ᠬᠤᠶᠠᠷ ᠬᠤᠷᠠᠯ ᠤᠨ ᠰᠤᠷᠪᠤᠯᠵᠢᠯᠠᠭ᠎ᠠ ︵ᠬᠤᠶᠠᠷ︶
ᠨᠡᠶᠢᠲᠡᠯᠡᠭᠰᠡᠨ ᠴᠠᠭ᠄
2020/11/18
      ᠰᠤᠷᠪᠤᠯᠵᠢᠯᠠᠭᠴᠢ᠄ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠤᠭᠤᠷᠢᠭ ᠤᠨ ᠦᠬᠡᠷᠡᠴᠢᠯᠡᠯᠳᠡ ᠶᠢ ᠠᠬᠢᠭᠤᠯᠬᠤ ᠪᠤᠯ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠬᠤ ᠲᠤᠳᠤᠭᠠᠳᠤ ᠬᠡᠷᠡᠭᠴᠡᠭᠡ ᠶᠢ ᠦᠷᠬᠡᠳᠬᠡᠬᠦ ᠴᠢᠬᠤᠯᠠ ᠠᠷᠭ᠎ᠠ ᠬᠡᠳᠡᠭ᠂ ᠪᠠᠰᠠ ᠤᠯᠤᠰ ᠤᠨ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠤᠭᠤᠷᠢᠭ ᠤᠨ ᠦᠭᠡᠷᠡᠴᠢᠯᠡᠯᠳᠡ ᠶᠢᠨ ᠬᠦᠴᠦᠯᠡᠴᠡ ᠪᠠᠨ ᠦᠷᠬᠡᠳᠬᠡᠬᠦ ᠪᠠᠷ ᠲᠤᠭᠳᠠᠭᠰᠠᠨ ᠪᠠᠶᠢᠨ᠎ᠠ᠃ ᠲᠡᠬᠡᠪᠡᠯ᠂ ᠡᠳᠡᠬᠡᠷ ᠲᠦᠷᠦ ᠶᠢᠨ ᠪᠤᠳᠤᠯᠭ᠎ᠠ ᠶᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠪᠠᠯ᠂ ᠲᠠ ᠶᠠᠮᠠᠷ ᠰᠠᠨᠠᠯ ᠰᠠᠨᠠᠭᠤᠯᠭ᠎ᠠ ᠲᠡᠪᠰᠢᠬᠦᠯᠬᠦ ᠪᠤᠢ︖ ᠡᠰᠡᠬᠦᠯ᠎ᠡ ᠮᠠᠨ ᠤ ᠬᠤᠰᠢᠭᠤᠨ ᠤ ᠬᠠᠭᠤᠴᠢᠨ ᠰᠠᠭᠤᠭᠠᠯᠢ ᠲᠤᠭᠤᠷᠢᠭ ᠤᠨ ᠦᠬᠡᠷᠡᠴᠢᠯᠡᠯᠳᠡ ᠶᠢᠨ ᠲᠠᠯ᠎ᠠ ᠪᠠᠷ ᠶᠠᠭᠠᠬᠢᠵᠤ ᠬᠢᠪᠡᠯ ᠨᠡᠩ ᠵᠤᠬᠢᠰᠳᠠᠢ ᠬᠡᠵᠦ ᠦᠵᠡᠵᠦ ᠪᠠᠶᠢᠨ᠎ᠠ︖     ᠽᠠᠨᠳᠠᠨ᠄ ᠲᠠᠶᠠᠭᠠᠷ ᠰᠠᠶᠢᠨ ᠪᠠᠶᠢᠨ᠎ᠠ ᠤᠤ︖ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠦᠬᠡᠷᠡᠴᠢᠯᠡᠬᠦ ᠠᠵᠢᠯ ᠢ ᠪᠤᠯ ᠦᠪᠦᠷ ᠮᠤᠩᠭᠤᠯ ᠤᠨ ᠵᠠᠰᠠᠭ ᠤᠨ ᠤᠷᠳᠤᠨ ᠠᠴᠠ ᠲᠠᠷᠬᠠᠭᠠᠭᠰᠠᠨ ᠵᠢᠬᠡᠯᠡᠯᠬᠡ ᠶᠢᠨ ᠲᠡᠮᠳᠡᠭᠳᠦ ᠪᠡᠯᠡ ᠮᠦᠩᠭᠦ ᠶᠢ ᠴᠢᠷᠮᠠᠶᠢᠨ ᠤᠯᠤᠭᠰᠠᠨ ᠤ ᠤᠷᠢᠳᠠᠯ ᠲᠤᠤᠷ᠎ᠠ ᠮᠠᠨ ᠤ ᠬᠤᠰᠢᠭᠤᠨ ᠤ ᠠᠯᠳᠠᠨᠰᠢᠷᠡᠭᠡ ᠪᠠᠯᠭᠠᠰᠤᠨ ᠳᠤ 28 ᠰᠠᠭᠤᠭᠠᠯᠢ ᠲᠤᠭᠤᠷᠢᠭ ᠢ ᠦᠬᠡᠷᠡᠴᠢᠯᠡᠵᠦ᠂ ᠨᠢᠬᠡ ᠲᠦᠮᠡ ᠢᠯᠡᠬᠦᠦ ᠡᠷᠦᠬᠡ᠂ 4 ᠲᠦᠮᠡ ᠢᠯᠡᠬᠦᠦ ᠰᠠᠭᠤᠭᠠᠯᠢ ᠠᠷᠠᠳ ᠲᠤ ᠠᠰᠢᠭ ᠬᠦᠷᠳᠡᠬᠡᠬᠦ ᠪᠠᠷ ᠪᠠᠶᠢᠨ᠎ᠠ᠃ ᠡᠨᠡᠬᠦ ᠢᠨᠵᠧᠨᠧᠷᠢᠩ ᠢ ᠶᠠᠪᠤᠭᠳᠠᠭᠤᠯᠬᠤ ᠳᠤ ᠲᠦᠰᠦᠪᠯᠡᠵᠦ ᠪᠠᠶᠢᠭ᠎ᠠ ᠤᠷᠤᠭᠤᠯᠬᠤ ᠪᠡᠯᠡ ᠮᠦᠩᠭᠦ 1.5 ᠳ᠋ᠦᠩᠰᠢᠭᠤᠷ ᠲᠦᠬᠦᠷᠢᠭ ᠪᠤᠯᠤᠨ᠎ᠠ᠃ ᠲᠡᠬᠡᠪᠡᠯ᠂ ᠰᠠᠭᠤᠭᠠᠯᠢ ᠠᠷᠠᠳ ᠤᠨ ᠲᠤᠭᠤᠷᠢᠭ ᠢ ᠦᠬᠡᠷᠡᠴᠢᠯᠡᠬᠦ ᠡᠨᠡᠬᠦ ᠠᠵᠢᠯ ᠢ ᠪᠤᠯ ᠪᠦᠬᠦ ᠤᠯᠤᠰ᠂ ᠦᠪᠡᠷᠳᠡᠬᠡᠨ ᠵᠠᠰᠠᠬᠤ ᠤᠷᠤᠨ᠂ ᠬᠤᠳᠠ ᠪᠠ ᠮᠠᠨ ᠤ ᠬᠤᠰᠢᠭᠤᠨ ᠤ ᠪᠤᠳᠠᠳᠤ ᠪᠠᠶᠢᠳᠠᠯ ᠢᠶᠠᠨ ᠦᠨᠳᠦᠰᠦᠯᠡᠨ᠂ ᠡᠨᠡ ᠠᠵᠢᠯ ᠢ 2 ᠲᠦᠷᠦᠯ ᠵᠦᠢᠯ ᠪᠤᠯᠭᠠᠨ ᠬᠤᠪᠢᠶᠠᠵᠤ᠂ ᠨᠢᠬᠡ ᠳᠤ ᠰᠠᠭᠤᠷᠢ ᠪᠦᠳᠦᠬᠡᠨ ᠪᠠᠶᠢᠭᠤᠯᠤᠯᠳᠠ ᠶᠢᠨ ᠦᠬᠡᠷᠡᠴᠢᠯᠡᠯᠳᠡ᠂ ᠵᠢᠱᠢᠶᠡᠯᠡᠪᠡᠯ᠂ ᠬᠡᠷ ᠪᠠᠶᠢᠰᠢᠩ ᠤᠨ ᠭᠠᠳᠠᠷ ᠲᠠᠯ᠎ᠠ ᠶᠢ ᠵᠠᠰᠠᠵᠤ ᠴᠢᠮᠡᠭᠯᠡᠬᠦ᠂ ᠭᠠᠵᠠᠷ ᠲᠤᠤᠷᠠᠬᠢ ᠤᠰᠤ᠂ ᠴᠠᠬᠢᠯᠭᠠᠨ᠂ ᠬᠡᠢ᠂ ᠴᠠᠬᠢᠯᠭᠠᠨ ᠬᠤᠯᠪᠤᠭ᠎ᠠ ᠡᠳᠡᠬᠡᠷ ᠰᠠᠭᠤᠷᠢ ᠲᠦᠬᠦᠬᠡᠷᠦᠮᠵᠢ ᠶᠢ ᠦᠬᠡᠷᠡᠴᠢᠯᠡᠨ ᠰᠢᠨᠡᠳᠬᠡᠬᠦ ᠪᠤᠯᠤᠨ᠎ᠠ᠃ ᠬᠤᠶᠠᠷ ᠲᠤ᠂ ᠲᠡᠬᠦᠯᠳᠡᠷᠵᠢᠬᠦᠯᠦᠨ ᠲᠡᠬᠡᠭᠰᠢᠯᠡᠬᠦᠯᠬᠦ ᠲᠦᠷᠦᠦᠯ ᠵᠦᠢᠯ᠂ ᠡᠬᠦᠨ ᠳᠤ ᠲᠠᠷᠤᠢ ᠪᠢᠳᠠᠨ ᠤ ᠰᠠᠭᠤᠭᠠᠯᠢ ᠠᠷᠠᠳ ᠤᠨ ᠲᠤᠭᠤᠷᠢᠭ ᠤᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠬᠦ ᠦᠬᠡᠷᠡᠴᠢᠯᠡᠯᠳᠡ ᠶᠢ ᠬᠢᠵᠤ᠂ ᠴᠠᠬᠢᠯᠭᠠᠨ ᠱᠠᠳᠤ ᠤᠭᠰᠠᠷᠠᠬᠤ᠂ ᠰᠠᠭᠤᠭᠠᠯᠢ ᠲᠤᠭᠤᠷᠢᠭ ᠤᠨ ᠨᠤᠭᠤᠭᠠᠷᠠᠭᠤᠯᠤᠯᠳᠠ᠂ ᠠᠶᠤᠯᠬᠦᠢ ᠶᠢ ᠬᠢᠨᠠᠨ ᠬᠡᠮᠵᠢᠬᠦ ᠲᠦᠬᠦᠬᠡᠷᠦᠮᠵᠢ ᠶᠢ ᠤᠷᠤᠭᠤᠯᠬᠤ᠂ ᠰᠤᠶᠤᠯ ᠰᠡᠯᠡᠬᠦᠴᠡᠯ᠂ ᠪᠡᠶ᠎ᠡ ᠴᠢᠬᠢᠷᠠᠭᠵᠢᠭᠤᠯᠬᠤ ᠲᠦᠬᠦᠬᠡᠷᠦᠮᠵᠢ ᠤᠷᠤᠭᠤᠯᠬᠤ᠂ ᠡᠳᠡᠬᠡᠷ ᠲᠠᠯ᠎ᠠ ᠶᠢᠨ ᠤᠯᠠᠨ ᠵᠦᠢᠯ ᠤᠨ ᠠᠭᠤᠯᠭ᠎ᠠ ᠪᠠᠭᠳᠠᠨ᠎ᠠ᠃ ᠡᠨᠡ ᠵᠢᠯ ᠤᠨ ᠦᠬᠡᠷᠡᠴᠢᠯᠡᠯᠳᠡ ᠶᠢ ᠶᠠᠪᠤᠭᠳᠠᠭᠤᠯᠬᠤ ᠳᠤ ᠰᠠᠭᠤᠭᠠᠯᠢ ᠠᠷᠠᠳ ᠤᠨ ᠠᠷᠠᠳ ᠨᠢᠬᠡᠪᠦᠷᠢ ᠶᠢᠨ ᠠᠰᠢᠭ ᠲᠤᠰᠠ ᠲᠠᠢ ᠰᠢᠭᠤᠳ ᠬᠤᠯᠪᠤᠭᠳᠠᠵᠤ ᠪᠠᠶᠢᠬᠤ ᠤᠴᠢᠷ ᠠᠴᠠ᠂ ᠡᠨᠡ ᠲᠠᠯ᠎ᠠ ᠶᠢᠨ ᠠᠵᠢᠯ ᠢ ᠠᠬᠢᠭᠤᠯᠬᠤ ᠳᠤ ᠠᠷᠪᠢᠨ ᠵᠦᠢᠯ ᠤᠨ ᠰᠢᠢᠳᠪᠦᠷᠢᠯᠡᠬᠦ ᠴᠢᠬᠤᠯᠠᠳᠠᠢ ᠤᠴᠢᠷ ᠲᠤᠯᠭᠠᠷᠠᠵᠤ ᠪᠠᠶᠢᠨ᠎ᠠ᠃ ᠡᠶᠢᠮᠦ ᠠᠴᠠ ᠪᠢᠳᠠᠨ ᠤ ᠦᠨᠳᠦᠰᠦᠯᠡᠵᠦ ᠪᠠᠶᠢᠬᠤ ᠦᠨᠳᠦᠰᠦᠨ ᠵᠠᠷᠴᠢᠮ ᠪᠤᠯ ᠦᠮᠴᠢᠳᠡᠨ ᠢᠶᠠᠷ ᠭᠤᠤᠯ ᠴᠤᠭᠴᠠ ᠪᠠᠨ ᠪᠤᠯᠭᠠᠵᠤ᠂ ᠨᠡᠶᠢᠬᠡᠮ ᠲᠤᠭᠤᠷᠢᠭ ᠭᠤᠤᠯᠯᠠᠵᠤ᠂ ᠵᠠᠰᠠᠭ ᠤᠨ ᠤᠷᠳᠤᠨ ᠬᠦᠳᠦᠯᠦᠨ ᠵᠢᠯᠤᠭᠤᠳᠴᠤ᠂ ᠡᠯ᠎ᠡ ᠰᠠᠯᠠᠭ᠎ᠠ ᠮᠦᠴᠢᠷ ᠠᠴᠠ ᠲᠡᠮᠵᠢᠬᠦ ᠵᠠᠷᠴᠢᠮ ᠢ ᠦᠨᠳᠦᠰᠦᠯᠡᠵᠦ ᠠᠵᠢᠯ ᠢᠶᠠᠨ ᠡᠬᠢᠯᠡᠬᠦᠯᠦᠨ᠎ᠡ᠂ ᠢᠩᠬᠡᠬᠡᠳ᠂ ᠡᠨᠡ ᠠᠵᠢᠯ ᠤᠨ ᠬᠠᠮᠤᠭ ᠰᠡᠬᠦᠯᠴᠢ ᠶᠢᠨ ᠡᠬᠦᠷᠬᠡ ᠪᠤᠯ ᠨᠢᠬᠡᠳᠦᠬᠡᠷ ᠲᠦᠷᠦᠯ ᠤᠨ ᠦᠬᠡᠷᠡᠴᠢᠯᠡᠯᠳᠡ᠂ ᠰᠠᠭᠤᠷᠢ ᠪᠠᠶᠢᠭᠤᠯᠤᠯᠳᠠ ᠶᠢᠨ ᠦᠬᠡᠷᠡᠴᠢᠯᠡᠯᠳᠡ ᠪᠠᠨ ᠪᠢᠳᠠᠨ ᠪᠦᠬᠦᠳᠡ ᠶᠢ ᠨᠢ ᠠᠷᠠᠳ ᠲᠦᠮᠡᠨ ᠳᠡᠭᠡᠨ ᠦᠬᠡᠷᠡᠴᠢᠯᠡᠵᠦ ᠦᠭᠬᠦᠨ᠎ᠡ᠃ ᠬᠤᠶᠠᠳᠤᠭᠠᠷ ᠵᠦᠢᠯ ᠤᠨ ᠲᠡᠬᠦᠯᠳᠡᠷᠵᠢᠬᠦᠯᠦᠨ ᠲᠡᠬᠡᠭᠰᠢᠯᠡᠬᠦᠯᠬᠦ ᠦᠬᠡᠷᠡᠴᠢᠯᠡᠯᠳᠡ ᠠᠭᠤᠯᠭ᠎ᠠ ᠶᠢᠨ ᠠᠷᠪᠢᠨ ᠵᠦᠢᠯ ᠪᠤᠯᠭᠠᠵᠤ᠂ ᠠᠷᠠᠳ ᠲᠤ ᠦᠪᠡᠷ ᠤᠨ ᠬᠠᠮᠤᠭ ᠤᠨ ᠴᠢᠬᠤᠯᠠᠳᠠᠢ ᠦᠬᠡᠷᠡᠴᠢᠯᠡᠬᠦ ᠵᠦᠢᠯ ᠢᠶᠠᠨ ᠰᠤᠩᠭᠤᠨ ᠦᠬᠡᠷᠡᠴᠢᠯᠡᠵᠤ᠂ ᠮᠠᠨ ᠤ ᠡᠨᠡᠬᠦ ᠦᠬᠡᠷᠡᠴᠢᠯᠡᠯᠳᠡ ᠶᠢᠨ ᠢᠨᠵᠧᠨᠧᠷᠢᠩ ᠢᠶᠠᠨ ᠠᠷᠠᠳ ᠲᠦᠮᠡᠨ ᠤ ᠰᠡᠳᠬᠢᠯ ᠰᠠᠨᠠᠭ᠎ᠠ ᠲᠤᠯᠠᠭᠠᠴᠠᠭᠤᠯᠤᠭᠰᠠᠨ ᠢᠨᠵᠧᠨ᠋ᠸᠢᠷᠩ ᠪᠤᠯᠭᠠᠬᠤ ᠪᠠᠷ ᠴᠢᠷᠮᠠᠶᠢᠨ ᠪᠡᠶᠡᠯᠡᠬᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号