| | ᠡᠵᠡᠨ ᠵᠠᠰᠠᠭ ᠲᠠᠷᠬᠠᠭᠠᠬᠤ ﹇2019﹈ 53 ᠳ᠋ᠤᠭᠠᠷ ᠲᠤᠭᠠᠳᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠡᠶᠢᠭᠤᠯᠭ᠎ᠠ ᠨᠢᠭᠡᠴᠢ᠂ ᠡᠯ᠎ᠡ ᠲᠣᠮᠣ | ᠠᠵᠤ ᠠᠬᠤᠶᠢᠯᠠᠯ᠄ | ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠪᠣᠯ ᠦᠪᠡᠷᠳᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠡᠯ᠎ᠡ ᠱᠠᠳᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠢ ᠨᠠᠶᠢᠳᠠᠵᠤ ᠦᠷᠨᠢᠬᠦᠯᠦᠭᠰᠡᠨ ᠨᠢᠭᠡᠨ ᠲᠦᠷᠦᠯ ᠤᠨ ᠨᠡᠶᠢᠬᠡᠮ ᠨᠡᠶᠢᠳᠡ ᠠᠴᠠ ᠮᠦᠩᠬᠦ | ᠬᠤᠷᠠᠮᠳᠤᠭᠤᠯᠬᠤ ᠠᠵᠢᠯᠯᠠᠭ᠎ᠠ ᠪᠣᠯᠣᠨ᠎ᠠ᠃ ᠪᠦᠬᠦ ᠬᠤᠰᠢᠭᠤᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ ᠶᠢ ᠦᠨᠡᠨᠬᠦ ᠰᠠᠶᠢᠳᠤᠷ | ᠬᠢᠵᠤ᠂ ︽ᠡᠵᠡᠨ ᠬᠤᠷᠤᠭ᠎ᠠ ᠬᠤᠰᠢᠭᠤᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ﹀ ᠮᠦᠩᠬᠦ ᠬᠤᠷᠠᠮᠳᠤᠭᠤᠯᠬᠤ ᠠᠵᠢᠯᠯᠠᠭᠠᠨ ᠤ ᠤᠷᠳᠤ | ᠬᠤᠭᠤᠴᠠᠭᠠᠨ ᠤ ᠠᠵᠢᠯ ᠤᠨ ᠪᠠᠶᠢᠭᠤᠯᠤᠮᠵᠢ ᠶᠢ ᠬᠡᠷᠡᠭᠵᠢᠬᠦᠯᠬᠦ ᠲᠦᠰᠦᠯ ᠤᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠵᠡᠨ ᠬᠤᠷᠤᠭ᠎ᠠ | ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠠᠷᠬᠠᠭᠠᠭᠰᠠᠨ | ᠮᠡᠳᠡᠭᠳᠡᠯ ︵ᠡᠵᠡᠨ ᠨᠠᠮ ᠠᠯᠪᠠᠨ ᠵᠠᠰᠠᠭ ᠲᠠᠷᠬᠠᠭᠠᠭᠰᠠᠨ ﹇2008﹈ 53 ᠲᠣᠭᠠᠳᠤ﹀ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠨᠠᠶᠢᠳᠠᠪᠦᠷᠢᠵᠢᠭᠤᠯᠤᠨ | ᠲᠤᠤᠱᠯᠠᠭᠤᠯᠬᠤ ᠶᠢᠨ ᠲᠦᠯᠦᠭᠡ᠂ ᠣᠳᠣ ᠪᠦᠬᠦ ᠬᠤᠰᠢᠭᠤᠨ ᠳᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ | ᠠᠵᠢᠯᠯᠠᠭᠠᠨ ᠤ ᠬᠠᠮᠢᠶ᠎ᠠ ᠪᠦᠬᠦᠢ ᠤᠴᠢᠷ ᠢ ᠮᠡᠳᠡᠭᠳᠡᠶ᠎ᠡ᠄ | ᠨᠢᠭᠡ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭᠲᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠦ | ᠂ ᠰᠢ ᠶᠢᠨ ᠫᠢᠡᠭ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠬᠦᠨᠵᠡᠬᠡᠢ ᠨᠠᠶᠢᠳᠠᠪᠦᠷᠢᠵᠢᠭᠤᠯᠤᠨ᠂ ︽ᠬᠦᠮᠦᠡᠯᠢᠭ ᠶᠣᠰᠣ᠂ ᠲᠦᠭᠡᠮᠡᠯ ᠬᠠᠶᠢᠷ᠎ᠠ᠂ ᠬᠠᠨᠳᠢᠪᠯᠠᠬᠤ︾ ᠬᠡᠬᠦ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠶᠢ ᠦᠷᠭᠡᠨ ᠲᠡᠯᠭᠡᠷᠡᠩᠬᠦᠢ ᠪᠠᠷ | ᠦᠷᠨᠢᠬᠦᠯᠬᠦ ᠪᠠᠷ ᠲᠠᠮᠵᠢᠨ᠂ ᠨᠡᠶᠢᠬᠡᠮ ᠨᠡᠶᠢᠳᠡ ᠶᠢᠨ ᠬᠠᠶᠢᠷ᠎ᠠ ᠬᠠᠯᠠᠮᠵᠢᠳᠤ ᠡᠳ᠋ ᠮᠦᠩᠬᠦ ᠶᠢ ᠬᠦᠢᠴᠡᠳ ᠬᠦᠯᠢᠶᠡᠨ ᠠᠪᠴᠦ᠂ ᠤᠯᠠᠨ ᠲᠦᠮᠡᠨ ᠤ ᠬᠦᠴᠦ ᠶᠢ | ᠬᠠᠮᠳᠤᠳᠬᠠᠨ᠂ ᠶᠠᠳᠠᠭᠤ ᠬᠦᠴᠢᠷᠳᠡᠯᠳᠡᠢ ᠤᠯᠠᠨ ᠲᠦᠮᠡᠨ ᠪᠠ ᠪᠠᠭᠤᠷᠠᠶᠢᠴᠤᠤᠯ ᠢ ᠲᠤᠰᠠᠯᠠᠨ ᠲᠡᠮᠵᠢᠵᠦ᠂ ᠤᠯᠠᠨ ᠲᠦᠮᠡᠨ ᠲᠠᠢ ᠬᠠᠷᠢᠴᠠᠭ᠎ᠠ ᠬᠤᠯᠪᠣᠭ᠎ᠠ ᠪᠠᠨ | ᠴᠢᠩᠭᠠᠳᠬᠠᠨ ᠰᠠᠶᠢᠳᠤᠷ ᠦᠢᠯᠡᠴᠢᠯᠡᠬᠦ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠡᠵᠡᠨ ᠬᠤᠷᠤᠭ᠎ᠠ ᠶᠢᠨ ᠴᠢᠨᠠᠷ ᠰᠠᠶᠢᠳᠠᠢ | ᠬᠦᠭᠵᠢᠯᠲᠡ ᠰᠢᠨ᠎ᠡ ᠪᠠᠶᠢᠳᠠᠯ ᠢ ᠡᠬᠦᠳᠬᠦ ᠶᠢᠨ ᠲᠦᠯᠦᠭᠡ ᠢᠳᠡᠪᠬᠢᠳᠡᠢ ᠬᠤᠪᠢ ᠨᠡᠮᠡᠷᠢ ᠦᠵᠡᠬᠦᠯᠬᠦ ᠬᠡᠷᠡᠭᠳᠡᠢ᠃ | ᠬᠤᠶᠠᠷ᠂ ᠠᠵᠢᠯᠯᠠᠭᠠᠨ ᠤ ᠭᠤᠣᠯ ᠰᠡᠳᠤᠪ | ᠨᠢᠭᠡ ᠡᠳᠦᠷ ᠤᠨ ᠬᠦᠯᠦᠰᠦ ᠤᠯᠭᠤᠮᠵᠢ ᠪᠠᠨ ᠬᠠᠨᠳᠢᠪᠯᠡᠵᠦ᠂ ᠨᠢᠭᠡᠨ ᠬᠤᠪᠢ ᠬᠠᠶᠢᠷ᠎ᠠ ᠰᠡᠳᠬᠢᠯᠡᠭᠡ ᠪᠠᠨ ᠡᠷᠬᠦᠶ᠎ᠡ᠃ | ᠭᠤᠷᠪᠠ᠂ ᠤᠷᠤᠯᠴᠠᠬᠤ ᠬᠦᠷᠢᠶ᠎ᠡ ᠬᠡᠪᠴᠢᠶ᠎ᠡ | ᠡᠯ᠎ᠡ ᠪᠠᠯᠭᠠᠰᠤᠨ ᠤ ᠵᠠᠰᠠᠭ ᠤᠨ ᠣᠷᠳᠣᠨ᠂ ᠬᠤᠰᠢᠭᠤᠨ ᠤ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠠᠷᠠᠳ ᠤᠨ ᠪᠦᠯᠬᠦᠮ᠂ | ᠨᠡᠶᠢᠬᠡᠮ ᠤᠨ ᠪᠦᠯᠬᠦᠮ᠂ ᠡᠯ᠎ᠡ ᠰᠢᠭᠤᠳ ᠬᠠᠷᠢᠶ᠎ᠠ ᠪᠡᠶᠢᠭᠤᠯᠭ᠎ᠠ ᠨᠢᠭᠡᠴᠢ᠂ ᠡᠯ᠎ᠡ ᠤᠯᠤᠰ ᠤᠨ ᠦᠮᠴᠢᠯᠡᠯᠲᠤ ᠠᠵᠤ ᠠᠬᠤᠶᠢᠯᠠᠯ᠂ ᠬᠤᠪᠢ ᠤᠷᠤᠭᠤᠯᠤᠭᠰᠠᠨ | ᠳᠦᠷᠢᠮ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ | ᠡᠵᠡᠩᠨᠡᠯᠲᠡ ᠶᠢᠨ ᠡᠷᠦᠬᠡ ᠪᠠ ᠬᠤᠪᠢ ᠬᠦᠮᠦᠨ᠃ | ᠲᠦᠷᠪᠡ᠂ ᠬᠤᠷᠠᠮᠳᠤᠭᠤᠯᠤᠭᠰᠠᠨ ᠮᠦᠩᠬᠦ ᠶᠢᠨ ᠬᠡᠷᠡᠭᠯᠡᠭᠡ | ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ ᠶᠢᠨ ᠬᠤᠷᠠᠮᠳᠤᠭᠤᠯᠤᠭᠰᠠᠨ ᠮᠦᠩᠬᠦ ᠶᠢᠨ ᠬᠡᠷᠡᠭᠯᠡᠭᠡ᠄ ᠭᠠᠮᠰᠢᠭ ᠠᠴᠠ ᠠᠪᠤᠷᠠᠬᠤ | ᠭᠠᠮᠰᠢᠭ ᠳᠤ ᠬᠡᠷᠡᠭᠯᠡᠬᠦ ᠪᠡᠯᠡᠳᠭᠡᠯ ᠮᠦᠩᠬᠦ ᠪᠣᠯᠭᠠᠨ ᠬᠠᠳᠠᠭᠠᠯᠠᠬᠤ᠂ ᠬᠦᠮᠦᠡᠯᠢᠭ ᠶᠣᠰᠣ ᠶᠢᠨ ᠬᠠᠯᠠᠮᠵᠢᠯᠠᠯ ᠦᠷᠨᠢᠬᠦᠯᠬᠦ᠂ ᠭᠠᠢ ᠭᠠᠮᠰᠢᠭ ᠠᠴᠠ ᠠᠪᠤᠷᠠᠬᠤ ᠬᠢᠭᠡᠳ ︽ | ᠤᠯᠠᠭᠠᠨ ᠵᠠᠭᠠᠯᠮᠠᠶᠢᠳᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠵᠣᠷᠢᠭ ᠰᠠᠨᠠᠭ᠎ᠠ ᠶᠢ ᠬᠦᠨᠵᠡᠭᠡᠶᠢᠷᠡᠬᠦᠯᠬᠦ ᠵᠡᠷᠭᠡ ᠤᠯᠠᠭᠠᠨ ᠵᠠᠭᠠᠯᠮᠠᠶᠢᠳᠠᠨ ᠤ | ᠵᠣᠷᠢᠯᠲᠠ ᠳᠤ ᠨᠡᠶᠢᠴᠡᠭᠰᠡᠨ ᠠᠷᠠᠳ ᠤᠨ ᠠᠮᠢᠳᠤᠷᠠᠯ ᠤᠨ ᠲᠦᠷᠦᠯ ᠵᠦᠢᠯ᠃ | ᠲᠠᠪᠤ᠂ ᠠᠵᠢᠯᠯᠠᠭᠠᠨ ᠤ ᠲᠣᠬᠢᠷᠠᠭᠤᠯᠤᠯᠲᠠ | ︵ᠨᠢᠭᠡ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ 5 ᠰᠠᠷ᠎ᠠ ᠶᠢᠨ ᠡᠬᠢᠨ ᠳᠤ ᠡᠬᠢᠯᠡᠨ᠂ ᠪᠠᠶᠢᠭᠤᠯᠭ᠎ᠠ ᠠᠵᠢᠯ | ᠦᠢᠯᠡᠰ ᠤᠨ ᠨᠢᠭᠡᠴᠢ ᠶᠢᠨ ᠮᠦᠩᠬᠦ ᠬᠤᠷᠠᠮᠳᠤᠭᠤᠯᠬᠤ ᠠᠵᠢᠯᠯᠠᠭ᠎ᠠ ᠶᠢ 7 ᠰᠠᠷ᠎ᠠ ᠶᠢᠨ30 ᠤ ᠡᠳᠦᠷ ᠤᠨ ᠡᠮᠦᠨ᠎ᠡ ᠲᠠᠭᠤᠰᠬᠠᠵᠤ᠂ ᠠᠵᠤ ᠠᠬᠤᠶᠢᠯᠠᠯ ᠬᠢᠭᠡᠳ | ᠬᠤᠪᠢ ᠬᠦᠮᠦᠨ ᠤ ᠮᠦᠩᠬᠦ ᠬᠤᠷᠠᠮᠳᠤᠭᠤᠯᠬᠤ ᠠᠵᠢᠯᠯᠠᠭ᠎ᠠ ᠶᠢ 12 ᠰᠠᠷ᠎ᠠ ᠶᠢᠨ30 ᠤ ᠡᠳᠦᠷ ᠠᠴᠠ ᠡᠮᠦᠨ᠎ᠡ ᠲᠠᠭᠤᠰᠬᠠᠨ᠎ᠠ᠃ | ︵ᠬᠤᠶᠠᠷ︶ ᠬᠠᠨᠳᠢᠪᠯᠡᠬᠤ ᠮᠦᠩᠬᠦ ᠶᠢᠨ ᠲᠤᠭ᠎ᠠ ᠬᠡᠮᠵᠢᠶ᠎ᠡ ᠪᠣᠯ ᠬᠤᠪᠢ ᠬᠦᠮᠦᠨ ᠤ ᠨᠢᠭᠡ ᠡᠳᠦᠷ ᠤᠨ ᠬᠦᠯᠦᠰᠦ ᠤᠯᠭᠤᠮᠵᠢ ᠪᠠᠨ ᠬᠠᠨᠳᠢᠪᠯᠡᠵᠦ᠂ ᠠᠵᠤ | ᠠᠬᠤᠶᠢᠯᠠᠯ ᠡᠰᠡᠬᠦᠯ᠎ᠡ ᠪᠠᠶᠢᠭᠤᠯᠭ᠎ᠠ ᠶᠢᠨ ᠨᠢᠭᠡ ᠡᠳᠦᠷ ᠤᠨ ᠣᠷᠣᠯᠭ᠎ᠠ ᠪᠣᠶᠣ ᠠᠷᠪᠢᠯᠠᠨ ᠭᠠᠷᠭᠠᠭᠰᠠᠨ ᠮᠦᠩᠬᠦ ᠪᠠᠨ ᠬᠠᠨᠳᠢᠪᠯᠡᠨᠡ᠃ | ︵ᠭᠤᠷᠪᠠ︶ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ᠂ ᠡᠯ᠎ᠡ ᠪᠠᠶᠢᠭᠤᠯᠭ᠎ᠠ ᠨᠢᠭᠡᠴᠢ ᠦᠪᠡᠷᠳᠡᠭᠡᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ | ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠪᠠᠨ ᠰᠠᠶᠢᠳᠤᠷ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠵᠡᠷᠭᠡ ᠳᠤᠨᠢ ᠬᠠᠷᠢᠶᠠᠨ ᠲᠤᠳᠤᠷᠠᠬᠢ ᠲᠤᠤᠷ᠎ᠠ | ᠱᠠᠳᠤᠨ ᠤ ᠪᠠᠶᠢᠭᠤᠯᠭ᠎ᠠ ᠶᠢᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ ᠶᠢ ᠰᠠᠶᠢᠳᠤᠷ ᠡᠷᠬᠢᠯᠡᠨ᠂ ᠮᠦᠩᠬᠦ ᠬᠤᠷᠠᠮᠳᠤᠭᠤᠯᠬᠤ | ᠠᠵᠢᠯᠯᠠᠭ᠎ᠠ ᠲᠠᠭᠤᠰᠤᠭᠰᠠᠨ ᠤ ᠲᠠᠷᠠᠭ᠎ᠠ ᠮᠦᠩᠬᠦ ᠬᠠᠨᠳᠢᠪᠯᠠᠭᠰᠠᠨ ᠬᠦᠮᠦᠨ ᠤ ᠨᠡᠷ᠎ᠡ ᠵᠢᠴᠢ ᠠᠵᠢᠯᠯᠠᠭᠠᠨ ᠰᠡᠬᠦᠳᠡᠷ᠂ ᠴᠢᠮᠡᠭᠡ ᠵᠠᠩᠬᠢ ᠶᠢ ᠬᠠᠩᠭᠠᠨ᠎ᠠ᠃ | ︵ᠲᠦᠷᠪᠡ︶ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠡᠷᠬᠡᠪᠰᠢ ᠲᠤᠰ ᠭᠠᠵᠠᠷ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ | ᠂ ᠬᠤᠪᠢ ᠶᠢᠨ ᠡᠵᠡᠩᠨᠡᠯᠲᠡ ᠶᠢᠨ ᠡᠷᠦᠬᠡ ᠬᠢᠭᠡᠳ ᠨᠡᠶᠢᠬᠡᠮ ᠤᠨ ᠡᠯ᠎ᠡ ᠡᠳᠡᠭᠡᠳ ᠢ ᠲᠠᠶᠢᠴᠢᠯᠠᠨ ᠮᠦᠩᠬᠦ ᠬᠤᠷᠠᠮᠳᠤᠭᠤᠯᠬᠤ ᠠᠵᠢᠯᠯᠠᠭ᠎ᠠ ᠶᠢ ᠰᠠᠶᠢᠳᠤᠷ ᠬᠢᠨ᠎ᠡ᠂ ᠡᠯ᠎ᠡ | ᠠᠵᠢᠯ ᠲᠦᠷᠦᠯ ᠤᠨ ᠭᠤᠣᠯ ᠬᠠᠷᠢᠭᠤᠴᠠᠬᠤ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠡᠷᠦᠬᠡ ᠶᠢ ᠵᠣᠬᠢᠶᠠᠨ | ᠪᠠᠶᠢᠭᠤᠯᠤᠨ ᠲᠠᠶᠢᠴᠢᠯᠠᠵᠦ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ ᠬᠤᠷᠠᠮᠳᠤᠭᠤᠯᠬᠤ ᠠᠵᠢᠯᠯᠠᠭ᠎ᠠ ᠶᠢ ᠬᠠᠷᠢᠭᠤᠴᠠᠨ᠎ᠠ᠂ | ᠬᠤᠷᠠᠮᠳᠤᠭᠤᠯᠤᠭᠰᠠᠨ ᠮᠦᠩᠬᠦ ᠪᠠᠨ ᠨᠢᠭᠡᠳᠦᠯᠳᠡᠢ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠲᠤ ᠲᠤᠰᠢᠶᠠᠨ᠎ᠠ᠃ | ︵ᠲᠠᠪᠤ︶ ᠬᠤᠰᠢᠭᠤᠨ ᠤ ᠡᠯ᠎ᠡ ᠲᠤᠮᠤ ᠠᠵᠤ ᠠᠬᠤᠶᠢᠯᠠᠯ᠂ ᠲᠥᠪ᠂ ᠦᠪᠡᠷᠳᠡᠭᠡᠨ ᠵᠠᠰᠠᠬᠤ ᠣᠷᠣᠨ᠂ ᠬᠤᠲᠠ ᠶᠢᠨ ᠬᠤᠰᠢᠭᠤᠨ ᠤ ᠰᠠᠭᠤᠭ᠎ᠠ ᠡᠯ᠎ᠡ ᠠᠵᠤ | ᠠᠬᠤᠶᠢᠯᠠᠯ ᠤᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠠᠵᠢᠯᠯᠠᠭ᠎ᠠ ᠶᠢ ᠦᠪᠡᠷᠳᠡᠭᠡᠨ ᠵᠣᠬᠢᠶᠠᠨ ᠪᠠᠶᠢᠭᠤᠯᠵᠤ᠂ ᠬᠤᠷᠠᠮᠳᠤᠭᠤᠯᠤᠭᠰᠠᠨ | ᠮᠦᠩᠬᠦ ᠪᠠᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠲᠤ ᠲᠤᠰᠢᠶᠠᠨ᠎ᠠ᠃ | ᠵᠢᠷᠭᠤᠭ᠎ᠠ᠂ ᠵᠣᠬᠢᠶᠠᠨ ᠪᠠᠶᠢᠭᠤᠯᠬᠤ ᠪᠠᠳᠤᠯᠠᠭ᠎ᠠ | ︵ᠨᠢᠭᠡ︶ ᠡᠯ᠎ᠡ ᠪᠠᠶᠢᠭᠤᠯᠭ᠎ᠠ ᠡᠷᠬᠡᠪᠰᠢ ᠴᠢᠬᠤᠯᠠᠴᠢᠯᠠᠨ ᠦᠵᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ ᠮᠦᠩᠬᠦ | ᠬᠤᠷᠠᠮᠳᠤᠭᠤᠯᠬᠤ ᠠᠵᠢᠯᠯᠠᠭ᠎ᠠ ᠶᠢ ᠨᠢᠭᠡᠨ ᠲᠦᠷᠦᠯ ᠤᠨ ᠠᠷᠠᠳ ᠲᠤ ᠠᠰᠢᠭ ᠬᠦᠷᠳᠡᠭᠡᠬᠦ ᠲᠦᠷᠦᠯ ᠵᠦᠢᠯ ᠪᠣᠯᠭᠠᠵᠤ᠂ ᠨᠠᠷᠢᠨ ᠬᠢᠨᠠᠮᠠᠭᠠᠢ ᠵᠣᠬᠢᠨᠨ ᠪᠠᠶᠢᠭᠤᠯᠤᠨ᠂ | ᠲᠤᠰᠬᠠᠢ ᠬᠦᠮᠦᠨ ᠬᠠᠷᠢᠭᠤᠴᠠᠵᠤ᠂ ᠮᠦᠩᠬᠦ ᠬᠤᠷᠠᠮᠳᠤᠭᠤᠯᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠨ᠎ᠠ᠃ | ︵ᠬᠤᠶᠠᠷ︶ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ ᠤᠨ ᠬᠢᠨ ᠲᠣᠭᠳᠠᠭᠰᠠᠨ ᠴᠠᠭ ᠬᠤᠭᠤᠴᠠᠭᠠᠨ ᠤ ᠶᠣᠰᠣᠭᠠᠷ ᠮᠦᠩᠬᠦ | ᠬᠤᠷᠠᠮᠳᠤᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠠᠵᠢᠯᠯᠠᠭᠠᠨ ᠤ ᠦᠷᠨᠢᠬᠦᠯᠦᠭᠰᠡᠨ ᠪᠠᠶᠢᠳᠠᠯ ᠢ ᠪᠦᠬᠦ ᠬᠤᠰᠢᠭᠤᠨ ᠤ ᠬᠦᠷᠢᠶ᠎ᠡ ᠬᠡᠪᠴᠢᠶᠡᠨ ᠳᠤ | ᠨᠡᠶᠢᠳᠡᠯᠡᠬᠦ ᠬᠡᠷᠡᠭᠳᠡᠢ᠃ | ︵ᠭᠤᠷᠪᠠ︶ ᠤᠬᠠᠭᠤᠯᠬᠤ ᠬᠡᠯᠳᠡᠰ ᠪᠠ ᠰᠣᠨᠢᠨ ᠮᠡᠳᠡᠭᠡᠨ ᠤ ᠲᠥᠪ ᠤᠨ ᠬᠢᠨ ᠡᠷᠬᠡᠪᠰᠢ ︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ | ᠮᠦᠩᠬᠦ ᠬᠤᠷᠠᠮᠳᠤᠭᠤᠯᠬᠤ ᠠᠵᠢᠯᠯᠠᠭ᠎ᠠ ᠶᠢ ᠢᠳᠡᠪᠬᠢᠳᠡᠢ ᠤᠬᠠᠭᠤᠯᠵᠤ᠂ ᠮᠦᠩᠬᠦ ᠬᠤᠷᠠᠮᠳᠤᠭᠤᠯᠬᠤ ᠶᠠᠪᠤᠴᠠ ᠳᠤ ᠢᠯᠡᠷᠡᠭᠰᠡᠨ ᠲᠡᠷᠢᠬᠦᠨ ᠤ ᠬᠤᠪᠢ ᠬᠦᠮᠦᠨ ᠪᠠ | ᠬᠠᠮᠳᠤ ᠨᠢᠭᠡᠴᠡ ᠶᠢ ᠲᠦᠪᠯᠡᠷᠡᠬᠦᠯᠦᠨ ᠤᠬᠠᠭᠤᠯᠵᠤ᠂ ᠮᠦᠩᠬᠦ ᠬᠤᠷᠠᠮᠳᠤᠭᠤᠯᠬᠤ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠨᠡᠶᠢᠬᠡᠮ ᠨᠡᠶᠢᠳᠡ ᠶᠢᠨ ᠨᠦᠯᠦᠭᠡ | ᠲᠤᠰᠬᠠᠯ ᠢ ᠦᠷᠭᠡᠨ ᠲᠡᠯᠭᠡᠷᠡᠩᠬᠦᠢ ᠪᠣᠯᠭᠠᠬᠤ ᠬᠡᠷᠡᠭᠳᠡᠢ᠃ | ᠲᠣᠯᠤᠭ᠎ᠠ᠂ ᠮᠦᠩᠬᠦ ᠬᠤᠷᠠᠮᠳᠤᠭᠤᠯᠬᠤ ᠠᠷᠭ᠎ᠠ | ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠨᠢᠭᠡᠴᠢ᠂ ᠨᠡᠶᠢᠬᠡᠮ ᠤᠨ ᠪᠦᠯᠬᠦᠮ ᠤᠨ ᠬᠢᠨ ᠮᠦᠩᠬᠦ | ᠬᠤᠷᠠᠮᠳᠤᠭᠤᠯᠬᠤ ᠠᠵᠢᠯᠯᠠᠭ᠎ᠠ ᠲᠠᠭᠤᠰᠤᠭᠰᠠᠨ ᠤ ᠲᠠᠷᠠᠭ᠎ᠠ᠂ ᠬᠠᠶᠢᠷ᠎ᠠ ᠬᠠᠯᠠᠮᠵᠢᠳᠤ ᠺᠠᠷᠲ᠂ ᠬᠤᠷᠠᠮᠳᠤᠭᠤᠯᠤᠭᠰᠠᠨ ᠮᠦᠩᠬᠦ ︵ᠪᠡᠯᠡᠨ ᠮᠦᠩᠬᠦ ᠪᠣᠶᠣ ᠪᠠᠩᠬᠢ ᠳᠤ | ᠮᠦᠩᠬᠦ ᠭᠤᠪᠢᠭᠤᠯᠤᠭᠰᠠᠨ ᠪᠠᠷᠢᠮᠲᠠ︶᠂ ᠮᠦᠩᠬᠦ ᠬᠠᠨᠳᠢᠪᠯᠠᠭᠰᠠᠨ ᠠᠵᠢᠯᠲᠠᠨ ᠤ ᠨᠡᠷ᠎ᠡ ︵A4 ᠴᠠᠭᠠᠰᠤᠨ ᠲᠡᠭᠡᠷ᠎ᠡ ᠳᠠᠷᠤᠮᠠᠯᠠᠨᠠ︶ ᠵᠢᠴᠢ ᠵᠢᠷᠤᠭ ᠰᠡᠬᠦᠳᠡᠷ᠂ | ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠲᠤ ᠲᠤᠰᠢᠶᠠᠵᠤ᠂ ᠪᠠᠷᠢᠮᠲᠠ ᠪᠢᠴᠢᠭ ᠭᠠᠷᠭᠠᠬᠤ ᠪᠠ ᠤᠬᠠᠭᠤᠯᠭ᠎ᠠ ᠬᠢᠬᠦ ᠳᠤ ᠳᠦᠬᠦᠮ ᠦᠵᠡᠬᠦᠯᠦᠨ᠎ᠡ᠃ | ᠲᠤᠰᠠᠯᠠᠨ ᠲᠡᠳᠬᠦᠬᠦ ᠬᠠᠯᠠᠮᠵᠢᠰᠢᠯ ᠤᠳᠠᠰᠤ᠄ 0477 ᠊᠊᠊᠊ 8969905 | 0477 ᠊᠊᠊᠊ 8969904 | ᠬᠠᠶ᠋ᠢᠭ᠄ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤ ᠶᠢᠨ ᠴᠧᠨ ᠶᠤᠸᠠᠨA ᠨᠤᠮᠧᠷᠲᠤ ᠠᠰᠠᠷ ᠤᠨ 3 ᠳ᠋ᠤᠭᠠᠷ ᠲᠠᠪᠬᠤᠷᠭ᠎ᠠ ᠶᠢᠨ306 | ᠲᠠᠰᠤᠭ | ᠮᠦᠩᠬᠦ ᠬᠠᠨᠳᠢᠪᠯᠠᠬᠤ ᠲᠠᠩᠰᠠᠨ ᠤ ᠨᠤᠮᠧᠷ᠄ 0612082029200122279 ︵︽ᠲᠦᠭᠡᠮᠡᠯ ᠬᠠᠶᠢᠷ᠎ᠠ ᠶᠢᠨ ᠨᠢᠭᠡ ᠡᠳᠦᠷ ᠢᠶᠠᠨ ᠬᠠᠨᠳᠢᠪᠯᠠᠬᠤ︾ | ᠮᠦᠩᠬᠦ ᠬᠡᠵᠤ ᠲᠤᠳᠤᠷᠬᠠᠶᠢᠯᠠᠨ᠎ᠠ︶ | ᠲᠠᠩᠰᠠᠨ ᠤ ᠨᠡᠷ᠎ᠡ᠄ ᠡᠵᠡᠨ ᠬᠤᠷᠤᠭ᠎ᠠ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ | ᠲᠠᠩᠰᠠ ᠨᠡᠭᠡᠭᠡᠭᠰᠡᠨ ᠪᠠᠩᠬᠢ᠄ ᠲᠤᠮᠳᠠᠳᠤ ᠤᠯᠤᠰ ᠤᠨ ᠠᠵᠤ ᠦᠢᠯᠡᠳᠪᠦᠷᠢ ᠶᠢᠨ ᠪᠠᠩᠬᠢ ᠶᠢᠨ ᠬᠤᠪᠢ ᠣᠷᠣᠭᠤᠯᠣᠭᠰᠠᠨ ᠬᠢᠵᠠᠭᠠᠷᠲᠤ ᠺᠤᠮᠫᠠᠨᠢ ᠶᠢᠨ ᠡᠵᠡᠨ | ᠬᠤᠷᠤᠭ᠎ᠠ ᠰᠠᠯᠪᠦᠷᠢ ᠪᠠᠩᠬᠢ | | | ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ | 2019 ᠤᠨ ᠤ 5 ᠰᠡᠷ᠎ᠡ ᠶᠢᠨ 5 ᠤ ᠡᠳᠤᠷ | | | | | | |