| ᠰᠤᠷᠪᠤᠯᠵᠢᠯᠠᠭᠴᠢ᠄ ᠦᠨᠦ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠲᠥᠷᠥᠭᠳᠡᠯ ᠢᠶᠠᠨ ᠬᠤᠪᠢᠶᠠᠯᠴᠠᠨ᠎ᠠ ᠤᠤ︖ | ᠮᠡᠨᠳᠦᠪᠠᠶᠠᠷ᠄ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠠᠲᠠᠶ ᠶᠢ | ᠡᠷᠬᠢᠮᠯᠡᠨ ᠰᠢᠨ᠎ᠡ ᠶᠢ ᠡᠭᠦᠳᠬᠦ᠂ ᠰᠢᠨᠲᠠᠷᠠᠰᠢ ᠥᠬᠡᠶ ᠴᠢᠷᠮᠠᠶᠢᠨ ᠵᠢᠳᠬᠦᠬᠦ ᠠᠵᠢᠯ ᠤᠨ ᠰᠤᠷᠲᠠᠯ ᠪᠠ ᠬᠠᠷᠢᠭᠤᠴᠠᠯᠭ᠎ᠠ ᠡᠭᠦᠷᠭᠡᠯᠡᠯ ᠢ ᠬᠦᠢᠴᠡᠳ ᠲᠤᠰᠬᠠᠵᠤ᠂ ᠦᠨᠡᠨ | ᠪᠤᠳᠠᠳᠠᠢ ᠪᠦᠬᠡᠳ ᠢᠳᠡᠬᠡᠯ ᠵᠤᠷᠢᠭ ᠢ ᠬᠦᠪᠴᠢᠯᠡᠨ᠂ ᠤᠷᠮᠠᠰᠢᠭᠤᠯᠤᠯ ᠤᠨ ᠬᠦᠴᠦᠨ ᠢᠶᠠᠷ ᠴᠢᠩᠭ᠎ᠠ ᠢᠯᠡᠳᠬᠡᠯ ᠪᠤᠯᠤᠭᠰᠠᠨ ᠪᠠᠶᠢᠨ᠎ᠠ᠃ | ᠠᠵᠢᠯ ᠤᠨ ᠢᠯᠡᠳᠬᠡᠯ ᠳᠤ ᠲᠤᠭ᠎ᠠ ᠪᠠᠷᠢᠮᠲᠠ ᠪᠠ ᠪᠣᠳᠠᠲᠤ ᠬᠡᠷᠡᠭ ᠢ ᠤᠶᠠᠯᠳᠤᠭᠤᠯᠤᠨ᠂ ᠨᠠᠷᠢᠨ ᠬᠢᠨᠠᠮᠠᠭᠠᠢ ᠵᠠᠳᠠᠯᠤᠨ ᠳ᠋ᠦᠩᠨᠡᠵᠦ᠂ ᠬᠠᠷᠠᠯᠲᠠ ᠲᠣᠳᠣᠷᠬᠠᠢ᠂ | ᠠᠷᠭ᠎ᠠ ᠠᠪᠴᠠᠯ ᠡᠷᠴᠢᠮᠳᠠᠢ᠂ ᠦᠢᠯᠡᠳᠦᠯᠬᠡᠳᠦ ᠴᠢᠨᠠᠷ ᠢᠶᠠᠷ ᠴᠢᠩᠭ᠎ᠠ᠂ ᠤᠯᠠᠨ ᠲᠦᠮᠡᠨ ᠤ ᠬᠦᠰᠡᠯ ᠵᠤᠷᠢᠯᠳᠠ ᠳᠤ ᠨᠠᠶᠢᠴᠡᠭᠰᠡᠨ ᠪᠠᠶᠢᠨ᠎ᠠ᠃ | ᠠᠵᠢᠯ ᠤᠨ ᠢᠯᠡᠳᠬᠡᠯ ᠳᠤ ᠥᠩᠭᠡᠷᠡᠭᠰᠡᠨ ᠨᠢᠬᠡ ᠵᠢᠯ ᠤᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠣᠯᠤᠭᠰᠠᠨ ᠴᠢᠬᠤᠯᠠ ᠠᠮᠵᠢᠯᠲᠠ | ᠪᠦᠲᠦᠮᠵᠢ ᠶᠢ ᠣᠨᠣᠪᠴᠢᠲᠠᠢ ᠮᠦᠷᠳᠡᠬᠡᠨ ᠨᠠᠷᠢᠨ ᠪᠣᠳᠠᠲᠠᠢ ᠳ᠋ᠦᠩᠨᠡᠵᠠᠢ᠂ ᠵᠢᠱᠢᠶᠡᠯᠡᠪᠡᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠳᠤ | ᠰᠢᠢᠳᠪᠦᠷᠢᠲᠦ ᠢᠯᠠᠯᠲᠠ ᠣᠯᠬᠤ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠤᠨ ᠦᠢᠯᠡᠰ ᠴᠥᠮ ᠵᠠᠩᠭᠢᠯᠠᠭ᠎ᠠ ᠶᠢᠨ | ᠴᠢᠨᠠᠷᠲᠠᠢ ᠠᠬᠢᠴᠠ ᠲᠠᠢ ᠪᠣᠯᠵᠤ᠂ ᠨᠢᠬᠡᠨ ᠪᠦᠯᠦᠭ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠭᠰᠡᠨ ᠳᠤ ᠮᠠᠰᠢ ᠲᠠᠭᠠᠯᠠᠭᠳᠠᠵᠤ ᠪᠠᠶᠢᠨ᠎ᠠ᠃ | ᠡᠨᠡ ᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ ᠲᠤᠩ ᠡᠷᠴᠢᠮ ᠲᠠᠢ ᠪᠠᠶᠢᠵᠤ᠂ ᠠᠵᠤ ᠠᠬᠤᠶ ᠶᠢᠨ ᠬᠦᠭᠵᠢᠯᠳᠡ ᠶᠢᠨ ᠬᠠᠨᠳᠤᠰᠢ ᠶᠢᠨ | ᠤᠳᠠᠭᠠᠰᠢᠷᠠᠯᠳᠠ ᠪᠠ ᠬᠢᠵᠢᠭ ᠤᠨ ᠪᠠᠶᠢᠳᠠᠯ ᠤᠨ ᠨᠥᠯᠥᠭᠡᠯᠡᠯ ᠲᠤᠤᠷ᠎ᠠ ᠴᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠠᠬᠤᠢ ᠶᠢᠨ ᠪᠠᠶᠢᠳᠠᠯ | ᠢ ᠦᠨᠳᠦᠰᠦᠨ ᠳᠡᠭᠡᠨ ᠲᠤᠭᠳᠠᠭᠤᠨ ᠪᠠᠶᠢᠬᠤ ᠶᠢ ᠪᠠᠳᠤᠯᠠᠨ᠂ ᠣᠯᠠᠨ ᠲᠠᠯ᠎ᠠ ᠶᠢᠨ ᠠᠰᠢᠭ ᠲᠤᠰᠠ ᠶᠢ ᠬᠠᠮᠳᠤ ᠳᠤᠨᠢ ᠬᠠᠷᠠᠭᠠᠯᠵᠠᠬᠤ ᠪᠠᠶᠢᠯᠳᠤᠬᠤ ᠪᠣᠳᠣᠯᠭ᠎ᠠ ᠶᠢᠨ | ᠲᠣᠬᠢᠶᠠᠯ ᠢ ᠠᠳᠬᠤᠵᠤ᠂ ᠵᠦᠶ ᠵᠣᠬᠢᠰᠲᠠᠶ ᠠᠵᠢᠯ ᠤᠨ ᠬᠠᠷᠠᠯᠲᠠ ᠪᠠ ᠠᠷᠭ᠎ᠠ ᠪᠠᠷᠢᠯ ᠨᠢ ᠲᠡᠮᠡᠴᠡᠬᠦ ᠬᠠᠷᠠᠯᠳᠠ ᠪᠠ ᠤᠷᠤᠭᠰᠢᠯᠠᠬᠤ ᠴᠢᠭᠯᠡᠯ ᠢ ᠤᠯᠠᠮ ᠲᠤᠳᠤᠳᠬᠠᠪᠠ᠃ | ᠪᠢᠳᠡ ᠡᠷᠬᠡᠪᠰᠢ ᠴᠤᠴᠠᠯᠲᠠ ᠦᠭᠡᠢ ᠤᠷᠤᠭᠰᠢᠯᠠᠬᠤ ᠵᠣᠷᠢᠭ ᠢ ᠪᠠᠷᠢᠮᠳᠠᠯᠠᠨ᠂ ᠬᠠᠨᠴᠤᠶ ᠰᠢᠮᠠᠯᠠᠨ ᠴᠢᠷᠮᠠᠶᠢᠨ ᠠᠵᠢᠯᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦᠳᠦᠬᠡᠨ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠬᠤ ᠪᠠᠷ | ᠴᠢᠷᠮᠠᠶᠢᠨ᠎ᠠ᠃ | | ᠰᠤᠷᠪᠤᠯᠵᠢᠯᠠᠭᠴᠢ᠄ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠮᠵᠢᠯᠲᠠ ᠶᠢᠨ ᠲᠤᠬᠠᠢ ᠲᠦᠬᠦᠮ | ᠶᠠᠷᠢᠨ᠎ᠡ ᠤᠤ︖ | ᠮᠡᠨᠳᠦᠪᠠᠶᠠᠷ᠄ 2019 ᠣᠨ ᠳᠤ᠂ ᠡᠵᠡᠨ ᠬᠤᠷᠤᠭ᠎ᠠ ᠬᠤᠰᠢᠭᠤ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠬᠦᠯᠦᠯᠳᠡ ᠪᠠᠨ ᠴᠢᠬᠤᠯᠠ ᠠᠵᠢᠯ ᠤᠨ ᠪᠠᠶᠢᠷᠢᠨ ᠳᠤ ᠲᠠᠯᠪᠢᠵᠤ᠂ ᠪᠠᠯᠠ ᠮᠥᠩᠭᠦ᠂ ᠲᠥᠷᠥᠯ ᠵᠦᠢᠯ ᠵᠡᠷᠭᠡ ᠲᠠᠯ᠎ᠠ ᠪᠠᠷ ᠴᠢᠬᠤᠯᠠᠴᠢᠯᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠩᠬ᠎ᠠ ᠠᠯᠬᠤᠮ ᠤᠨ ᠦᠷ᠎ᠡ ᠪᠦᠲᠦᠮᠵᠢ ᠶᠢ ᠤᠯᠪᠠ᠃ ᠨᠢᠭᠡ ᠳᠤ ᠵᠢᠱᠢᠶ᠎ᠡ ᠦᠵᠡᠭᠦᠯᠦᠨ | ᠬᠥᠲᠥᠯᠥᠨ ᠳᠠᠭᠠᠭᠤᠯᠬᠤ ᠶᠢ ᠰᠠᠶᠢᠲᠤᠷ ᠠᠳᠬᠤᠨ᠎ᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ | ᠲᠥᠰᠦᠯ︾ ᠵᠢᠴᠢ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠵᠡᠷᠭᠡ 5 ᠲᠤᠰᠬᠠᠶ ᠲᠦᠰᠦᠯ ᠢ ᠲᠣᠭᠲᠠᠭᠠᠪᠠ᠃ ︽ | ᠲᠠᠪᠤᠨ ᠣᠳᠣᠨ ᠤ ᠪᠠᠷᠢᠮᠵᠢᠶ᠎ᠠ ᠳᠤ ᠬᠦᠷᠭᠡᠬᠦ᠂ ᠣᠨᠴᠠᠯᠢᠭ ᠢ ᠡᠭᠦᠳᠦᠨ ᠪᠠᠶᠢᠭᠤᠯᠬᠤ︾ ᠱᠠᠭᠠᠷᠳᠠᠯᠭ᠎ᠠ ᠶᠤᠰᠤᠭᠠᠷ᠂ 5 ᠬᠤᠲᠠ ᠶᠢᠨ ᠲᠠᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠢ ᠪᠠᠶᠢᠭᠤᠯᠪᠠ᠃ ᠬᠤᠶᠠᠷ ᠲᠤ ᠠᠵᠤ ᠦᠢᠯᠡᠰ ᠢᠶᠠᠷ ᠲᠤᠯᠭᠠᠭᠤᠷᠢᠯᠠᠬᠤ ᠶᠢ ᠴᠢᠩᠭᠠᠳᠬᠠᠨ᠎ᠠ᠃ | ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠠᠷᠭ᠎ᠠ︾ ᠵᠢᠴᠢ | ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠲᠥᠷᠥᠯ ᠵᠦᠢᠯᠵᠢᠭᠰᠡᠨ ᠬᠠᠮᠢᠶᠠᠷᠤᠯᠲᠠ᠂ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ᠂ ᠮᠥᠩᠭᠦᠨ ᠬᠦᠢᠯᠬᠡᠬᠡᠨ ᠤ | ᠵᠢᠭᠡᠯᠡᠯᠭᠡ ᠶᠢᠨ ᠳᠡᠮᠵᠢᠯᠭᠡ ᠦᠵᠡᠬᠦᠯᠬᠦ ᠪᠠᠷ ᠭᠤᠤᠯ ᠠᠷᠭ᠎ᠠ ᠪᠤᠯᠭᠠᠨ᠂ ᠨᠡᠶᠢᠳᠡ 27 ᠲᠦᠷᠦᠯ ᠤᠨ 6800 ᠲᠦᠮᠡᠨ ᠲᠥᠭᠦᠷᠢᠭ ᠤᠨ ᠲᠡᠳᠬᠦᠨ ᠳᠡᠮᠵᠢᠬᠦ ᠲᠥᠷᠥᠯ | ᠵᠦᠢᠯ ᠢ ᠲᠣᠭᠲᠠᠭᠠᠪᠠ᠃ 1000 ᠲᠦᠮᠡᠨ ᠲᠥᠭᠦᠷᠢᠭ ᠤᠨ ᠮᠥᠩᠭᠦᠨ ᠬᠦᠢᠯᠬᠡᠬᠡᠨ ᠤ ᠵᠢᠭᠡᠯᠡᠯᠭᠡ ᠶᠢᠨ ᠰᠠᠭᠤᠷᠢ ᠪᠠᠯᠠ ᠮᠥᠩᠭᠦ ᠭᠠᠷᠭᠠᠵᠤ᠂ ᠨᠡᠶᠢᠳᠡ 257 | ᠡᠷᠦᠬᠡ ᠳᠤ 3969 ᠲᠦᠮᠡᠨ ᠲᠥᠭᠦᠷᠢᠭ ᠤᠨ ︽ ᠮᠠᠯᠴᠢᠨ ᠲᠠᠷᠢᠶᠠᠴᠢᠨ ᠢ ᠬᠠᠷᠠᠭᠠᠯᠵᠠᠬᠤ ᠵᠢᠭᠡᠯᠡᠯᠭᠡ︾ ᠲᠠᠯᠪᠢᠵᠤ᠂ 600 ᠲᠦᠮᠡᠨ ᠲᠥᠭᠦᠷᠢᠭ ᠤᠨ ︽ | ᠲᠠᠷᠢᠶᠠᠯᠠᠩ ᠤᠨ ᠦᠢᠯᠡᠰ ᠲᠤ ᠠᠰᠢᠭ ᠬᠦᠷᠳᠡᠬᠡᠬᠦ ᠵᠢᠬᠡᠯᠡᠯᠬᠡ︾ ᠲᠠᠷᠬᠠᠭᠠᠪᠠ᠃ 260 ᠡᠷᠦᠬᠡ ᠲᠠᠷᠢᠵᠦ ᠲᠡᠵᠢᠭᠡᠨ ᠦᠷᠡᠵᠢᠭᠦᠯᠬᠦ ᠲᠣᠮᠣ ᠡᠷᠦᠬᠡ᠂ | ᠲᠤᠯᠤᠭᠠᠶᠢᠯᠠᠭᠴᠢ ᠠᠵᠤ ᠠᠬᠤᠶᠢᠯᠠᠯ ᠨᠡᠶᠢᠲᠡ 3275 ᠲᠦᠮᠡᠨ ᠲᠥᠭᠦᠷᠢᠭ ᠤᠨ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ ᠪᠠᠯᠠ ᠮᠥᠩᠭᠦ ᠭᠤᠶᠤᠴᠢᠯᠠᠨ | ᠮᠡᠳᠡᠭᠦᠯᠵᠡᠶ᠃ ᠭᠤᠷᠪᠠ ᠳᠤ ᠪᠦᠬᠦ ᠲᠠᠯ᠎ᠠ ᠪᠠᠷ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠬᠤᠭ ᠨᠣᠪᠰᠢ | ᠰᠢᠢᠳᠪᠦᠷᠢᠯᠡᠬᠦ ᠲᠠᠯ᠎ᠠ ᠪᠠᠷ᠂ ᠡᠷᠦᠬᠡ᠂ ᠬᠤᠷᠰᠢᠶ᠎ᠠ᠂ ᠲᠣᠰᠬᠤᠨ᠂ ᠪᠠᠯᠭᠠᠰᠤ᠂ ᠬᠤᠰᠢᠭᠤ ︽ᠲᠠᠪᠤᠨ ᠱᠠᠲᠤ ᠬᠤᠯᠪᠣᠭᠠᠯᠠᠨ ᠬᠥᠳᠡᠯᠦᠯᠴᠡᠬᠦ︾ ᠬᠤᠭ ᠨᠣᠪᠰᠢ | ᠰᠢᠢᠳᠪᠦᠷᠢᠯᠡᠬᠦ ᠲᠤᠭᠳᠠᠯᠴᠠᠭ᠎ᠠ ᠶᠢ ᠪᠦᠷᠢᠯᠳᠦᠭᠦᠯᠵᠡᠶ᠃ ᠪᠣᠬᠢᠷ ᠤᠰᠤ ᠰᠢᠢᠳᠪᠦᠷᠢᠯᠡᠬᠦ ᠲᠠᠯ᠎ᠠ ᠪᠠᠷ᠂ 12 ᠪᠠᠭ᠎ᠠ ᠬᠡᠯᠪᠡᠷᠢ ᠶᠢᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠪᠠᠶᠢᠭᠤᠯᠵᠤ᠂ ᠪᠥᠬᠦ ᠬᠤᠲᠠ ᠳᠤ ᠰᠢᠶᠠᠩ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠤᠷᠢᠳᠠᠪᠠᠷ | ᠪᠡᠶᠡᠯᠡᠭᠦᠯᠪᠡ᠃ ᠵᠣᠷᠯᠣᠩ ᠤᠨ ᠦᠬᠡᠷᠡᠴᠢᠯᠡᠯᠳᠡ ᠶᠢᠨ ᠲᠠᠯ᠎ᠠ ᠪᠠᠷ᠂ 7556 ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠬᠦᠯᠪᠡ᠃ 2019 | ᠣᠨ ᠳᠤ ᠮᠠᠨ ᠤ ᠬᠤᠰᠢᠭᠤ ᠪᠥᠬᠦ ᠤᠯᠤᠰ ᠤᠨ ᠬᠦᠳᠡᠭᠡ ᠲᠣᠰᠬᠤᠨ ᠢ ᠴᠡᠪᠡᠷᠰᠢᠭᠦᠯᠬᠦ ᠠᠵᠢᠯᠯᠠᠭᠠᠨ ᠤ ᠲᠡᠷᠢᠭᠦᠨ ᠤ ᠰᠢᠶᠠᠨ ᠢᠶᠠᠷ ᠦᠨᠡᠯᠡᠭᠳᠡᠪᠡ᠃ | ᠲᠠᠷᠠᠭ᠎ᠠ ᠠᠯᠬᠤᠮ ᠳᠤ᠂ ᠮᠠᠨ ᠤ ᠬᠤᠰᠢᠭᠤ ᠲᠠᠷᠢᠶᠠᠯᠠᠩ ᠢ ᠬᠦᠭᠵᠢᠬᠦᠯᠦᠨ᠂ ᠬᠥᠳᠡᠭᠡ ᠲᠣᠰᠬᠤᠨ ᠢ ᠭᠤᠶᠤᠵᠢᠭᠤᠯᠵᠤ᠂ ᠲᠠᠷᠢᠶᠠᠴᠢᠨ ᠢ ᠪᠠᠶᠠᠵᠢᠭᠤᠯᠬᠤ | ᠲᠤᠭᠤᠷᠢᠨ ᠳᠤ᠂ ︽ᠭᠤᠷᠪᠠᠨ ᠣᠷᠣᠨ ᠲᠠᠪᠤᠨ ᠦᠢᠯᠡᠰ︾ ᠤᠨ ᠪᠥᠬᠦ ᠲᠠᠯ᠎ᠠ ᠶᠢᠨ ᠬᠥᠭᠵᠢᠯᠲᠡ ᠪᠠᠷ ᠬᠦᠳᠡᠯᠬᠡᠭᠴᠢ ᠬᠦᠴᠦᠨ ᠪᠤᠯᠭᠠᠵᠤ᠂ ᠪᠠᠷᠠᠭᠤᠨ ᠣᠷᠣᠨ ᠤ | ᠰᠣᠳᠣᠨ ᠲᠠᠷᠢᠶᠠᠯᠠᠩ ᠮᠠᠯ ᠠᠵᠤ ᠠᠬᠤᠶ ᠲᠥᠪᠯᠡᠷᠡᠭᠰᠡᠨ ᠣᠷᠣᠨ᠂ ᠳᠤᠮᠳᠠ ᠬᠡᠰᠡᠭ ᠤᠨ ᠵᠢᠭᠤᠯᠴᠢᠯᠠᠯ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ | ᠦᠵᠡᠭᠦᠯᠬᠦ ᠣᠷᠣᠨ ᠪᠠ ᠵᠡᠭᠦᠨ ᠬᠡᠰᠡᠭ ᠤᠨ ᠠᠭᠤᠷᠬᠠᠶ ᠶᠢᠨ ᠣᠷᠣᠨ ᠤ ᠪᠣᠬᠢᠷᠲᠤᠯ ᠥᠬᠡᠶ ᠠᠮᠢ ᠠᠬᠤᠶ ᠶᠢᠨ ᠳᠠᠭᠤᠷᠢᠶᠠᠯ ᠦᠵᠡᠬᠦᠯᠬᠦ ᠣᠷᠣᠨ ᠤ ᠬᠥᠭᠵᠢᠯᠲᠡ ᠶᠢᠨ | ᠪᠠᠶᠢᠷᠢ ᠲᠣᠭᠲᠠᠭᠠᠯᠲᠠ ᠶᠢ ᠳᠣᠪᠤᠶᠢᠯᠭᠠᠵᠤ᠂ ᠲᠠᠷᠢᠬᠤ᠂ ᠲᠡᠵᠢᠭᠡᠬᠦ᠂ ᠪᠤᠯᠪᠠᠰᠤᠷᠠᠭᠤᠯᠬᠤ᠂ ᠵᠢᠭᠤᠯᠴᠢᠯᠠᠯ᠂ ᠦᠢᠯᠡᠴᠢᠯᠡᠭᠡ ᠵᠡᠷᠭᠡ ᠲᠠᠪᠤᠨ ᠲᠥᠷᠥᠯ ᠤᠨ ᠠᠵᠤ | ᠦᠢᠯᠡᠰ ᠤᠨ ᠬᠡᠪᠴᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ 3 ᠲᠦᠷᠦᠯ ᠤᠨ | ᠠᠵᠢᠯ ᠢ ᠭᠤᠤᠯᠳᠠᠯᠭ᠎ᠠ ᠲᠠᠢ ᠠᠳᠬᠤᠨ᠎ᠠ᠃ | ᠨᠢᠭᠡ ᠳᠤ᠂ ᠠᠵᠤ ᠦᠢᠯᠡᠰ ᠢᠶᠠᠷ ᠲᠡᠳᠬᠦᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠰᠣᠳᠣᠨ ᠪᠦᠲᠦᠭᠡᠭᠳᠡᠬᠦᠨ ᠢ ᠣᠨᠴᠠᠯᠢᠭᠵᠢᠭᠤᠯᠬᠤ᠂ | ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠬᠥᠭᠵᠢᠯᠲᠡ ᠶᠢᠨ ᠴᠢᠭᠯᠡᠯ ᠢ ᠪᠠᠷᠢᠮᠲᠠᠯᠠᠨ᠂ ᠦᠢᠯᠡᠳᠪᠦᠷᠢᠡᠯᠡᠯ᠂ ᠬᠠᠮᠢᠶᠠᠷᠤᠯᠳᠠ᠂ ᠪᠤᠷᠤᠯᠠᠭᠤᠯᠭ᠎ᠠ ᠶᠢᠨ 3 | ᠭᠤᠭᠴᠤᠭ᠎ᠠ ᠶᠢ ᠭᠤᠣᠯᠳᠠᠯᠭ᠎ᠠ ᠲᠠᠢ ᠠᠳᠬᠤᠵᠤ᠂ ᠠᠵᠤ ᠦᠢᠯᠡᠰ ᠢᠶᠠᠷ ᠲᠡᠳᠬᠦᠬᠦ ᠪᠡᠯᠡ ᠮᠥᠩᠭᠦ ᠶᠢ 1000 ᠲᠦᠮᠡᠨ ᠲᠥᠭᠦᠷᠢᠭ ᠤᠷᠤᠭᠤᠯᠬᠤ ᠪᠠᠷ ᠲᠦᠯᠦᠪᠯᠡᠵᠦ | ᠂ 17 ᠠᠵᠤ ᠦᠢᠯᠡᠰ ᠤᠨ ᠲᠥᠷᠥᠯ ᠵᠦᠢᠯ ᠢ ᠲᠡᠳᠬᠦᠨ᠎ᠠ᠃ ᠡᠭᠦᠨ ᠤ ᠬᠠᠮᠲᠤ ᠬᠤᠰᠢᠭᠤᠨ ᠤ ᠶᠦᠨ ᠳ᠋ᠦᠩ ᠪᠦᠯᠦᠭᠯᠡᠯ ᠢᠶᠠᠷ ᠲᠦᠷᠦᠭᠦᠯᠡᠨ᠂ ᠭᠠᠵᠠᠷ ᠣᠷᠣᠨ ᠤ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠶ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠷᠢᠶᠠᠯᠠᠩ ᠪᠠ ᠮᠠᠯ ᠲᠠᠵᠢᠬᠡᠪᠦᠷᠢ ᠢ | ᠪᠦᠳᠦᠬᠡᠭᠳᠡᠬᠦᠨ ᠤ ᠪᠣᠷᠣᠯᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠲᠠᠷᠢᠶᠠᠴᠢᠳ ᠤᠨ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ | ᠠᠯᠬᠤᠮ ᠰᠠᠭᠠᠳ ᠥᠬᠡᠶ ᠨᠡᠪᠲᠡᠷᠡᠭᠦᠯᠦᠨ᠎ᠡ᠃ | ᠬᠤᠶᠠᠷ ᠲᠤ᠂ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠦᠯᠡᠳᠡᠭᠰᠡᠨ 5192 | ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ | 90% ᠠᠴᠠ ᠳᠡᠭᠡᠭᠰᠢ ᠳᠤ ᠬᠦᠷᠬᠡᠬᠦ ᠶᠢ ᠪᠠᠲᠤᠯᠠᠨ᠎ᠠ᠃ 5 ᠰᠠᠭᠤᠷᠢ ᠲᠦᠷᠬᠡᠨ ᠠᠭᠤᠷᠰᠢᠭᠤᠯᠤᠨ ᠡᠷᠦᠳᠡᠰᠵᠢᠬᠦᠯᠬᠦ ᠵᠤᠤᠬ᠎ᠠ ᠶᠢ ᠰᠢᠨ᠎ᠡ ᠪᠠᠷ ᠪᠠᠶᠢᠭᠤᠯᠵᠤ᠂ | ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠰᠢᠰᠲ᠋ᠧᠮ ᠤᠨ ᠪᠦᠷᠬᠦᠴᠡ ᠶᠢ 95% ᠳᠤ ᠬᠦᠷᠭᠡᠨ᠎ᠡ᠃ ᠡᠭᠦᠨ ᠤ ᠬᠠᠮᠲᠤ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠬᠠᠮᠢᠶᠠᠷᠤᠯᠲᠠ᠂ ᠬᠢᠨᠠᠨ ᠰᠢᠯᠭᠠᠷᠠᠭᠤᠯᠬᠤ ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠤᠷᠤᠰᠢᠨ ᠰᠠᠭᠤᠬᠤ ᠣᠷᠴᠢᠨ ᠲᠣᠭᠤᠷᠢᠨ ᠤ ᠲᠤᠳᠠᠭᠳᠠᠯ ᠲᠠᠯ᠎ᠠ ᠶᠢ ᠬᠦᠴᠦᠯᠡᠨ ᠨᠥᠬᠦᠪᠥᠷᠢᠯᠡᠨ᠎ᠡ᠃ | ᠭᠤᠷᠪᠠ ᠳᠤ᠂ ᠬᠥᠳᠡᠭᠡ ᠲᠣᠰᠬᠤᠨ ᠤ ᠵᠠᠰᠠᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠮᠠᠨ ᠤ ᠬᠤᠰᠢᠭᠤ ᠨᠢ ᠪᠥᠬᠦ ᠤᠯᠤᠰ ᠤᠨ ᠬᠥᠳᠡᠭᠡ | ᠲᠣᠰᠬᠤᠨ ᠤ ᠵᠠᠰᠠᠯᠲᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠦᠷᠦᠭᠦᠤ ᠪᠦᠯᠦᠭ ᠤᠨ ᠲᠤᠷᠰᠢᠯᠲᠠ ᠶᠢᠨ ᠬᠤᠰᠢᠭᠤ ᠰᠢᠶᠠᠨ ᠤ ᠪᠥᠲᠥᠭᠡᠨ | ᠪᠠᠶᠢᠭᠤᠯᠤᠯᠲᠠ ᠪᠠᠷ ᠲᠣᠬᠢᠶᠠᠯ ᠪᠤᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠲᠤᠭᠳᠠᠯᠴᠠᠭ᠎ᠠ᠂ ᠬᠥᠳᠡᠭᠡ ᠲᠣᠰᠬᠤᠨ ᠤ ᠣᠯᠠᠨ | ᠡᠰᠢᠲᠦ ᠬᠠᠮᠲᠤ ᠪᠠᠷ ᠵᠠᠰᠠᠬᠤ ᠵᠠᠭᠪᠤᠷ᠂ ᠬᠥᠳᠡᠭᠡ ᠲᠣᠰᠬᠤᠨ ᠤ ᠶᠡᠷᠦᠩᠬᠡᠶᠢᠯᠡᠨ ᠵᠠᠰᠠᠬᠤ ᠲᠤᠭᠳᠠᠯᠴᠠᠭ᠎ᠠ ᠪᠠ ᠬᠥᠳᠡᠭᠡ ᠲᠣᠰᠬᠤᠨ ᠤ ᠣᠷᠴᠢᠨ ᠲᠣᠭᠤᠷᠢᠨ ᠢ ᠵᠠᠰᠠᠬᠤ | ᠲᠣᠭᠲᠠᠴᠠ ᠶᠢᠨ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠬᠥᠳᠡᠭᠡ ᠲᠣᠰᠬᠤᠨ ᠤ ᠵᠠᠰᠠᠯᠲᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠰᠦᠪᠡᠭᠴᠢᠯᠡᠨ | ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ︽ᠭᠤᠷᠪᠠᠨ ᠵᠠᠰᠠᠯᠳᠠ ᠶᠢ ᠠᠭᠤᠰᠤᠯᠴᠠᠭᠤᠯᠬᠤ︾ ᠵᠠᠭᠪᠤᠷ ᠤᠨ ᠢᠯᠡᠳᠲᠡ ᠦᠷ᠎ᠡ ᠪᠦᠲᠦᠮᠵᠢ ᠤᠯᠬᠤ ᠶᠢ | ᠠᠬᠢᠭᠤᠯᠵᠤ᠂ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠳᠤ ᠦᠨᠡᠨᠬᠦ ᠵᠢᠱᠢᠶ᠎ᠡ | ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠦᠨ᠎ᠡ᠃ | | | | | | |