ᠴᠠᠭᠠᠨᠴᠠᠶᠢᠳᠠᠮ ᠤᠨ ᠮᠦᠽᠧᠶ ᠳᠠᠬᠢ ᠦᠨᠳᠦᠰᠦᠳᠡᠨ ᠤ ᠪᠦᠯᠬᠦᠮᠳᠡᠯ ᠤᠨ ᠤᠯᠠ ᠮᠦᠷ
ᠨᠡᠶᠢᠲᠡᠯᠡᠭᠰᠡᠨ ᠴᠠᠭ᠄
2020/11/18
     ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠶᠢᠨ ᠴᠠᠭᠠᠨᠴᠠᠶᠢᠳᠠᠮ ᠲᠣᠰᠬᠤᠨ ᠳᠤ ᠦᠨᠳᠦᠰᠦᠲᠡᠨ ᠤ ᠵᠠᠩ ᠵᠠᠩᠰᠢᠯ ᠢ ᠬᠠᠷᠠᠭᠤᠯᠤᠭᠰᠠᠨ ᠲᠡᠦᠬᠡ ᠶᠢᠨ ᠮᠦᠽᠧᠢ ᠪᠠᠶᠢᠳᠠᠭ᠃ ᠮᠦᠽᠧᠶ ᠳᠤ ᠲᠡᠯᠭᠡᠨ ᠦᠵᠡᠬᠦᠯᠵᠤ ᠪᠠᠶᠢᠭ᠎ᠠ ᠬᠠᠭᠤᠴᠢᠨ ᠤ ᠡᠳ᠋ᠯᠡᠯ ᠬᠡᠷᠡᠭᠰᠡᠯ ᠨᠢ ᠭᠠᠵᠠᠷ ᠤᠷᠤᠨ ᠤ ᠬᠤᠪᠢᠷᠠᠯᠳᠠ ᠬᠦᠭᠵᠢᠯᠳᠡ ᠶᠢ ᠢᠯᠡᠷᠡᠬᠦᠯᠦᠭᠰᠡᠨ ᠢᠶᠠᠷ ᠪᠠᠷᠠᠬᠤ ᠦᠭᠡᠢ ᠡᠯ᠎ᠡ ᠦᠨᠳᠦᠰᠦᠳᠡᠨ ᠤ ᠬᠤᠭᠤᠷᠤᠨᠳᠤᠬᠢ ᠪᠦᠯᠬᠦᠮᠳᠡᠯ ᠨᠢᠭᠳᠠᠷᠠᠯ ᠤᠨ ᠤᠯᠠ ᠮᠦᠷ ᠢ ᠬᠠᠷᠠᠭᠤᠯᠤᠭᠰᠠᠨ ᠪᠠᠶᠢᠨ᠎ᠠ᠃ ᠠᠡᠭ ᠠᠪᠠ ᠶᠢᠨ ᠪᠠᠭᠠᠵᠢ ᠬᠡᠷᠡᠭᠰᠡᠯ᠂ ᠠᠷᠠᠰᠤᠨ ᠡᠳ᠋ᠯᠡᠯ᠂ ᠲᠠᠮᠠᠬᠢᠨ ᠭᠠᠨᠭ᠍ᠰᠠ᠂ ᠬᠤᠷᠭᠤ ᠠᠪᠳᠠᠷ᠎ᠠ ᠵᠡᠷᠭᠡ ᠶᠠᠩᠵᠤ ᠪᠦᠷᠢ ᠶᠢᠨ ᠠᠮᠢᠳᠤᠷᠠᠯ ᠤᠨ ᠬᠡᠷᠡᠭᠰᠡᠯ᠂ ᠦᠶ᠋ᠯᠡᠳᠪᠦᠷᠢᠯᠡᠯ ᠤᠨ ᠪᠠᠭᠠᠵᠢ ᠨᠤᠭᠤᠳ ᠨᠢ ᠲᠤᠭᠤᠷᠢᠨ ᠵᠤᠭᠠᠴᠠᠭᠰᠠᠳ ᠤᠨ ᠠᠩᠬᠠᠷᠤᠯ ᠢ ᠲᠠᠳᠠᠵᠤ ᠪᠠᠶᠢᠳᠠᠭ᠃      ᠣᠶᠢᠯᠠᠭᠠᠭᠰᠠᠨ ᠢᠶᠠᠷ᠂ ᠣᠳᠣᠬᠠᠨ ᠳᠤ ᠲᠤᠰ ᠮᠦᠽᠧᠢ ᠳᠤ ᠱᠠᠰᠢᠨ ᠰᠢᠲᠦᠯᠭᠡ ᠪᠠ ᠦᠢᠯᠡᠳᠪᠤᠷᠢᠯᠡᠯ ᠠᠮᠢᠳᠤᠷᠠᠯ ᠲᠠᠢ ᠬᠤᠯᠪᠤᠭᠳᠠᠭᠰᠠᠨ 540 ᠵᠦᠢᠯ ᠤᠨ ᠬᠠᠭᠤᠴᠢᠨ ᠤ ᠡᠳ᠋ᠯᠡᠯ ᠢ ᠬᠠᠳᠠᠭᠠᠯᠠᠵᠤ ᠪᠠᠶᠢᠨ᠎ᠠ᠃ ᠡᠭᠦᠨ ᠳᠤ ᠬᠥᠮᠦᠰ ᠤᠨ ᠰᠣᠨᠢᠷᠬᠠᠯ ᠢ ᠬᠠᠮᠤᠭ ᠠᠴᠠ ᠢᠯᠡᠭᠦᠦ ᠲᠠᠲᠠᠳᠠᠭ ᠨᠢ ᠮᠣᠩᠭᠤᠯ ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠤᠳ ᠪᠣᠯᠤᠨ᠎ᠠ᠃ ᠴᠠᠭᠠᠨᠴᠠᠶᠢᠳᠠᠮ ᠲᠣᠰᠬᠤᠨ ᠴᠢᠩ ᠤᠯᠤᠰ ᠤᠨ ᠰᠡᠭᠦᠯᠴᠢ ᠶᠢᠨ ᠦᠶ᠎ᠡ ᠳᠤ ᠪᠠᠶᠢᠭᠤᠯᠤᠭᠳᠠᠪᠠ᠃ ᠤᠤᠯ ᠤᠨ ᠵᠠᠰᠠᠭ ᠬᠤᠰᠢᠭᠤᠨ ᠤ ᠸᠠᠩ ᠤᠨ ᠣᠷᠳᠣᠨ ᠪᠤᠯᠤᠨ᠎ᠠ᠃ ᠲᠤᠬᠠᠢ ᠶᠢᠨ ᠦᠶ᠎ᠡ ᠳᠤ ᠴᠥᠭᠡᠨ ᠪᠤᠰᠤ ᠮᠤᠩᠭᠤᠯᠴᠤᠳ ᠡ᠊ᠨᠳᠡ ᠠᠮᠢᠳᠤᠷᠠᠵᠤ ᠪᠠᠶᠢᠵᠠᠢ᠃ ᠬᠤᠵᠢᠮ ᠨᠢ ᠬᠢᠲᠠᠳ ᠦᠨᠳᠦᠰᠦᠲᠡᠨ ᠤ ᠠᠬ᠎ᠠ ᠳᠡᠭᠦᠦ ᠨᠡᠷ ᠢᠷᠡᠵᠤ᠂ ᠮᠣᠩᠭᠤᠯ ᠬᠢᠲᠠᠳ ᠦᠨᠳᠦᠰᠦᠳᠡᠨ ᠭᠦᠨ ᠵᠤᠵᠠᠭᠠᠨ ᠬᠤᠪᠢ ᠪᠠᠷᠢᠯᠳᠤᠯᠭ᠎ᠠ ᠲᠠᠢ ᠪᠣᠯᠤᠭᠰᠠᠨ ᠪᠢᠯᠡ᠃ 71 ᠨᠠᠰᠤᠲᠠᠶ ᠰᠢᠶᠧ ᠹᠧᠩ ᠰᠢᠶᠠᠩ ᠨᠠᠰᠤᠲᠠᠨ ᠪᠣᠯ ᠴᠠᠭᠠᠨᠴᠠᠶᠢᠳᠠᠮ ᠤᠨ ᠮᠦᠽᠧᠢ ᠶᠢᠨ ᠬᠠᠮᠢᠶᠠᠷᠤᠭᠴᠢ ᠪᠣᠯᠤᠨ᠎ᠠ᠃ ᠪᠠᠭ᠎ᠠ ᠳᠠᠭᠠᠨ ᠮᠣᠩᠭᠤᠯ ᠨᠠᠶᠢᠵᠠ ᠲᠠᠢ ᠪᠠᠨ ᠬᠠᠮᠲᠤ ᠲᠤᠭᠯᠠᠵᠤ ᠨᠠᠭᠠᠳᠤᠭᠰᠠᠨ ᠦᠯᠢᠭᠡᠷ ᠢᠶᠠᠨ ᠡᠷᠭᠢᠴᠡᠭᠦᠯᠬᠦ ᠪᠠᠷ ᠡᠪᠦᠭᠡᠨ ᠤ ᠶᠠᠷᠢᠶ᠎ᠠ ᠤᠯᠠᠰᠢᠷᠠᠵᠤ ᠪᠠᠶᠢᠪᠠ᠃ ᠰᠢᠶᠧ ᠹᠧᠩ ᠰᠢᠶᠠᠩ᠄ ︽ᠪᠢ ᠴᠥᠭᠡᠨ ᠲᠣᠭᠠᠲᠤ ᠦᠨᠳᠦᠰᠦᠲᠡᠨ ᠲᠠᠢ ᠬᠠᠮᠲᠤ ᠨᠠᠭᠠᠳᠴᠤ ᠬᠠᠮᠲᠤ ᠠᠮᠢᠳᠤᠷᠠᠵᠤ ᠪᠠᠶᠢᠭᠰᠠᠨ ᠶᠤᠮ᠃ ᠪᠢᠳᠡ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠦᠰᠢᠭᠯᠡᠯᠴᠡᠵᠤ ᠢᠷᠡᠭᠰᠡᠨ ᠪᠢᠯᠡ᠃ ᠮᠦᠽᠧᠶ ᠳᠠᠬᠢ ᠮᠣᠩᠭᠤᠯ ᠦᠨᠳᠦᠰᠦᠲᠡᠨ ᠤ ᠡᠳᠦᠷ ᠲᠤᠲᠤᠮ ᠤᠨ ᠬᠡᠷᠡᠭᠰᠡᠯ ᠢ ᠪᠢ ᠪᠦᠷ ᠮᠡᠳᠡᠨ᠎ᠡ᠂ ᠵᠢᠱᠢᠶᠡᠯᠡᠪᠡᠯ ᠬᠠᠭᠤᠷᠤᠭᠰᠠᠨ ᠠᠮᠤ ᠶᠢᠨ ᠬᠠᠶᠢᠷᠴᠠᠭ᠂ ᠪᠢᠰᠢᠯᠠᠭ ᠤᠨ ᠬᠠᠶᠢᠷᠴᠠᠭ᠂ ᠬᠥᠨᠥᠭ᠂ ᠴᠠᠢ ᠶᠢᠨ ᠰᠠᠪᠠ ᠵᠡᠷᠭᠡ ᠶᠠᠭᠤᠮ᠎ᠠ ᠶᠢ ᠪᠢ ᠪᠦᠷ ᠬᠡᠷᠡᠭᠯᠡᠵᠦ ᠥᠩᠭᠡᠷᠡᠵᠡᠶ︾ ᠬᠡᠪᠡ᠃      ᠮᠦᠽᠧᠶ ᠨᠢ ᠴᠠᠭᠠᠨᠴᠠᠶᠢᠳᠠᠮ ᠲᠣᠰᠬᠤᠨ ᠤ ᠠᠷᠠᠳ ᠲᠦᠮᠡᠨ ᠤ ᠦᠡᠭᠭᠡᠷᠡᠭᠰᠡᠨ ᠤ ᠦᠢᠯᠡᠳᠪᠤᠷᠢᠯᠡᠯ ᠠᠮᠢᠳᠤᠷᠠᠯ ᠤᠨ ᠬᠤᠷᠢᠶᠠᠩᠭᠤᠢ ᠲᠦᠷᠰᠦ ᠲᠡᠳᠦᠢ ᠦᠭᠡᠢ ᠨᠠᠩ ᠴᠤ ᠡᠯ᠎ᠡ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠢᠯᠡᠷᠡᠬᠦᠯᠦᠭᠰᠡᠨ ᠦᠵᠡᠬᠦᠯᠭᠡ ᠶᠢᠨ ᠤᠷᠳᠤᠨ ᠪᠤᠯᠤᠨ᠎ᠠ᠃ ᠮᠦᠽᠧᠢ ᠶᠢᠨ ᠲᠠᠶᠢᠯᠪᠤᠷᠢᠯᠠᠭᠴᠢ ᠸᠠᠩ ᠶᠦᠨ ᠰᠢᠶᠠ᠄ ︽ᠮᠦᠽᠧᠢ ᠪᠠᠷ ᠲᠤᠭᠤᠷᠢᠨ ᠦᠵᠡᠬᠦ ᠪᠠᠷ ᠲᠠᠮᠵᠢᠨ ᠠᠬᠠᠮᠠᠳ ᠨᠢᠭᠡ ᠦᠶ᠎ᠡ ᠶᠢᠨ ᠬᠥᠮᠦᠰ ᠤᠨ ᠦᠰᠦᠨ ᠪᠤᠶᠢᠵᠢᠭᠰᠠᠨ ᠥᠩᠭᠡᠷᠡᠯᠲᠡ ᠶᠢ ᠣᠶᠢᠯᠠᠭᠠᠵᠤ ᠴᠢᠳᠠᠨ᠎ᠠ᠃ ᠵᠤᠭᠠᠴᠠᠭᠰᠠᠳ ᠮᠠᠨ ᠤ ᠲᠣᠰᠬᠤᠨ ᠤ ᠮᠣᠩᠭᠤᠯ ᠦᠨᠳᠦᠰᠦᠲᠡᠨ ᠤ ᠵᠠᠩ ᠵᠠᠩᠰᠢᠯ᠂ ᠬᠢᠲᠠᠳ ᠦᠨᠳᠦᠰᠦᠲᠡᠨ ᠤ ᠵᠠᠩ ᠳᠠᠳᠬᠠᠯ ᠢ ᠪᠦᠷ ᠣᠶᠢᠯᠠᠭᠠᠵᠤ ᠲᠡᠶᠢᠯᠦᠨ᠎ᠡ᠃ ᠲᠤᠬᠠᠶ ᠶᠢᠨ ᠦᠶ᠎ᠡ ᠶᠢᠨ ᠦᠢᠯᠡᠳᠪᠤᠷᠢᠯᠡᠯ ᠠᠮᠢᠳᠤᠷᠠᠯ ᠤᠨ ᠵᠠᠷᠢᠮ ᠨᠠᠷᠢᠨ ᠵᠦᠢᠯᠡᠰ ᠢ ᠴᠤ ᠮᠡᠳᠡᠵᠤ ᠲᠡᠶᠢᠯᠦᠨ᠎ᠡ︾ ᠬᠡᠵᠡᠢ᠃      ᠵᠤᠭᠠᠴᠠᠭᠴᠢ ᠪᠠᠢ ᠨᠠ᠄ ︽ᠮᠦᠽᠧᠢ ᠪᠠᠷ ᠲᠤᠭᠤᠷᠢᠨ ᠦᠵᠡᠭᠡᠳ ᠪᠢ ᠲᠣᠰᠬᠤᠨ ᠤ ᠬᠤᠪᠢᠷᠠᠯᠲᠠ ᠶᠢ ᠰᠡᠷᠡᠵᠦ ᠮᠡᠳᠡᠯ᠎ᠡ᠃ ᠮᠤᠩᠭᠤᠯ ᠬᠢᠳᠠᠳ ᠦᠨᠳᠦᠰᠦᠳᠡᠨ ᠤ ᠠᠷᠠᠳ ᠲᠦᠮᠡᠨ ᠤ ᠬᠡᠷᠡᠭᠯᠡᠵᠦ ᠥᠩᠭᠡᠷᠡᠭᠰᠡᠨ ᠵᠠᠷᠢᠮ ᠪᠠᠭᠠᠵᠢ ᠬᠡᠷᠡᠭᠰᠡᠯ ᠢ ᠦᠵᠡᠯ᠎ᠡ᠂ ᠡᠳᠡᠭᠡᠷ ᠨᠢ ᠨᠠᠳᠠ ᠳᠤ ᠴᠠᠭ ᠦᠶ᠎ᠡ ᠶᠢᠨ ᠬᠦᠭᠵᠢᠯᠳᠡ ᠬᠤᠪᠢᠷᠠᠯᠳᠠ ᠶᠢᠨ ᠲᠤᠬᠠᠢ ᠬᠦᠨᠵᠡᠭᠡᠢ ᠰᠠᠭᠤᠭᠳᠠᠯ ᠦᠯᠡᠳᠡᠭᠡᠭᠰᠡᠨ ᠪᠠᠶᠢᠨ᠎ᠠ︾ ᠬᠡᠪᠡ᠃                                  ︵ᠤᠷᠳᠤᠰ ᠰᠤᠶᠤᠯ ᠵᠤᠭᠠᠴᠠᠯ ᠤᠨ ᠵᠢᠷᠬᠢᠶ᠎ᠡ ᠲᠠᠪᠴᠠᠩ ᠠᠴᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号