲᠦᠢᠮᠡᠷ ᠤᠨ ᠪᠠᠶᠢᠳᠠᠯ ᠢ ᠢᠯᠡᠷᠡᠬᠦᠯᠪᠡᠯ᠂ ᠴᠠᠭ ᠲᠤᠬᠠᠢ ᠳᠤᠨᠢ | ᠪᠠᠯᠭᠠᠰᠤᠨ ᠤ ᠤᠢ ᠰᠢᠭᠤᠢ ᠡᠪᠡᠰᠦ ᠪᠡᠯᠴᠢᠬᠡᠷ ᠤᠨ ᠭᠠᠯ ᠰᠡᠷᠬᠡᠶᠢᠯᠡᠯᠳᠡ ᠶᠢᠨ ᠵᠢᠯᠤᠭᠤᠳᠬᠤ ᠭᠠᠵᠠᠷ ᠪᠤᠶᠤ ᠬᠤᠰᠢᠭᠤᠨ ᠤ ᠤᠢ ᠰᠢᠭᠤᠢ ᠡᠪᠡᠰᠦ ᠪᠡᠯᠴᠢᠬᠡᠷ ᠤᠨ | ᠭᠠᠯ ᠰᠡᠷᠬᠡᠶᠢᠯᠡᠯᠳᠡ ᠶᠢᠨ ᠵᠢᠯᠤᠭᠤᠳᠬᠤ ᠭᠠᠵᠠᠷ ᠤᠨ ᠠᠯᠪᠠᠨ ᠬᠡᠷ ᠲᠤ ᠮᠡᠳᠡᠬᠦᠯᠦᠨ᠎ᠡ᠃ ᠬᠡᠷᠡᠭ ᠮᠡᠳᠡᠬᠦᠯᠬᠦ ᠤᠳᠠᠰᠤ᠄ 12119᠂ 0477 ᠊᠊᠊᠊᠊ 8690579᠃ | ᠶᠠᠮᠠᠷᠪᠠ ᠨᠢᠬᠡᠴᠡ ᠪᠠ ᠬᠤᠪᠢ ᠬᠦᠮᠦᠨ ᠦᠨ᠎ᠡ ᠲᠦᠯᠦᠪᠦᠷᠢ ᠦᠬᠡᠢ ᠪᠠᠷ ᠬᠡᠷᠡᠭ ᠮᠡᠳᠡᠬᠦᠯᠤᠯᠳᠠ ᠳᠤ ᠲᠦᠬᠦᠮ ᠢ ᠦᠵᠡᠬᠦᠯᠬᠦ ᠴᠢᠬᠤᠯᠠᠳᠠᠢ᠂ ᠤᠢ ᠰᠢᠭᠤᠢ ᠡᠪᠡᠰᠦ | ᠪᠡᠯᠴᠢᠬᠡᠷ ᠤᠨ ᠭᠠᠯ ᠢ ᠬᠤᠳᠠᠯ ᠢᠶᠠᠷ ᠮᠡᠳᠡᠬᠦᠯᠬᠦ᠂ ᠲᠤᠷᠠᠪᠡᠷ ᠮᠡᠳᠡᠬᠦᠯᠬᠦ᠂ ᠦᠯᠦ ᠮᠡᠳᠡᠬᠦᠯᠬᠦ ᠶᠢ ᠴᠠᠭᠠᠵᠠᠯᠠᠨ᠎ᠠ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2019 ᠤᠨ ᠤ 3 ᠰᠠᠷ᠎ᠠ ᠶᠢᠨ 1 ᠤ ᠡᠳᠦᠷ | | | | | | | | | | | | |