ᠣᠷᠣᠨ ᠪᠦᠰᠡ ᠪᠠ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2020/11/18
    ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 15᠎ ᠤ ᠡᠳᠦᠷ ᠤᠨ ᠴᠠᠬᠢᠯᠭᠠᠨ ᠮᠡᠳᠡᠭᠡ     ᠰᠡᠳᠦᠪ᠄ ᠣᠷᠣᠨ ᠪᠦᠰᠡ ᠪᠠ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠲᠤᠬᠠᠢ ᠲᠠᠶᠢᠯᠤᠮᠵᠢ              ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠵᠦᠸᠧ ᠯᠦᠨ   ᠢᠦᠢ ᠵᠢᠶᠠ ᠰᠢᠨ   ᠵᠧᠩ ᠮᠢᠩ ᠳ᠋ᠡ            11 ᠳ᠋ᠦ᠋ᠭᠡᠷ ᠰᠠᠷ᠎ᠠ ᠶᠢᠨ 15᠎ ᠤ ᠡᠳᠦᠷ᠂ ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶ ᠲᠣᠭᠲᠠᠪᠠ᠃ 8 ᠵᠢᠯ ᠤᠨ ᠬᠡᠯᠡᠯᠴᠡᠭᠡ ᠪᠠᠷ ᠳᠠᠮᠵᠢᠨ᠂ ᠪᠦᠬᠦ ᠪᠥᠮᠪᠥᠷᠴᠡᠭ ᠤᠨ ᠬᠠᠮᠤᠭ ᠤᠨ ᠶᠡᠭᠡ ᠴᠢᠯᠦᠭᠡᠲᠦ ᠠᠷᠠᠯᠵᠢᠶᠠᠨ ᠤ ᠣᠷᠣᠨ ᠡᠴᠦᠰ ᠲᠤ ᠪᠠᠨ ᠮᠡᠨᠳᠦᠯᠡᠭᠰᠡᠨ ᠢᠶᠠᠨ ᠲᠤᠩᠬᠠᠭᠯᠠᠵᠤ᠂ ᠵᠢᠩᠬᠢᠨᠢ ᠪᠠᠷ ᠠᠶᠠᠯᠠᠯ ᠢᠶᠠᠨ ᠡᠬᠢᠯᠡᠭᠦᠯᠪᠡ᠃    ᠬᠠᠮᠤᠷᠬᠤ ᠬᠥᠮᠦᠨ ᠠᠮᠠ ᠶᠢᠨ ᠲᠤᠭ᠎ᠠ ᠬᠠᠮᠤᠭ ᠤᠨ ᠣᠯᠠᠨ᠂ ᠪᠦᠷᠢᠯᠳᠦᠬᠦᠨ ᠤ ᠪᠦᠲᠦᠴᠡ ᠬᠠᠮᠤᠭ ᠤᠨ ᠣᠯᠠᠨ ᠡᠰᠢᠵᠢᠭᠰᠡᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠬᠠᠮᠤᠭ ᠤᠨ ᠶᠡᠭᠡ ᠁ RCEP᠎ ᠲᠤ ᠭᠠᠷ ᠤᠨ ᠦᠰᠦᠭ ᠵᠢᠷᠤᠭᠰᠠᠨ ᠨᠢ᠂ ᠭᠠᠵᠠᠷ ᠣᠷᠣᠨ᠂ ᠳᠡᠯᠡᠬᠡᠢ᠂ ᠳᠤᠮᠳᠠᠳᠤ ᠤᠯᠤᠰ ᠲᠤ ᠶᠠᠮᠠᠷ ᠴᠢᠬᠤᠯᠠ ᠶᠡᠭᠡ ᠠᠴᠢ ᠬᠤᠯᠪᠣᠭᠳᠠᠯ ᠲᠠᠢ ᠪᠤᠢ︖
     ᠡᠨᠡ ᠪᠣᠯ 11 ᠳ᠋ᠦ᠋ᠭᠡᠷ ᠰᠠᠷ᠎ᠠ ᠶᠢᠨ 11᠎ ᠤ ᠡᠳᠦᠷ ᠰᠡᠭᠦᠳᠡᠷᠯᠡᠭᠰᠡᠨ ᠳᠤᠮᠳᠠᠳᠤ ᠤᠯᠤᠰ ︵ᠱᠠᠩᠬᠠᠶ︶᠎ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠲᠡᠮᠳᠡᠭᠲᠦ ᠡᠭᠦᠳᠡ ᠪᠣᠯᠤᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠹᠠᠩ ᠵᠧ ᠰᠡᠭᠦᠳᠡᠷᠯᠡᠪᠡ              ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ ᠤ ᠢᠯᠠᠯᠲᠠ          ᠡᠨᠡ ᠤᠳᠠᠭ᠎ᠠ RCEP᠎ ᠲᠤ ᠭᠠᠷ ᠤᠨ ᠦᠰᠦᠭ ᠵᠢᠷᠤᠭᠰᠠᠨ ᠪᠦᠷᠢᠯᠳᠦᠬᠦᠨ ᠤᠯᠤᠰ ᠨᠡᠶᠢᠲᠡ 15 ᠪᠣᠢ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ 10 ᠤᠯᠤᠰ ᠪᠣᠯᠤᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ ᠤᠯᠤᠰ ᠢ ᠪᠠᠭᠲᠠᠭᠠᠵᠠᠢ᠂ ᠪᠦᠬᠦ ᠬᠥᠮᠦᠨ ᠠᠮᠠ 22.7 ᠳ᠋ᠦᠩᠰᠢᠭᠤᠷ ᠲᠤ ᠬᠦᠷᠴᠦ᠂ GDP᠎ ᠨᠢ 26 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠭᠠᠳᠠᠭᠠᠳᠤ ᠭᠠᠷᠭᠠᠯᠲᠠ ᠶᠢᠨ ᠶᠡᠷᠦᠩᠬᠡᠢ ᠵᠣᠭᠤᠰ ᠤᠨ ᠲᠤᠭ᠎ᠠ 5.2 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠴᠥᠮ ᠪᠦᠬᠦ ᠪᠥᠮᠪᠥᠷᠴᠡᠭ ᠤᠨ ᠶᠡᠷᠦᠩᠬᠡᠶ ᠬᠡᠮᠵᠢᠶᠡᠨ ᠤ ᠪᠠᠷᠤᠭ 30%᠎ ᠶᠢ ᠡᠵᠡᠯᠡᠵᠡᠢ᠃ RCEP ᠴᠢᠯᠥᠭᠡᠲᠦ ᠠᠷᠠᠯᠵᠢᠶᠠᠨ ᠤ ᠣᠷᠣᠨ ᠪᠠᠶᠢᠭᠤᠯᠤᠭᠳᠠᠭᠰᠠᠨ ᠨᠢ ᠪᠦᠬᠦ ᠪᠥᠮᠪᠥᠷᠴᠡᠭ ᠤᠨ ᠪᠠᠷᠤᠭ ᠭᠤᠷᠪᠠᠨ ᠤ ᠨᠢᠭᠡ ᠬᠤᠪᠢ ᠶᠢᠨ ᠠᠵᠤ ᠠᠬᠤᠢ ᠶᠢᠨ ᠪᠠᠭᠲᠠᠭᠠᠮᠵᠢ ᠨᠢᠭᠡ ᠴᠣᠭᠴᠠᠵᠢᠭᠰᠠᠨ ᠲᠣᠮᠣ ᠵᠠᠬ᠎ᠠ ᠳᠡᠯᠭᠡᠭᠦᠷ ᠪᠣᠯᠵᠤ ᠪᠦᠷᠢᠯᠳᠦᠭᠰᠡᠨ ᠢ ᠬᠠᠷᠠᠭᠤᠯᠵᠤ ᠪᠠᠶᠢᠨ᠎ᠠ᠃          ᠡᠶᠢᠮᠦᠷᠬᠦᠤ ᠲᠣᠮᠣ ᠵᠠᠬ᠎ᠠ ᠳᠡᠯᠭᠡᠭᠦᠷ ᠬᠢᠯᠪᠠᠷ ᠪᠤᠰᠤ ᠪᠠᠷ ᠢᠷᠡᠭᠰᠡᠨ ᠶᠤᠮ — RCEP᠎ ᠢ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ 2012 ᠣᠨ ᠳᠤ ᠡᠭᠦᠰᠬᠡᠵᠦ᠂ 8 ᠵᠢᠯ ᠤᠨ ᠬᠤᠭᠤᠴᠠᠭᠠᠨ ᠳᠤ 31 ᠡᠭᠡᠯᠵᠢ ᠶᠢᠨ ᠵᠢᠩᠬᠢᠨᠢ ᠬᠡᠯᠡᠯᠴᠡᠭᠡ ᠪᠠᠷ ᠳᠠᠮᠵᠢᠨ᠂ ᠢᠯᠠᠩᠭᠤᠶ᠎ᠠ ᠡᠨᠡ ᠵᠢᠯ ᠠᠴᠠ ᠨᠠᠭᠠᠰᠢ᠂ ᠡᠯ᠎ᠡ ᠪᠦᠷᠢᠯᠳᠦᠬᠦᠨ ᠤᠯᠤᠰ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠯᠤᠲᠤ ᠶᠡᠭᠡ ᠬᠦᠴᠢᠷᠳᠡᠯ ᠢ ᠢᠯᠠᠨ ᠳᠠᠪᠠᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡ ᠶᠢ ᠪᠦᠬᠦ ᠲᠠᠯ᠎ᠠ ᠪᠠᠷ ᠪᠡᠶᠡᠯᠡᠭᠦᠯᠦᠭᠰᠡᠨ ᠪᠦᠭᠡᠳ 1.4 ᠲᠦᠮᠡ ᠭᠠᠷᠤᠶ ᠬᠠᠭᠤᠳᠠᠰᠤ ᠪᠢᠴᠢᠭ ᠮᠠᠲ᠋ᠧᠷᠢᠶᠠᠯ ᠢ ᠬᠠᠤᠯᠢ ᠴᠠᠭᠠᠵᠠ ᠪᠠᠷ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠵᠦ᠂ ᠡᠴᠦᠰ ᠲᠤ ᠪᠠᠨ ᠳᠥᠷᠪᠡᠳᠦᠭᠡᠷ ᠤᠳᠠᠭᠠᠨ ᠤ ᠤᠳᠤᠷᠢᠳᠬᠤ ᠬᠥᠮᠦᠰ ᠤᠨ ᠬᠤᠷᠠᠯᠳᠤᠭᠠᠨ ᠤ ᠬᠤᠭᠤᠴᠠᠭᠠᠨ ᠳᠤ ᠲᠣᠭᠲᠠᠭᠰᠠᠨ ᠴᠠᠭ ᠶᠣᠰᠣᠭᠠᠷ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠨᠢ ᠵᠡᠭᠦᠨ ᠠᠽᠢᠶ᠎ᠠ ᠶᠢᠨ ᠠᠵᠤ ᠠᠬᠤᠶ ᠶᠢᠨ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢᠨ 20 ᠰᠢᠬᠠᠮ ᠵᠢᠯ ᠤᠨ ᠲᠤᠷᠰᠢᠬᠢ ᠬᠠᠮᠤᠭ ᠤᠨ ᠴᠢᠬᠤᠯᠠ ᠦᠷ᠎ᠡ ᠪᠦᠲᠦᠭᠡᠯ ᠪᠣᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ RCEP᠎ ᠨᠢ 15 ᠪᠦᠷᠢᠯᠳᠦᠬᠦᠨ ᠤᠯᠤᠰ ᠴᠥᠮ ᠪᠣᠭᠤᠮᠲᠠ ᠶᠢᠨ ᠭᠠᠶᠢᠯᠢ ᠶᠢ ᠪᠠᠭᠤᠷᠠᠭᠤᠯᠬᠤ᠂ ᠵᠠᠬ᠎ᠠ ᠳᠡᠯᠭᠡᠭᠦᠷ ᠢ ᠨᠡᠭᠡᠭᠡᠬᠦ᠂ ᠪᠠᠷᠢᠮᠵᠢᠶᠠᠲᠤ ᠬᠤᠷᠢᠭ᠎ᠠ ᠶᠢ ᠪᠠᠭᠠᠰᠬᠠᠬᠤ ᠪᠠᠷ ᠠᠮᠠᠯᠳᠠᠬᠤ ᠶᠢ ᠱᠠᠭᠠᠷᠳᠠᠪᠠ᠃ ᠺᠣᠷᠢᠶᠠ ᠶᠢᠨ ᠵᠠᠭᠤᠴᠢᠯᠠᠭᠤᠷ ᠤᠨ ᠵᠢᠱᠢᠭᠰᠡᠨ ᠢᠶᠠᠷ᠂ RCEP ᠬᠦᠴᠦᠨ ᠲᠠᠢ ᠪᠣᠯᠤᠭᠰᠠᠨ ᠤ ᠳᠠᠷᠠᠭ᠎ᠠ᠂ ᠺᠣᠷᠢᠶᠠ ᠶᠢᠨ ᠢᠨᠳᠣᠨᠧᠰᠢᠶ᠎ᠠ ᠳᠤ ᠭᠠᠷᠭᠠᠬᠤ ᠮᠠᠰᠢᠨ ᠲᠡᠷᠭᠡᠨ ᠤ ᠰᠡᠯᠪᠢᠭ ᠲᠣᠨᠤᠭ ᠤᠨ ᠪᠣᠭᠤᠮᠲᠠ ᠶᠢᠨ ᠭᠠᠶᠢᠯᠢ ᠨᠢ ᠣᠳᠣᠬᠠᠨ ᠤ 40%᠎ ᠠᠴᠠ ᠳᠣᠷᠣᠭᠰᠢᠯᠠᠭᠠᠳ ᠲᠡᠭ ᠪᠣᠯᠬᠤ ᠪᠣᠯᠤᠮᠵᠢ ᠲᠠᠢ ᠪᠠᠶᠢᠨ᠎ᠠ᠃
     ᠡᠨᠡ ᠪᠣᠯ 11 ᠳ᠋ᠦ᠋ᠭᠡᠷ ᠰᠠᠷ᠎ᠠ ᠶᠢᠨ 3᠎ ᠤ ᠡᠳᠦᠷ ᠰᠡᠭᠦᠳᠡᠷᠯᠡᠭᠰᠡᠨ ᠱᠠᠩᠬᠠᠶ ᠶᠢᠨ ᠶᠠᠩ ᠱᠠᠨ ᠭᠠᠷᠠᠮ ᠤᠨ ᠴᠢᠩᠭᠡᠯᠢᠭ ᠤᠨ ᠭᠠᠷᠠᠮ ᠪᠣᠯᠤᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠰᠢᠶᠠᠩ ᠰᠡᠭᠦᠳᠡᠷᠯᠡᠪᠡ          ᠳᠤᠮᠳᠠᠳᠤ ᠤᠯᠤᠰ ᠤᠨ ᠤᠯᠠᠨ ᠤᠯᠤᠰ ᠤᠨ ᠠᠰᠠᠭᠤᠳᠠᠯ ᠤᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠷᠤᠸᠠᠨ ᠽᠦᠩ ᠽᠧ ᠡᠨᠡ ᠬᠦ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠢ ︽ᠵᠠᠩᠭᠢᠯᠠᠭ᠎ᠠ ᠴᠢᠨᠠᠷᠲᠠᠢ ᠮᠥᠷᠲᠡᠭᠡᠨ ᠴᠠᠭ ᠲᠤ ᠪᠠᠨ ᠶᠠᠪᠤᠭᠳᠠᠪᠠ︾ ᠭᠡᠵᠦ ᠳᠦᠷᠰᠦᠯᠡᠪᠡ᠃ ︽ᠬᠢᠵᠢᠭ ᠤᠨ ᠪᠠᠶᠢᠳᠠᠯ ᠰᠠᠮᠠᠭᠤᠷᠠᠵᠤ᠂ ᠳᠡᠯᠡᠬᠡᠶ ᠶᠢᠨ ᠠᠵᠤ ᠠᠬᠤᠶ ᠬᠦᠨᠳᠦ ᠨᠣᠴᠢᠲᠠᠶ ᠮᠠᠭᠤᠳᠠᠨ᠂ ᠣᠯᠠᠨ ᠤᠯᠤᠰ ᠤᠨ ᠠᠷᠠᠯᠵᠢᠶᠠᠨ ᠤ ᠪᠡᠯᠡ ᠣᠷᠣᠭᠤᠯᠤᠯᠲᠠ ᠪᠠᠭᠠᠰᠴᠤ᠂ ᠬᠠᠮᠠᠭᠠᠯᠠᠬᠤ ᠦᠵᠡᠯ ᠭᠠᠭᠴᠠ ᠲᠠᠯᠠᠲᠤ ᠦᠵᠡᠯ ᠰᠢᠷᠦᠭᠦᠰᠴᠦ ᠪᠠᠶᠢᠭ᠎ᠠ ᠣᠨᠴᠠᠭᠠᠢ ᠠᠬᠤᠶ ᠪᠠᠶᠢᠳᠠᠯ ᠳᠣᠤᠷ᠎ᠠ᠂ ᠡᠯ᠎ᠡ ᠲᠠᠯ᠎ᠠ ᠶᠢᠨ ᠬᠢᠨ RCEP᠎ ᠶᠢᠨ ᠲᠤᠬᠠᠶ ᠬᠠᠮᠲᠤ ᠶᠢᠨ ᠲᠠᠨᠢᠯᠲᠠ ᠲᠠᠢ ᠪᠣᠯᠵᠤ᠂ ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ ᠤ ᠢᠯᠠᠯᠲᠠ ᠶᠢ ᠲᠤᠩᠬᠠᠭᠯᠠᠵᠤ᠂ ᠡᠯ᠎ᠡ ᠲᠠᠯ᠎ᠠ ᠶᠢᠨ ᠬᠢᠨ ᠠᠵᠤ ᠠᠬᠤᠢ ᠶᠢᠨ ᠨᠡᠮᠡᠭᠳᠡᠯ ᠳᠤ ᠢᠲᠡᠭᠡᠯ ᠵᠣᠷᠢᠭ ᠢᠶᠠᠨ ᠬᠥᠪᠴᠢᠯᠡᠪᠡ︾ ᠭᠡᠪᠡ᠃            ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP᠎ ᠨᠢ ᠵᠡᠭᠦᠨ ᠠᠽᠢᠶ᠎ᠠ ᠶᠢᠨ ᠭᠠᠵᠠᠷ ᠣᠷᠣᠨ ᠤ ᠭᠤᠣᠯ ᠪᠣᠯᠬᠤ ᠤᠯᠤᠰ ᠢ ᠬᠠᠮᠤᠷᠴᠤ᠂ ᠣᠷᠣᠨ ᠪᠦᠰᠡ ᠪᠣᠯᠤᠨ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ ᠭᠡᠪᠡ᠃ ᠣᠯᠠᠨ ᠤᠯᠤᠰ ᠤᠨ ᠨᠠᠷᠠᠲᠤ ᠣᠶᠤᠨ ᠤ ᠬᠥᠮᠥᠷᠭᠡ ᠶᠢᠨ ᠲᠥᠰᠦᠭᠡᠯᠡᠨ ᠪᠤᠳᠤᠭᠰᠠᠨ ᠢᠶᠠᠷ᠂ 2025 ᠣᠨ ᠪᠣᠯᠬᠤ ᠳᠤ᠂ RCEP᠎ ᠨᠢ ᠪᠦᠷᠢᠯᠳᠦᠬᠦᠨ ᠤᠯᠤᠰ ᠤᠨ ᠢᠶᠠᠨ ᠭᠠᠳᠠᠭᠠᠳᠤ ᠭᠠᠷᠭᠠᠯᠲᠠ᠂ ᠭᠠᠳᠠᠭᠠᠳᠤ ᠪᠠᠯᠠ ᠣᠷᠣᠭᠤᠯᠤᠯᠲᠠ ᠶᠢᠨ ᠬᠠᠳᠠᠭᠠᠯᠠᠮᠵᠢ ᠶᠢᠨ ᠬᠡᠮᠵᠢᠶ᠎ᠡ᠂ GDP᠎ ᠶᠢ ᠳᠠᠶᠢᠴᠢᠯᠠᠬᠤ ᠨᠢ ᠰᠠᠭᠤᠷᠢ ᠱᠤᠭᠤᠮ ᠠᠴᠠ ᠲᠣᠰ ᠲᠣᠰ 10.4%᠂ 2.6%᠂ 1.8% ᠢᠯᠡᠭᠦᠦ ᠨᠡᠮᠡᠭᠳᠡᠭᠦᠯᠬᠦ ᠡᠷᠡᠮᠡᠯᠵᠡᠯ ᠲᠠᠢ ᠪᠠᠶᠢᠨ᠎ᠠ ᠭᠡᠪᠡ᠃          ᠳᠡᠯᠡᠬᠡᠢ ᠳ᠋ᠠᠬᠢᠨ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠲᠤᠯᠭᠠᠷᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠨᠢ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠷᠤᠸᠠᠨ ᠽᠦᠩ ᠽᠧ ᠬᠡᠯᠡᠬᠦ ᠳᠤ ᠪᠠᠨ᠂ RCEP ᠲᠣᠭᠲᠠᠭᠰᠠᠨ ᠨᠢ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠴᠢᠯᠥᠭᠡᠲᠦ ᠠᠷᠠᠯᠵᠢᠶᠠᠨ ᠤ ᠣᠷᠣᠨ ︵FTAAP︶᠎ ᠤ ᠠᠬᠢᠴᠠ ᠳᠤ ᠪᠡᠶᠡᠯᠡᠭᠳᠡᠯ ᠤᠨ ᠵᠠᠮ ᠮᠥᠷ ᠢ ᠣᠯᠭᠤᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠶᠢᠰᠢᠳᠠ ᠶᠢᠨ ᠪᠦᠬᠦ ᠪᠥᠮᠪᠥᠷᠴᠡᠭ ᠤᠨ ᠬᠥᠭᠵᠢᠯᠲᠡ ᠶᠢᠨ ᠪᠠᠶᠢᠷᠢᠰᠢᠯ ᠳᠠᠬᠢ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠳᠡᠭ ᠢ ᠲᠥᠰᠥᠭᠡᠯᠡᠨ ᠮᠡᠳᠡᠵᠦ ᠪᠣᠯᠣᠨ᠎ᠠ ᠭᠡᠵᠡᠢ᠃
     ᠥᠩᠬᠦᠷᠢᠭᠦᠯ ᠲᠡᠭᠡᠭᠡᠪᠦᠷᠢᠲᠦ ᠪᠠᠷᠠᠭ᠎ᠠ ᠶᠢᠨ ᠣᠩᠭᠤᠴᠠ ︽ᠯᠣᠣᠯᠠ︾ ᠬᠠᠶᠢᠺᠸᠤ ᠶᠢᠨ ᠰᠢᠤ ᠢᠩ ᠭᠠᠷᠠᠮ ᠳᠤ ᠣᠷᠣᠵᠤ ᠢᠷᠡᠪᠡ᠂ ᠡᠨᠡ ᠪᠣᠯ ᠬᠠᠶᠢᠨᠠᠨ ᠤ ᠴᠢᠯᠥᠭᠡᠲᠦ ᠠᠷᠠᠯᠵᠢᠶᠠᠨ ᠤ ᠣᠷᠣᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢᠬᠢ ᠠᠩᠬᠠᠳᠠᠭᠴᠢ ᠮᠠᠰᠢᠨ ᠲᠡᠷᠭᠡᠨ ᠤ ᠭᠠᠳᠠᠭᠠᠳᠤ ᠠᠷᠠᠯᠵᠢᠶᠠᠨ ᠤ ᠣᠩᠭᠤᠴᠠ ᠪᠣᠯᠤᠨ᠎ᠠ ︵2 ᠳ᠋ᠤᠭᠠᠷ ᠰᠠᠷ᠎ᠠ ᠶᠢᠨ 16᠎ ᠤ ᠡᠳᠦᠷ ᠵᠢᠯᠣᠭᠤᠴᠢ ᠦᠭᠡᠢ ᠨᠢᠰᠬᠡᠯ ᠢᠶᠠᠷ ᠰᠡᠭᠦᠳᠡᠷᠯᠡᠪᠡ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠩ ᠭᠤᠸᠠᠨ ᠢᠦᠶ ᠰᠡᠭᠦᠳᠡᠷᠯᠡᠪᠡ          ᠴᠢᠨᠠᠷ ᠰᠠᠶᠢᠲᠠᠶ ᠪᠠ ᠪᠠᠭᠲᠠᠭᠠᠮᠵᠢᠲᠤ ᠴᠢᠨᠠᠷ ᠤᠨ ᠨᠢᠭᠡᠳᠦᠯ          ᠣᠶᠢᠯᠠᠭᠠᠭᠰᠠᠨ ᠢᠶᠠᠷ᠂ RCEP᠎ ᠨᠢ ᠣᠷᠣᠰᠢᠯ᠂ 20 ᠪᠦᠯᠦᠭ ︵ᠭᠤᠤᠯᠳᠠᠭᠤ ᠪᠠᠷᠠᠭᠠᠨ ᠤ ᠠᠷᠠᠯᠵᠢᠶ᠎ᠠ᠂ ᠣᠭ ᠭᠠᠷᠤᠯᠲᠠ ᠶᠢᠨ ᠣᠷᠣᠨ ᠤ ᠲᠦᠷᠢᠮ᠂ ᠪᠣᠭᠤᠮᠲᠠ ᠶᠢᠨ ᠳᠡᠰ ᠳᠠᠷᠠᠭᠠᠯᠠᠯ ᠪᠠ ᠠᠷᠠᠯᠵᠢᠶ᠎ᠠ ᠶᠢ ᠳᠥᠭᠦᠮᠴᠢᠯᠡᠬᠦ᠂ ᠠᠷᠠᠯᠵᠢᠶᠠᠨ ᠤ ᠲᠡᠳᠬᠦᠮᠵᠢ᠂ ᠦᠢᠯᠡᠴᠢᠯᠡᠭᠡᠨ ᠤ ᠠᠷᠠᠯᠵᠢᠶ᠎ᠠ ᠵᠡᠷᠭᠡ ᠪᠠᠭᠲᠠᠨ᠎ᠠ︶ ᠵᠢᠴᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠮᠠᠯᠠᠯᠲᠠ ᠶᠢᠨ ᠳᠥᠷᠪᠡᠨ ᠬᠦᠰᠦᠨᠦᠭᠲᠦ ᠶᠢᠨ ᠳᠠᠭᠠᠯᠳᠤᠭᠤᠯᠤᠯ ᠢᠶᠠᠷ ᠪᠦᠷᠢᠯᠳᠦᠵᠡᠶ᠃            RCEP᠎ ᠨᠢ ᠶᠠᠮᠠᠷ ᠶᠠᠮᠠᠷ ᠣᠨᠴᠠᠯᠢᠭ ᠲᠠᠢ ᠪᠣᠶ︖ ᠡᠨᠡ ᠪᠣᠯ ᠣᠲᠣ ᠦᠶ᠎ᠡ ᠶᠢᠨ᠂ ᠪᠥᠬᠦ ᠲᠠᠯ᠎ᠠ ᠶᠢᠨ᠂ ᠴᠢᠨᠠᠷ ᠰᠠᠶᠢᠲᠠᠶ᠂ ᠬᠠᠷᠢᠯᠴᠠᠨ ᠠᠰᠢᠭ ᠬᠦᠷᠲᠡᠬᠦ ᠲᠣᠮᠣ ᠬᠡᠯᠪᠡᠷᠢ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠮᠦᠨ — ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠪᠥᠭᠡᠳ ᠣᠯᠠᠨ ᠤᠯᠤᠰ ᠤᠨ ᠠᠷᠠᠯᠵᠢᠶᠠᠨ ᠤ ᠬᠡᠯᠡᠯᠴᠡᠭᠡ ᠶᠢᠨ ᠳᠡᠳ᠋ ᠲᠥᠯᠥᠭᠡᠯᠡᠭᠴᠢ ᠸᠠᠩ ᠱᠸᠦ ᠸᠧᠨ ᠢᠩᠭᠢᠵᠦ ᠬᠡᠯᠡᠭᠰᠡᠨ ᠪᠠᠶᠢᠨ᠎ᠠ᠃            ᠡᠭᠦᠨ ᠠᠴᠠ ᠡᠮᠦᠨ᠎ᠡ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠨᠢᠭᠡᠨᠲᠡ ᠳᠤᠮᠳᠠᠳᠤ ᠤᠯᠤᠰ᠂ ᠶᠠᠫᠣᠨ᠂ ᠺᠣᠷᠢᠶᠠ ᠵᠡᠷᠭᠡ ᠤᠯᠤᠰ ᠲᠠᠢ ︽10+1︾ ᠴᠢᠯᠥᠭᠡᠲᠦ ᠠᠷᠠᠯᠵᠢᠶᠠᠨ ᠤ ᠣᠯᠠᠨ ᠬᠡᠯᠡᠯᠴᠡᠭᠡᠷ ᠲᠣᠭᠲᠠᠵᠠᠶ᠃ ᠳᠤᠮᠳᠠᠳᠤ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ 5 ᠤᠯᠤᠰ ᠴᠤ ᠬᠤᠭᠤᠷᠣᠨᠳᠣ ᠪᠠᠰᠠ ᠴᠢᠯᠥᠭᠡᠲᠦ ᠠᠷᠠᠯᠵᠢᠶᠠᠨ ᠤ ᠬᠠᠨᠢᠲᠠᠨ ᠤ ᠤᠯᠠᠨ ᠬᠠᠷᠢᠴᠠᠭ᠎ᠠ ᠪᠠᠶᠢᠪᠠ᠃ ᠬᠠᠷᠢᠴᠠᠭᠤᠯᠵᠤ ᠦᠵᠡᠪᠡᠯ᠂ RCEP᠎ ᠶᠢᠨ ᠦᠢᠯᠡᠴᠢᠯᠡᠭᠡᠨ ᠤ ᠠᠷᠠᠯᠵᠢᠶ᠎ᠠ ᠪᠠ ᠪᠠᠯᠠ ᠣᠷᠣᠭᠤᠯᠤᠯᠲᠠ ᠶᠢᠨ ᠨᠡᠭᠡᠭᠡᠯᠲᠡ ᠶᠢᠨ ᠬᠢᠷᠢ ᠲᠥᠪᠰᠢᠨ ᠨᠢ ︽10 + 1︾᠎ ᠶᠢᠨ ᠬᠡᠯᠡᠯᠴᠡᠭᠡᠷ ᠠᠴᠠ ᠥᠨᠳᠥᠷ ᠪᠠᠶᠢᠵᠤ᠂ ᠣᠷᠣᠨ ᠪᠦᠰᠡ ᠶᠢᠨ ᠳᠣᠲᠣᠷᠠᠬᠢ ᠠᠵᠤ ᠠᠬᠤᠶ ᠶᠢᠨ ᠠᠷᠠᠯᠵᠢᠶᠠᠨ ᠤ ᠲᠦᠷᠢᠮ ᠤᠨ ︽ᠡᠮᠬᠢᠯᠡᠨ ᠨᠡᠶᠢᠯᠡᠭᠦᠯᠬᠦ ᠪᠠᠭᠠᠵᠢ︾᠎ ᠶᠢᠨ ᠦᠢᠯᠡᠳᠦᠯ ᠢ ᠪᠠᠳᠠᠷᠠᠭᠤᠯᠬᠤ ᠪᠣᠯᠤᠨ᠎ᠠ᠃            ᠪᠡᠭᠡᠵᠢᠩ ᠶᠡᠭᠡ ᠰᠤᠷᠭᠠᠭᠤᠯᠢ ᠶᠢᠨ ᠤᠯᠤᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠢᠦᠶ ᠮᠢᠶᠣᠣ ᠵᠢᠶᠧ ᠬᠡᠯᠡᠭᠰᠡᠨ ᠨᠢ᠂ ᠬᠡᠷᠪᠡ ᠡᠯ᠎ᠡ ᠤᠯᠤᠰ ᠤᠳ ᠬᠤᠭᠤᠷᠣᠨᠳᠣ ᠪᠠᠨ ᠠᠷᠠᠯᠵᠢᠶᠠᠨ ᠤ ᠬᠡᠯᠡᠯᠴᠡᠭᠡᠷ ᠲᠣᠭᠲᠠᠬᠤ ᠳᠤ ᠬᠦᠷᠪᠡᠯ᠂ ᠡᠯ᠎ᠡ ᠬᠡᠯᠡᠯᠴᠡᠭᠡᠷ ᠤᠨ ᠠᠳᠠᠯᠢ ᠪᠤᠰᠤ ᠳᠦᠷᠢᠮ ᠳᠤ ︽ᠢᠲ᠋ᠠᠯᠢ ᠶᠢᠨ ᠭᠤᠯᠢᠷ ᠤᠨ ᠠᠶᠠᠭ᠎ᠠ︾᠎ ᠶᠢᠨ ᠦᠵᠡᠭᠳᠡᠯ ᠭᠠᠷᠴᠤ᠂ ᠬᠠᠶᠢᠴᠢᠯᠠᠭᠠᠳ ᠲᠠᠰᠤᠷᠠᠬᠤ ᠦᠭᠡᠢ᠂ ᠵᠠᠰᠠᠭᠠᠳ ᠪᠠᠰᠠ ᠵᠥᠭᠰᠢᠷᠡᠬᠦ ᠦᠭᠡᠢ ᠪᠣᠯᠣᠨ᠎ᠠ᠃ ᠨᠢᠭᠡᠳᠦᠯᠲᠡᠶ ᠲᠦᠷᠢᠮ ᠢ ᠪᠦᠷᠢᠯᠳᠦᠭᠦᠯᠪᠡᠯ᠂ ᠡᠵᠡᠩᠨᠡᠯᠲᠡ ᠶᠢᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠲᠣᠭᠲᠠᠭᠠᠯᠲᠤ ᠪᠤᠰᠤ ᠴᠢᠨᠠᠷ ᠢ ᠪᠠᠭᠠᠰᠬᠠᠬᠤ ᠪᠣᠯᠤᠨ᠎ᠠ ᠭᠡᠪᠡ᠃
     11 ᠳ᠋ᠦ᠋ᠭᠡᠷ ᠰᠠᠷ᠎ᠠ ᠶᠢᠨ 10᠎ ᠤ ᠡᠳᠦᠷ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠭᠤᠸᠠᠩᠵᠧᠦ ᠶᠢᠨ ᠠᠭᠠᠷ ᠤᠨ ᠠᠶᠠᠯᠠᠯ ᠤᠨ ᠰᠢᠤᠳᠠᠨ ᠤ ᠵᠦᠢᠯ ᠢ ᠰᠢᠢᠳᠪᠦᠷᠢᠯᠡᠬᠦ ᠲᠥᠪ ᠲᠤ᠂ ᠠᠵᠢᠯᠲᠠᠳ ᠶᠡᠷᠦᠩᠬᠡᠶ ᠪᠣᠭᠤᠳᠠᠯ ᠶᠠᠪᠤᠭᠤᠯᠬᠤ ᠭᠡᠵᠦ ᠪᠠᠶᠢᠭ᠎ᠠ ᠣᠷᠣᠨ ᠳᠤ ᠠᠵᠢᠯᠯᠠᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠧᠩ ᠬᠤᠸᠠ ᠰᠡᠭᠦᠳᠡᠷᠯᠡᠪᠡ          ᠬᠤᠳᠠᠯᠳᠤᠭᠠᠨ ᠤ ᠶᠠᠪᠤᠳᠠᠯ ᠤᠨ ᠶᠠᠮᠤᠨ ᠤ ᠣᠯᠠᠨ ᠤᠯᠤᠰ ᠤᠨ ᠵᠤᠷᠭᠠᠨ ᠤ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ RCEP᠎ ᠨᠢ ᠣᠷᠣᠨ ᠪᠦᠰᠡ ᠶᠢᠨ ᠬᠤᠷᠠᠮᠳᠠᠭᠤᠯᠤᠭᠰᠠᠨ ᠤᠭ ᠭᠠᠷᠤᠯᠲᠠ ᠶᠢᠨ ᠣᠷᠣᠨ ᠤ ᠳᠦᠷᠢᠮ ᠢ ᠠᠰᠢᠭᠯᠠᠬᠤ ᠪᠠᠷ ᠳᠠᠮᠵᠢᠭᠤᠯᠤᠨ᠂ ᠣᠷᠣᠨ ᠪᠦᠰᠡ ᠶᠢᠨ ᠳᠣᠲᠣᠷᠠᠬᠢ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠤᠨ ᠬᠡᠯᠬᠢᠶ᠎ᠡ ᠶᠢ ᠭᠦᠨᠵᠡᠭᠡᠶᠢᠷᠡᠭᠦᠯᠦᠨ᠎ᠡ︔ ᠰᠢᠨ᠎ᠡ ᠮᠡᠷᠭᠡᠵᠢᠯ ᠢ ᠠᠰᠢᠭᠯᠠᠨ ᠪᠣᠭᠤᠮᠲᠠ ᠶᠢᠨ ᠳᠥᠭᠦᠮᠴᠢᠯᠡᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠠᠬᠢᠭᠤᠯᠤᠨ᠎ᠠ︔ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠪᠠᠷ ᠪᠡᠯᠡ ᠣᠷᠣᠭᠤᠯᠤᠯᠲᠠ ᠶᠢᠨ ᠴᠢᠯᠥᠭᠡᠵᠢᠯ ᠢ ᠠᠬᠢᠭᠤᠯᠵᠤ ᠪᠡᠯᠡ ᠣᠷᠤᠭᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠂ ᠡᠳᠡᠭᠡᠷ ᠨᠢ ᠴᠥᠮ ᠣᠷᠣᠨ ᠪᠦᠰᠡ ᠶᠢᠨ ᠳᠣᠲᠣᠭᠠᠳᠤ ᠶᠢᠨ ᠠᠵᠤ ᠠᠬᠤᠢ ᠠᠷᠠᠯᠵᠢᠶᠠᠨ ᠤ ᠲᠦᠷᠢᠮ ᠤᠨ ᠰᠢᠯᠢᠳᠡᠭᠵᠢᠯᠲᠡ ᠪᠠ ᠨᠡᠶᠢᠯᠡᠯᠲᠡ ᠶᠢ ᠠᠬᠢᠭᠤᠯᠬᠤ ᠪᠣᠯᠤᠨ᠎ᠠ ᠭᠡᠵᠡᠢ᠃           ︽ᠴᠢᠨᠠᠷ ᠰᠠᠶᠢᠲᠠᠶ ᠪᠠᠶᠢᠬᠤ︾ ᠪᠣᠯ RCEP᠎ ᠶᠢᠨ ᠨᠢᠭᠡᠨ ᠢᠯᠡᠷᠬᠡᠶ ᠣᠨᠴᠠᠯᠢᠭ ᠪᠣᠯᠤᠨ᠎ᠠ᠄ ᠪᠠᠷᠠᠭᠠᠨ ᠤ ᠠᠷᠠᠯᠵᠢᠶ᠎ᠠ ᠶᠢᠨ ᠡᠴᠦᠰ ᠤᠨ ᠪᠣᠭᠤᠮᠲᠠ ᠶᠢᠨ ᠭᠠᠶᠢᠯᠢ ᠦᠭᠡᠢ ᠦᠢᠯᠡᠳᠬᠦᠨ ᠤ ᠲᠤᠭ᠎ᠠ ᠨᠢ ᠪᠦᠬᠦᠯᠢ ᠴᠣᠭᠴᠠ ᠶᠢᠨ 90%᠎ ᠶᠢ ᠳᠠᠪᠠᠵᠦ᠂ ᠦᠢᠯᠡᠴᠢᠯᠡᠭᠡᠨ ᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠶᠡᠷᠦᠩᠬᠡᠶ ᠨᠡᠭᠡᠭᠡᠯᠲᠡ ᠶᠢᠨ ᠬᠢᠷᠢ ᠲᠥᠪᠰᠢᠨ ᠤᠤᠯ ᠤᠨ ︽10+1︾ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠬᠢ ᠠᠴᠠ ᠢᠯᠡᠳᠲᠡ ᠥᠨᠳᠥᠷ ᠪᠣᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠥᠷᠢᠰᠥᠯᠳᠥᠭᠡᠨ ᠤ ᠲᠥᠷᠥ ᠶᠢᠨ ᠪᠣᠳᠣᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠳᠡᠭᠡᠳᠦ ᠬᠢᠷᠢ ᠲᠦᠪᠰᠢᠨ ᠪᠥᠬᠦᠶ ᠣᠳᠣᠬᠢᠴᠢᠯᠠᠭᠰᠠᠨ ᠵᠥᠪᠯᠡᠬᠦ ᠰᠡᠳᠦᠪ ᠢ ᠴᠦ ᠡᠭᠦᠨ ᠳᠤ ᠣᠷᠤᠭᠤᠯᠬᠤ ᠪᠣᠯᠣᠨ᠎ᠠ ᠁            ᠷᠤᠸᠠᠨ ᠽᠦᠩ ᠽᠧ ᠬᠡᠯᠡᠬᠦ ᠳᠤ ᠪᠠᠨ᠂ ᠬᠤᠶᠢᠰᠢᠳᠠ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ ᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠩ ᠶᠡᠭᠡ ᠬᠡᠮᠵᠢᠶ᠎ᠡ ᠪᠠᠷ᠂ ᠨᠡᠩ ᠳᠥᠭᠦᠮ ᠳᠥᠲᠡ ᠬᠦᠷᠲᠡᠬᠦ ᠪᠣᠯᠤᠮᠵᠢ ᠲᠠᠢ᠂ ᠡᠯ᠎ᠡ ᠤᠯᠤᠰ ᠤᠨ ᠠᠷᠠᠳ ᠲᠦᠮᠡᠨ ᠴᠦ ᠨᠡᠩ ᠬᠢᠮᠳᠠ ᠦᠨ᠎ᠡ ᠪᠠᠷ ᠭᠠᠳᠠᠭᠠᠳᠤ ᠠᠴᠠ ᠣᠷᠣᠭᠤᠯᠬᠤ ᠦᠢᠯᠡᠳᠬᠦᠨ ᠢ ᠡᠳ᠋ᠯᠡᠵᠦ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠨᠢ ᠤᠯᠠᠮ ᠨᠢᠭᠡ ᠠᠯᠬᠤᠮ ᠬᠠᠩᠭᠠᠭᠳᠠᠬᠤ ᠪᠣᠯᠤᠨ᠎ᠠ ᠭᠡᠪᠡ᠃
     ᠡᠨᠡ ᠪᠣᠯ ᠬᠡᠪ ᠨᠡᠶᠢᠯᠡᠭᠦᠯᠦᠭᠰᠡᠨ ᠰᠡᠭᠦᠳᠡᠷ ᠪᠣᠯᠣᠨ᠎ᠠ᠂ ᠳᠡᠭᠡᠷᠡᠬᠢ ᠨᠢ 10 ᠳ᠋ᠤᠭᠠᠷ ᠰᠠᠷ᠎ᠠ ᠶᠢᠨ 27᠎ ᠤ ᠡᠳᠦᠷ ᠺᠣᠷᠢᠶᠠ ᠶᠢᠨ ᠰᠸᠦ᠋ᠯ ᠤᠨ ᠯᠦᠩ ᠱᠠᠨ ᠲᠣᠭᠤᠷᠢᠭ ᠲᠤ ᠰᠡᠭᠦᠳᠡᠷᠯᠡᠭᠰᠡᠨ ᠠᠶ ᠮᠦᠸᠧ ᠯᠢ ᠨᠣᠮᠣᠬᠠᠨ ᠳᠠᠯᠠᠶ ᠶᠢᠨ ᠶᠡᠷᠦᠩᠬᠡᠶ ᠵᠠᠬᠢᠷᠭ᠎ᠠ ᠶᠢᠨ ᠲᠣᠮᠣ ᠠᠰᠠᠷ ᠳᠣᠲᠣᠷᠠᠬᠢ ︽ᠠᠶ ᠮᠦᠸᠧ ᠯᠢ ᠳᠡᠯᠭᠡᠭᠦᠷ︾ ᠪᠣᠯᠤᠨ᠎ᠠ᠃ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ  ᠸᠠᠩ ᠵᠢᠩ ᠴᠢᠶᠠᠩ ᠰᠡᠭᠦᠳᠡᠷᠯᠡᠪᠡ︶ ᠳᠣᠣᠷᠠᠬᠢ ᠨᠢ 11 ᠳ᠋ᠦ᠋ᠭᠡᠷ ᠰᠠᠷ᠎ᠠ ᠶᠢᠨ 8᠎ ᠤ ᠡᠳᠦᠷ᠂ ᠲᠣᠭᠤᠷᠢᠨ ᠦᠵᠡᠭᠴᠢ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠤᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ ᠬᠡᠷᠡᠭᠯᠡᠭᠡᠨ ᠤ ᠡᠳ᠋ ᠤᠨ ᠦᠵᠡᠭᠦᠯᠭᠡ ᠶᠢᠨ ᠲᠣᠭᠤᠷᠢᠭ ᠤᠨ ᠠᠶ ᠮᠦᠸᠧ ᠯᠢ ᠨᠣᠮᠣᠬᠠᠨ ᠲᠡᠯᠡᠶ ᠶᠢᠨ ᠦᠵᠡᠭᠦᠯᠦᠯᠭᠡ ᠶᠢᠨ ᠲᠠᠪᠴᠠᠩ ᠳᠤ ᠠᠷᠠᠰᠤ ᠬᠠᠮᠠᠭᠠᠯᠠᠬᠤ ᠡᠳ᠋ ᠢ ᠲᠤᠷᠰᠢᠨ ᠬᠡᠷᠡᠭᠯᠡᠵᠦ ᠪᠠᠶᠢᠭ᠎ᠠ ᠨᠢ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠠᠩ ᠢᠦᠶ ᠸᠧᠶ ᠰᠡᠭᠦᠳᠡᠷᠯᠡᠪᠡ︶            ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠲᠡᠤᠬᠡᠲᠦ ᠴᠢᠨᠠᠷᠲᠠᠢ ᠪᠠᠷ ᠳᠤᠮᠳᠠᠳᠤ ᠤᠯᠤᠰ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ᠂ ᠳᠤᠮᠳᠠᠳᠤ ᠤᠯᠤᠰ ᠪᠣᠯᠤᠨ ᠪᠤᠰᠤᠳ RCEP᠎ ᠶᠢᠨ ᠪᠦᠷᠢᠯᠳᠦᠬᠦᠨ ᠤ ᠬᠤᠭᠤᠷᠣᠨᠳᠣᠬᠢ ᠠᠷᠠᠯᠵᠢᠶᠠᠨ ᠤ ᠶᠡᠷᠦᠩᠬᠡᠶ ᠬᠡᠮᠵᠢᠶ᠎ᠡ 10550 ᠳ᠋ᠦᠩᠰᠢᠭᠤᠷ ᠳ᠋ᠣᠯᠯᠠᠷ ᠲᠤ ᠬᠦᠷᠴᠦ᠂ ᠳᠤᠮᠳᠠᠳᠤ ᠤᠯᠤᠰ ᠤᠨ ᠭᠠᠳᠠᠭᠠᠳᠤ ᠠᠷᠠᠯᠵᠢᠶᠠᠨ ᠤ ᠶᠡᠷᠦᠩᠬᠡᠶ ᠲᠣᠭᠠᠨ ᠤ ᠪᠠᠷᠤᠭ ᠭᠤᠷᠪᠠᠨ ᠤ ᠨᠢᠭᠡ ᠬᠤᠪᠢ ᠶᠢ ᠡᠵᠡᠯᠡᠪᠡ᠃ ᠡᠶᠢᠮᠦ ᠯᠤᠲᠤ ᠶᠡᠭᠡ ᠠᠷᠠᠯᠵᠢᠶᠠᠨ ᠤ ᠬᠡᠮᠵᠢᠶ᠎ᠡ ᠨᠢ ᠪᠣᠭᠤᠮᠲᠠ ᠶᠢᠨ ᠭᠠᠶᠢᠯᠢ ᠶᠢ ᠪᠠᠭᠤᠷᠠᠭᠤᠯᠬᠤ ᠪᠠᠷ ᠳᠠᠮᠵᠢᠭᠠᠳ ᠯᠤᠲᠤ ᠶᠡᠭᠡ ︽ᠠᠷᠠᠯᠵᠢᠶᠠᠨ ᠤ ᠡᠭᠦᠳᠦᠯᠲᠡ︾᠎ ᠶᠢᠨ ᠦᠢᠯᠡᠳᠦᠯ ᠭᠠᠷᠭᠠᠬᠤ ᠨᠢ ᠳᠠᠮᠵᠢᠭ ᠦᠭᠡᠢ ᠶᠤᠮ᠃          ᠳᠤᠷᠠᠳᠤᠭᠤᠰᠢᠲᠠᠶ ᠵᠦᠢᠯ ᠭᠡᠪᠡᠯ᠂ RCEP ᠭᠡᠷ᠎ᠡ ᠪᠠᠷ ᠳᠠᠮᠵᠢᠨ᠂ ᠤᠤᠯ ᠨᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠦᠭᠡᠢ ᠪᠠᠶᠢᠭᠰᠠᠨ ᠳᠤᠮᠳᠠᠳᠤ ᠶᠠᠫᠣᠨ᠂ ᠶᠠᠫᠣᠨ ᠺᠣᠷᠢᠶᠠ ᠬᠤᠭᠤᠷᠣᠨᠳᠤ ᠪᠠᠨ ᠪᠠᠰᠠ ᠴᠢᠯᠥᠭᠡᠲᠦ ᠠᠷᠠᠯᠵᠢᠶᠠᠨ ᠤ ᠰᠢᠨ᠎ᠡ ᠬᠠᠨᠢᠲᠠᠨ ᠤ ᠬᠠᠷᠢᠴᠠᠭ᠎ᠠ ᠶᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠴᠢᠯᠥᠭᠡᠲᠦ ᠠᠷᠠᠯᠵᠢᠶᠠᠨ ᠤ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃            ︽RCEP᠎ ᠶᠢ ᠲᠣᠭᠲᠠᠭᠰᠠᠨ ᠨᠢ᠂ ᠳᠤᠮᠳᠠᠳᠤ ᠶᠠᠫᠣᠨ ᠺᠣᠷᠢᠶᠠ ᠶᠢᠨ ᠨᠡᠩ ᠥᠨᠳᠥᠷ ᠲᠦᠪᠰᠢᠨ ᠪᠦᠬᠦᠢ ᠠᠵᠤ ᠠᠬᠤᠢ ᠶᠢᠨ ᠨᠢᠭᠡ ᠴᠤᠬᠴᠠᠵᠢᠯᠳᠠ ᠶᠢ ᠠᠬᠢᠭᠤᠯᠬᠤ ᠳᠤ ᠳᠡᠮᠵᠢᠯᠭᠡ ᠪᠣᠯᠬᠤ ᠪᠥᠭᠡᠳ ᠢᠷᠡᠭᠡᠳᠦᠢ ᠳᠤ ᠳᠤᠮᠳᠠᠳᠤ ᠶᠠᠫᠣᠨ ᠺᠣᠷᠢᠶᠠ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠤᠬᠢᠷᠠᠯᠴᠠᠬᠤ ᠳᠤ ᠰᠠᠭᠤᠷᠢ ᠲᠠᠯᠪᠢᠵᠤ ᠥᠭᠬᠦ ᠪᠣᠯᠤᠨ᠎ᠠ︾ ᠭᠡᠵᠦ ᠸᠠᠩ ᠱᠸᠦ ᠸᠧᠨ ᠬᠡᠯᠡᠪᠡ᠃            ᠬᠠᠷᠢᠯᠴᠠᠨ ᠬᠠᠷᠠᠭᠠᠯᠵᠠᠯ ᠦᠵᠡᠭᠦᠯᠬᠦ ᠲᠠᠯ᠎ᠠ ᠪᠠᠷ᠂ RCEP᠎ ᠨᠢ ᠠᠳᠠᠯᠢ ᠪᠤᠰᠤ ᠤᠯᠤᠰ ᠤᠨ ᠪᠠᠶᠢᠳᠠᠯ ᠢ ᠬᠠᠷᠠᠭᠠᠯᠵᠠᠨ᠂ ᠬᠠᠮᠤᠭ ᠤᠨ ᠬᠤᠴᠤᠷᠠᠩᠭᠤᠢ ᠤᠯᠤᠰ ᠲᠤ ᠣᠨᠴᠠᠭᠠᠶ ᠪᠠ ᠵᠥᠷᠢᠶᠡᠲᠦ ᠬᠠᠷᠠᠭᠠᠯᠵᠠᠯ ᠬᠦᠷᠲᠡᠭᠡᠬᠦ ᠪᠣᠯᠣᠨ᠎ᠠ᠂ ᠥᠭᠡᠷ᠎ᠡ ᠪᠠᠷ ᠬᠡᠯᠡᠪᠡᠯ ᠡᠯ᠎ᠡ ᠲᠠᠯ᠎ᠠ ᠶᠢᠨ ᠬᠢᠨ ᠤ ᠬᠦᠰᠡᠯ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠷᠠᠭᠠᠯᠵᠠᠬᠤ ᠪᠣᠯᠣᠨ᠎ᠠ᠃ ᠵᠠᠳᠠᠯᠤᠭᠴᠢᠳ ᠬᠡᠯᠡᠬᠦ ᠳᠤ ᠪᠠᠨ᠂ ᠡᠨᠡ ᠨᠢ ᠲᠣᠰ ᠭᠠᠵᠠᠷ ᠣᠷᠣᠨ ᠤ ᠪᠠᠨ ᠪᠠᠭᠲᠠᠭᠠᠮᠵᠢᠲᠠᠶ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠳᠤ RCEP᠎ ᠶᠢᠨ ᠦᠷ᠎ᠡ ᠪᠦᠲᠦᠭᠡᠯ ᠢ ᠭᠦᠢᠴᠡᠳ ᠬᠠᠮᠲᠤ ᠪᠠᠷ ᠬᠦᠷᠲᠡᠭᠡᠬᠦ ᠪᠣᠯᠤᠨ᠎ᠠ ᠭᠡᠵᠡᠶ᠃
     11 ᠳ᠋ᠦ᠋ᠭᠡᠷ ᠰᠠᠷ᠎ᠠ ᠶᠢᠨ 10᠎ ᠤ ᠡᠳᠦᠷ᠂ ᠲᠣᠭᠤᠷᠢᠨ ᠦᠵᠡᠭᠴᠢᠳ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠢᠳᠡᠭᠡᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠤᠨ ᠶᠠᠫᠤᠨ ᠤ ᠠᠷᠠᠯᠵᠢᠶ᠎ᠠ ᠶᠢ ᠬᠥᠭᠵᠢᠭᠦᠯᠦᠨ ᠮᠠᠨᠳᠤᠭᠤᠯᠬᠤ ᠪᠠᠶᠢᠭᠤᠯᠤᠮᠵᠢ ᠶᠢᠨ ᠦᠵᠡᠭᠦᠯᠦᠯᠭᠡ ᠶᠢᠨ ᠲᠠᠪᠴᠠᠩ ᠠᠴᠠ ᠭᠠᠷᠴᠤ ᠢᠷᠡᠵᠦ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠴᠧᠨ ᠶᠧ ᠬᠤᠸᠠ ᠰᠡᠭᠦᠳᠡᠷᠯᠡᠪᠡ         ᠳᠤᠮᠳᠠᠳᠤ ᠤᠯᠤᠰ ᠤᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠴᠢᠬᠤᠯᠠ ᠲᠠᠪᠴᠠᠩ          ᠴᠢᠯᠥᠭᠡᠲᠦ ᠠᠷᠠᠯᠵᠢᠶᠠᠨ ᠤ ᠣᠷᠣᠨ ᠤ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠬᠦ ᠪᠣᠯ ᠳᠤᠮᠳᠠᠳᠤ ᠤᠯᠤᠰ ᠤᠨ ᠰᠢᠨ᠎ᠡ ᠨᠢᠭᠡ ᠡᠭᠡᠯᠵᠢ ᠶᠢᠨ ᠭᠠᠳᠠᠭᠠᠳᠤ ᠨᠡᠬᠡᠬᠡᠯᠳᠡ ᠶᠢᠨ ᠴᠢᠬᠤᠯᠠ ᠠᠭᠤᠯᠭ᠎ᠠ ᠪᠣᠯᠤᠨ᠎ᠠ᠃          ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ︽ᠪᠦᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ ᠤ ᠲᠣᠤᠷ ᠰᠦᠯᠵᠢᠶ᠎ᠡ ᠶᠢ ᠪᠠᠶᠢᠭᠤᠯᠤᠨ᠎ᠠ︾ ᠭᠡᠵᠦ ᠲᠣᠳᠣᠷᠬᠠᠶ ᠳᠤᠷᠠᠳᠤᠨ ᠭᠠᠷᠭᠠᠪᠠ︔ ᠲᠡᠷᠢᠭᠦᠯᠡᠭᠴᠢ ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠡᠭᠡᠷ᠎ᠡ ᠪᠠᠰᠠ ︽ᠳᠤᠮᠳᠠᠳᠤ ᠤᠯᠤᠰ ᠳᠤᠷᠠᠲᠠᠶ᠎ᠠ ᠨᠠᠩ ᠣᠯᠠᠨ ᠤᠯᠤᠰ ᠲᠠᠢ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠢ ᠵᠥᠪᠳᠡᠯᠴᠡᠨ ᠲᠣᠭᠲᠠᠵᠤ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠠᠯᠢ ᠲᠦᠷᠭᠡᠨ ᠢᠶᠠᠷ ᠭᠠᠷ ᠤᠨ ᠦᠰᠦᠭ ᠵᠢᠷᠤᠬᠤ ᠶᠢ ᠠᠬᠢᠭᠤᠯᠤᠨ᠎ᠠ ᠁︾ ᠭᠡᠵᠦ ᠲᠣᠳᠣᠷᠬᠠᠢ ᠢᠯᠡᠷᠬᠡᠶᠢᠯᠡᠪᠡ᠃            ᠵᠠᠳᠠᠯᠤᠭᠴᠢᠳ ᠵᠢᠭᠠᠵᠤ ᠭᠠᠷᠭᠠᠭᠰᠠᠨ ᠨᠢ᠂ RCEP ᠴᠢᠯᠥᠭᠡᠲᠦ ᠠᠷᠠᠯᠵᠢᠶᠠᠨ ᠤ ᠣᠷᠣᠨ ᠢ ᠪᠠᠶᠢᠭᠤᠯᠬᠤ ᠨᠢ ᠳᠤᠮᠳᠠᠳᠤ ᠤᠯᠤᠰ ᠰᠢᠨ᠎ᠡ ᠴᠠᠭ ᠦᠶ᠎ᠡ ᠳᠤ ᠨᠡᠬᠡᠬᠡᠯᠳᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢᠶᠠᠷ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠳᠤ ᠯᠤᠲᠤ ᠶᠡᠭᠡ ᠬᠦᠴᠦᠨ ᠨᠡᠮᠡᠷᠢᠯᠡᠬᠦ ᠪᠣᠯᠤᠨ᠎ᠠ ᠭᠡᠵᠡᠢ᠃          ︽RCEP ᠪᠣᠯ ︿ᠬᠤᠤᠰ ᠣᠷᠴᠢᠯ﹀᠎ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠦᠢᠯ ᠤᠨ ᠵᠠᠩᠭᠢᠯᠠᠭ᠎ᠠ ᠪᠣᠯᠬᠤ ᠲᠣᠭᠲᠠᠴᠠ ᠶᠢᠨ ᠴᠢᠨᠠᠷᠲᠠᠶ ᠬᠠᠮᠲᠤᠷᠠᠯᠴᠠᠭᠠᠨ ᠤ ᠲᠠᠪᠴᠠᠩ ᠮᠥᠨ᠂ ᠡᠨᠡ ᠬᠦ ᠪᠣᠷᠣ ᠲᠥᠯᠥᠪ ᠤᠨ ᠳᠣᠣᠷ᠎ᠠ᠂ ᠳᠤᠮᠳᠠᠳᠤ ᠤᠯᠤᠰ ᠡᠬᠢ ᠪᠠᠶᠠᠯᠢᠭ ᠪᠣᠯᠤᠨ ᠴᠢᠬᠤᠯᠠ ᠡᠯᠧᠮᠧᠨ᠋ᠲ ᠢ ᠨᠡᠩ ᠥᠨᠳᠥᠷ ᠪᠦᠲᠦᠮᠵᠢᠲᠡᠢ ᠳᠤᠬᠢᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠪᠣᠯᠤᠨ᠎ᠠ︾ ᠭᠡᠵᠦ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ ᠤ ᠲᠥᠪ ᠤᠨ ᠡᠷᠬᠢᠯᠡᠭᠴᠢ ᠵᠠᠩ ᠵᠢᠶᠠᠨ ᠫᠢᠩ ᠬᠡᠯᠡᠪᠡ᠃
     ᠡᠨᠡ ᠪᠣᠯ ᠬᠡᠪ ᠨᠡᠶᠢᠯᠡᠭᠦᠯᠦᠭᠰᠡᠨ ᠰᠡᠭᠦᠳᠡᠷ ᠪᠣᠯᠣᠨ᠎ᠠ᠂ ᠳᠡᠭᠡᠷᠡᠬᠢ ᠨᠢ ᠠᠶ ᠯᠠᠶ ᠹᠡ ᠰᠢ ᠰᠢᠨ᠎ᠡ ᠽᠢᠯᠠᠨᠳ᠋ ᠤᠨ ᠺᠣᠮᠫᠠᠨᠢ ᠶᠢᠨ ᠠᠵᠢᠯᠲᠠᠨ ᠵᠠᠶᠢᠷᠮᠠᠭ ᠤᠨ ᠦᠢᠯᠡᠳᠪᠦᠷᠢᠯᠡᠯ ᠤᠨ ᠱᠤᠭᠤᠮ ᠳᠡᠭᠡᠷ᠎ᠡ ᠠᠵᠢᠯᠯᠠᠵᠤ ᠪᠠᠶᠢᠭ᠎ᠠ ᠨᠢ ︵ᠮᠠᠲ᠋ᠧᠷᠢᠶᠠᠯ ᠬᠡᠷᠡᠯ ᠵᠢᠷᠤᠭ᠂ ᠰᠢᠨᠬᠤᠸᠠ ᠬᠤᠷᠢᠶ᠎ᠠ ᠲᠠᠷᠬᠠᠭᠠᠪᠠ︶︔ ᠳᠣᠣᠷᠠᠬᠢ ᠨᠢ 11 ᠳ᠋ᠦ᠋ᠭᠡᠷ ᠰᠠᠷ᠎ᠠ ᠶᠢᠨ 7᠎ ᠤ ᠡᠳᠦᠷ᠂ ᠠᠵᠢᠯᠲᠠᠳ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ G′ nature ᠦᠵᠡᠭᠦᠯᠦᠯᠭᠡ ᠶᠢᠨ ᠲᠠᠶᠢᠰᠠᠨ᠎ᠠ ᠰᠢᠨ᠎ᠡ ᠽᠢᠯᠠᠨᠳ᠋ ᠠᠴᠠ ᠣᠷᠤᠭᠤᠯᠤᠭᠰᠠᠨ ᠵᠠᠶᠢᠷᠮᠠᠭ ᠢ ᠳᠡᠯᠭᠡᠨ ᠦᠵᠡᠭᠦᠯᠵᠦ ᠪᠠᠶᠢᠭ᠎ᠠ ᠨᠢ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠠᠩ ᠢᠦᠶ ᠸᠧᠶ ᠰᠡᠭᠦᠳᠡᠷᠯᠡᠪᠡ︶          ᠬᠤᠶᠠᠷ ᠪᠦᠯᠦᠭ ᠲᠤᠭ᠎ᠠ ᠨᠢ RCEP᠎ ᠶᠢᠨ ︽ᠠᠯᠲᠠᠨ ᠤ ᠠᠭᠤᠯᠤᠭᠳᠠᠴᠠ︾᠎ ᠶᠢ ᠬᠠᠮᠤᠭ ᠠᠴᠠ ᠢᠯᠡᠭᠦᠤ ᠭᠡᠷᠡᠴᠢᠯᠡᠵᠦ ᠴᠢᠳᠠᠨ᠎ᠠ᠄          — RCEP ᠲᠣᠭᠲᠠᠭᠰᠠᠨ ᠤ ᠳᠠᠷᠠᠭ᠎ᠠ᠂ ᠳᠤᠮᠳᠠᠳᠤ ᠤᠯᠤᠰ ᠤᠨ ᠭᠠᠳᠠᠭᠠᠳᠤ ᠯᠦᠭᠡ ᠲᠣᠭᠲᠠᠭᠰᠠᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ 19 ᠪᠣᠯᠵᠤ᠂ ᠴᠢᠯᠥᠭᠡᠲᠦ ᠠᠷᠠᠯᠵᠢᠶᠠᠨ ᠤ ᠬᠠᠨᠢᠲᠠᠨ 26 ᠪᠣᠯᠪᠠ︔            — RCEP᠎ ᠪᠠᠷ ᠳᠠᠮᠵᠢᠭᠤᠯᠤᠨ ᠳᠤᠮᠳᠠᠳᠤ ᠶᠠᠫᠣᠨ ᠤ ᠴᠢᠯᠥᠭᠡᠲᠦ ᠠᠷᠠᠯᠵᠢᠶᠠᠨ ᠤ ᠬᠠᠷᠢᠴᠠᠭ᠎ᠠ ᠶᠢ ᠰᠢᠨ᠎ᠡ ᠪᠠᠷ ᠪᠠᠶᠢᠭᠤᠯᠪᠠ᠂ ᠡᠨᠡ ᠪᠣᠯ ᠳᠤᠮᠳᠠᠳᠤ ᠤᠯᠤᠰ ᠠᠩᠬ᠎ᠠ ᠤᠳᠠᠭ᠎ᠠ ᠳᠡᠯᠡᠬᠡᠢ ᠶᠢᠨ ᠲᠦᠷᠦᠭᠦᠦ ᠠᠷᠪᠠ ᠶᠢᠨ ᠠᠵᠤ ᠠᠬᠤᠢ ᠶᠢᠨ ᠴᠣᠭᠴᠠ ᠲᠠᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠵᠤ ᠪᠠᠶᠢᠭ᠎ᠠ ᠶᠤᠮ᠂ ᠡᠨᠡ ᠨᠢ ᠳᠤᠮᠳᠠᠳᠤ ᠤᠯᠤᠰ ᠪᠣᠯᠤᠨ ᠴᠢᠯᠥᠭᠡᠲᠦ ᠠᠷᠠᠯᠵᠢᠶᠠᠨ ᠤ ᠬᠠᠨᠢᠲᠠᠨ ᠯᠤᠭ᠎ᠠ ᠶᠢᠨ ᠠᠷᠠᠯᠵᠢᠶᠠᠨ ᠤ ᠪᠦᠷᠬᠦᠴᠡ ᠶᠢᠨ ᠨᠤᠷᠮ᠎ᠠ ᠣᠳᠣᠬᠠᠨ ᠤ 27%᠎ ᠠᠴᠠ 35% ᠪᠣᠯᠭᠠᠨ ᠳᠡᠭᠡᠭᠰᠢᠯᠡᠭᠦᠯᠪᠡ᠃
     ᠱᠠᠨᠰᠢ ᠮᠤᠵᠢ ᠶᠢᠨ ᠱᠠᠩ ᠯᠦᠸᠧ ᠬᠤᠲᠠ ᠶᠢᠨ ᠳ᠋ᠠᠨ ᠹᠧᠩ ᠰᠢᠶᠠᠨ ᠤ ᠨᠢᠭᠡᠨ ᠢᠳᠡᠭᠡᠨ ᠤ ᠺᠣᠮᠫᠠᠨᠢ ᠳᠤ᠂ ᠨᠡᠪᠲᠡᠷᠡᠭᠦᠯᠦᠭᠴᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠵᠦ ᠪᠠᠶᠢᠭ᠎ᠠ ᠨᠢ ︵7 ᠳ᠋ᠤᠭᠠᠷ ᠰᠠᠷ᠎ᠠ ᠶᠢᠨ 20᠎ ᠤ ᠡᠳᠦᠷ ᠰᠡᠭᠦᠳᠡᠷᠯᠡᠪᠡ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠰᠢᠶᠤᠤ ᠰᠡᠭᠦᠳᠡᠷᠯᠡᠪᠡ          ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠣᠯᠠᠨ ᠤᠯᠤᠰ ᠤᠨ ᠵᠠᠬ᠎ᠠ ᠳᠡᠯᠭᠡᠭᠦᠷ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠪᠠᠶ ᠮᠢᠩ ᠬᠡᠯᠡᠬᠦ ᠳᠤ ᠪᠠᠨ᠂ RCEP᠎ ᠳᠤ ᠭᠠᠷ ᠤᠨ ᠦᠰᠦᠭ ᠵᠢᠷᠤᠭᠰᠠᠨ ᠨᠢ ᠮᠠᠨ ᠤ ᠤᠯᠤᠰ ᠨᠠᠩ ᠪᠦᠬᠦ ᠲᠠᠯ᠎ᠠ ᠶᠢᠨ᠂ ᠨᠠᠩ ᠭᠦᠨᠵᠡᠭᠡᠶ᠂ ᠨᠠᠩ ᠣᠯᠠᠨ ᠡᠰᠢᠲᠦ ᠭᠠᠳᠠᠭᠠᠳᠤ ᠨᠡᠭᠡᠭᠡᠯᠲᠡ ᠪᠠᠷ ᠳᠠᠮᠵᠢᠨ᠂ ᠭᠠᠳᠠᠭᠠᠳᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠷᠠᠯᠵᠢᠶᠠᠨ ᠤ ᠪᠡᠯᠡ ᠣᠷᠣᠭᠤᠯᠤᠯᠲᠠ ᠶᠢᠨ ᠲᠦᠷᠢᠮ ᠲᠠᠢ ᠲᠠᠰᠤᠷᠠᠯᠳᠠ ᠦᠭᠡᠢ ᠵᠣᠯᠭᠠᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ ᠭᠡᠪᠡ᠃      ᠣᠳᠣᠬᠠᠨ ᠳᠤ RCEP᠎ ᠶᠢᠨ ᠬᠠᠮᠤᠭ ᠡᠴᠦᠰ ᠤᠨ ᠬᠦᠴᠦᠨ ᠲᠠᠢ ᠪᠣᠯᠬᠤ ᠴᠠᠭ ᠬᠤᠭᠤᠴᠠᠭ᠎ᠠ ᠶᠢ ᠬᠦᠯᠢᠶᠡᠬᠦ ᠪᠣᠯᠣᠨ᠎ᠠ᠄ ᠲᠣᠭᠲᠠᠭᠠᠯ ᠢ ᠦᠨᠳᠦᠰᠦᠯᠡᠪᠡᠯ᠂ RCEP ᠬᠡᠯᠡᠯᠴᠡᠭᠡᠷ ᠨᠢ 15 ᠪᠦᠷᠢᠯᠳᠦᠬᠦᠨ ᠤ ᠳᠣᠲᠣᠷ᠎ᠠ ᠨᠠᠭᠠᠳᠤ ᠵᠠᠬ᠎ᠠ ᠳᠤ ᠪᠠᠨ 9᠎ ᠨᠢ ᠵᠥᠪᠰᠢᠶᠡᠷᠡᠪᠡᠯ ᠰᠠᠶ᠋ᠢ ᠬᠦᠴᠦᠨ ᠲᠠᠢ ᠪᠣᠯᠣᠨ᠎ᠠ᠂ ᠡᠭᠦᠨ ᠳᠤ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ 6 ᠪᠦᠷᠢᠯᠳᠦᠬᠦᠨ ᠤᠯᠤᠰ ᠪᠣᠯᠣᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ ᠪᠠ ᠰᠢᠨ᠎ᠡ ᠽᠢᠯᠠᠨᠳ᠋ ᠤᠨ ᠳᠤᠮᠳᠠ ᠠᠴᠠ ᠠᠳᠠᠭ ᠲᠤ ᠪᠠᠨ 3 ᠤᠯᠤᠰ ᠨᠢ ᠵᠥᠪᠰᠢᠶᠡᠷᠡᠭᠰᠡᠨ ᠪᠠᠶᠢᠬᠤ ᠬᠡᠷᠡᠭᠲᠡᠢ᠃          ᠸᠠᠩ ᠱᠸᠦ ᠸᠧᠨ ᠲᠠᠨᠢᠯᠴᠠᠭᠤᠯᠬᠤ ᠳᠤ ᠪᠠᠨ᠂ ᠵᠠᠯᠭᠠᠭᠠᠳ RCEP᠎ ᠶᠢᠨ ᠡᠯ᠎ᠡ ᠪᠦᠷᠢᠯᠳᠦᠬᠦᠨ ᠲᠤᠰ ᠲᠤᠰ ᠤᠯᠤᠰ ᠤᠨ ᠳᠣᠲᠣᠭᠠᠳᠤ ᠶᠢᠨ ᠬᠠᠤᠯᠢ ᠴᠠᠭᠠᠵᠠ ᠶᠢᠨ ᠬᠢᠨᠠᠨ ᠵᠥᠪᠰᠢᠶᠡᠷᠡᠬᠦ ᠵᠢᠷᠤᠮ ᠢ ᠭᠦᠢᠴᠡᠳᠬᠡᠵᠦ᠂ ᠬᠡᠯᠡᠯᠴᠡᠭᠡᠷ ᠤᠨ ᠡᠷᠲᠡᠬᠡᠨ ᠬᠦᠴᠦᠨ ᠲᠠᠢ ᠬᠡᠷᠡᠭᠵᠢᠭᠦᠯᠦᠭᠳᠡᠬᠦ ᠶᠢ ᠴᠢᠷᠮᠠᠶᠢᠨ ᠠᠬᠢᠭᠤᠯᠤᠨ᠎ᠠ᠃ ᠡᠯ᠎ᠡ ᠤᠯᠤᠰ ᠨᠢᠭᠡᠨᠲᠡ ᠤᠯᠤᠰ ᠤᠨ ᠳᠣᠲᠣᠭᠠᠳᠤ ᠶᠢᠨ ᠵᠥᠪᠰᠢᠶᠡᠷᠡᠯ ᠤᠨ ᠳᠡᠰ ᠳᠠᠷᠠᠭᠠᠯᠠᠯ ᠢᠶᠠᠨ ᠲᠥᠷᠭᠡᠳᠬᠡᠵᠦ᠂ ᠳᠤᠮᠳᠠᠳᠤ ᠤᠯᠤᠰ ᠴᠤ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ RCEP ᠬᠡᠯᠡᠯᠴᠡᠭᠡᠷ ᠢ ᠲᠤᠰ ᠭᠠᠵᠠᠷ ᠣᠷᠣᠨ ᠤ ᠠᠵᠤ ᠠᠬᠤᠶᠢᠯᠠᠯ ᠪᠠ ᠠᠷᠠᠳ ᠲᠦᠮᠡᠨ ᠳᠤ ᠡᠷᠲᠡᠬᠡᠨ ᠠᠰᠢᠭ ᠬᠦᠷᠲᠡᠭᠦᠯᠬᠦ ᠪᠠᠷ ᠴᠢᠷᠮᠠᠶᠢᠨ᠎ᠠ ᠭᠡᠪᠡ᠃      ︽ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠵᠥᠪᠬᠡᠨ ᠡᠬᠢᠯᠡᠯᠲᠡ ᠲᠡᠳᠦᠶ ᠶᠤᠮ᠂ RCEP᠎ ᠨᠢ ᠲᠤᠰ ᠭᠠᠵᠠᠷ ᠣᠷᠣᠨ ᠳᠤ ᠨᠢᠭᠡᠨ ᠲᠠᠪᠴᠠᠩ ᠬᠠᠩᠭᠠᠪᠠ᠂ ᠡᠯ᠎ᠡ ᠲᠠᠯ᠎ᠠ ᠶᠢᠨ ᠬᠢᠨ ᠡᠨᠡ ᠬᠦ ᠰᠠᠭᠤᠷᠢᠨ ᠳᠡᠭᠡᠷ᠎ᠡ ᠤᠯᠠᠮ ᠨᠢᠭᠡ ᠠᠯᠬᠤᠮ ᠬᠠᠮᠲᠤᠷᠠᠯᠴᠠᠨ᠂ ᠠᠷᠠᠯᠵᠢᠶᠠᠨ ᠤ ᠪᠡᠯᠡ ᠣᠷᠣᠭᠤᠯᠤᠯᠲᠠ ᠪᠠᠷ ᠨᠡᠩ ᠥᠨᠳᠥᠷ ᠲᠦᠪᠰᠢᠨ ᠪᠦᠬᠦᠢ ᠴᠢᠯᠥᠭᠡᠵᠢᠯᠲᠡ ᠳᠥᠭᠦᠮᠴᠢᠯᠡᠯᠲᠡ ᠶᠢ ᠪᠡᠶᠡᠯᠡᠭᠦᠯᠬᠦ ᠬᠡᠷᠡᠭ ᠲᠠᠢ ᠶᠤᠮ︾ ᠭᠡᠵᠦ ᠸᠠᠩ ᠱᠸᠦ ᠸᠧᠨ ᠬᠡᠯᠡᠪᠡ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号