ᠪᠦᠬᠡ ᠱᠦᠵᠢ ᠶᠢᠨ ᠪᠦᠳᠦᠮᠵᠢᠳᠡᠢ ᠦᠢᠯᠡ
ᠨᠡᠶᠢᠲᠡᠯᠡᠭᠰᠡᠨ ᠴᠠᠭ᠄
2020/11/13
   ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠴᠠᠬ ᠮᠦᠴᠡ ᠳᠤ ᠭᠠᠴᠠᠭ᠎ᠠ ᠳᠤᠰᠬᠤᠨ ᠳᠤ ᠰᠠᠭᠤᠭ᠎ᠠ ᠨᠢᠬᠡᠳᠦᠬᠡᠷ ᠱᠦᠵᠢ ᠨᠡᠷ ᠠᠷᠭ᠎ᠠ ᠪᠦᠬᠦᠨ ᠢ ᠰᠦᠪᠡᠭᠴᠢᠯᠡᠨ ᠬᠠᠮᠳᠤ ᠶᠢᠨ ᠠᠵᠤ ᠠᠬᠤᠢ ᠶᠢ ᠬᠦᠭᠵᠢᠬᠦᠯᠵᠤ᠂ ᠮᠠᠯᠴᠢᠨ ᠳᠠᠷᠢᠶᠠᠴᠢᠨ ᠤ ᠠᠮᠢᠳᠤᠷᠡᠯ ᠢ ᠪᠡᠶᠡᠵᠢᠨ ᠴᠢᠨᠡᠬᠡᠯᠢᠭᠵᠢᠬᠦᠯᠬᠦ ᠪᠠᠷ ᠴᠢᠷᠮᠠᠶᠢᠨ ᠠᠵᠢᠯᠯᠠᠨ᠎ᠠ᠃   ᠵᠠᠯᠠᠭᠤ ᠺᠠᠳ᠋ᠷ ᠪᠦᠬᠡ ᠪᠤᠯ ᠡᠵᠡᠨ ᠬᠤᠷᠤᠭ᠎ᠠ ᠬᠤᠰᠢᠭᠤᠨ ᠤ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠡ ᠶᠢᠨ ᠳᠤᠪᠴᠢᠶᠡᠨ ᠠᠴᠠ ᠵᠠᠰᠠᠬ ᠪᠠᠯᠭᠠᠰᠤᠨ ᠤ ᠠᠮᠳᠤ ᠶᠢᠨ ᠰᠦᠮ᠎ᠡ ᠳᠤᠰᠬᠤᠨ ᠳᠤ ᠳᠤᠮᠢᠯᠠᠨ ᠰᠠᠭᠤᠯᠭᠠᠬᠰᠠᠨ ᠨᠢᠬᠡᠳᠦᠬᠡᠷ ᠱᠦᠵᠢ ᠪᠤᠯᠤᠨ᠎ᠡ᠃ 2019 ᠤᠨ ᠤ 3 ᠰᠠᠷ᠎ᠡ ᠳᠤ ᠳᠡᠬᠦᠨ ᠢ ᠠᠩᠬ᠎ᠠ ᠢᠷᠡᠬᠦ ᠳᠤ ᠳᠤᠰᠬᠤᠨ ᠤ ᠵᠠᠯᠠᠭᠤᠴᠤᠳ ᠤᠨ ᠤᠯᠠᠩᠭᠢ ᠨᠢ ᠬᠦᠯᠦᠰᠤᠨ ᠠᠵᠢᠯ ᠬᠢᠬᠦ ᠪᠠᠷ ᠭᠠᠳᠠᠭᠰᠢ ᠭᠠᠷᠴᠤ᠂ ᠬᠠᠮᠳᠤ ᠶᠢᠨ ᠠᠵᠤ ᠠᠬᠤᠢ ᠶᠢᠨ ᠰᠠᠭᠤᠷᠢ ᠦᠬᠡᠢ ᠪᠡᠷᠬᠡ ᠪᠠᠶᠢᠳᠠᠯ ᠲᠠᠢ ᠪᠠᠶᠢᠵᠠᠢ᠃   ᠠᠮᠳᠤ ᠶᠢᠨ ᠰᠦᠮ᠎ᠡ ᠳᠤᠰᠬᠤᠨ ᠨᠢ 2 ᠬᠤᠷᠰᠢᠶ᠎ᠡ᠂ ᠪᠠᠶᠢᠡᠭᠭᠤ ᠰᠠᠭᠤᠭ᠎ᠠ 54 ᠡᠷᠦᠬᠡ 108 ᠬᠦᠮᠦᠨ ᠠᠮᠠ ᠲᠠᠢ᠂ ᠡᠬᠦᠨ ᠳᠤ 32 ᠮᠤᠩᠭᠤᠯ ᠡᠷᠦᠬᠡ ᠪᠤᠢ᠃ ᠳᠠᠩᠰᠠᠯᠠᠵᠤ ᠺᠠᠷᠳ᠋ᠯᠠᠬᠰᠠᠨ ᠶᠠᠳᠠᠭᠤ ᠬᠦᠴᠢᠷᠳᠡᠯᠳᠡᠢ ᠡᠷᠦᠬᠡ 3 ᠡᠷᠦᠬᠡ᠂ 5 ᠬᠦᠮᠦᠨ ᠲᠠᠢ᠃ ᠤᠳᠤᠬᠠᠨ ᠳᠤ ᠡᠳᠡᠬᠡᠷ ᠳᠠᠩᠰᠠᠯᠠᠵᠤ ᠺᠠᠷᠳ᠋ᠯᠠᠬᠰᠠᠨ ᠶᠠᠳᠠᠭᠤ ᠬᠦᠴᠢᠷᠳᠡᠯᠳᠡᠢ ᠡᠷᠦᠬᠡ ᠪᠦᠬᠦᠨ ᠢᠶᠠᠷ ᠢᠶᠠᠨ ᠬᠡᠪ ᠤᠨ ᠪᠠᠶᠢᠳᠠᠯ ᠢᠶᠠᠷ ᠶᠠᠳᠠᠭᠤ ᠠᠴᠠ ᠠᠩᠬᠢᠵᠢᠷᠠᠬᠰᠠᠨ ᠴᠤ ᠪᠦᠬᠡ ᠱᠦᠵᠢ ᠠᠵᠢᠯᠯᠠᠬᠤ ᠠᠩᠬᠢ ᠶᠢᠨ ᠨᠦᠬᠦᠳ ᠲᠠᠢ ᠪᠠᠨ ᠡᠷᠦᠬᠡ ᠪᠠᠷ ᠦᠷᠬᠦᠯᠵᠢ ᠬᠦᠨᠵᠡᠬᠡᠶᠢᠷᠡᠨ ᠦᠢᠯᠡᠳᠪᠦᠷᠢᠯᠡᠯ ᠠᠮᠢᠳᠤᠷᠡᠯ ᠢ ᠨᠢ ᠬᠠᠯᠠᠮᠵᠢᠯᠠᠵᠤ᠂ ᠳᠠᠩᠰᠠ ᠡᠪᠬᠡᠮᠡᠯ ᠢ ᠨᠢ ᠪᠦᠷᠢᠨᠰᠢᠬᠦᠯᠬᠦ᠂ ᠠᠵᠤ ᠦᠢᠯᠡᠰ ᠤᠨ ᠬᠦᠭᠵᠢᠯᠳᠡ ᠳᠤᠨᠢ ᠵᠢᠯᠤᠭᠤᠳᠤᠯᠭ᠎ᠠ ᠬᠢᠬᠦ᠂ ᠮᠠᠯ ᠤᠨ ᠠᠰᠢᠬ ᠰᠢᠮ᠎ᠡ ᠳᠠᠷᠢᠶᠠᠯᠠᠩ ᠤᠨ ᠪᠦᠳᠦᠭᠡᠭᠳᠡᠬᠦᠨ ᠳᠤ ᠪᠤᠷᠤᠯᠠᠭᠤᠯᠬᠤ ᠵᠠᠮ ᠮᠦᠷ ᠢ ᠨᠡᠬᠡᠬᠡᠵᠤ ᠶᠠᠪᠤᠨ᠎ᠠ᠃   ᠡᠮᠦᠨ᠎ᠡ ᠬᠡᠳᠦᠨ ᠵᠢᠯ ᠳᠤ᠂ ᠳᠤᠰᠬᠤᠨ ᠤ ᠠᠷᠡᠳ ᠷᠠᠰᠢᠨᠢᠮ᠎ᠠ ᠶᠢᠨ ᠪᠦᠰᠡᠬᠦᠢ ᠨᠢ ᠦᠶ᠎ᠡ ᠬᠡᠰᠢᠬᠦᠦ ᠶᠢᠨ ᠡᠪᠡᠳᠴᠢᠨ ᠳᠤ ᠨᠡᠷᠪᠡᠭᠳᠡᠨ᠂ ᠬᠡᠦᠬᠡᠳ ᠨᠢ ᠰᠤᠷᠭᠠᠭᠤᠯᠢ ᠳᠤ ᠰᠠᠭᠤᠬᠰᠠᠨ ᠠᠴᠠ ᠤᠷᠤᠯᠭ᠎ᠠ ᠨᠢ ᠵᠠᠷᠤᠯᠭ᠎ᠠ ᠳᠠᠭᠠᠨ ᠬᠦᠷᠬᠦ ᠦᠬᠡᠢ ᠪᠤᠯᠵᠤ᠂ ᠶᠠᠳᠠᠭᠤ ᠬᠦᠴᠢᠷᠳᠡᠯᠳᠡᠢ ᠡᠷᠦᠬᠡ ᠪᠠᠷ ᠳᠤᠳᠤᠯᠠᠬᠳᠠᠵᠠᠢ᠃ ᠪᠠᠶᠢᠳᠠᠯ ᠢ ᠤᠢᠢᠯᠠᠭᠠᠬᠰᠠᠨ ᠤ ᠳᠠᠷᠠᠭ᠎ᠠ᠂ ᠪᠦᠬᠡ ᠱᠦᠵᠢ ᠳᠦᠮᠡᠨ ᠳᠦᠬᠦᠷᠢᠭ ᠤᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠡᠯᠡ ᠮᠦᠡᠭᠬᠦ ᠶᠢ ᠵᠤᠬᠢᠴᠠᠭᠤᠯᠬᠤ ᠶᠢᠨ ᠬᠠᠮᠳᠤ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠷᠢᠯᠴᠠᠵᠤ 3 ᠳᠦᠮᠡᠨ ᠳᠦᠬᠦᠷᠢᠭ ᠤᠨ ᠬᠦᠤ ᠮᠦᠡᠭᠬᠦ ᠶᠢ ᠨᠢ ᠤᠷᠤᠯᠠᠨ ᠦᠭᠬᠦ ᠪᠠᠩᠬᠢ ᠶᠢᠨ ᠵᠢᠬᠡᠯᠡᠯᠬᠡ ᠤᠯᠭᠤᠪᠠ᠃ ᠷᠠᠰᠢᠨᠢᠮ᠎ᠠ ᠶᠢᠨ ᠬᠢᠨ ᠵᠢᠬᠡᠯᠡᠯᠬᠡ ᠶᠢᠨ ᠮᠦᠡᠭᠬᠦ ᠪᠠᠷ ᠢᠶᠠᠨ ᠬᠡᠳᠦᠨ ᠦᠬᠡᠷ᠂ ᠬᠤᠨᠢ᠂ ᠭᠤᠴᠢᠭᠠᠳ ᠳᠠᠬᠢᠶ᠎ᠠ ᠬᠤᠳᠠᠯᠳᠤᠨ ᠠᠪᠴᠤ ᠤᠷᠤᠯᠭ᠎ᠠ ᠪᠠᠨ ᠨᠡᠮᠡᠭᠳᠡᠬᠦᠯᠵᠤ ᠬᠦᠴᠢᠷᠳᠡᠯ ᠠᠴᠠ ᠪᠠᠨ ᠠᠩᠬᠢᠵᠢᠷᠠᠬᠰᠠᠨ ᠪᠠᠶᠢᠨ᠎ᠠ᠃ ︽ᠪᠦᠬᠡ ᠱᠦᠵᠢ ᠳᠤᠰᠬᠤᠨ ᠳᠤ ᠰᠠᠭᠤᠬᠰᠠᠨ ᠠᠴᠠ ᠨᠠᠭᠠᠰᠢ ᠮᠠᠨ ᠤ ᠦᠢᠯᠡᠳᠪᠦᠷᠢᠯᠡᠯ ᠠᠮᠢᠳᠤᠷᠡᠯ ᠢ ᠦᠷᠬᠦᠯᠵᠢ ᠬᠠᠯᠠᠮᠵᠢᠯᠠᠨ᠂ ᠠᠵᠤ ᠦᠢᠯᠡᠰ ᠡᠷᠬᠢᠯᠡᠬᠦ ᠳᠤ ᠵᠢᠯᠤᠭᠤᠳᠤᠯᠭ᠎ᠠ ᠬᠢᠵᠤ ᠮᠠᠯ ᠤᠨ ᠠᠰᠢᠬ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠬᠠᠮᠵᠢᠵᠤ ᠪᠤᠷᠤᠯᠠᠭᠤᠯᠵᠤ ᠦᠭᠬᠦᠯ᠎ᠠ︾ ᠬᠡᠵᠤ ᠷᠠᠰᠢᠨᠢᠮ᠎ᠠ ᠨᠠᠰᠤᠳᠠᠨ ᠪᠠᠶᠠᠷᠯᠡᠨ ᠶᠠᠷᠢᠵᠤ ᠪᠠᠶᠢᠯ᠎ᠠ᠃   ᠳᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠪᠤᠯ ᠨᠢᠬᠡᠳᠦᠬᠡᠷ ᠱᠦᠵᠢ ᠶᠢᠨ ᠠᠵᠢᠯ ᠤᠨ ᠭᠤᠤᠯᠳᠠᠯᠭ᠎ᠠ ᠪᠤᠯᠤᠨ᠎ᠠ᠃ ᠨᠢᠳᠤᠨᠤᠨ ᠪᠦᠬᠡ ᠱᠦᠵᠢ ᠠᠵᠢᠯᠯᠠᠬᠤ ᠠᠩᠬᠢ ᠶᠢᠨ ᠨᠦᠬᠦᠳ ᠢᠶᠠᠨ ᠳᠠᠶᠢᠴᠢᠯᠡᠨ ᠠᠳᠠᠷᠰᠢᠬᠰᠠᠨ ᠳᠤᠰᠬᠤᠨ ᠤ ᠬᠠᠮᠳᠤ ᠶᠢᠨ ᠭᠠᠵᠠᠷ ᠢ ᠳᠡᠭᠰᠢᠯᠡᠵᠤ 700 ᠮᠦ ᠤᠰᠤᠨ ᠭᠠᠵᠠᠷ ᠨᠡᠬᠡᠬᠡᠬᠦ ᠪᠠᠷ ᠳᠤᠬᠳᠠᠵᠠᠢ᠃ ᠡᠨᠡ ᠬᠦ ᠬᠠᠮᠳᠤ ᠶᠢᠨ ᠭᠠᠵᠠᠷ ᠢ ᠵᠠᠷᠢᠮ ᠡᠷᠦᠬᠡ ᠨᠢ ᠬᠡᠰᠡᠭᠯᠡᠨ ᠡᠵᠡᠯᠡᠵᠤ ᠳᠠᠷᠢᠶ᠎ᠡ ᠳᠠᠷᠢᠬᠰᠠᠨ ᠳᠤᠯᠠ ᠭᠠᠵᠠᠷ ᠳᠡᠭᠰᠢᠯᠡᠬᠦ ᠳᠤ ᠪᠠᠭ᠎ᠠ ᠪᠤᠰᠤ ᠬᠦᠴᠢᠷᠳᠡᠯ ᠢ ᠠᠪᠴᠢᠷᠡᠪᠡ᠃ ᠪᠦᠬᠡ ᠳᠠᠷᠢᠶᠠᠴᠢᠨ ᠡᠷᠦᠬᠡ ᠲᠠᠢ ᠤᠯᠠᠨᠳᠠ ᠵᠦᠪᠳᠡᠯᠴᠠᠨ ᠦᠵᠡᠯ ᠰᠠᠨᠠᠭᠠᠨ ᠤ ᠬᠦᠮᠦᠵᠢᠯ ᠬᠢᠬᠦ ᠶᠢᠨ ᠬᠠᠮᠳᠤ ᠳᠤᠰᠬᠤᠨ ᠤ ᠬᠤᠶᠡᠷ ᠵᠦᠪᠯᠡᠯ ᠤᠯᠠᠨ ᠤᠳᠠᠭ᠎ᠠ ᠬᠤᠷᠡᠯ ᠬᠤᠷᠠᠯᠳᠤᠭᠤᠯᠵᠤ ᠨᠠᠮᠤᠷ ᠪᠤᠯᠬᠤ ᠳᠤ ᠠᠷᠠᠶᠢᠬᠠᠨ ᠭᠠᠵᠠᠷ ᠳᠡᠭᠰᠢᠯᠡᠬᠦ ᠪᠠᠷ ᠵᠦᠪᠳᠡᠯᠴᠡᠨ ᠳᠤᠬᠳᠠᠵᠠᠢ᠃ ᠡᠬᠦᠨ ᠤ ᠬᠠᠮᠳᠤ ︽ᠵᠠᠭᠤᠨ ᠠᠵᠤ ᠠᠬᠤᠢᠢᠯᠡᠯ ᠵᠠᠭᠤᠨ ᠭᠠᠴᠠᠭ᠎ᠠ ᠳᠤᠰᠬᠤᠨ ᠢ ᠳᠡᠮᠵᠢᠬᠦ︾ ᠠᠵᠢᠯᠯᠠᠭ᠎ᠠ ᠳᠤᠮᠳᠠ᠂ ᠭᠠᠴᠠᠭ᠎ᠠ ᠵᠦᠪᠯᠡᠯ ᠨᠢ ᠳ᠋ᠸᠡᠭ ᠵᠢᠶᠠ ᠴᠢᠤᠢ ᠨᠡᠬᠦᠷᠡᠰᠦᠨ ᠠᠭᠤᠷᠬᠠᠢ ᠲᠠᠢ ᠢᠳᠡᠪᠬᠢᠳᠡᠢ ᠵᠤᠬᠢᠴᠠᠭᠤᠯᠤᠨ᠂ ᠨᠡᠬᠦᠷᠡᠰᠦᠨ ᠠᠭᠤᠷᠬᠠᠢ ᠠᠴᠠ 8 ᠳᠦᠮᠡᠨ ᠳᠦᠬᠦᠷᠢᠭ ᠤᠨ ᠳᠡᠮᠵᠢᠯᠬᠡ ᠶᠢᠨ ᠮᠦᠡᠭᠬᠦ ᠡᠷᠡᠮᠡᠯᠵᠡᠵᠤ᠂ ᠨᠡᠬᠦᠷᠡᠰᠦᠨ ᠠᠭᠤᠷᠬᠠᠢ ᠶᠢᠨ ᠮᠠᠰᠢᠨ ᠳᠤᠨᠤᠬ ᠢᠶᠠᠷ ᠰᠢᠨ᠎ᠠ ᠤᠰᠤᠨ ᠭᠠᠵᠠᠷ ᠢᠶᠠᠨ ᠳᠡᠭᠰᠢᠯᠡᠪᠡ᠃   ᠡᠨᠡ ᠵᠢᠯ᠂ ᠳᠤᠰ ᠭᠠᠵᠠᠷ ᠢᠶᠠᠨ ᠮᠦ ᠪᠦᠷᠢ ᠶᠢ 270 ᠳᠦᠬᠦᠷᠢᠭ ᠢᠶᠠᠷ ᠠᠵᠤ ᠠᠬᠤᠢᠢᠯᠡᠯ ᠳᠤ 5 ᠵᠢᠯ ᠤᠨ ᠬᠤᠭᠤᠴᠠᠭ᠎ᠠ ᠲᠠᠢ ᠳᠦᠷᠢᠶᠡᠰᠦᠯᠡᠨ ᠦᠭᠴᠡᠢ᠂ ᠤᠳᠤᠬᠠᠨ ᠳᠤ ᠠᠵᠤ ᠠᠬᠤᠢᠢᠯᠡᠯ ᠨᠢ ᠬᠡᠷ᠎ᠡ ᠶᠤᠰᠤᠭᠠᠷ ᠨᠠᠷᠠᠨ ᠬᠤᠸᠠᠷ᠂ ᠡᠷᠳᠡᠨᠢ ᠰᠢᠰᠢ ᠳᠠᠷᠢᠵᠤ ᠡᠳᠡᠬᠡᠷ ᠳᠠᠷᠢᠮᠠᠯ ᠨᠢ ᠬᠦᠷᠦᠰᠦᠨ ᠤ ᠴᠢᠨᠡᠷ ᠢ ᠰᠠᠶᠢᠵᠢᠷᠠᠭᠤᠯᠬᠤ ᠮᠦᠷᠳᠡᠬᠡᠨ ᠳᠤᠰᠬᠤᠨ ᠤ ᠰᠤᠯᠠ ᠰᠡᠯᠡᠬᠦᠦ ᠬᠦᠳᠡᠯᠮᠤᠷᠢ ᠬᠦᠴᠦᠨ ᠳᠤ ᠠᠵᠢᠯ ᠤᠯᠭᠤᠬᠤ ᠳᠤ ᠳᠦᠬᠦᠮ ᠪᠤᠯᠤᠬᠰᠠᠨ ᠪᠠᠶᠢᠨ᠎ᠠ᠃ ᠬᠠᠮᠳᠤ ᠶᠢᠨ ᠠᠵᠤ ᠠᠬᠤᠢ ᠠᠴᠠ ᠵᠢᠯ ᠤᠨ 20 ᠳᠦᠮᠡᠨ ᠳᠦᠬᠦᠷᠢᠭ ᠤᠨ ᠠᠰᠢᠬ ᠤᠷᠤᠯᠭ᠎ᠠ ᠡᠬᠦᠳᠬᠦ ᠪᠤᠯᠵᠤ ᠳᠤᠰᠬᠤᠨ ᠤ ᠬᠠᠮᠳᠤ ᠶᠢᠨ ᠠᠵᠤ ᠠᠬᠤᠢ ᠬᠤᠭᠤᠰᠤᠨ ᠪᠠᠶᠢᠬᠰᠠᠨ ᠳᠡᠦᠬᠡ ᠶᠢ ᠡᠴᠦᠰᠯᠡᠬᠦᠯᠵᠠᠢ᠃  ᠤᠳᠤᠬᠠᠨ ᠳᠤ᠂ ᠠᠮᠳᠤ ᠶᠢᠨ ᠰᠦᠮ᠎ᠡ ᠳᠤᠰᠬᠤᠨ ᠨᠢ ᠤᠯᠠᠭᠠᠨᠮᠦ᠋ᠷᠡᠨ ᠨᠡᠬᠦᠷᠡᠰᠦᠨ ᠠᠭᠤᠷᠬᠠᠢ ᠲᠠᠢ ᠬᠠᠪᠢᠳᠡᠵᠤ᠂ ᠪᠤᠭᠤᠳᠤ ᠠᠴᠠ ᠰᠢ ᠠᠨ ᠬᠦᠷᠬᠦ ᠳᠠᠮᠤᠷ ᠵᠠᠮ ᠳᠤᠰᠬᠤᠨ ᠢᠶᠠᠷ ᠦᠡᠭᠬᠡᠷᠡᠵᠤ ᠪᠠᠶᠢᠬᠤ ᠵᠠᠮ ᠬᠠᠷᠢᠯᠴᠠᠭᠠᠨ ᠤ ᠳᠠᠪᠠᠭᠤᠯᠢᠬ ᠢ ᠠᠰᠢᠬᠯᠠᠨ᠂ ᠭᠠᠴᠠᠭ᠎ᠠ ᠵᠦᠪᠯᠡᠯ ᠠᠴᠠ ᠳᠠᠮᠤᠷ ᠵᠠᠮ ᠤᠨ ᠺᠤᠮᠫᠠᠨᠢ ᠲᠠᠢ ᠬᠠᠷᠢᠯᠴᠠᠵᠤ ᠬᠤᠵᠢᠮ 4 ᠳ᠋ᠦᠡᠭᠰᠢᠭᠤᠷ ᠳᠦᠬᠦᠷᠢᠭ ᠤᠨ ᠦᠷᠳᠡᠭ ᠪᠦᠬᠦᠢ ᠨᠡᠬᠦᠷᠡᠰᠦᠨ ᠤ ᠪᠠᠷᠠᠭ᠎ᠠ ᠶᠢᠨ ᠬᠦᠢᠯᠬᠡᠬᠡᠨ ᠤ ᠳᠦᠷᠦᠯ ᠵᠦᠢᠯ ᠢ ᠨᠤᠳᠤᠬᠰᠢᠭᠤᠯᠵᠤ᠂ ᠨᠡᠩ ᠤᠯᠠᠨ ᠠᠰᠢᠬ ᠤᠷᠤᠯᠭ᠎ᠠ ᠶᠢ ᠳᠤᠰᠬᠤᠨ ᠤ ᠠᠷᠡᠳ ᠲᠠᠭᠠᠨ ᠤᠯᠭᠤᠬᠤ ᠪᠠᠷ ᠪᠦᠭᠡ ᠱᠦᠵᠢ ᠡᠷᠴᠢᠮ ᠲᠠᠢ ᠠᠵᠢᠯᠯᠠᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号