ᠵᠠᠰᠠᠭ ᠪᠠᠯᠭᠠᠰᠤ ᠶᠢᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠭᠠᠵᠠᠷ ᠣᠯᠠᠨ ᠵᠦᠢᠯ ᠤᠨ ᠤᠬᠠᠭᠤᠯᠭ᠎ᠠ ᠬᠢᠵᠦ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠠᠭᠤᠷ ᠠᠮᠢᠰᠬᠤᠯ ᠢ ᠪᠦᠷᠢᠯᠳᠦᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2019-08-01
     ᠲᠥᠪ᠂ ᠦᠪᠡᠷᠳᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠠᠵᠢᠯ ᠤᠨ ᠱᠠᠭᠠᠷᠳᠠᠯᠭ᠎ᠠ ᠶᠢ ᠬᠦᠨᠵᠡᠭᠡᠢ ᠨᠠᠶᠢᠳᠠᠪᠦᠷᠢᠵᠢᠭᠤᠯᠬᠤ ᠶᠢᠨ ᠲᠦᠯᠦᠭᠡ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠠᠵᠢᠯ ᠢ ᠢᠳᠡᠪᠬᠢᠳᠡᠢ ᠦᠷᠨᠢᠬᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ ᠠᠭᠤᠷ ᠠᠮᠢᠰᠬᠤᠯ ᠢ ᠪᠦᠷᠢᠯᠳᠦᠬᠦᠯᠦᠭᠰᠡᠨ ᠪᠠᠶᠢᠨ᠎ᠠ᠃     ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠤᠨ ᠠᠵᠢᠯ ᠢ ᠪᠠᠶᠢᠷᠢᠯᠠᠭᠤᠯᠤᠭᠰᠠᠨ ᠠᠴᠠ ᠨᠠᠰᠢ᠂ ᠵᠠᠰᠠᠭ ᠪᠠᠯᠭᠠᠰᠤ ᠶᠢᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠭᠠᠵᠠᠷ ᠤᠨ ᠬᠢᠨ ᠬᠤᠷᠠᠯ ᠵᠣᠬᠢᠶᠠᠨ ᠪᠠᠶᠢᠭᠤᠯᠬᠤ᠂ ᠴᠢᠮᠡᠭᠡ ᠵᠠᠩᠬᠢ ᠪᠢᠴᠢᠬᠦ᠂ ᠤᠬᠠᠭᠠᠤᠯᠭ᠎ᠠ ᠶᠢᠨ ᠲᠠᠪᠴᠠᠩ ᠬᠢᠬᠦ᠂ ᠬᠦᠨᠳᠡᠯᠡᠨ ᠪᠢᠴᠢᠭᠡᠰᠤ ᠡᠯᠬᠦᠬᠦ᠂ ᠪᠠᠯᠭᠠᠰᠤᠨ ᠤ ᠲᠣᠭᠤᠷᠢᠭ ᠤᠨ ᠬᠦᠮᠦᠨ ᠠᠮᠠ ᠣᠯᠠᠨ ᠲᠦᠪᠯᠡᠷᠡᠭᠰᠡᠨ ᠭᠠᠵᠠᠷ᠂ ᠡᠯ᠎ᠡ ᠪᠠᠯᠭᠠᠰᠤ᠂ ᠴᠤᠭᠯᠠᠭ᠎ᠠ ᠮᠠᠶᠢᠮᠠᠢ ᠂ ᠮᠠᠯᠴᠢᠨ ᠲᠠᠷᠢᠶᠠᠴᠢᠨ ᠡᠷᠦᠬᠡ᠂ ᠬᠤᠪᠢ ᠶᠢᠨ ᠡᠵᠡᠩᠨᠡᠭᠴᠢ ᠪᠠ ᠭᠤᠣᠯᠳᠠᠯᠭᠠᠳᠤ ᠭᠠᠵᠠᠷ ᠣᠷᠣᠨ ᠢᠶᠠᠷ ᠣᠬᠠᠭᠤᠯᠭ᠎ᠠ ᠶᠢᠨ ᠪᠢᠴᠢᠭ ᠮᠠᠲ᠋ᠧᠷᠢᠶᠠᠯ ᠪᠠ ᠭᠠᠷ ᠠᠪᠤᠯᠭ᠎ᠠ ᠲᠠᠷᠬᠠᠭᠠᠬᠤ ᠵᠡᠷᠭᠡ ᠠᠷᠭ᠎ᠠ ᠠᠪᠴᠠᠯ ᠢᠶᠠᠷ ᠤᠬᠠᠭᠤᠯᠭ᠎ᠠ ᠬᠢᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯ ᠢ ᠶᠡᠬᠡᠪᠡᠷ ᠦᠷᠨᠢᠬᠦᠯᠦᠨ᠂ ᠣᠯᠠᠨ ᠲᠦᠮᠡᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ  ᠤᠨ ᠦᠵᠡᠯᠲᠡ ᠲᠠᠨᠢᠯᠲᠠ ᠶᠢ ᠲᠠᠰᠤᠷᠠᠯᠲᠡ ᠦᠬᠡᠢ ᠲᠡᠭᠡᠭᠰᠢᠯᠡᠬᠦᠯᠦᠭᠰᠡᠨ ᠪᠠᠶᠢᠨ᠎ᠠ᠃      ᠣᠳᠣᠬᠠᠨ ᠪᠣᠯᠳᠠᠯ᠎ᠠ᠂ ᠨᠡᠶᠢᠳᠡ 5 ᠤᠳᠠᠭᠠᠨ ᠤ ᠤᠠᠬᠠᠭᠤᠯᠭ᠎ᠠ ᠶᠢᠨ ᠬᠤᠷᠠᠯ ᠢ ᠬᠤᠷᠠᠯᠳᠤᠭᠤᠯᠵᠤ᠂ 1 ᠤᠬᠠᠭᠤᠯᠭ᠎ᠠ ᠶᠢᠨ ᠲᠠᠪᠴᠠᠩ ᠢ ᠲᠡᠯᠭᠡᠨ ᠦᠵᠡᠬᠦᠯᠦᠨ᠂ 72 ᠵᠣᠷᠪᠣᠰ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠬᠦᠨᠳᠡᠯᠡᠨ ᠪᠢᠴᠢᠭᠡᠰᠦ ᠶᠢ ᠡᠯᠬᠦᠨ᠂ 80 ᠭᠠᠷᠤᠢ ᠬᠤᠪᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠵᠠᠷᠯᠠᠯ ᠢ ᠨᠠᠭᠠᠵᠤ᠂ 3 ᠬᠡᠷᠡᠭ ᠢ ᠢᠯᠡᠴᠢᠯᠡᠨ ᠮᠡᠳᠡᠬᠦᠯᠬᠦ ᠬᠠᠶᠢᠷᠴᠠᠭ ᠢ ᠲᠣᠬᠢᠷᠠᠭᠤᠯᠤᠨ ᠲᠠᠯᠪᠢᠵᠤ᠂ 1500 ᠬᠤᠪᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠣᠬᠠᠭᠤᠯᠭ᠎ᠠ ᠶᠢᠨ ᠪᠢᠴᠢᠭ ᠮᠠᠲ᠋ᠧᠷᠢᠶᠠᠯ ᠪᠠ ᠭᠠᠷ ᠠᠪᠤᠯᠭ᠎ᠠ ᠶᠢ ᠲᠠᠷᠬᠠᠭᠠᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠠᠵᠢᠯ ᠤᠨ ᠠᠭᠤᠷ ᠠᠮᠢᠰᠬᠤᠯ ᠢ ᠪᠦᠷᠢᠯᠳᠦᠬᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号