ᠰᠤᠷᠪᠤᠯᠵᠢᠯᠠᠭᠴᠢ᠄ ᠡᠨᠡ ᠵᠢᠯ ᠪᠤᠯ ᠮᠠᠨ ᠤ ᠤᠯᠤᠰ ᠪᠦᠬᠦ ᠲᠠᠯ᠎ᠠ ᠪᠠᠷ ᠴᠢᠨᠡᠬᠡᠯᠢᠭ ᠨᠡᠶᠢᠬᠡᠮ ᠢ ᠪᠡᠶᠡᠯᠡᠬᠦᠯᠬᠦ ᠶᠢᠨ ᠵᠠᠩᠭᠢᠯᠠᠭ᠎ᠠ ᠶᠢᠨ ᠨᠢᠬᠡ ᠵᠢᠯ ᠮᠦᠨ᠂ | ᠲᠡᠬᠡᠪᠡᠯ ᠦᠩᠬᠡᠷᠡᠭᠰᠡᠨ ᠨᠢᠬᠡ ᠵᠢᠯ ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠵᠢᠯ ᠢ ᠮᠠᠨ ᠤ ᠬᠤᠰᠢᠭᠤᠨ ᠤ ᠨᠠᠮ ᠵᠠᠰᠠᠭ | ᠠᠴᠠ ᠪᠦᠬᠦ ᠬᠦᠴᠦᠨ ᠢᠶᠠᠷ ᠴᠢᠷᠮᠠᠶᠢᠨ ᠬᠢᠵᠦ᠂ ᠰᠤᠶᠤᠯ ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠲᠠᠯ᠎ᠠ ᠪᠠᠷ ᠲᠠ ᠪᠠᠰᠠ ᠰᠠᠨᠠᠯ ᠲᠤᠷᠠᠳᠤᠯᠭ᠎ᠠ ᠲᠡᠪᠰᠢᠬᠦᠯᠦᠭᠰᠡᠨ | ᠪᠠᠶᠢᠨ᠎ᠠ᠃ ᠮᠠᠨ ᠤ ᠬᠤᠰᠢᠭᠤᠨ ᠤ ᠰᠤᠶᠤᠯ ᠵᠢᠭᠤᠯᠴᠢᠯᠠᠯ ᠤᠨ ᠦᠢᠯᠡᠰ ᠢ ᠤᠳᠤ ᠶᠠᠬᠡᠪᠡᠷ ᠬᠦᠭᠵᠢᠬᠦᠯᠬᠦ ᠲᠦᠷᠦ ᠶᠢᠨ ᠪᠤᠳᠤᠯᠭ᠎ᠠ ᠶᠢ ᠠᠰᠢᠭᠯᠠᠵᠤ᠂ ᠮᠠᠨ ᠤ | ᠴᠦᠬᠡᠨ ᠲᠤᠭᠠᠳᠤ ᠦᠨᠳᠦᠰᠦᠳᠡᠨ ᠴᠤᠬᠤᠮ ᠶᠠᠮᠠᠷ ᠠᠷᠭ᠎ᠠ ᠠᠪᠴᠠᠯ ᠠᠪᠴᠤ ᠰᠤᠶᠤᠯ ᠵᠢᠭᠤᠯᠴᠢᠯᠠᠯ ᠤᠨ ᠦᠢᠯᠡᠰ ᠢ ᠬᠦᠭᠵᠢᠬᠦᠯᠵᠦ᠂ ᠠᠮᠢᠳᠤᠷᠠᠯ ᠤᠨ ᠲᠦᠪᠰᠢᠨ | ᠢᠶᠠᠨ ᠲᠡᠬᠡᠭᠰᠢᠯᠡᠬᠦᠯᠵᠤ᠂ ᠴᠢᠨᠠᠭᠰᠢᠳᠠ ᠶᠠᠳᠠᠭᠤ ᠠᠴᠠ ᠠᠩᠭᠢᠵᠢᠷᠠᠵᠤ᠂ ᠴᠢᠨᠡᠬᠡᠯᠢᠭ ᠠᠮᠢᠳᠤᠷᠠᠯ ᠬᠢᠵᠦ ᠲᠡᠶᠢᠯᠦᠨ᠎ᠡ ᠤᠤ︖ ᠡᠨᠡ ᠲᠠᠯ᠎ᠠ ᠪᠠᠷ ᠪᠤᠳᠤᠯ ᠢᠶᠠᠨ | ᠬᠤᠪᠢᠶᠠᠯᠴᠠᠨ᠎ᠠ ᠤᠤ︖ | ᠦᠷᠨᠢᠯ᠄ ᠰᠠᠶᠢᠨ ᠪᠠᠶᠢᠨᠠᠤ᠂ ᠨᠢᠬᠡ ᠳᠤ᠂ ᠶᠠᠳᠠᠭᠤ ᠠᠴᠠ ᠠᠩᠭᠢᠵᠢᠷᠠᠭᠤᠯᠬᠤ ᠬᠦᠳᠡᠭᠡ ᠲᠤᠰᠬᠤᠨ ᠭᠠᠴᠠᠭ᠎ᠠ ᠲᠤᠰᠬᠤᠨ ᠢ ᠬᠦᠭᠵᠢᠬᠦᠯᠦᠨ ᠮᠠᠨᠳᠤᠭᠤᠯᠬᠤ | ᠲᠦᠷᠦ ᠶᠢᠨ ᠪᠤᠳᠤᠯᠭ᠎ᠠ ᠲᠠᠢ ᠤᠶᠠᠯᠳᠤᠭᠤᠯᠵᠤ᠂ ᠬᠦᠳᠡᠭᠡ ᠲᠤᠰᠬᠤᠨ ᠭᠠᠴᠠᠭ᠎ᠠ ᠲᠤᠰᠬᠤᠨ ᠤ ᠰᠤᠶᠤᠯ ᠵᠢᠭᠤᠯᠴᠢᠯᠠᠯ ᠢᠶᠠᠷ ᠭᠤᠤᠯ ᠴᠢᠳᠠᠮᠵᠢ ᠪᠠᠨ ᠪᠤᠯᠭᠠᠭᠰᠠᠨ᠂ | ᠨᠡᠶᠢᠳᠡ ᠶᠢᠨ ᠠᠵᠤ ᠦᠢᠯᠡᠰ ᠢ ᠪᠤᠵᠠᠭᠠᠶᠢᠷᠠᠭᠤᠯᠤᠨ᠂ ᠡᠨᠡᠬᠦ ᠠᠵᠢᠯ ᠢ ᠬᠢᠬᠦ ᠳᠤ ᠤᠨᠴᠠᠭᠠᠶᠢᠯᠠᠨ ᠠᠩᠬᠠᠷᠤᠭᠤᠰᠢᠳᠠᠢ ᠵᠦᠢᠯ ᠪᠤᠯ ᠮᠠᠨ ᠤ ᠲᠤᠰ ᠭᠠᠴᠠᠭᠠᠨ ᠤ | ᠲᠠᠩᠰᠠᠯᠠᠭᠤᠯᠤᠭᠰᠠᠨ ᠶᠠᠳᠠᠭᠤ ᠬᠦᠴᠢᠷᠳᠠᠯᠳᠠᠢ ᠡᠷᠦᠬᠡ ᠳᠤ ᠠᠵᠢᠯ ᠤᠨ ᠤᠷᠤᠨ ᠪᠠᠶᠢᠷᠢ ᠶᠢ ᠬᠠᠩᠭᠠᠵᠤ᠂ ᠲᠡᠳᠡᠨ ᠤ ᠴᠢᠨᠡᠬᠡᠯᠢᠭ ᠠᠮᠢᠳᠤᠷᠠᠯ ᠢ ᠪᠠᠳᠤᠵᠢᠭᠤᠯᠤᠨ᠎ᠠ᠃ | ᠬᠤᠶᠠᠷ ᠲᠤ᠂ ᠵᠢᠭᠤᠯᠴᠢᠯᠠᠯ ᠤᠨ ᠤᠷᠤᠨ ᠤ ᠤᠶᠢᠷ᠎ᠠ ᠬᠠᠪᠢ ᠶᠢᠨ ᠴᠦᠬᠡᠨ ᠲᠤᠭᠠᠳᠤ ᠦᠨᠳᠦᠰᠦᠳᠡᠨ ᠤ ᠮᠠᠯᠴᠢᠨ ᠲᠠᠷᠢᠶᠠᠴᠢᠨ ᠲᠠᠢ ᠠᠰᠢᠭ ᠲᠤᠰᠠ ᠶᠢᠨ | ᠬᠠᠷᠢᠴᠠᠭ᠎ᠠ ᠬᠤᠯᠪᠤᠭ᠎ᠠ ᠪᠠᠶᠢᠭᠤᠯᠵᠤ᠂ ᠬᠠᠮᠳᠤᠪᠡᠷ ᠴᠡᠴᠡᠭᠯᠡᠬᠦ ᠪᠠᠷ ᠬᠠᠷᠠᠯᠳᠠ ᠪᠠᠨ ᠪᠤᠯᠭᠠᠨ᠎ᠠ᠃ ᠭᠤᠷᠪᠠ ᠳᠤ ᠦᠨᠳᠦᠰᠦᠳᠡᠨ ᠤ ᠦᠪ ᠰᠤᠶᠤᠯ ᠢ ᠠᠭᠤᠳᠠᠯᠯᠠᠨ | ᠰᠤᠳᠤᠯᠵᠤ᠂ ᠦᠪᠯᠡᠨ ᠵᠠᠯᠭᠠᠮᠵᠢᠯᠠᠬᠤ ᠪᠠ ᠵᠠᠬ᠎ᠠ ᠲᠡᠯᠬᠡᠬᠦᠷᠴᠢᠯᠡᠵᠤ᠂ ᠦᠷ᠎ᠡ ᠠᠰᠢᠭ ᠪᠤᠯᠭᠠᠬᠤ ᠬᠤᠤᠰ ᠵᠤᠷᠢᠯᠳᠠ ᠶᠢ ᠠᠯᠬᠤᠮ ᠨᠢᠬᠡᠳᠠᠢ ᠪᠡᠶᠡᠯᠡᠬᠦᠯᠦᠨ᠎ᠡ᠃ ᠡᠨᠡ | ᠬᠤᠶᠠᠷ ᠵᠦᠢᠯ ᠤᠨ ᠠᠵᠢᠯ ᠨᠢ ᠬᠠᠷᠢᠯᠴᠠᠨ ᠦᠢᠯᠡᠴᠢᠯᠡᠵᠦ᠂ ᠪᠢᠳᠠ ᠦᠪᠡᠷ ᠤᠨ ᠦᠨᠳᠦᠰᠦᠳᠡᠨ ᠤ ᠤᠯᠠᠮᠵᠢᠯᠠᠯᠳᠤ ᠰᠤᠶᠤᠯ ᠢᠶᠠᠨ ᠠᠭᠤᠳᠠᠯᠯᠠᠨ ᠰᠤᠳᠤᠯᠵᠤ᠂ | ᠦᠪᠯᠡᠨ ᠵᠠᠯᠭᠠᠮᠵᠢᠯᠠᠭᠰᠠᠨ ᠰᠠᠭᠤᠷᠢᠨ ᠲᠡᠬᠡᠷ᠎ᠡ᠂ ᠠᠵᠤ ᠠᠬᠤᠢ ᠶᠢᠨ ᠨᠡᠩ ᠦᠨᠳᠦᠷ ᠠᠰᠢᠭ ᠤᠷᠤᠯᠭ᠎ᠠ ᠡᠬᠦᠳᠴᠦ ᠲᠠᠶᠢᠯᠦᠨ᠎ᠡ᠂ ᠲᠠᠬᠢᠪᠠᠯ᠂ ᠠᠵᠤ ᠠᠬᠤᠢ ᠶᠢᠨ | ᠦᠨᠳᠦᠷ ᠠᠰᠢᠭ ᠢ ᠡᠬᠦᠳᠦᠭᠰᠡᠨ ᠰᠠᠭᠤᠷᠢᠨ ᠲᠡᠬᠡᠷ᠎ᠡ ᠰᠠᠶ᠋ᠢ ᠦᠨᠳᠦᠰᠦᠳᠡᠨ ᠤ ᠦᠪ ᠰᠤᠶᠤᠯ ᠢᠶᠠᠨ ᠦᠪᠯᠡᠨ ᠵᠠᠯᠭᠠᠮᠵᠢᠯᠠᠬᠤ ᠪᠤᠳᠠᠰ ᠤᠨ ᠪᠠᠳᠤᠯᠠᠭ᠎ᠠ ᠲᠠᠢ ᠪᠤᠯᠳᠠᠭ | ᠪᠠᠶᠢᠨ᠎ᠠ᠃ | | | | | | | | | | | | |