2019 ᠤᠨ ᠤ ᠰᠤᠷᠭᠠᠭᠤᠯᠢ ᠳᠤ ᠪᠠᠶᠢᠭ᠎ᠠ ᠮᠤᠩᠭᠤᠯ ᠦᠨᠳᠦᠰᠦᠳᠡᠨ ᠤ ᠤᠶᠤᠳᠠᠳ ᠤᠨ ᠰᠤᠷᠤᠯᠭ᠎ᠠ  ᠎ ᠶᠢᠨ ᠨᠦᠬᠦᠪᠦᠷᠢ ᠶᠢᠨ ᠮᠦᠩᠬᠦ ᠎ ᠶᠢ ᠭᠤᠶᠤᠴᠢᠯᠠᠨ ᠳᠠᠩᠰᠠᠯᠠᠬᠤ ᠠᠵᠢᠯ ᠤᠨ ᠳᠤᠬᠠᠢ ᠡᠵᠡᠨ ᠬᠤᠷᠤᠭ᠎ᠠ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2019-07-25
ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠄      ︽ᠦᠨᠳᠦᠰᠦᠳᠡᠨ ᠤ ᠰᠤᠷᠭᠠᠨ ᠬᠦᠮᠦᠵᠢᠯ ᠢ ᠲᠦᠷᠬᠡᠳᠬᠡᠨ ᠬᠦᠭᠵᠢᠬᠦᠯᠬᠦ ᠳᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠡᠷᠡᠭᠵᠢᠬᠦᠯᠬᠦ ᠳᠦᠰᠦᠯ︾ ︵ᠤᠷᠳᠤᠰ ᠵᠠᠰᠠᠭ ᠳᠠᠷᠬᠠᠭᠠᠬᠤ 〔2016〕121 ᠳ᠋ᠦ᠋ᠬᠡᠷ ᠳᠤᠭᠠᠳᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠠᠨ᠂ ᠮᠠᠨ ᠤ ᠬᠤᠰᠢᠭᠤᠨ ᠤ 2019 ᠤᠨ ᠳᠤ ᠳᠡᠬᠡᠳᠦ ᠵᠡᠷᠬᠡ ᠶᠢᠨ ᠰᠤᠷᠭᠠᠭᠤᠯᠢ ᠳᠤ ᠰᠢᠯᠭᠠᠭᠳᠠᠭᠰᠠᠨ ᠡᠵᠡᠨ ᠬᠤᠷᠤᠭ᠎ᠠ ᠬᠤᠰᠢᠭᠤᠨ ᠤ ᠡᠷᠦᠬᠡ ᠠᠮᠠ ᠲᠠᠢ ᠮᠤᠩᠭᠤᠯ ᠰᠤᠷᠤᠭᠴᠢᠳ ᠤᠨ ᠪᠠᠶᠢᠳᠠᠯ ᠢ ᠤᠶᠢᠯᠠᠭᠠᠵᠦ ᠳᠠᠩᠰᠠᠯᠠᠬᠤ ᠶᠢᠨ ᠬᠠᠮᠳᠤ᠂ ᠤᠶᠤᠳᠠᠳ ᠤᠨ ᠰᠤᠷᠤᠯᠭ᠎ᠠ ᠶᠢᠨ ᠨᠦᠬᠦᠪᠦᠷᠢ ᠶᠢᠨ ᠮᠦᠩᠬᠦ ᠶᠢ ᠳᠠᠷᠬᠠᠭᠠᠨ᠎ᠠ᠃ ᠨᠦᠬᠦᠴᠡᠯ ᠳᠤ ᠨᠡᠶᠢᠴᠡᠬᠦ ᠰᠤᠷᠤᠭᠴᠢ ᠪᠤᠶᠤ ᠬᠡᠷ ᠤᠨ ᠠᠬᠠᠮᠠᠳ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠦ ᠬᠦᠢᠴᠡᠳᠬᠡᠬᠡᠷᠡᠢ᠃ ᠬᠠᠮᠢᠶ᠎ᠠ ᠪᠦᠬᠦᠢ ᠤᠴᠢᠷ ᠶᠠᠪᠤᠳᠠᠯ ᠢ ᠳᠤᠤᠷᠠᠬᠢ ᠮᠡᠳᠦ ᠮᠡᠳᠡᠭᠳᠡᠶ᠎ᠡ᠄     ᠨᠢᠬᠡ᠂ ᠳᠠᠩᠰᠠᠯᠠᠬᠤ ᠨᠦᠬᠦᠴᠡᠯ      1. ᠡᠷᠬᠡᠪᠰᠢ ᠡᠵᠡᠨ ᠬᠤᠷᠤᠭ᠎ᠠ ᠬᠤᠰᠢᠭᠤᠨ ᠤ ᠡᠷᠦᠬᠡ ᠠᠮᠠ ᠲᠠᠢ︔      2. ᠡᠷᠬᠡᠪᠰᠢ ᠮᠤᠩᠭᠤᠯ ᠦᠨᠳᠦᠰᠦᠳᠡᠨ︔      3. ᠡᠷᠬᠡᠪᠰᠢ 2019 ᠤᠨ ᠤ ᠤᠯᠤᠰ ᠤᠨ ᠳᠡᠭᠡᠳᠦ ᠵᠡᠷᠬᠡ ᠶᠢᠨ ᠰᠤᠷᠭᠠᠭᠤᠯᠢ ᠶᠢᠨ ᠨᠢᠬᠡᠳᠦᠯᠳᠡᠢ ᠰᠤᠷᠤᠭᠴᠢ ᠡᠯᠰᠡᠬᠦ ᠰᠢᠯᠭᠠᠯᠳᠠ ᠪᠠᠷ ᠳᠠᠮᠵᠢᠬᠤ ᠶᠢᠨ ᠬᠠᠮᠳᠤ ᠤᠯᠤᠰ ᠤᠨ ᠠᠷᠠᠳ ᠤᠨ ᠰᠤᠷᠭᠠᠨ ᠬᠦᠮᠦᠵᠢᠯ ᠤᠨ ᠵᠢᠭᠰᠠᠭᠠᠯ ᠳᠤ ᠪᠠᠶᠢᠭ᠎ᠠ ᠳᠡᠭᠡᠳᠦ ᠵᠡᠷᠬᠡ ᠶᠢᠨ ᠰᠤᠷᠭᠠᠭᠤᠯᠢ ᠳᠤ ᠡᠯᠰᠡᠭᠳᠡᠭᠰᠡᠨ ᠪᠠᠶᠢᠬᠤ᠃      ᠬᠤᠶᠠᠷ᠂ ᠮᠤᠩᠭᠤᠯ ᠦᠨᠳᠦᠰᠦᠳᠡᠨ ᠤ ᠤᠶᠤᠳᠠᠳ ᠤᠨ ᠰᠤᠷᠤᠯᠭ᠎ᠠ ᠶᠢᠨ ᠨᠦᠬᠦᠪᠦᠷᠢ ᠶᠢᠨ ᠪᠠᠷᠢᠮᠵᠢᠶ᠎ᠠ      ᠳᠤᠰᠬᠠᠢ ᠮᠡᠷᠬᠡᠵᠢᠯ ᠤᠨ ᠶᠡᠭᠡ ᠰᠤᠷᠭᠠᠭᠤᠯᠢ ᠬᠦᠮᠦᠨ ᠪᠦᠷᠢ ᠵᠢᠯ ᠤᠨ 3000 ᠲᠦᠬᠦᠷᠢᠭ ︵ᠭᠤᠷᠪᠠᠨ ᠵᠢᠯ ᠳᠠᠷᠬᠠᠭᠠᠨ᠎ᠠ︶᠂ ᠡᠩ ᠤᠨ ᠵᠢᠩᠬᠢᠨᠢ ᠠᠩᠬᠢ ᠶᠢᠨ ᠶᠡᠭᠡ ᠰᠤᠷᠭᠠᠭᠤᠯᠢ ᠬᠦᠮᠦᠨ ᠪᠦᠷᠢ ᠵᠢᠯ ᠤᠨ 5000 ᠲᠦᠬᠦᠷᠢᠭ ︵ᠲᠦᠷᠪᠡᠨ ᠵᠢᠯ ᠳᠠᠷᠬᠠᠭᠠᠨ᠎ᠠ︶᠂ ᠭᠤᠤᠯᠳᠠᠯᠭᠠᠳᠤ ᠵᠢᠩᠬᠢᠨᠢ ᠠᠩᠬᠢ ᠶᠢᠨ ᠶᠡᠭᠡ ᠰᠤᠷᠭᠠᠭᠤᠯᠢ ︵211᠂ 985 ᠢᠨᠵᠧᠨᠧᠷᠢᠩ ᠤᠨ ᠶᠡᠭᠡ ᠰᠤᠷᠭᠠᠭᠤᠯᠢ︶ ᠬᠦᠮᠦᠨ ᠪᠦᠷᠢ ᠵᠢᠯ ᠤᠨ 7000 ᠲᠦᠬᠦᠷᠢᠭ ︵ᠲᠦᠷᠪᠡᠨ ᠵᠢᠯ ᠳᠠᠷᠬᠠᠭᠠᠨ᠎ᠠ︶᠂ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠳᠤᠯᠬᠤ ᠰᠤᠷᠤᠭᠴᠢ ᠬᠦᠮᠦᠨ ᠪᠦᠷᠢ ᠵᠢᠯ ᠤᠨ 10000 ᠲᠦᠬᠦᠷᠢᠭ᠃      ᠭᠤᠷᠪᠠ᠂ ᠬᠦᠢᠴᠡᠳᠬᠡᠬᠦ ᠴᠠᠭ ᠵᠢᠴᠢ ᠭᠠᠵᠠᠷ      ᠬᠦᠢᠴᠡᠳᠬᠡᠬᠦ ᠴᠠᠭ᠄ ᠳᠠᠩᠰᠠᠯᠠᠬᠤ ᠠᠵᠢᠯ ᠮᠡᠳᠡᠭᠳᠡᠯ ᠢ ᠳᠠᠷᠬᠠᠭᠠᠭᠰᠠᠨ ᠡᠳᠦᠷ ᠠᠴᠠ ᠡᠬᠢᠯᠡᠨ 2019 ᠤᠨ ᠎ ᠤ 10 ᠰᠠᠷ᠎ᠠ ᠶᠢᠨ 10᠎ ᠤ ᠡᠳᠦᠷ ᠳᠠᠭᠤᠰᠤᠨ᠎ᠠ᠃      ᠬᠦᠢᠴᠡᠳᠬᠡᠬᠦ ᠭᠠᠵᠠᠷ᠄ ᠡᠵᠡᠨ ᠬᠤᠷᠤᠭ᠎ᠠ ᠬᠤᠰᠢᠭᠤᠨ ᠤ ᠴᠧᠨ ᠶᠤᠸᠠᠨ ᠲᠤᠮᠤ ᠠᠰᠠᠷ ᠤᠨ A ᠰᠠᠭᠤᠷᠢ ᠎ ᠶᠢᠨ 6 ᠳᠠᠪᠬᠤᠷᠭ᠎ᠠ ᠶᠢᠨ 616 ᠳᠠᠰᠤᠭ ᠲᠤ᠃      ᠬᠤᠭᠤᠴᠠᠭ᠎ᠠ ᠦᠩᠬᠡᠷᠡᠭᠡᠳ ᠳᠠᠩᠰᠠᠯᠠᠭᠰᠠᠨ ᠦᠬᠡᠢ ᠪᠤᠯ ᠦᠪᠡᠷᠳᠡᠭᠡᠨ ᠬᠠᠶᠠᠭᠰᠠᠨ ᠢᠶᠠᠷ ᠳᠤᠭᠠᠴᠠᠵᠦ᠂ ᠡᠬᠦᠨ ᠠᠴᠠ ᠪᠤᠯᠤᠭᠰᠠᠨ ᠦᠷ᠎ᠡ ᠳ᠋ᠦᠩ ᠢ ᠦᠪᠡᠷᠳᠡᠬᠡᠨ ᠬᠠᠷᠢᠭᠤᠴᠠᠨ᠎ᠠ᠃     ᠲᠦᠷᠪᠡ᠂ ᠳᠠᠩᠰᠠᠯᠠᠯᠳᠠ ᠳᠤ ᠬᠡᠷᠡᠭᠰᠡᠬᠦ ᠴᠢᠬᠤᠯᠠᠳᠠᠢ ᠮᠠᠲ᠋ᠧᠷᠢᠶᠠᠯ      1. ︽ᠡᠵᠡᠨ ᠬᠤᠷᠤᠭ᠎ᠠ ᠬᠤᠰᠢᠭᠤᠨ ᠤ ᠰᠤᠷᠭᠠᠭᠤᠯᠢ ᠳᠤ ᠪᠠᠶᠢᠭ᠎ᠠ ᠮᠤᠩᠭᠤᠯ ᠦᠨᠳᠦᠰᠦᠳᠡᠨ ᠤ ᠤᠶᠤᠳᠠᠳ ᠎ ᠤᠨ ᠰᠤᠷᠤᠯᠭ᠎ᠠ ᠶᠢᠨ ᠨᠦᠬᠦᠪᠦᠷᠢ ᠶᠢᠨ ᠮᠦᠩᠬᠦ ᠶᠢᠨ ᠬᠢᠨᠠᠨ ᠵᠦᠪᠰᠢᠶᠡᠷᠡᠬᠦ ᠬᠦᠰᠦᠨᠦᠭ︾᠎ ᠢ ᠳᠠᠭᠯᠠᠨ᠎ᠠ᠂ ᠬᠦᠰᠦᠨᠦᠭ ᠎ ᠢ ᠡᠵᠡᠨ ᠬᠤᠷᠤᠭ᠎ᠠ ᠬᠤᠰᠢᠭᠤᠨ ᠤ ᠴᠧᠨ ᠶᠤᠸᠠᠨ ᠳᠤᠮᠤ ᠠᠰᠠᠷ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠎ ᠤᠨ 616 ᠳᠠᠰᠤᠭ ᠲᠤ ᠤᠴᠢᠵᠦ ᠠᠪᠤᠨ᠎ᠠ︔      2. ᠳᠠᠭᠯᠠᠭᠰᠠᠨ ︽ᠡᠵᠡᠨ ᠬᠤᠷᠤᠭ᠎ᠠ ᠬᠤᠰᠢᠭᠤᠨ ᠤ ᠰᠤᠷᠭᠠᠭᠤᠯᠢ ᠳᠤ ᠪᠠᠶᠢᠭ᠎ᠠ ᠮᠤᠩᠭᠤᠯ ᠦᠨᠳᠦᠰᠦᠳᠡᠨ ᠎ ᠤ ᠤᠶᠤᠳᠠᠳ ᠤᠨ ᠰᠤᠷᠤᠯᠭ᠎ᠠ ᠶᠢᠨ ᠨᠦᠬᠦᠪᠦᠷᠢ ᠶᠢᠨ ᠮᠦᠩᠬᠦ ᠶᠢᠨ ᠬᠢᠨᠠᠨ ᠵᠦᠪᠰᠢᠶᠡᠷᠡᠬᠦ ᠬᠦᠰᠦᠨᠦᠭ︾᠂ ᠭᠤᠶᠤᠴᠢᠯᠠᠭᠴᠢ ᠶᠢᠨ ᠪᠡᠶ᠎ᠡ ᠶᠢᠨ ᠦᠨᠡᠮᠡᠯᠡᠯ ᠤᠨ ᠤᠭ ᠵᠦᠢᠯ᠂ ᠬᠠᠭᠤᠯᠪᠤᠷᠢ ︵ᠨᠢᠭᠤᠷ ᠤᠨ ᠳᠠᠯ᠎ᠠ ᠪᠠ ᠠᠷᠤ ᠳᠠᠯ᠎ᠠ ᠎ ᠶᠢ ᠨᠢᠬᠡ ᠴᠠᠭᠠᠰᠤᠨ ᠳᠡᠬᠡᠷ᠎ᠡ ᠳᠠᠷᠤᠮᠠᠯᠯᠠᠨ᠎ᠠ︶᠂ ᠭᠤᠶᠤᠴᠢᠯᠠᠭᠴᠢ ᠶᠢᠨ ᠡᠷᠦᠬᠡ ᠠᠮᠠ ᠶᠢᠨ ᠳᠡᠪᠳᠡᠷ ᠤᠨ ᠤᠭ ᠵᠦᠢᠯ᠂ ᠬᠠᠭᠤᠯᠪᠤᠷᠢ ᠨᠢᠬᠡ ᠬᠤᠪᠢ ︵ᠳᠠᠩᠰᠠᠨ ᠤ ᠡᠵᠡᠨ ᠡᠷᠦᠬᠡ ᠶᠢᠨ ᠬᠠᠭᠤᠳᠠᠰᠤ᠂ ᠭᠡᠷ ᠤᠨ ᠠᠬᠠᠮᠠᠳ ᠤᠨ ᠬᠠᠭᠤᠳᠠᠰᠤ᠂ ᠭᠤᠶᠤᠴᠢᠯᠠᠭᠴᠢ ᠶᠢᠨ ᠬᠠᠭᠤᠳᠠᠰᠤ ᠵᠡᠷᠬᠡ ᠭᠤᠷᠪᠠᠨ ᠲᠦᠷᠦᠯ ᠤᠨ ᠠᠭᠤᠯᠭ᠎ᠠ ᠶᠢ ᠨᠢᠬᠡ ᠴᠠᠭᠠᠰᠤᠨ ᠳᠡᠭᠡᠷ᠎ᠡ ᠳᠠᠷᠤᠮᠠᠯᠯᠠᠨ᠎ᠠ︶︔      3. ᠭᠤᠶᠤᠴᠢᠯᠠᠭᠴᠢ ᠳᠤᠰ ᠬᠦᠮᠦᠨ ᠤ ᠳᠡᠬᠡᠳᠦ ᠳᠤᠮᠳᠠᠳᠤ ᠶᠢᠨ ᠳᠡᠬᠦᠰᠬᠦ ᠦᠨᠡᠮᠯᠡᠯ ᠤᠨ ᠤᠭ ᠵᠦᠢᠯ᠂ ᠬᠠᠭᠤᠯᠪᠤᠷᠢ ᠨᠢᠬᠡ ᠬᠤᠪᠢ︔ ᠤᠯᠤᠰ ᠤᠨ ᠳᠡᠬᠡᠳᠦ ᠵᠡᠷᠬᠡ ᠶᠢᠨ ᠰᠤᠷᠭᠠᠭᠤᠯᠢ ᠶᠢᠨ ᠨᠢᠬᠡᠳᠦᠯᠳᠡᠢ ᠰᠤᠷᠤᠭᠴᠢ ᠡᠯᠰᠡᠬᠦ ᠰᠢᠯᠭᠠᠯᠳᠠ ᠶᠢᠨ ᠡᠯᠰᠡᠭᠰᠡᠨ ᠮᠡᠳᠡᠭᠳᠡᠯ᠂ ᠬᠠᠭᠤᠯᠪᠤᠷᠢ ᠨᠢᠬᠡ ᠬᠤᠪᠢ︔ ᠡᠯᠰᠡᠭᠰᠡᠨ ᠰᠤᠷᠭᠠᠭᠤᠯᠢ ᠶᠢᠨ ᠨᠡᠷ᠎ᠡ ᠮᠡᠳᠡᠬᠦᠯᠦᠭᠰᠡᠨ ᠪᠠᠷᠢᠮᠳᠠ᠂ ᠬᠠᠭᠤᠯᠪᠤᠷᠢ ᠨᠢᠬᠡ ᠬᠤᠪᠢ︔ ᠡᠯᠰᠡᠭᠰᠡᠨ ᠮᠡᠳᠡᠭᠡ ᠵᠠᠩᠬᠢ ᠶᠢᠨ ᠦᠷ᠎ᠡ ᠳ᠋ᠦᠩ ᠨᠢᠬᠡ ᠬᠤᠪᠢ ︵ᠡᠵᠡᠨ ᠬᠤᠷᠤᠭ᠎ᠠ ᠬᠤᠰᠢᠭᠤᠨ ᠤ ᠰᠢᠯᠭᠠᠯᠳᠠ ᠶᠢᠨ ᠲᠦᠪ︶ ᠬᠠᠩᠭᠠᠬᠤ ᠴᠢᠬᠤᠯᠳᠠᠢ᠃      4. ᠭᠤᠶᠤᠴᠢᠯᠠᠭᠴᠢ ᠲᠤᠮᠳᠠᠳᠤ ᠤᠯᠤᠰ ᠤᠨ ᠪᠦᠲᠦᠬᠡᠨ ᠪᠠᠶᠢᠭᠤᠯᠤᠯᠳᠠ ᠶᠢᠨ ᠪᠠᠩᠬᠢ ᠶᠢᠨ ᠺᠠᠷᠲ ᠤᠨ ᠤᠭ ᠵᠦᠢᠯ᠂ ᠬᠠᠭᠤᠯᠪᠤᠷᠢ ᠨᠢᠬᠡ ᠬᠤᠪᠢ ︵ᠳᠠᠩᠰᠠ ᠨᠡᠬᠡᠬᠡᠭᠰᠡᠨ ᠪᠠᠩᠬᠢ ᠶᠢᠨ ᠬᠠᠷᠢᠶᠠᠳᠤ ᠭᠠᠵᠠᠷ ᠨᠢ ᠡᠵᠡᠨ ᠬᠤᠷᠤᠭ᠎ᠠ ᠬᠤᠰᠢᠭᠤ ᠪᠠᠶᠢᠬᠤ ᠬᠡᠷᠡᠭᠳᠡᠢ︶᠂ ᠳᠠᠩᠰᠠ ᠨᠡᠬᠡᠬᠡᠭᠰᠡᠨ ᠭᠤᠶᠤᠴᠢᠯᠠᠭᠴᠢ ᠶᠢᠨ ᠤᠪᠤᠭ ᠨᠡᠷ᠎ᠡ ᠨᠢ ᠰᠤᠷᠤᠭᠴᠢ ᠳᠤᠰ ᠬᠦᠮᠦᠨ᠂ ᠡᠴᠢᠬᠡ ᠡᠬᠡ ᠵᠢᠴᠢ ᠪᠤᠰᠤᠳ ᠬᠦᠮᠦᠨ ᠤ ᠨᠡᠷ᠎ᠡ ᠪᠠᠷ ᠪᠠᠩᠬᠢ ᠶᠢᠨ ᠺᠠᠷᠲ ᠬᠦᠢᠴᠡᠳᠭᠡᠵᠦ ᠪᠤᠯᠬᠤ ᠦᠬᠡᠢ ︵ᠪᠡᠶ᠎ᠡ ᠶᠢᠨ ᠦᠨᠡᠮᠯᠡᠯ ᠤᠨ ᠨᠢᠭᠤᠷ ᠤᠨ ᠳᠠᠯ᠎ᠠ᠂ ᠠᠷᠤ ᠳᠠᠯ᠎ᠠ ᠵᠢᠴᠢ ᠪᠠᠩᠬᠢ ᠶᠢᠨ ᠺᠠᠷᠲ ᠢ ᠨᠢᠬᠡ ᠴᠠᠭᠠᠰᠤᠨ ᠳᠡᠭᠡᠷ᠎ᠡ ᠳᠠᠷᠤᠮᠠᠯᠯᠠᠨ᠎ᠠ︶᠃      ᠬᠡᠷ ᠤᠨ ᠠᠬᠠᠮᠠᠳ᠂ ᠰᠤᠷᠤᠭᠴᠢᠳ ᠱᠠᠭᠠᠷᠳᠠᠯᠭ᠎ᠠ ᠶᠤᠰᠤᠭᠠᠷ ᠮᠠᠲ᠋ᠧᠷᠢᠶᠠᠯ ᠢᠶᠠᠨ ᠪᠡᠯᠡᠳᠬᠡᠬᠡᠷᠡᠢ᠃      ᠳᠠᠪᠤ᠂ ᠠᠰᠠᠭᠤᠨ ᠯᠠᠪᠯᠠᠬᠤ ᠠᠷᠭ᠎ᠠ ᠬᠡᠯᠪᠡᠷᠢ      ᠬᠠᠷᠢᠯᠴᠠᠬᠤ ᠬᠦᠮᠦᠨ᠄ ᠦᠵᠦᠮ      ᠬᠠᠷᠢᠯᠴᠠᠬᠤ ᠤᠳᠠᠰᠤ᠄ 0477 —8969106               ᠡᠵᠡᠨ ᠬᠤᠷᠤᠭ᠎ᠠ ᠬᠤᠰᠢᠭᠤᠨ ᠤ ᠥᠨᠳᠥᠰᠥᠲᠡᠨ ᠤ ᠬᠡᠷᠡᠭ ᠡᠷᠬᠢᠯᠡᠬᠦ ᠵᠥᠪᠯᠡᠯ                              2019 ᠤᠨ ᠤ 7 ᠰᠠᠷ᠎ᠠ ᠶᠢᠨ 15  ᠎ ᠤ ᠡᠳᠥᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号