ᠬᠤᠶᠠᠷ ᠬᠤᠷᠠᠯ ᠤᠨ ᠰᠤᠷᠪᠤᠯᠵᠢᠯᠠᠭ᠎ᠠ ︵ᠨᠢᠬᠡ︶
ᠨᠡᠶᠢᠲᠡᠯᠡᠭᠰᠡᠨ ᠴᠠᠭ᠄
2020/11/18
     ᠰᠤᠷᠪᠤᠯᠵᠢᠯᠠᠭᠴᠢ᠄ ᠰᠢᠨᠵᠢᠯᠡᠬᠦ ᠤᠬᠠᠭᠠᠨ ᠰᠢᠨᠵᠢᠯᠡᠭᠡ ᠮᠡᠷᠬᠡᠵᠢᠯ ᠢ ᠴᠢᠬᠤᠯᠠᠴᠢᠯᠠᠨ ᠬᠦᠨᠳᠦᠳᠬᠡᠵᠦ᠂ ᠦᠪᠡᠷ ᠎ ᠢᠶᠠᠨ ᠠᠷᠪᠢᠨ ᠲᠤᠰᠬᠠᠢ ᠡᠮᠴᠢᠯᠡᠬᠡᠨ ᠤ ᠲᠠᠯ᠎ᠠ ᠶᠢᠨ ᠲᠤᠰᠬᠠᠢ ᠡᠷᠬᠡ ᠠᠰᠢᠭ ᠢ ᠤᠯᠤᠭᠰᠠᠨ ᠬᠦᠮᠦᠨ ᠪᠤᠯᠤᠭᠰᠠᠨ ᠤ ᠬᠤᠪᠢ ᠳᠤ᠂ ᠲᠠᠨ ᠤ ᠦᠵᠡᠬᠦ ᠪᠠᠷ ᠰᠢᠨᠵᠢᠯᠡᠬᠦ ᠤᠬᠠᠭᠠᠨ ᠰᠢᠨᠵᠢᠯᠡᠭᠡ ᠮᠡᠷᠬᠡᠵᠢᠯ ᠢ ᠴᠢᠬᠤᠯᠠᠴᠢᠯᠠᠵᠤ ᠰᠢᠨ᠎ᠡ ᠶᠢ ᠡᠬᠦᠳᠬᠦ ᠨᠢ ᠦᠨᠦᠳᠦᠷ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠶᠠᠮᠠᠷ ᠦᠢᠯᠡᠳᠦᠯ ᠢ ᠦᠵᠡᠬᠦᠯᠳᠡᠭ ᠶᠤᠮ ᠪᠤᠯ︖      ᠬᠤᠪᠢᠰᠬᠠᠯᠳᠤ᠄ ᠰᠠᠶᠢᠨ ᠪᠠᠶᠢᠨ᠎ᠠ ᠤᠤ᠂ ᠴᠢᠨᠠᠷ ᠰᠠᠶᠢᠳᠠᠢ ᠠᠵᠤ ᠠᠬᠤᠢ ᠶᠢ ᠪᠦᠳᠦᠬᠡᠨ ᠪᠠᠶᠢᠭᠤᠯᠬᠤ ᠳᠤ ᠬᠠᠮᠤᠭ ᠤᠨ ᠲᠡᠷᠢᠬᠦᠨ ᠳᠤ ᠰᠢᠨᠵᠢᠯᠡᠬᠦ ᠤᠬᠠᠭᠠᠨᠴᠢ ᠡᠬᠦᠳᠦᠨ ᠪᠦᠳᠦᠬᠡᠯ ᠪᠤᠯ ᠨᠢᠬᠡᠳᠦᠬᠡᠷ ᠠᠯᠬᠤᠮ ᠤᠨ ᠴᠢᠬᠤᠯᠠᠴᠢᠯᠠᠭ᠎ᠠ ᠲᠠᠢ ᠬᠡᠵᠦ ᠦᠵᠡᠵᠦ ᠪᠤᠯᠤᠨ᠎ᠠ᠃ ᠰᠢᠨᠵᠢᠯᠡᠬᠦ ᠤᠬᠠᠭᠠᠨ ᠬᠦᠭᠵᠢᠪᠡᠯ ᠰᠠᠶ᠋ᠢ ᠬᠦᠳᠡᠯᠮᠤᠷᠢ ᠬᠦᠴᠦ ᠶᠢ ᠴᠢᠯᠦᠬᠡᠯᠡᠵᠦ᠂ ᠴᠠᠭ ᠲᠤ ᠭᠠᠮᠳᠠᠢ ᠪᠤᠯᠵᠤ᠂ ᠮᠠᠨ ᠤ ᠪᠦᠳᠦᠴᠡ ᠤᠯᠠᠮ ᠠᠷᠪᠢᠵᠢᠵᠦ᠂ ᠤᠯᠠᠮ ᠶᠡᠭᠡ ᠦᠷ᠎ᠡ ᠠᠰᠢᠭ ᠎ ᠢ ᠤᠯᠬᠤ ᠪᠤᠯᠤᠯᠴᠠᠭ᠎ᠠ ᠲᠠᠢ᠂ ᠲᠡᠬᠡᠪᠡᠯ᠂ ᠰᠢᠨᠵᠢᠯᠡᠬᠦ ᠤᠬᠠᠭᠠᠨ ᠢ ᠬᠦᠭᠵᠢᠬᠦᠯᠬᠦ ᠳᠤ ᠬᠠᠮᠤᠭ ᠤᠨ ᠠᠩᠬᠠᠨ ᠱᠠᠭᠠᠷᠳᠠᠭᠳᠠᠬᠤ ᠨᠢ ᠮᠠᠨ ᠤ ᠨᠡᠶᠢᠬᠡᠮ ᠤᠨ ᠬᠦᠮᠦᠰ ᠤᠨ ᠰᠤᠶᠤᠯ ᠤᠨ ᠨᠡᠶᠢᠳᠡᠮᠵᠢᠯ ᠬᠦᠭᠵᠢᠵᠦ᠂ ᠰᠤᠶᠤᠯ ᠤᠬᠠᠭᠠᠨ ᠬᠦᠭᠵᠢᠵᠦ᠂ ᠲᠠᠬᠢᠪᠠᠯ᠂ ᠪᠤᠯᠪᠠᠰᠤᠨ ᠬᠦᠭᠵᠢᠪᠡᠯ ᠰᠢᠨᠵᠢᠯᠡᠬᠦ ᠤᠬᠠᠭᠠᠨ ᠤᠯᠠᠮ ᠢᠯᠡᠬᠦᠦ ᠬᠦᠭᠵᠢᠨ᠎ᠡ᠃ ᠰᠢᠨᠵᠢᠯᠡᠬᠦ ᠤᠬᠠᠭᠠᠨᠴᠢ ᠠᠵᠤ ᠠᠬᠤᠢ ᠬᠦᠭᠵᠢᠪᠡᠯ ᠮᠠᠨ ᠤ ᠤᠷᠴᠢᠨ ᠲᠤᠭᠤᠷᠢᠨ ᠤ ᠡᠪᠳᠡᠭᠳᠡᠯ ᠪᠠᠭᠠᠰᠴᠤ᠂ ᠬᠤᠵᠢᠮ ᠤ ᠬᠦᠮᠦᠰ ᠎ ᠲᠤ ᠴᠡᠪᠡᠷ ᠰᠠᠶᠢᠬᠠᠨ ᠤᠷᠴᠢᠨ ᠲᠤᠭᠤᠷᠢᠨ ᠢ ᠦᠯᠡᠳᠡᠬᠡᠨ ᠦᠭᠴᠦ ᠲᠡᠶᠢᠯᠡᠬᠦ ᠪᠦᠬᠡᠳ  ᠨᠡᠩ ᠴᠤ ᠲᠠᠯᠡᠬᠡᠢ ᠶᠢᠨ ᠲᠠᠪᠰᠢᠭᠰᠠᠨ ᠤᠯᠤᠰ ᠤᠷᠤᠨ ᠲᠠᠢ ᠭᠠᠳᠤᠷᠢᠭ᠎ᠠ ᠨᠡᠶᠢᠯᠡᠬᠦ ᠠᠶᠢᠵᠠᠮ ᠲᠠᠢ ᠪᠤᠯᠤᠨ᠎ᠠ ᠬᠡᠵᠦ ᠦᠵᠡᠵᠦ ᠪᠠᠶᠢᠨ᠎ᠠ᠃ ᠵᠢᠱᠢᠶᠠᠯᠠᠪᠡᠯ᠂ ᠪᠢᠳᠠᠨ ᠤ ᠤᠳᠤ ᠶᠢᠨ ᠲᠦᠬᠦᠬᠡᠢ ᠡᠳ᠋ ᠢ ᠰᠢᠭᠤᠳ ᠪᠤᠷᠤᠯᠠᠭᠤᠯᠬᠤ ᠪᠢᠰᠢ ᠬᠠᠷᠢᠨ ᠴᠢᠨᠠᠷ ᠰᠠᠶᠢᠳᠠᠢ ᠪᠦᠳᠦᠬᠡᠭᠳᠡᠬᠦᠨ ᠪᠤᠯᠭᠠᠪᠠᠯ ᠦᠷ᠎ᠡ ᠠᠰᠢᠭ ᠨᠢ ᠲᠦᠬᠦᠬᠡᠢ ᠡᠳ᠋ ᠢ ᠪᠤᠷᠤᠯᠠᠭᠤᠯᠬᠤ ᠠᠴᠠ ᠬᠡᠴᠢᠨᠡᠨ ᠲᠠᠬᠢᠨ ᠢᠯᠡᠬᠦᠦ ᠪᠤᠯᠬᠤ ᠶᠢ ᠪᠦᠷ ᠮᠡᠳᠡᠵᠦ ᠪᠠᠶᠢᠭ᠎ᠠ ᠶᠤᠮ᠂ ᠶᠠᠫᠤᠨ ᠤᠯᠤᠰ ᠤᠨ ᠲᠡᠷᠬᠡ ᠲᠡᠯᠡᠬᠡᠢ ᠳᠤ ᠨᠡᠶᠢᠳᠡᠮ ᠪᠤᠷᠤᠯᠠᠭᠤᠯᠤᠭᠳᠠᠬᠤ ᠰᠢᠭ᠋᠃ ᠲᠠᠬᠢᠪᠠᠯ᠂ ᠲᠤᠤᠷ ᠰᠦᠯᠵᠢᠶ᠎ᠡ ᠺᠤᠮᠫᠢᠦ᠋ᠲ᠋ᠧᠷ ᠮᠡᠳᠦ ᠶᠢᠨ ᠦᠨᠳᠦᠷ ᠵᠡᠷᠬᠡ ᠶᠢᠨ ᠰᠢᠨᠵᠢᠯᠡᠬᠦ ᠤᠬᠠᠭᠠᠨᠴᠢ ᠦᠷ᠎ᠡ ᠪᠦᠳᠦᠬᠡᠯ ᠨᠡᠩ ᠠᠷᠪᠢᠨ ᠪᠤᠯᠪᠠᠯ᠂ ᠡᠨᠡ ᠮᠡᠳᠦ ᠶᠢᠨ ᠦᠷ᠎ᠡ ᠠᠰᠢᠭ ᠤᠨ ᠲᠦᠯᠦᠬᠡ ᠪᠢᠳᠠ ᠪᠠᠰᠠ ᠴᠢᠷᠮᠠᠶᠢᠵᠤ ᠪᠤᠯᠤᠨ᠎ᠠ᠂ ᠲᠡᠬᠡᠪᠡᠯ ᠲᠠᠶᠠᠭᠠᠷ ᠢᠶᠠᠨ ᠴᠢᠷᠮᠠᠶᠢᠪᠠᠯ ᠠᠯᠢᠪᠠ ᠪᠦᠬᠦᠨ ᠪᠦᠷ ᠤᠷᠤᠭᠰᠢᠳᠠᠢ ᠪᠦᠳᠦᠵᠦ ᠲᠡᠶᠢᠯᠬᠦ ᠶᠤᠮ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号