2020 ᠤᠨ ᠤ ᠡᠵᠡᠨ ᠬᠤᠷᠤᠭ᠎ᠠ ᠬᠤᠰᠢᠭᠤᠨ ᠤ ᠭᠤᠯᠤᠮᠲᠠ ᠭᠠᠯ ᠤᠨ ᠲᠠᠬᠢᠯᠭ᠎ᠠ ᠶᠢᠨ ᠶᠤᠰᠤᠯᠠᠯ ᠶᠠᠪᠤᠭᠳᠠᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020-01-13
      ᠦᠬᠡᠯᠵᠢᠨ ᠰᠠᠷ᠎ᠠ ᠶᠢᠨ ᠬᠤᠷᠢᠨ ᠭᠤᠷᠪᠠᠨ ᠪᠤᠯ ᠤᠯᠠᠮᠵᠢᠯᠠᠯᠲᠤ ᠭᠤᠯᠤᠮᠲᠠ ᠭᠠᠯ ᠤᠨ ᠲᠠᠬᠢᠯᠭ᠎ᠠ ᠬᠢᠳᠡᠭ ᠡᠳᠦᠷ ᠮᠦᠨ᠂  ᠡᠯ᠎ᠡ ᠦᠨᠳᠦᠰᠦᠲᠡᠨ ᠨᠦᠭᠦᠳ ᠭᠠᠯ ᠲᠠᠬᠢᠬᠤ ᠪᠠᠷ ᠲᠠᠮᠵᠢᠨ ᠤᠯᠤᠰ ᠠᠷᠠᠳ ᠲᠠᠶᠢᠪᠤᠩ ᠠᠮᠤᠭᠤᠯᠠᠩ ᠪᠠᠶᠢᠵᠤ᠂ ᠲᠠᠪᠤᠨ ᠬᠤᠰᠢᠭᠤ ᠮᠠᠯ ᠦᠷᠨᠢᠩᠬᠦᠢ ᠪᠤᠯᠬᠤ᠂ ᠡᠪᠡᠳᠴᠢᠨ ᠵᠤᠪᠠᠯᠠᠩ ᠭᠠᠢ ᠪᠠᠷᠴᠢᠳ ᠦᠭᠡᠢ ᠶᠠᠪᠤᠬᠤ ᠶᠢ ᠲᠠᠭᠠᠳᠬᠠᠳᠠᠭ᠃ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠢᠶᠠᠷ ᠲᠤᠭᠤᠷᠢᠨ ᠪᠠᠶᠢᠴᠠᠭᠠᠬᠤ ᠳᠠᠭᠠᠨ ᠶᠠᠷᠢᠭᠰᠠᠨ ᠴᠦᠭᠡᠨ ᠲᠤᠭᠠᠲᠤ ᠦᠨᠳᠦᠰᠦᠲᠡᠨ ᠤ ᠪᠤᠳᠠᠰ ᠤᠨ ᠪᠤᠰᠤ ᠰᠤᠶᠤᠯ ᠢ ᠤᠯᠠᠮᠵᠢᠯᠠᠨ ᠬᠠᠮᠠᠭᠠᠯᠠᠬᠤ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠮᠠᠨ ᠤ ᠬᠤᠰᠢᠭᠤᠨ ᠤ ᠤᠯᠠᠮᠵᠢᠯᠠᠯᠲᠤ ᠦᠨᠳᠦᠰᠦᠲᠡᠨ ᠤ ᠰᠤᠶᠤᠯ ᠢ ᠤᠯᠠᠮ ᠴᠢᠨᠠᠭᠰᠢᠲᠠ ᠬᠠᠮᠠᠭᠠᠯᠠᠨ ᠬᠦᠭᠵᠢᠬᠦᠯᠵᠤ᠂ ᠭᠠᠯ ᠲᠠᠬᠢᠯᠭ᠎ᠠ ᠶᠢᠨ ᠰᠠᠶᠢᠨ ᠰᠠᠶᠢᠬᠠᠨ ᠤᠷᠴᠢᠨ ᠢ ᠪᠦᠷᠢᠯᠳᠦᠬᠦᠯᠬᠦ ᠶᠢᠨ ᠲᠤᠰᠠᠲᠠ᠂ 2020 ᠤᠨ ᠤ ᠡᠵᠡᠨ ᠬᠤᠷᠤᠭ᠎ᠠ ᠬᠤᠰᠢᠭᠤᠨ ᠤ ᠭᠤᠯᠤᠮᠲᠠ ᠭᠠᠯ ᠤᠨ ᠲᠠᠬᠢᠯᠭ᠎ᠠ ᠶᠢᠨ ᠶᠤᠰᠤᠯᠠᠯ ᠢ ᠶᠠᠪᠤᠭᠳᠠᠭᠤᠯᠬᠤ ᠪᠠᠷ ᠪᠤᠯᠤᠯ᠎ᠠ᠃ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠲᠤ ᠪᠠᠷ ᠲᠤᠬᠢᠷᠠᠭᠤᠯᠤᠯ᠎ᠠ᠄      ᠨᠢᠭᠡ᠂ ᠠᠵᠢᠯᠯᠠᠭᠠᠨ ᠤ ᠴᠠᠭ      2020 ᠤᠨ ᠤ 1 ᠳ᠋ᠤᠭᠡᠷ ᠰᠠᠷ᠎ᠠ ᠶᠢᠨ17᠎ ᠤ ᠡᠳᠦᠷ ︵ᠬᠠᠭᠤᠴᠢᠨ ᠤᠯᠠᠷᠢᠯ ᠤᠨ ᠦᠭᠡᠯᠵᠢᠨ ᠰᠠᠷ᠎ᠠ ᠶᠢᠨ ᠬᠤᠷᠢᠨ ᠭᠤᠷᠪᠠᠨ ᠤ ᠡᠳᠦᠷ︶᠎ ᠤᠨ ᠦᠳᠡ ᠶᠢᠨ ᠡᠮᠦᠨ᠎ᠡ ᠶᠢᠨ 9᠄ 50      ᠬᠤᠶᠠᠷ᠂ ᠲᠠᠬᠢᠯᠭ᠎ᠠ ᠶᠢᠨ ᠭᠠᠵᠠᠷ      ᠡᠵᠡᠨ ᠬᠤᠷᠤᠭ᠎ᠠ ᠬᠤᠰᠢᠭᠤᠨ ᠤ ᠡᠵᠢ ᠴᠡᠴᠡᠷᠯᠢᠭ ᠤᠨ ᠭᠤᠯᠤᠮᠲᠠ ᠭᠠᠯ ᠤᠨ ᠲᠠᠬᠢᠯᠭ᠎ᠠ ᠶᠢᠨ ᠵᠢᠬᠢ      ᠭᠤᠷᠪᠠ᠂ ᠲᠠᠬᠢᠯᠭ᠎ᠠ ᠶᠠᠪᠤᠭᠳᠠᠭᠤᠯᠬᠤ ᠠᠯᠬᠤᠮ      1᠂  ᠭᠤᠯᠤᠮᠲᠠ ᠭᠠᠯ ᠤᠨ ᠭᠠᠯ ᠤᠨ ᠤᠴᠢ ᠵᠠᠯᠠᠬᠤ      2020 ᠤᠨ ᠤ 1 ᠳ᠋ᠤᠭᠡᠷ ᠰᠠᠷ᠎ᠠ ᠶᠢᠨ 17᠎ ᠤ ᠡᠳᠦᠷ ᠤᠨ ᠦᠷᠯᠦᠭᠡ ᠶᠢᠨ 7᠄ 00᠎ ᠲᠤ᠂ ᠴᠢᠩᠬᠢᠰ ᠬᠠᠭᠠᠨ ᠤ ᠤᠩᠭᠤᠨ ᠳᠤ ᠭᠤᠯᠤᠮᠲᠠ ᠭᠠᠯ ᠤᠨ ᠭᠠᠯ ᠤᠨ ᠤᠴᠢ  ᠵᠠᠯᠠᠬᠤ ᠶᠤᠰᠤᠯᠠᠯ ᠶᠠᠪᠤᠭᠳᠠᠭᠤᠯᠤᠨ᠎ᠠ᠃      2᠂ ᠭᠤᠯᠤᠮᠲᠠ ᠭᠠᠯ ᠤᠨ ᠭᠠᠯ ᠤᠨ ᠤᠴᠢ ᠤᠭᠲᠤᠬᠤ      2020 ᠤᠨ ᠤ 1 ᠳ᠋ᠤᠭᠡᠷ ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ ᠶᠢᠨ 9᠄ 50᠎ ᠳᠤ᠂ ᠡᠵᠢ ᠴᠡᠴᠡᠷᠯᠢᠭ ᠤᠨ ᠡᠮᠦᠨ᠎ᠡ ᠡᠭᠦᠳᠡᠨ ᠠᠴᠠ ᠭᠤᠯᠤᠮᠲᠠ ᠭᠠᠯ ᠤᠨ ᠭᠠᠯ ᠤᠨ ᠤᠴᠢ ᠶᠢ ᠤᠭᠳᠤᠵᠤ ᠠᠪᠤᠨ᠎ᠠ᠃      3᠂ ᠭᠤᠯᠤᠮᠲᠠ ᠭᠠᠯ ᠠᠰᠠᠭᠠᠬᠤ ᠶᠤᠰᠤᠯᠠᠯ      2020 ᠤᠨ ᠤ 1 ᠳ᠋ᠤᠭᠡᠷ ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ ᠶᠢᠨ 10᠄10᠎ ᠳᠤ᠂ ᠭᠤᠯᠤᠮᠲᠠ ᠭᠠᠯ ᠤᠨ ᠲᠠᠬᠢᠯᠭ᠎ᠠ ᠶᠢᠨ ᠵᠢᠬᠢᠨ ᠲᠡᠭᠡᠷ᠎ᠡ ᠭᠤᠯᠤᠮᠲᠠ ᠭᠠᠯ ᠠᠰᠠᠭᠠᠨ᠎ᠠ᠃      4᠂ ᠭᠤᠯᠤᠮᠲᠠ ᠭᠠᠯ ᠤᠨ ᠲᠠᠬᠢᠯᠭ᠎ᠠ ᠶᠢᠨ ᠶᠤᠰᠤᠯᠠᠯ     2020 ᠤᠨ ᠤ 1 ᠳ᠋ᠤᠭᠡᠷ ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ ᠶᠢᠨ 10᠄ 30᠎ ᠲᠤ᠂ ᠭᠤᠯᠤᠮᠲᠠ ᠭᠠᠯ ᠤᠨ ᠲᠠᠬᠢᠯᠭ᠎ᠠ ᠶᠢᠨ ᠵᠢᠬᠢ ᠲᠡᠭᠡᠷ᠎ᠡ ᠲᠠᠬᠢᠯᠭ᠎ᠠ ᠶᠢᠨ ᠶᠤᠰᠤᠯᠠᠯ ᠶᠠᠪᠤᠭᠳᠠᠭᠤᠯᠤᠨ᠎ᠠ᠃      5᠂ ᠭᠤᠯᠤᠮᠲᠠ ᠭᠠᠯ ᠤᠨ ᠭᠠᠯ ᠤᠨ ᠤᠴᠢ ᠶᠢ ᠲᠤᠬᠢᠨᠠᠭᠤᠯᠬᠤ      ᠲᠠᠬᠢᠯᠭ᠎ᠠ ᠶᠢᠨ ᠶᠤᠰᠤᠯᠠᠯ ᠲᠡᠭᠦᠰᠦᠭᠰᠡᠨ ᠤ ᠲᠠᠷᠠᠭ᠎ᠠ᠂ ᠭᠤᠯᠤᠮᠲᠠ ᠶᠢᠨ ᠭᠠᠯ ᠠᠪᠤᠭᠰᠠᠨ ᠵᠤᠯᠠ ︵ᠮᠦᠩᠬᠡ ᠵᠤᠯᠠ︶᠎ ᠪᠠᠨ ᠲᠤᠭᠳᠠᠭᠰᠠᠨ ᠭᠠᠵᠠᠷ ᠲᠤ ᠲᠤᠬᠢᠨᠠᠭᠤᠯᠤᠨ᠎ᠠ᠃      ᠲᠦᠷᠪᠡ᠂ ᠠᠩᠬᠠᠷᠬᠤ ᠵᠦᠢᠯᠡᠰ      1᠂ ᠭᠠᠯ ᠤᠨ ᠲᠠᠬᠢᠯᠭ᠎ᠠ ᠳᠤ ᠦᠨᠳᠦᠰᠦᠲᠡᠨ ᠤ ᠬᠤᠪᠴᠠᠰᠤ ᠵᠠᠰᠠᠯ  ᠪᠠ ᠲᠦᠪ ᠡᠮᠦᠰᠬᠡᠯ ᠢᠶᠠᠷ ᠤᠷᠤᠯᠴᠠᠭᠠᠷᠠᠢ᠃      2᠂ ᠲᠠᠬᠢᠯ ᠤᠨ ᠡᠷᠭᠦᠴᠡ ᠪᠠᠨ ᠥᠪᠡᠷᠳᠡᠭᠡᠨ ᠪᠡᠯᠡᠳᠭᠡᠵᠤ᠂ ᠡᠷᠭᠦᠴᠡ ᠠᠪᠴᠤ ᠶᠠᠪᠤᠭᠰᠠᠳ ᠠᠷᠢᠬᠢᠨ ᠯᠤᠩᠬᠤ᠂ ᠰᠦᠯᠢᠶᠤᠤ ᠤᠭᠤᠲᠠ ᠵᠡᠷᠭᠡ ᠶᠢ ᠭᠠᠯ ᠤᠨ ᠲᠠᠬᠢᠯᠭ᠎ᠠ ᠶᠢᠨ ᠲᠤᠯᠭᠠᠨ ᠳᠤ ᠬᠢᠵᠤ ᠪᠤᠯᠬᠤ ᠦᠭᠡᠢ᠂ ᠠᠷᠢᠬᠢᠨ ᠯᠤᠩᠬᠤ᠂ ᠰᠦᠯᠢᠶᠤᠤ ᠤᠭᠤᠲᠠ ᠪᠠᠨ ᠬᠤᠭ ᠤᠨ ᠬᠠᠶᠢᠷᠴᠠᠭ ᠲᠤᠲᠤᠷ᠎ᠠ ᠬᠢᠬᠡᠷᠡᠢ᠃      3᠂ ᠭᠠᠯ ᠲᠠᠬᠢᠬᠤ ᠬᠦᠮᠦᠰ ᠡᠪᠴᠢᠬᠦᠤ ᠶᠢ ᠬᠤᠶᠠᠷ ᠭᠠᠷ ᠢᠶᠠᠷ ᠢᠶᠠᠨ ᠠᠪᠴᠤ ᠲᠠᠬᠢᠯᠭ᠎ᠠ ᠶᠢᠨ ᠲᠤᠯᠭᠠᠨ ᠎ ᠳᠤ ᠬᠢᠬᠦ ᠬᠡᠷᠡᠭᠲᠠᠢ᠂ ᠡᠪᠴᠢᠭᠦᠤ ᠶᠢ ᠲᠤᠯᠭᠠᠨ ᠳᠤ ᠬᠠᠶᠠᠵᠤ ᠤᠷᠤᠭᠤᠯᠬᠤ ᠶᠢ ᠴᠡᠭᠡᠷᠯᠡᠨ᠎ᠡ᠃      4᠂ ᠪᠦᠬᠦ ᠭᠠᠯ ᠲᠠᠬᠢᠬᠤ ᠬᠦᠮᠦᠰ ᠵᠠᠪᠠᠯ ᠠᠬᠤᠢ ᠲᠠᠯᠠᠪᠠᠢ ᠶᠢᠨ ᠵᠢᠯᠤᠭᠤᠳᠬᠤ ᠬᠦᠮᠦᠰ ᠤᠨ ᠨᠢᠭᠡᠲᠤᠯᠲᠠᠢ ᠲᠤᠬᠢᠷᠠᠭᠤᠯᠭ᠎ᠠ ᠶᠢ ᠲᠠᠭᠠᠵᠤ᠂ ᠡᠮᠬᠢ ᠲᠢᠭᠯᠢᠮ ᠲᠠᠢ ᠪᠠᠷ ᠭᠠᠯ ᠲᠠᠬᠢᠬᠤ ᠬᠡᠷᠡᠭᠲᠠᠢ᠃      5᠂ ᠪᠤᠯᠪᠠᠰᠤᠨ ᠢᠶᠠᠷ ᠭᠠᠯ ᠲᠠᠬᠢᠬᠤ ᠶᠢ ᠡᠷᠬᠢᠮᠯᠠᠵᠤ᠂ ᠵᠠᠮ ᠬᠠᠷᠢᠯᠴᠠᠭ᠎ᠠ᠂ ᠭᠠᠯ ᠤᠨ ᠠᠶᠤᠯ ᠵᠡᠷᠭᠡ ᠬᠡᠨᠡᠳᠡᠯ ᠭᠠᠷᠬᠤ ᠶᠢ ᠰᠡᠷᠬᠡᠶᠢᠯᠡᠨ᠎ᠡ᠃      ᠬᠠᠷᠢᠯᠴᠠᠬᠤ ᠬᠥᠮᠥᠨ ᠄ ᠠᠷᠪᠢᠨᠪᠠᠶᠠᠷ 13947374315          
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号