| ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠴᠠᠬ ᠮᠦᠴᠡ ᠳᠤ ᠭᠠᠴᠠᠭ᠎ᠠ ᠳᠤᠰᠬᠤᠨ ᠳᠤ ᠰᠠᠭᠤᠭ᠎ᠠ ᠨᠢᠬᠡᠳᠦᠬᠡᠷ ᠱᠦᠵᠢ ᠨᠡᠷ ᠠᠷᠭ᠎ᠠ | ᠪᠦᠬᠦᠨ ᠢ ᠰᠦᠪᠡᠭᠴᠢᠯᠡᠨ ᠬᠠᠮᠳᠤ ᠶᠢᠨ ᠠᠵᠤ ᠠᠬᠤᠢ ᠶᠢ ᠬᠦᠭᠵᠢᠬᠦᠯᠵᠤ᠂ ᠮᠠᠯᠴᠢᠨ ᠳᠠᠷᠢᠶᠠᠴᠢᠨ ᠤ ᠠᠮᠢᠳᠤᠷᠡᠯ ᠢ ᠪᠡᠶᠡᠵᠢᠨ ᠴᠢᠨᠡᠬᠡᠯᠢᠭᠵᠢᠬᠦᠯᠬᠦ ᠪᠠᠷ ᠴᠢᠷᠮᠠᠶᠢᠨ | ᠠᠵᠢᠯᠯᠠᠨ᠎ᠠ᠃ | ᠵᠠᠯᠠᠭᠤ ᠺᠠᠳ᠋ᠷ ᠪᠦᠬᠡ ᠪᠤᠯ ᠡᠵᠡᠨ ᠬᠤᠷᠤᠭ᠎ᠠ ᠬᠤᠰᠢᠭᠤᠨ ᠤ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠡ ᠶᠢᠨ ᠳᠤᠪᠴᠢᠶᠡᠨ ᠠᠴᠠ ᠵᠠᠰᠠᠬ | ᠪᠠᠯᠭᠠᠰᠤᠨ ᠤ ᠠᠮᠳᠤ ᠶᠢᠨ ᠰᠦᠮ᠎ᠡ ᠳᠤᠰᠬᠤᠨ ᠳᠤ ᠳᠤᠮᠢᠯᠠᠨ ᠰᠠᠭᠤᠯᠭᠠᠬᠰᠠᠨ ᠨᠢᠬᠡᠳᠦᠬᠡᠷ ᠱᠦᠵᠢ ᠪᠤᠯᠤᠨ᠎ᠡ᠃ 2019 ᠤᠨ ᠤ 3 ᠰᠠᠷ᠎ᠡ ᠳᠤ ᠳᠡᠬᠦᠨ ᠢ ᠠᠩᠬ᠎ᠠ | ᠢᠷᠡᠬᠦ ᠳᠤ ᠳᠤᠰᠬᠤᠨ ᠤ ᠵᠠᠯᠠᠭᠤᠴᠤᠳ ᠤᠨ ᠤᠯᠠᠩᠭᠢ ᠨᠢ ᠬᠦᠯᠦᠰᠤᠨ ᠠᠵᠢᠯ ᠬᠢᠬᠦ ᠪᠠᠷ ᠭᠠᠳᠠᠭᠰᠢ ᠭᠠᠷᠴᠤ᠂ ᠬᠠᠮᠳᠤ ᠶᠢᠨ ᠠᠵᠤ ᠠᠬᠤᠢ ᠶᠢᠨ ᠰᠠᠭᠤᠷᠢ ᠦᠬᠡᠢ | ᠪᠡᠷᠬᠡ ᠪᠠᠶᠢᠳᠠᠯ ᠲᠠᠢ ᠪᠠᠶᠢᠵᠠᠢ᠃ | ᠠᠮᠳᠤ ᠶᠢᠨ ᠰᠦᠮ᠎ᠡ ᠳᠤᠰᠬᠤᠨ ᠨᠢ 2 ᠬᠤᠷᠰᠢᠶ᠎ᠡ᠂ ᠪᠠᠶᠢᠡᠭᠭᠤ ᠰᠠᠭᠤᠭ᠎ᠠ 54 ᠡᠷᠦᠬᠡ 108 ᠬᠦᠮᠦᠨ ᠠᠮᠠ ᠲᠠᠢ᠂ ᠡᠬᠦᠨ ᠳᠤ 32 ᠮᠤᠩᠭᠤᠯ ᠡᠷᠦᠬᠡ ᠪᠤᠢ᠃ | ᠳᠠᠩᠰᠠᠯᠠᠵᠤ ᠺᠠᠷᠳ᠋ᠯᠠᠬᠰᠠᠨ ᠶᠠᠳᠠᠭᠤ ᠬᠦᠴᠢᠷᠳᠡᠯᠳᠡᠢ ᠡᠷᠦᠬᠡ 3 ᠡᠷᠦᠬᠡ᠂ 5 ᠬᠦᠮᠦᠨ ᠲᠠᠢ᠃ ᠤᠳᠤᠬᠠᠨ ᠳᠤ ᠡᠳᠡᠬᠡᠷ ᠳᠠᠩᠰᠠᠯᠠᠵᠤ ᠺᠠᠷᠳ᠋ᠯᠠᠬᠰᠠᠨ ᠶᠠᠳᠠᠭᠤ | ᠬᠦᠴᠢᠷᠳᠡᠯᠳᠡᠢ ᠡᠷᠦᠬᠡ ᠪᠦᠬᠦᠨ ᠢᠶᠠᠷ ᠢᠶᠠᠨ ᠬᠡᠪ ᠤᠨ ᠪᠠᠶᠢᠳᠠᠯ ᠢᠶᠠᠷ ᠶᠠᠳᠠᠭᠤ ᠠᠴᠠ ᠠᠩᠬᠢᠵᠢᠷᠠᠬᠰᠠᠨ ᠴᠤ ᠪᠦᠬᠡ ᠱᠦᠵᠢ ᠠᠵᠢᠯᠯᠠᠬᠤ ᠠᠩᠬᠢ ᠶᠢᠨ | ᠨᠦᠬᠦᠳ ᠲᠠᠢ ᠪᠠᠨ ᠡᠷᠦᠬᠡ ᠪᠠᠷ ᠦᠷᠬᠦᠯᠵᠢ ᠬᠦᠨᠵᠡᠬᠡᠶᠢᠷᠡᠨ ᠦᠢᠯᠡᠳᠪᠦᠷᠢᠯᠡᠯ ᠠᠮᠢᠳᠤᠷᠡᠯ ᠢ ᠨᠢ ᠬᠠᠯᠠᠮᠵᠢᠯᠠᠵᠤ᠂ ᠳᠠᠩᠰᠠ ᠡᠪᠬᠡᠮᠡᠯ ᠢ ᠨᠢ ᠪᠦᠷᠢᠨᠰᠢᠬᠦᠯᠬᠦ᠂ ᠠᠵᠤ | ᠦᠢᠯᠡᠰ ᠤᠨ ᠬᠦᠭᠵᠢᠯᠳᠡ ᠳᠤᠨᠢ ᠵᠢᠯᠤᠭᠤᠳᠤᠯᠭ᠎ᠠ ᠬᠢᠬᠦ᠂ ᠮᠠᠯ ᠤᠨ ᠠᠰᠢᠬ ᠰᠢᠮ᠎ᠡ ᠳᠠᠷᠢᠶᠠᠯᠠᠩ ᠤᠨ ᠪᠦᠳᠦᠭᠡᠭᠳᠡᠬᠦᠨ ᠳᠤ ᠪᠤᠷᠤᠯᠠᠭᠤᠯᠬᠤ ᠵᠠᠮ ᠮᠦᠷ ᠢ ᠨᠡᠬᠡᠬᠡᠵᠤ | ᠶᠠᠪᠤᠨ᠎ᠠ᠃ | ᠡᠮᠦᠨ᠎ᠡ ᠬᠡᠳᠦᠨ ᠵᠢᠯ ᠳᠤ᠂ ᠳᠤᠰᠬᠤᠨ ᠤ ᠠᠷᠡᠳ ᠷᠠᠰᠢᠨᠢᠮ᠎ᠠ ᠶᠢᠨ ᠪᠦᠰᠡᠬᠦᠢ ᠨᠢ ᠦᠶ᠎ᠡ ᠬᠡᠰᠢᠬᠦᠦ ᠶᠢᠨ ᠡᠪᠡᠳᠴᠢᠨ ᠳᠤ ᠨᠡᠷᠪᠡᠭᠳᠡᠨ᠂ ᠬᠡᠦᠬᠡᠳ ᠨᠢ | ᠰᠤᠷᠭᠠᠭᠤᠯᠢ ᠳᠤ ᠰᠠᠭᠤᠬᠰᠠᠨ ᠠᠴᠠ ᠤᠷᠤᠯᠭ᠎ᠠ ᠨᠢ ᠵᠠᠷᠤᠯᠭ᠎ᠠ ᠳᠠᠭᠠᠨ ᠬᠦᠷᠬᠦ ᠦᠬᠡᠢ ᠪᠤᠯᠵᠤ᠂ ᠶᠠᠳᠠᠭᠤ ᠬᠦᠴᠢᠷᠳᠡᠯᠳᠡᠢ ᠡᠷᠦᠬᠡ ᠪᠠᠷ ᠳᠤᠳᠤᠯᠠᠬᠳᠠᠵᠠᠢ᠃ ᠪᠠᠶᠢᠳᠠᠯ ᠢ | ᠤᠢᠢᠯᠠᠭᠠᠬᠰᠠᠨ ᠤ ᠳᠠᠷᠠᠭ᠎ᠠ᠂ ᠪᠦᠬᠡ ᠱᠦᠵᠢ ᠳᠦᠮᠡᠨ ᠳᠦᠬᠦᠷᠢᠭ ᠤᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠡᠯᠡ ᠮᠦᠡᠭᠬᠦ ᠶᠢ ᠵᠤᠬᠢᠴᠠᠭᠤᠯᠬᠤ ᠶᠢᠨ ᠬᠠᠮᠳᠤ | ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠷᠢᠯᠴᠠᠵᠤ 3 ᠳᠦᠮᠡᠨ ᠳᠦᠬᠦᠷᠢᠭ ᠤᠨ ᠬᠦᠤ ᠮᠦᠡᠭᠬᠦ ᠶᠢ ᠨᠢ ᠤᠷᠤᠯᠠᠨ ᠦᠭᠬᠦ ᠪᠠᠩᠬᠢ ᠶᠢᠨ ᠵᠢᠬᠡᠯᠡᠯᠬᠡ ᠤᠯᠭᠤᠪᠠ᠃ | ᠷᠠᠰᠢᠨᠢᠮ᠎ᠠ ᠶᠢᠨ ᠬᠢᠨ ᠵᠢᠬᠡᠯᠡᠯᠬᠡ ᠶᠢᠨ ᠮᠦᠡᠭᠬᠦ ᠪᠠᠷ ᠢᠶᠠᠨ ᠬᠡᠳᠦᠨ ᠦᠬᠡᠷ᠂ ᠬᠤᠨᠢ᠂ ᠭᠤᠴᠢᠭᠠᠳ ᠳᠠᠬᠢᠶ᠎ᠠ ᠬᠤᠳᠠᠯᠳᠤᠨ ᠠᠪᠴᠤ ᠤᠷᠤᠯᠭ᠎ᠠ ᠪᠠᠨ ᠨᠡᠮᠡᠭᠳᠡᠬᠦᠯᠵᠤ | ᠬᠦᠴᠢᠷᠳᠡᠯ ᠠᠴᠠ ᠪᠠᠨ ᠠᠩᠬᠢᠵᠢᠷᠠᠬᠰᠠᠨ ᠪᠠᠶᠢᠨ᠎ᠠ᠃ ︽ᠪᠦᠬᠡ ᠱᠦᠵᠢ ᠳᠤᠰᠬᠤᠨ ᠳᠤ ᠰᠠᠭᠤᠬᠰᠠᠨ ᠠᠴᠠ ᠨᠠᠭᠠᠰᠢ ᠮᠠᠨ ᠤ ᠦᠢᠯᠡᠳᠪᠦᠷᠢᠯᠡᠯ ᠠᠮᠢᠳᠤᠷᠡᠯ ᠢ | ᠦᠷᠬᠦᠯᠵᠢ ᠬᠠᠯᠠᠮᠵᠢᠯᠠᠨ᠂ ᠠᠵᠤ ᠦᠢᠯᠡᠰ ᠡᠷᠬᠢᠯᠡᠬᠦ ᠳᠤ ᠵᠢᠯᠤᠭᠤᠳᠤᠯᠭ᠎ᠠ ᠬᠢᠵᠤ ᠮᠠᠯ ᠤᠨ ᠠᠰᠢᠬ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠬᠠᠮᠵᠢᠵᠤ | ᠪᠤᠷᠤᠯᠠᠭᠤᠯᠵᠤ ᠦᠭᠬᠦᠯ᠎ᠠ︾ ᠬᠡᠵᠤ ᠷᠠᠰᠢᠨᠢᠮ᠎ᠠ ᠨᠠᠰᠤᠳᠠᠨ ᠪᠠᠶᠠᠷᠯᠡᠨ ᠶᠠᠷᠢᠵᠤ ᠪᠠᠶᠢᠯ᠎ᠠ᠃ | ᠳᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠪᠤᠯ ᠨᠢᠬᠡᠳᠦᠬᠡᠷ ᠱᠦᠵᠢ ᠶᠢᠨ ᠠᠵᠢᠯ ᠤᠨ ᠭᠤᠤᠯᠳᠠᠯᠭ᠎ᠠ ᠪᠤᠯᠤᠨ᠎ᠠ᠃ ᠨᠢᠳᠤᠨᠤᠨ ᠪᠦᠬᠡ ᠱᠦᠵᠢ | ᠠᠵᠢᠯᠯᠠᠬᠤ ᠠᠩᠬᠢ ᠶᠢᠨ ᠨᠦᠬᠦᠳ ᠢᠶᠠᠨ ᠳᠠᠶᠢᠴᠢᠯᠡᠨ ᠠᠳᠠᠷᠰᠢᠬᠰᠠᠨ ᠳᠤᠰᠬᠤᠨ ᠤ ᠬᠠᠮᠳᠤ ᠶᠢᠨ ᠭᠠᠵᠠᠷ ᠢ ᠳᠡᠭᠰᠢᠯᠡᠵᠤ 700 ᠮᠦ ᠤᠰᠤᠨ ᠭᠠᠵᠠᠷ ᠨᠡᠬᠡᠬᠡᠬᠦ ᠪᠠᠷ | ᠳᠤᠬᠳᠠᠵᠠᠢ᠃ ᠡᠨᠡ ᠬᠦ ᠬᠠᠮᠳᠤ ᠶᠢᠨ ᠭᠠᠵᠠᠷ ᠢ ᠵᠠᠷᠢᠮ ᠡᠷᠦᠬᠡ ᠨᠢ ᠬᠡᠰᠡᠭᠯᠡᠨ ᠡᠵᠡᠯᠡᠵᠤ ᠳᠠᠷᠢᠶ᠎ᠡ ᠳᠠᠷᠢᠬᠰᠠᠨ ᠳᠤᠯᠠ ᠭᠠᠵᠠᠷ ᠳᠡᠭᠰᠢᠯᠡᠬᠦ ᠳᠤ ᠪᠠᠭ᠎ᠠ ᠪᠤᠰᠤ | ᠬᠦᠴᠢᠷᠳᠡᠯ ᠢ ᠠᠪᠴᠢᠷᠡᠪᠡ᠃ ᠪᠦᠬᠡ ᠳᠠᠷᠢᠶᠠᠴᠢᠨ ᠡᠷᠦᠬᠡ ᠲᠠᠢ ᠤᠯᠠᠨᠳᠠ ᠵᠦᠪᠳᠡᠯᠴᠠᠨ ᠦᠵᠡᠯ ᠰᠠᠨᠠᠭᠠᠨ ᠤ ᠬᠦᠮᠦᠵᠢᠯ ᠬᠢᠬᠦ ᠶᠢᠨ ᠬᠠᠮᠳᠤ ᠳᠤᠰᠬᠤᠨ ᠤ ᠬᠤᠶᠡᠷ | ᠵᠦᠪᠯᠡᠯ ᠤᠯᠠᠨ ᠤᠳᠠᠭ᠎ᠠ ᠬᠤᠷᠡᠯ ᠬᠤᠷᠠᠯᠳᠤᠭᠤᠯᠵᠤ ᠨᠠᠮᠤᠷ ᠪᠤᠯᠬᠤ ᠳᠤ ᠠᠷᠠᠶᠢᠬᠠᠨ ᠭᠠᠵᠠᠷ ᠳᠡᠭᠰᠢᠯᠡᠬᠦ ᠪᠠᠷ ᠵᠦᠪᠳᠡᠯᠴᠡᠨ ᠳᠤᠬᠳᠠᠵᠠᠢ᠃ ᠡᠬᠦᠨ ᠤ ᠬᠠᠮᠳᠤ ︽ | ᠵᠠᠭᠤᠨ ᠠᠵᠤ ᠠᠬᠤᠢᠢᠯᠡᠯ ᠵᠠᠭᠤᠨ ᠭᠠᠴᠠᠭ᠎ᠠ ᠳᠤᠰᠬᠤᠨ ᠢ ᠳᠡᠮᠵᠢᠬᠦ︾ ᠠᠵᠢᠯᠯᠠᠭ᠎ᠠ ᠳᠤᠮᠳᠠ᠂ ᠭᠠᠴᠠᠭ᠎ᠠ ᠵᠦᠪᠯᠡᠯ ᠨᠢ ᠳ᠋ᠸᠡᠭ ᠵᠢᠶᠠ ᠴᠢᠤᠢ ᠨᠡᠬᠦᠷᠡᠰᠦᠨ | ᠠᠭᠤᠷᠬᠠᠢ ᠲᠠᠢ ᠢᠳᠡᠪᠬᠢᠳᠡᠢ ᠵᠤᠬᠢᠴᠠᠭᠤᠯᠤᠨ᠂ ᠨᠡᠬᠦᠷᠡᠰᠦᠨ ᠠᠭᠤᠷᠬᠠᠢ ᠠᠴᠠ 8 ᠳᠦᠮᠡᠨ ᠳᠦᠬᠦᠷᠢᠭ ᠤᠨ ᠳᠡᠮᠵᠢᠯᠬᠡ ᠶᠢᠨ ᠮᠦᠡᠭᠬᠦ ᠡᠷᠡᠮᠡᠯᠵᠡᠵᠤ᠂ ᠨᠡᠬᠦᠷᠡᠰᠦᠨ | ᠠᠭᠤᠷᠬᠠᠢ ᠶᠢᠨ ᠮᠠᠰᠢᠨ ᠳᠤᠨᠤᠬ ᠢᠶᠠᠷ ᠰᠢᠨ᠎ᠠ ᠤᠰᠤᠨ ᠭᠠᠵᠠᠷ ᠢᠶᠠᠨ ᠳᠡᠭᠰᠢᠯᠡᠪᠡ᠃ | ᠡᠨᠡ ᠵᠢᠯ᠂ ᠳᠤᠰ ᠭᠠᠵᠠᠷ ᠢᠶᠠᠨ ᠮᠦ ᠪᠦᠷᠢ ᠶᠢ 270 ᠳᠦᠬᠦᠷᠢᠭ ᠢᠶᠠᠷ ᠠᠵᠤ ᠠᠬᠤᠢᠢᠯᠡᠯ ᠳᠤ 5 ᠵᠢᠯ ᠤᠨ ᠬᠤᠭᠤᠴᠠᠭ᠎ᠠ ᠲᠠᠢ ᠳᠦᠷᠢᠶᠡᠰᠦᠯᠡᠨ ᠦᠭᠴᠡᠢ᠂ | ᠤᠳᠤᠬᠠᠨ ᠳᠤ ᠠᠵᠤ ᠠᠬᠤᠢᠢᠯᠡᠯ ᠨᠢ ᠬᠡᠷ᠎ᠡ ᠶᠤᠰᠤᠭᠠᠷ ᠨᠠᠷᠠᠨ ᠬᠤᠸᠠᠷ᠂ ᠡᠷᠳᠡᠨᠢ ᠰᠢᠰᠢ ᠳᠠᠷᠢᠵᠤ ᠡᠳᠡᠬᠡᠷ ᠳᠠᠷᠢᠮᠠᠯ ᠨᠢ ᠬᠦᠷᠦᠰᠦᠨ ᠤ ᠴᠢᠨᠡᠷ ᠢ ᠰᠠᠶᠢᠵᠢᠷᠠᠭᠤᠯᠬᠤ | ᠮᠦᠷᠳᠡᠬᠡᠨ ᠳᠤᠰᠬᠤᠨ ᠤ ᠰᠤᠯᠠ ᠰᠡᠯᠡᠬᠦᠦ ᠬᠦᠳᠡᠯᠮᠤᠷᠢ ᠬᠦᠴᠦᠨ ᠳᠤ ᠠᠵᠢᠯ ᠤᠯᠭᠤᠬᠤ ᠳᠤ ᠳᠦᠬᠦᠮ ᠪᠤᠯᠤᠬᠰᠠᠨ ᠪᠠᠶᠢᠨ᠎ᠠ᠃ ᠬᠠᠮᠳᠤ ᠶᠢᠨ ᠠᠵᠤ ᠠᠬᠤᠢ ᠠᠴᠠ | ᠵᠢᠯ ᠤᠨ 20 ᠳᠦᠮᠡᠨ ᠳᠦᠬᠦᠷᠢᠭ ᠤᠨ ᠠᠰᠢᠬ ᠤᠷᠤᠯᠭ᠎ᠠ ᠡᠬᠦᠳᠬᠦ ᠪᠤᠯᠵᠤ ᠳᠤᠰᠬᠤᠨ ᠤ ᠬᠠᠮᠳᠤ ᠶᠢᠨ ᠠᠵᠤ ᠠᠬᠤᠢ ᠬᠤᠭᠤᠰᠤᠨ ᠪᠠᠶᠢᠬᠰᠠᠨ ᠳᠡᠦᠬᠡ ᠶᠢ | ᠡᠴᠦᠰᠯᠡᠬᠦᠯᠵᠠᠢ᠃ | ᠤᠳᠤᠬᠠᠨ ᠳᠤ᠂ ᠠᠮᠳᠤ ᠶᠢᠨ ᠰᠦᠮ᠎ᠡ ᠳᠤᠰᠬᠤᠨ ᠨᠢ ᠤᠯᠠᠭᠠᠨᠮᠦ᠋ᠷᠡᠨ ᠨᠡᠬᠦᠷᠡᠰᠦᠨ ᠠᠭᠤᠷᠬᠠᠢ ᠲᠠᠢ ᠬᠠᠪᠢᠳᠡᠵᠤ᠂ ᠪᠤᠭᠤᠳᠤ ᠠᠴᠠ ᠰᠢ ᠠᠨ ᠬᠦᠷᠬᠦ ᠳᠠᠮᠤᠷ ᠵᠠᠮ | ᠳᠤᠰᠬᠤᠨ ᠢᠶᠠᠷ ᠦᠡᠭᠬᠡᠷᠡᠵᠤ ᠪᠠᠶᠢᠬᠤ ᠵᠠᠮ ᠬᠠᠷᠢᠯᠴᠠᠭᠠᠨ ᠤ ᠳᠠᠪᠠᠭᠤᠯᠢᠬ ᠢ ᠠᠰᠢᠬᠯᠠᠨ᠂ ᠭᠠᠴᠠᠭ᠎ᠠ ᠵᠦᠪᠯᠡᠯ ᠠᠴᠠ ᠳᠠᠮᠤᠷ ᠵᠠᠮ ᠤᠨ ᠺᠤᠮᠫᠠᠨᠢ ᠲᠠᠢ ᠬᠠᠷᠢᠯᠴᠠᠵᠤ | ᠬᠤᠵᠢᠮ 4 ᠳ᠋ᠦᠡᠭᠰᠢᠭᠤᠷ ᠳᠦᠬᠦᠷᠢᠭ ᠤᠨ ᠦᠷᠳᠡᠭ ᠪᠦᠬᠦᠢ ᠨᠡᠬᠦᠷᠡᠰᠦᠨ ᠤ ᠪᠠᠷᠠᠭ᠎ᠠ ᠶᠢᠨ ᠬᠦᠢᠯᠬᠡᠬᠡᠨ ᠤ ᠳᠦᠷᠦᠯ ᠵᠦᠢᠯ ᠢ ᠨᠤᠳᠤᠬᠰᠢᠭᠤᠯᠵᠤ᠂ ᠨᠡᠩ ᠤᠯᠠᠨ | ᠠᠰᠢᠬ ᠤᠷᠤᠯᠭ᠎ᠠ ᠶᠢ ᠳᠤᠰᠬᠤᠨ ᠤ ᠠᠷᠡᠳ ᠲᠠᠭᠠᠨ ᠤᠯᠭᠤᠬᠤ ᠪᠠᠷ ᠪᠦᠭᠡ ᠱᠦᠵᠢ ᠡᠷᠴᠢᠮ ᠲᠠᠢ ᠠᠵᠢᠯᠯᠠᠨ᠎ᠠ᠃ | | | | |