ᠬᠤᠶᠠᠷ ᠬᠤᠷᠠᠯ ᠤᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/11/13
      ᠰᠤᠷᠪᠤᠯᠵᠢᠯᠠᠭᠴᠢ᠄ ᠦᠨᠦ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠲᠥᠷᠥᠭᠳᠡᠯ ᠢᠶᠠᠨ ᠬᠤᠪᠢᠶᠠᠯᠴᠠᠨ᠎ᠠ ᠤᠤ︖               ᠮᠡᠨᠳᠦᠪᠠᠶᠠᠷ᠄ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ᠂ ᠰᠢᠨᠲᠠᠷᠠᠰᠢ ᠥᠬᠡᠶ  ᠴᠢᠷᠮᠠᠶᠢᠨ ᠵᠢᠳᠬᠦᠬᠦ ᠠᠵᠢᠯ ᠤᠨ ᠰᠤᠷᠲᠠᠯ ᠪᠠ ᠬᠠᠷᠢᠭᠤᠴᠠᠯᠭ᠎ᠠ ᠡᠭᠦᠷᠭᠡᠯᠡᠯ ᠢ ᠬᠦᠢᠴᠡᠳ ᠲᠤᠰᠬᠠᠵᠤ᠂ ᠦᠨᠡᠨ ᠪᠤᠳᠠᠳᠠᠢ ᠪᠦᠬᠡᠳ ᠢᠳᠡᠬᠡᠯ ᠵᠤᠷᠢᠭ ᠢ ᠬᠦᠪᠴᠢᠯᠡᠨ᠂ ᠤᠷᠮᠠᠰᠢᠭᠤᠯᠤᠯ ᠤᠨ ᠬᠦᠴᠦᠨ ᠢᠶᠠᠷ ᠴᠢᠩᠭ᠎ᠠ ᠢᠯᠡᠳᠬᠡᠯ ᠪᠤᠯᠤᠭᠰᠠᠨ ᠪᠠᠶᠢᠨ᠎ᠠ᠃    ᠠᠵᠢᠯ ᠤᠨ ᠢᠯᠡᠳᠬᠡᠯ ᠳᠤ ᠲᠤᠭ᠎ᠠ ᠪᠠᠷᠢᠮᠲᠠ ᠪᠠ ᠪᠣᠳᠠᠲᠤ ᠬᠡᠷᠡᠭ ᠢ ᠤᠶᠠᠯᠳᠤᠭᠤᠯᠤᠨ᠂ ᠨᠠᠷᠢᠨ  ᠬᠢᠨᠠᠮᠠᠭᠠᠢ ᠵᠠᠳᠠᠯᠤᠨ ᠳ᠋ᠦᠩᠨᠡᠵᠦ᠂ ᠬᠠᠷᠠᠯᠲᠠ ᠲᠣᠳᠣᠷᠬᠠᠢ᠂ ᠠᠷᠭ᠎ᠠ ᠠᠪᠴᠠᠯ ᠡᠷᠴᠢᠮᠳᠠᠢ᠂ ᠦᠢᠯᠡᠳᠦᠯᠬᠡᠳᠦ ᠴᠢᠨᠠᠷ ᠢᠶᠠᠷ ᠴᠢᠩᠭ᠎ᠠ ᠂ ᠤᠯᠠᠨ ᠲᠦᠮᠡᠨ ᠤ ᠬᠦᠰᠡᠯ ᠵᠤᠷᠢᠯᠳᠠ ᠳᠤ ᠨᠠᠶᠢᠴᠡᠭᠰᠡᠨ ᠪᠠᠶᠢᠨ᠎ᠠ᠃    ᠠᠵᠢᠯ ᠤᠨ ᠢᠯᠡᠳᠬᠡᠯ ᠳᠤ ᠥᠩᠭᠡᠷᠡᠭᠰᠡᠨ ᠨᠢᠬᠡ ᠵᠢᠯ ᠤᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠣᠯᠤᠭᠰᠠᠨ ᠴᠢᠬᠤᠯᠠ ᠠᠮᠵᠢᠯᠲᠠ ᠪᠦᠲᠦᠮᠵᠢ ᠶᠢ ᠣᠨᠣᠪᠴᠢᠲᠠᠢ ᠮᠦᠷᠳᠡᠬᠡᠨ ᠨᠠᠷᠢᠨ ᠪᠣᠳᠠᠲᠠᠢ ᠳ᠋ᠦᠩᠨᠡᠵᠠᠢ᠂ ᠵᠢᠱᠢᠶᠡᠯᠡᠪᠡᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠳᠤ ᠰᠢᠢᠳᠪᠦᠷᠢᠲᠦ ᠢᠯᠠᠯᠲᠠ ᠣᠯᠬᠤ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠤᠨ ᠦᠢᠯᠡᠰ ᠴᠥᠮ ᠵᠠᠩᠭᠢᠯᠠᠭ᠎ᠠ ᠶᠢᠨ ᠴᠢᠨᠠᠷᠲᠠᠢ ᠠᠬᠢᠴᠠ ᠲᠠᠢ ᠪᠣᠯᠵᠤ᠂ ᠨᠢᠬᠡᠨ ᠪᠦᠯᠦᠭ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠭᠰᠡᠨ ᠳᠤ ᠮᠠᠰᠢ ᠲᠠᠭᠠᠯᠠᠭᠳᠠᠵᠤ ᠪᠠᠶᠢᠨ᠎ᠠ᠃    ᠡᠨᠡ ᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ ᠲᠤᠩ ᠡᠷᠴᠢᠮ ᠲᠠᠢ ᠪᠠᠶᠢᠵᠤ᠂ ᠠᠵᠤ ᠠᠬᠤᠶ ᠎ ᠶᠢᠨ ᠬᠦᠭᠵᠢᠯᠳᠡ ᠶᠢᠨ ᠬᠠᠨᠳᠤᠰᠢ ᠶᠢᠨ ᠤᠳᠠᠭᠠᠰᠢᠷᠠᠯᠳᠠ ᠪᠠ ᠬᠢᠵᠢᠭ ᠤᠨ ᠪᠠᠶᠢᠳᠠᠯ ᠤᠨ ᠨᠥᠯᠥᠭᠡᠯᠡᠯ ᠲᠤᠤᠷ᠎ᠠ ᠴᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠠᠬᠤᠢ ᠶᠢᠨ ᠪᠠᠶᠢᠳᠠᠯ ᠢ ᠦᠨᠳᠦᠰᠦᠨ ᠳᠡᠭᠡᠨ ᠲᠤᠭᠳᠠᠭᠤᠨ ᠪᠠᠶᠢᠬᠤ ᠶᠢ ᠪᠠᠳᠤᠯᠠᠨ᠂ ᠣᠯᠠᠨ ᠲᠠᠯ᠎ᠠ ᠶᠢᠨ ᠠᠰᠢᠭ ᠲᠤᠰᠠ ᠶᠢ ᠬᠠᠮᠳᠤ ᠳᠤᠨᠢ ᠬᠠᠷᠠᠭᠠᠯᠵᠠᠬᠤ ᠪᠠᠶᠢᠯᠳᠤᠬᠤ ᠪᠣᠳᠣᠯᠭ᠎ᠠ ᠶᠢᠨ ᠲᠣᠬᠢᠶᠠᠯ ᠢ ᠠᠳᠬᠤᠵᠤ᠂ ᠵᠦᠶ ᠵᠣᠬᠢᠰᠲᠠᠶ ᠠᠵᠢᠯ ᠤᠨ ᠬᠠᠷᠠᠯᠲᠠ ᠪᠠ ᠠᠷᠭ᠎ᠠ ᠪᠠᠷᠢᠯ ᠎ ᠨᠢ ᠲᠡᠮᠡᠴᠡᠬᠦ ᠬᠠᠷᠠᠯᠳᠠ ᠪᠠ ᠤᠷᠤᠭᠰᠢᠯᠠᠬᠤ ᠴᠢᠭᠯᠡᠯ ᠢ ᠤᠯᠠᠮ ᠲᠤᠳᠤᠳᠬᠠᠪᠠ᠃ ᠪᠢᠳᠡ ᠡᠷᠬᠡᠪᠰᠢ ᠴᠤᠴᠠᠯᠲᠠ ᠦᠭᠡᠢ ᠤᠷᠤᠭᠰᠢᠯᠠᠬᠤ ᠵᠣᠷᠢᠭ ᠢ ᠪᠠᠷᠢᠮᠳᠠᠯᠠᠨ᠂ ᠬᠠᠨᠴᠤᠶ ᠰᠢᠮᠠᠯᠠᠨ ᠴᠢᠷᠮᠠᠶᠢᠨ ᠠᠵᠢᠯᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠲᠡᠭᠦᠰ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠬᠤ ᠪᠠᠷ ᠴᠢᠷᠮᠠᠶᠢᠨ᠎ᠠ᠃     ᠰᠤᠷᠪᠤᠯᠵᠢᠯᠠᠭᠴᠢ᠄ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠮᠵᠢᠯᠲᠠ ᠶᠢᠨ ᠲᠤᠬᠠᠢ ᠲᠦᠬᠦᠮ ᠶᠠᠷᠢᠨ᠎ᠡ ᠤᠤ︖     ᠮᠡᠨᠳᠦᠪᠠᠶᠠᠷ᠄ 2019 ᠣᠨ ᠳᠤ᠂ ᠡᠵᠡᠨ ᠬᠤᠷᠤᠭ᠎ᠠ ᠬᠤᠰᠢᠭᠤ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠬᠦᠯᠦᠯᠳᠡ ᠪᠠᠨ ᠴᠢᠬᠤᠯᠠ ᠠᠵᠢᠯ ᠤᠨ ᠪᠠᠶᠢᠷᠢᠨ ᠳᠤ ᠲᠠᠯᠪᠢᠵᠤ᠂ ᠪᠠᠯᠠ ᠮᠥᠩᠭᠦ᠂ ᠲᠥᠷᠥᠯ ᠵᠦᠢᠯ ᠵᠡᠷᠭᠡ ᠲᠠᠯ᠎ᠠ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠩᠬ᠎ᠠ ᠠᠯᠬᠤᠮ ᠤᠨ ᠦᠷ᠎ᠡ ᠪᠦᠲᠦᠮᠵᠢ ᠶᠢ ᠤᠯᠪᠠ᠃ ᠨᠢᠭᠡ ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠰᠠᠶᠢᠲᠤᠷ ᠠᠳᠬᠤᠨ᠎ᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠲᠥᠰᠦᠯ︾ ᠵᠢᠴᠢ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠵᠡᠷᠭᠡ 5 ᠲᠤᠰᠬᠠᠶ ᠲᠦᠰᠦᠯ ᠢ ᠲᠣᠭᠲᠠᠭᠠᠪᠠ᠃ ︽ᠲᠠᠪᠤᠨ ᠣᠳᠣᠨ ᠤ ᠪᠠᠷᠢᠮᠵᠢᠶ᠎ᠠ ᠳᠤ ᠬᠦᠷᠭᠡᠬᠦ᠂ ᠣᠨᠴᠠᠯᠢᠭ ᠢ ᠡᠭᠦᠳᠦᠨ ᠪᠠᠶᠢᠭᠤᠯᠬᠤ︾ ᠱᠠᠭᠠᠷᠳᠠᠯᠭ᠎ᠠ ᠶᠤᠰᠤᠭᠠᠷ ᠂ 5 ᠬᠤᠲᠠ ᠶᠢᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠢ ᠪᠠᠶᠢᠭᠤᠯᠪᠠ᠃ ᠬᠤᠶᠠᠷ ᠲᠤ ᠠᠵᠤ ᠦᠢᠯᠡᠰ ᠢᠶᠠᠷ ᠲᠤᠯᠭᠠᠭᠤᠷᠢᠯᠠᠬᠤ ᠶᠢ ᠴᠢᠩᠭᠠᠳᠬᠠᠨ᠎ᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠠᠷᠭ᠎ᠠ︾ ᠵᠢᠴᠢ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠲᠥᠷᠥᠯ ᠵᠦᠢᠯᠵᠢᠭᠰᠡᠨ ᠬᠠᠮᠢᠶᠠᠷᠤᠯᠲᠠ᠂ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ᠂ ᠮᠥᠩᠭᠦᠨ ᠬᠦᠢᠯᠬᠡᠬᠡᠨ ᠤ ᠵᠢᠭᠡᠯᠡᠯᠭᠡ ᠶᠢᠨ ᠳᠡᠮᠵᠢᠯᠭᠡ ᠦᠵᠡᠬᠦᠯᠬᠦ ᠪᠠᠷ ᠭᠤᠤᠯ ᠠᠷᠭ᠎ᠠ ᠪᠤᠯᠭᠠᠨ᠂ ᠨᠡᠶᠢᠳᠡ 27 ᠲᠦᠷᠦᠯ ᠤᠨ 6800 ᠲᠦᠮᠡᠨ ᠲᠥᠭᠦᠷᠢᠭ ᠤᠨ ᠲᠡᠳᠬᠦᠨ ᠳᠡᠮᠵᠢᠬᠦ ᠲᠥᠷᠥᠯ ᠵᠦᠢᠯ ᠢ ᠲᠣᠭᠲᠠᠭᠠᠪᠠ᠃ 1000 ᠲᠦᠮᠡᠨ ᠲᠥᠭᠦᠷᠢᠭ ᠤᠨ ᠮᠥᠩᠭᠦᠨ ᠬᠦᠢᠯᠬᠡᠬᠡᠨ ᠤ ᠵᠢᠭᠡᠯᠡᠯᠭᠡ ᠶᠢᠨ ᠰᠠᠭᠤᠷᠢ ᠪᠠᠯᠠ ᠮᠥᠩᠭᠦ ᠭᠠᠷᠭᠠᠵᠤ᠂ ᠨᠡᠶᠢᠳᠡ 257 ᠡᠷᠦᠬᠡ ᠳᠤ 3969 ᠲᠦᠮᠡᠨ ᠲᠥᠭᠦᠷᠢᠭ ᠤᠨ ︽ ᠮᠠᠯᠴᠢᠨ ᠲᠠᠷᠢᠶᠠᠴᠢᠨ ᠢ ᠬᠠᠷᠠᠭᠠᠯᠵᠠᠬᠤ ᠵᠢᠭᠡᠯᠡᠯᠭᠡ︾ ᠲᠠᠯᠪᠢᠵᠤ᠂ 600 ᠲᠦᠮᠡᠨ ᠲᠥᠭᠦᠷᠢᠭ ᠤᠨ ︽ᠲᠠᠷᠢᠶᠠᠯᠠᠩ ᠤᠨ ᠦᠢᠯᠡᠰ ᠲᠤ ᠠᠰᠢᠭ ᠬᠦᠷᠳᠡᠬᠡᠬᠦ ᠵᠢᠬᠡᠯᠡᠯᠬᠡ︾ ᠲᠠᠷᠬᠠᠭᠠᠪᠠ᠃ 260 ᠡᠷᠦᠬᠡ ᠲᠠᠷᠢᠵᠦ ᠲᠡᠵᠢᠭᠡᠨ ᠦᠷᠡᠵᠢᠭᠦᠯᠬᠦ ᠲᠣᠮᠣ ᠡᠷᠦᠬᠡ᠂ ᠲᠤᠯᠤᠭᠠᠶᠢᠯᠠᠭᠴᠢ ᠠᠵᠤ ᠠᠬᠤᠶᠢᠯᠠᠯ ᠨᠡᠶᠢᠲᠡ 3275 ᠲᠦᠮᠡᠨ ᠲᠥᠭᠦᠷᠢᠭ ᠤᠨ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ ᠪᠠᠯᠠ ᠮᠥᠩᠭᠦ ᠭᠤᠶᠤᠴᠢᠯᠠᠨ ᠮᠡᠳᠡᠭᠦᠯᠵᠡᠶ᠃ ᠭᠤᠷᠪᠠ ᠳᠤ ᠪᠦᠬᠦ ᠲᠠᠯ᠎ᠠ ᠪᠠᠷ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠬᠤᠭ ᠨᠣᠪᠰᠢ ᠰᠢᠢᠳᠪᠦᠷᠢᠯᠡᠬᠦ ᠲᠠᠯ᠎ᠠ ᠪᠠᠷ᠂ ᠡᠷᠦᠬᠡ᠂ ᠬᠤᠷᠰᠢᠶ᠎ᠠ᠂ ᠲᠣᠰᠬᠤᠨ᠂ ᠪᠠᠯᠭᠠᠰᠤ᠂ ᠬᠤᠰᠢᠭᠤ ︽ᠲᠠᠪᠤᠨ ᠱᠠᠲᠤ ᠬᠤᠯᠪᠣᠭᠠᠯᠠᠨ ᠬᠥᠳᠡᠯᠦᠯᠴᠡᠬᠦ︾ ᠬᠤᠭ ᠨᠣᠪᠰᠢ ᠰᠢᠢᠳᠪᠦᠷᠢᠯᠡᠬᠦ ᠲᠤᠭᠳᠠᠯᠴᠠᠭ᠎ᠠ ᠶᠢ ᠪᠦᠷᠢᠯᠳᠦᠭᠦᠯᠵᠡᠶ᠃ ᠪᠣᠬᠢᠷ ᠤᠰᠤ ᠰᠢᠢᠳᠪᠦᠷᠢᠯᠡᠬᠦ ᠲᠠᠯ᠎ᠠ ᠪᠠᠷ᠂ 12 ᠪᠠᠭ᠎ᠠ ᠬᠡᠯᠪᠡᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠶᠢᠭᠤᠯᠵᠤ᠂ ᠪᠥᠬᠦ ᠬᠤᠲᠠ ᠳᠤ ᠰᠢᠶᠠᠩ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠤᠷᠢᠳᠠᠪᠠᠷ ᠪᠡᠶᠡᠯᠡᠭᠦᠯᠪᠡ᠃ ᠵᠣᠷᠯᠣᠩ ᠤᠨ ᠦᠬᠡᠷᠡᠴᠢᠯᠡᠯᠳᠡ ᠶᠢᠨ ᠲᠠᠯ᠎ᠠ ᠪᠠᠷ᠂ 7556 ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠬᠦᠯᠪᠡ᠃ 2019 ᠣᠨ ᠳᠤ ᠮᠠᠨ ᠤ ᠬᠤᠰᠢᠭᠤ ᠪᠥᠬᠦ ᠤᠯᠤᠰ ᠤᠨ ᠬᠦᠳᠡᠭᠡ ᠲᠣᠰᠬᠤᠨ ᠢ ᠴᠡᠪᠡᠷᠰᠢᠭᠦᠯᠬᠦ ᠠᠵᠢᠯᠯᠠᠭᠠᠨ ᠤ ᠲᠡᠷᠢᠭᠦᠨ ᠤ ᠰᠢᠶᠠᠨ ᠢᠶᠠᠷ ᠦᠨᠡᠯᠡᠭᠳᠡᠪᠡ᠃    ᠲᠠᠷᠠᠭ᠎ᠠ ᠠᠯᠬᠤᠮ ᠳᠤ᠂ ᠮᠠᠨ ᠤ ᠬᠤᠰᠢᠭᠤ ᠲᠠᠷᠢᠶᠠᠯᠠᠩ ᠢ ᠬᠦᠭᠵᠢᠬᠦᠯᠦᠨ᠂ ᠬᠥᠳᠡᠭᠡ ᠲᠣᠰᠬᠤᠨ ᠢ ᠭᠤᠶᠤᠵᠢᠭᠤᠯᠵᠤ᠂ ᠲᠠᠷᠢᠶᠠᠴᠢᠨ ᠢ ᠪᠠᠶᠠᠵᠢᠭᠤᠯᠬᠤ ᠲᠤᠭᠤᠷᠢᠨ ᠳᠤ᠂ ︽ᠭᠤᠷᠪᠠᠨ ᠣᠷᠣᠨ ᠲᠠᠪᠤᠨ ᠦᠢᠯᠡᠰ︾᠎ ᠤᠨ ᠪᠥᠬᠦ ᠲᠠᠯ᠎ᠠ ᠶᠢᠨ ᠬᠥᠭᠵᠢᠯᠲᠡ ᠪᠠᠷ ᠬᠦᠳᠡᠯᠬᠡᠭᠴᠢ ᠬᠦᠴᠦᠨ ᠪᠤᠯᠭᠠᠵᠤ᠂ ᠪᠠᠷᠠᠭᠤᠨ ᠣᠷᠣᠨ ᠤ ᠰᠣᠳᠣᠨ ᠲᠠᠷᠢᠶᠠᠯᠠᠩ ᠮᠠᠯ ᠠᠵᠤ ᠠᠬᠤᠶ ᠲᠥᠪᠯᠡᠷᠡᠭᠰᠡᠨ ᠣᠷᠣᠨ᠂ ᠳᠤᠮᠳᠠ ᠬᠡᠰᠡᠭ ᠤᠨ ᠵᠢᠭᠤᠯᠴᠢᠯᠠᠯ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠪᠠ ᠵᠡᠭᠦᠨ ᠬᠡᠰᠡᠭ ᠤᠨ ᠠᠭᠤᠷᠬᠠᠶ ᠶᠢᠨ ᠣᠷᠣᠨ ᠤ ᠪᠣᠬᠢᠷᠲᠤᠯ ᠥᠬᠡᠶ ᠠᠮᠢ ᠠᠬᠤᠶ ᠶᠢᠨ ᠳᠠᠭᠤᠷᠢᠶᠠᠯ ᠦᠵᠡᠬᠦᠯᠬᠦ ᠣᠷᠣᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠳᠣᠪᠤᠶᠢᠯᠭᠠᠵᠤ᠂ ᠲᠠᠷᠢᠬᠤ᠂ ᠲᠡᠵᠢᠭᠡᠬᠦ᠂ ᠪᠤᠯᠪᠠᠰᠤᠷᠠᠭᠤᠯᠬᠤ᠂ ᠵᠢᠭᠤᠯᠴᠢᠯᠠᠯ᠂ ᠦᠢᠯᠡᠴᠢᠯᠡᠭᠡ ᠵᠡᠷᠭᠡ ᠲᠠᠪᠤᠨ ᠲᠥᠷᠥᠯ ᠤᠨ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ 3 ᠲᠦᠷᠦᠯ ᠤᠨ ᠠᠵᠢᠯ ᠢ ᠭᠤᠤᠯᠳᠠᠯᠭ᠎ᠠ ᠲᠠᠢ ᠠᠳᠬᠤᠨ᠎ᠠ᠃   ᠨᠢᠭᠡ ᠳᠤ᠂ ᠠᠵᠤ ᠦᠢᠯᠡᠰ ᠢᠶᠠᠷ ᠲᠡᠳᠬᠦᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠰᠣᠳᠣᠨ ᠪᠦᠲᠦᠭᠡᠭᠳᠡᠬᠦᠨ ᠢ ᠣᠨᠴᠠᠯᠢᠭᠵᠢᠭᠤᠯᠬᠤ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠬᠥᠭᠵᠢᠯᠲᠡ ᠶᠢᠨ ᠴᠢᠭᠯᠡᠯ ᠢ ᠪᠠᠷᠢᠮᠲᠠᠯᠠᠨ᠂ ᠦᠢᠯᠡᠳᠪᠦᠷᠢᠡᠯᠡᠯ᠂ ᠬᠠᠮᠢᠶᠠᠷᠤᠯᠳᠠ᠂ ᠪᠤᠷᠤᠯᠠᠭᠤᠯᠭ᠎ᠠ ᠶᠢᠨ 3 ᠭᠤᠭᠴᠤᠭ᠎ᠠ ᠶᠢ ᠭᠤᠣᠯᠳᠠᠯᠭ᠎ᠠ ᠲᠠᠢ ᠠᠳᠬᠤᠵᠤ᠂ ᠠᠵᠤ ᠦᠢᠯᠡᠰ ᠢᠶᠠᠷ ᠲᠡᠳᠬᠦᠬᠦ ᠪᠡᠯᠡ ᠮᠥᠩᠭᠦ ᠶᠢ 1000 ᠲᠦᠮᠡᠨ ᠲᠥᠭᠦᠷᠢᠭ ᠤᠷᠤᠭᠤᠯᠬᠤ ᠪᠠᠷ ᠲᠦᠯᠦᠪᠯᠡᠵᠦ᠂ 17 ᠠᠵᠤ ᠦᠢᠯᠡᠰ ᠤᠨ ᠲᠥᠷᠥᠯ ᠵᠦᠢᠯ ᠢ ᠲᠡᠳᠬᠦᠨ᠎ᠠ᠃ ᠡᠭᠦᠨ ᠤ ᠬᠠᠮᠲᠤ ᠬᠤᠰᠢᠭᠤᠨ ᠤ ᠶᠦᠨ ᠳ᠋ᠦᠩ ᠪᠦᠯᠦᠭᠯᠡᠯ ᠢᠶᠠᠷ ᠲᠦᠷᠦᠭᠦᠯᠡᠨ᠂ ᠭᠠᠵᠠᠷ ᠣᠷᠣᠨ ᠤ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠶ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠷᠢᠶᠠᠯᠠᠩ ᠪᠠ ᠮᠠᠯ ᠲᠠᠵᠢᠬᠡᠪᠦᠷᠢ ᠢ ᠪᠦᠳᠦᠬᠡᠭᠳᠡᠬᠦᠨ ᠤ ᠪᠣᠷᠣᠯᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠲᠠᠷᠢᠶᠠᠴᠢᠳ ᠤᠨ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠦᠨ᠎ᠡ᠃   ᠬᠤᠶᠠᠷ ᠲᠤ᠂ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠦᠯᠡᠳᠡᠭᠰᠡᠨ 5192 ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ 90%᠎ ᠠᠴᠠ ᠳᠡᠭᠡᠭᠰᠢ ᠳᠤ  ᠬᠦᠷᠬᠡᠬᠦ ᠶᠢ ᠪᠠᠲᠤᠯᠠᠨ᠎ᠠ᠃ 5 ᠰᠠᠭᠤᠷᠢ ᠲᠦᠷᠬᠡᠨ ᠠᠭᠤᠷᠰᠢᠭᠤᠯᠤᠨ ᠡᠷᠦᠳᠡᠰᠵᠢᠬᠦᠯᠬᠦ ᠵᠤᠤᠬ᠎ᠠ ᠶᠢ ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠰᠢᠰᠲ᠋ᠧᠮ ᠤᠨ ᠪᠦᠷᠬᠦᠴᠡ ᠶᠢ 95%᠎ ᠳᠤ ᠬᠦᠷᠭᠡᠨ᠎ᠡ᠃ ᠡᠭᠦᠨ ᠤ ᠬᠠᠮᠲᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠮᠢᠶᠠᠷᠤᠯᠲᠠ᠂ ᠬᠢᠨᠠᠨ ᠰᠢᠯᠭᠠᠷᠠᠭᠤᠯᠬᠤ ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠷᠤᠰᠢᠨ ᠰᠠᠭᠤᠬᠤ ᠣᠷᠴᠢᠨ ᠲᠣᠭᠤᠷᠢᠨ ᠤ ᠲᠤᠳᠠᠭᠳᠠᠯ ᠲᠠᠯ᠎ᠠ ᠶᠢ ᠬᠦᠴᠦᠯᠡᠨ ᠨᠥᠬᠦᠪᠥᠷᠢᠯᠡᠨ᠎ᠡ᠃      ᠭᠤᠷᠪᠠ ᠳᠤ᠂ ᠬᠥᠳᠡᠭᠡ ᠲᠣᠰᠬᠤᠨ ᠤ ᠵᠠᠰᠠᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠮᠠᠨ ᠤ ᠬᠤᠰᠢᠭᠤ ᠨᠢ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠦᠷᠦᠭᠦᠤ ᠪᠦᠯᠦᠭ ᠤᠨ ᠲᠤᠷᠰᠢᠯᠲᠠ ᠶᠢᠨ ᠬᠤᠰᠢᠭᠤ ᠰᠢᠶᠠᠨ ᠤ ᠪᠥᠲᠥᠭᠡᠨ ᠪᠠᠶᠢᠭᠤᠯᠤᠯᠲᠠ ᠪᠠᠷ ᠲᠣᠬᠢᠶᠠᠯ ᠪᠤᠯᠭᠠᠵᠤ ᠂ ᠬᠥᠳᠡᠭᠡ ᠲᠣᠰᠬᠤᠨ ᠤ ᠵᠠᠰᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠲᠤᠭᠳᠠᠯᠴᠠᠭ᠎ᠠ᠂ ᠬᠥᠳᠡᠭᠡ ᠲᠣᠰᠬᠤᠨ ᠤ ᠣᠯᠠᠨ ᠡᠰᠢᠲᠦ ᠬᠠᠮᠲᠤ ᠪᠠᠷ ᠵᠠᠰᠠᠬᠤ ᠵᠠᠭᠪᠤᠷ᠂ ᠬᠥᠳᠡᠭᠡ ᠲᠣᠰᠬᠤᠨ ᠤ ᠶᠡᠷᠦᠩᠬᠡᠶᠢᠯᠡᠨ ᠵᠠᠰᠠᠬᠤ ᠲᠤᠭᠳᠠᠯᠴᠠᠭ᠎ᠠ ᠪᠠ ᠬᠥᠳᠡᠭᠡ ᠲᠣᠰᠬᠤᠨ ᠤ ᠣᠷᠴᠢᠨ ᠲᠣᠭᠤᠷᠢᠨ ᠢ ᠵᠠᠰᠠᠬᠤ ᠲᠣᠭᠲᠠᠴᠠ ᠶᠢᠨ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠬᠥᠳᠡᠭᠡ ᠲᠣᠰᠬᠤᠨ ᠤ ᠵᠠᠰᠠᠯᠲᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠰᠦᠪᠡᠭᠴᠢᠯᠡᠨ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ︽ᠭᠤᠷᠪᠠᠨ ᠵᠠᠰᠠᠯᠳᠠ ᠶᠢ ᠠᠭᠤᠰᠤᠯᠴᠠᠭᠤᠯᠬᠤ ︾ ᠵᠠᠭᠪᠤᠷ ᠤᠨ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠳᠤ ᠦᠨᠡᠨᠬᠦ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号