| | ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠡᠷᠳᠡᠨᠢ ᠶᠢᠨ ᠲᠤᠪᠴᠢ ᠮᠦᠽᠧᠶ ᠶᠢᠨ ᠰᠣᠶᠣᠯ | ᠤᠷᠠᠯᠢᠭ ᠤᠨ ᠦᠵᠡᠭᠦᠯᠦᠯᠭᠡ ᠶᠢᠨ ᠲᠥᠪ ᠤᠨ ᠡᠬᠢᠯᠡᠯᠲᠡ ᠶᠢᠨ ᠶᠣᠰᠣᠯᠠᠯ ᠡᠷᠳᠡᠨᠢ ᠶᠢᠨ ᠲᠤᠪᠴᠢ ᠰᠣᠶᠣᠯ ᠤᠨ ᠠᠵᠤ | ᠦᠢᠯᠡᠰ ᠤᠨ ᠬᠦᠷᠢᠶᠡᠯᠡᠩ ᠳᠤ ᠶᠠᠪᠤᠭᠳᠠᠪᠠ᠃ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ | ᠬᠤᠷᠢᠶᠠᠨ ᠤ ᠲᠡᠷᠢᠭᠦᠯᠡᠭᠴᠢ ᠸᠠᠩ ᠵᠢᠶᠠᠨ ᠭᠦᠸᠧ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ | ᠶᠦᠩ ᠶᠣᠣ ᠪᠣᠯᠤᠨ ᠪᠤᠰᠤᠳ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠨ ᠡᠬᠢᠯᠡᠯᠲᠡ ᠶᠢᠨ ᠶᠣᠰᠣᠯᠠᠯ ᠳᠤ | ᠣᠷᠣᠯᠴᠠᠭᠰᠠᠨ ᠪᠥᠭᠡᠳ ᠦᠵᠡᠭᠦᠯᠦᠯᠭᠡ ᠶᠢᠨ ᠲᠥᠪ ᠢ ᠲᠣᠭᠤᠷᠢᠨ ᠦᠵᠡᠪᠡ᠃ ᠬᠤᠰᠢᠭᠤ ᠠᠷᠠᠳ ᠤᠨ ᠵᠠᠰᠠᠭ ᠤᠨ | ᠣᠷᠳᠣᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠳ᠋ᠢᠩ ᠰᠢᠶᠠᠩ ᠮᠢᠩ ᠡᠬᠢᠯᠡᠯᠲᠡ ᠶᠢᠨ ᠶᠣᠰᠣᠯᠠᠯ ᠢ | ᠡᠷᠭᠢᠯᠡᠪᠡ᠃ | | | | ᠶᠣᠰᠣᠯᠠᠯ ᠳᠡᠭᠡᠷ᠎ᠡ᠂ ᠸᠠᠩ ᠵᠢᠶᠠᠨ ᠭᠦᠸᠧ᠂ ᠬᠤᠸᠠ ᠷᠦᠢ ᠹᠧᠩ᠂ ᠬᠤᠤ ᠶᠦᠩ ᠶᠣᠣ ᠵᠢᠴᠢ ᠴᠢᠩᠭᠢᠰ | ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠨᠠᠮ ᠤᠨ ᠠᠵᠢᠯ ᠤᠨ ᠵᠦᠪᠯᠡᠯ ᠤᠨ ᠱᠦᠵᠢ ᠲᠡᠬᠦᠰ | ᠬᠠᠮᠲᠤ ᠪᠠᠷ ᠡᠷᠳᠡᠨᠢ ᠶᠢᠨ ᠲᠤᠪᠴᠢ ᠮᠦᠽᠧᠢ ᠶᠢᠨ ᠰᠣᠶᠣᠯ ᠤᠷᠠᠯᠢᠭ ᠤᠨ ᠦᠵᠡᠬᠦᠯᠦᠯᠬᠡ ᠶᠢᠨ ᠲᠥᠪ ᠤᠨ | ᠡᠭᠦᠳᠡ ᠶᠢ ᠨᠡᠭᠡᠭᠡᠪᠡ᠃ | | | | ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ | ᠡᠷᠬᠢᠯᠡᠭᠴᠢ ᠲᠡᠭᠷᠢ ᠲᠠᠭᠤᠳᠠᠭᠠᠴᠢᠨ ᠰᠡᠷᠡᠩ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠲᠠᠷᠤᠭ᠎ᠠ ᠾᠧ ᠰᠢᠶᠠᠩ ᠭᠦᠸᠧ᠂ ᠣᠷᠳᠣᠰ ᠬᠤᠲᠠ ᠶᠢᠨ | ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠸᠠᠩ ᠵᠠᠨ ᠴᠢᠩ᠂ ᠡᠵᠡᠨ | ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠯᠢ ᡁᠢ ᠴᠧᠩ ︽ᠣᠷᠳᠣᠰ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠤᠶᠤᠯ ᠤᠨ | ᠰᠣᠯᠢᠯᠴᠠᠭᠠᠨ ᠤ ᠲᠥᠪ ᠤᠨ ᠠᠬᠤᠢ ᠲᠠᠯᠠᠪᠠᠢ ᠶᠢᠨ ᠵᠢᠭᠠᠨ ᠰᠤᠷᠭᠠᠯᠳᠠ ᠶᠢᠨ ᠴᠡᠭ︾᠂ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠠᠬᠤᠢ ᠲᠠᠯᠠᠪᠠᠢ | ᠶᠢᠨ ᠵᠢᠭᠠᠨ ᠰᠤᠷᠭᠠᠯᠳᠠ ᠶᠢᠨ ᠰᠠᠭᠤᠷᠢᠨ ᠭᠠᠵᠠᠷ︾ ᠤᠨ ᠫᠠᠶᠢᠰᠠ ᠶᠢ ᠬᠠᠮᠳᠤᠪᠡᠷ ᠰᠡᠬᠦᠪᠡ᠃ ᠣᠷᠳᠣᠰ | ᠬᠤᠲᠠ ᠶᠢᠨ ᠬᠦᠷᠡᠯ ᠪᠠᠭᠠᠵᠢ ᠶᠢᠨ ᠮᠦᠽᠧᠶ ᠨᠢ ᠡᠷᠳᠡᠨᠢ ᠶᠢᠨ ᠲᠤᠪᠴᠢ ᠮᠦᠽᠧᠶ ᠶᠢᠨ ᠰᠣᠶᠣᠯ ᠤᠷᠠᠯᠢᠭ ᠤᠨ | ᠦᠵᠡᠭᠦᠯᠦᠯᠭᠡ ᠶᠢᠨ ᠲᠥᠪ ᠲᠤ ᠪᠠᠶᠠᠷ ᠤᠨ ᠪᠡᠯᠡᠭ ᠬᠦᠷᠭᠡᠪᠡ᠃ | | | | | | ᠬᠤᠸᠠ ᠷᠦᠢ ᠹᠧᠩ ᠶᠠᠷᠢᠶ᠎ᠠ ᠲᠠᠯᠪᠢᠬᠤ ᠳᠠᠭᠠᠨ᠂ ᠦᠨᠳᠦᠰᠦᠲᠡᠨ ᠤ ᠰᠣᠶᠣᠯ ᠢᠶᠠᠨ ᠬᠠᠮᠠᠭᠠᠯᠠᠨ ᠤᠯᠠᠮᠵᠢᠯᠠᠬᠤ | ᠪᠣᠯ ᠰᠣᠶᠣᠯ ᠤᠨ ᠢᠲᠡᠭᠡᠯ ᠢᠶᠠᠨ ᠪᠠᠲᠤᠳᠬᠠᠬᠤ ᠶᠢᠨ ᠴᠢᠬᠤᠯᠠ ᠰᠠᠭᠤᠷᠢ ᠮᠥᠨ᠃ ᠤᠶᠢᠷ᠎ᠠ ᠶᠢᠨ ᠵᠢᠯ ᠳᠤ᠂ ᠮᠠᠨ ᠤ | ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ | ᠡᠷᠡᠰ ᠨᠠᠶᠢᠳᠠᠪᠤᠷᠢᠵᠢᠭᠤᠯᠵᠤ᠂ ᠦᠨᠳᠦᠰᠦᠲᠡᠨ ᠤ ᠰᠣᠶᠣᠯ ᠢ ᠠᠭᠤᠳᠠᠯᠤᠨ ᠬᠠᠮᠠᠭᠠᠯᠠᠬᠤ᠂ ᠰᠣᠶᠣᠯ ᠤᠨ ᠬᠦᠴᠦᠷᠬᠡᠭ | ᠬᠤᠰᠢᠭᠤ ᠶᠢ ᠲᠦᠷᠭᠡᠳᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠬᠢᠵᠢᠭᠦᠯᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠰᠣᠶᠣᠯ ᠤᠨ ᠦᠢᠯᠡᠰ ᠢ ᠶᠡᠬᠡᠪᠡᠷ | ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠦᠨᠵᠡᠬᠡᠶᠢᠷᠡᠬᠦᠯᠦᠨ ᠬᠡᠷᠡᠭᠵᠢᠭᠦᠯᠵᠦ | ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠲᠤᠭᠳᠠᠯᠴᠠᠭ᠎ᠠ ᠤᠯᠠᠮ ᠲᠡᠭᠦᠯᠳᠡᠷᠵᠢᠵᠦ᠂ ᠡᠯ᠎ᠡ | ᠦᠨᠳᠦᠰᠦᠲᠡᠨ ᠤ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠪᠠ ᠬᠡᠪᠡ᠃ | | | | ᠬᠤᠸᠠ ᠷᠦᠢ ᠹᠧᠩ ᠵᠢᠭᠠᠬᠤ ᠳᠠᠭᠠᠨ᠂ ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ | ᠬᠦᠷᠢᠶᠡᠯᠡᠩ ᠨᠢ ᠮᠠᠨ ᠤ ᠬᠤᠰᠢᠭᠤᠨ ᠤ ᠲᠡᠦᠬᠡ᠂ ᠰᠣᠶᠣᠯ ᠪᠠ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠵᠤ | ᠂ ᠤᠯᠤᠰ ᠤᠨ 4A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠪᠤᠯᠭᠠᠨ ᠴᠤᠭᠴᠠᠯᠠᠪᠠ᠃ ᠥᠨᠥᠳᠦᠷ ᠤᠨ | ᠡᠬᠢᠯᠡᠭᠰᠡᠨ ᠡᠷᠳᠡᠨᠢ ᠶᠢᠨ ᠲᠤᠪᠴᠢ ᠮᠦᠽᠧᠶ ᠶᠢᠨ ᠰᠣᠶᠣᠯ ᠤᠷᠠᠯᠢᠭ ᠤᠨ ᠦᠵᠡᠭᠦᠯᠦᠯᠭᠡ ᠶᠢᠨ ᠲᠥᠪ ᠨᠢ | ᠬᠦᠷᠢᠶᠡᠯᠡᠩ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠠᠷ ᠪᠠᠷᠠᠬᠤ ᠦᠭᠡᠢ᠂ ᠨᠡᠩ ᠴᠤ ᠰᠣᠶᠣᠯ ᠤᠨ | ᠰᠤᠯᠢᠯᠴᠠᠭ᠎ᠠ ᠥᠷᠨᠢᠭᠦᠯᠬᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠭᠠᠵᠠᠷ ᠣᠷᠣᠨ ᠤ ᠳᠦᠷᠢ ᠲᠥᠷᠬᠦ ᠶᠢ | ᠦᠵᠡᠬᠦᠯᠬᠦ ᠴᠢᠬᠤᠯᠠ ᠴᠣᠩᠬᠤ ᠪᠣᠯᠤᠨ᠎ᠠ᠃ ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ | ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠲᠥᠬᠦᠭᠡᠷᠦᠮᠵᠢ ᠪᠠᠨ ᠤᠯᠠᠮ | ᠲᠡᠭᠦᠯᠳᠡᠷᠵᠢᠭᠦᠯᠵᠦ᠂ ᠮᠦᠽᠧᠶ ᠳᠤ ᠬᠠᠳᠠᠭᠠᠯᠠᠬᠤ ᠲᠡᠤᠬᠡ ᠶᠢᠨ ᠳᠤᠷᠠᠰᠬᠠᠯᠲᠤ ᠵᠦᠢᠯ ᠢᠶᠠᠨ ᠲᠡᠭᠦᠯᠳᠡᠷᠵᠢᠭᠦᠯᠵᠦ᠂ | ᠤᠷᠠᠯᠢᠭ ᠤᠨ ᠦᠨ᠎ᠡ ᠥᠷᠲᠡᠭ ᠢ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠲᠠᠢ ᠤᠯᠤᠰ ᠤᠨ ᠲᠠᠰ ᠤᠨ | ᠮᠦᠽᠧᠶ ᠶᠢ ᠪᠥᠬᠦ ᠲᠠᠯ᠎ᠠ ᠪᠠᠷ ᠪᠠᠶᠢᠭᠤᠯᠵᠤ᠂ ᠣᠯᠠᠨ ᠲᠦᠮᠡᠨ ᠳᠤ ᠮᠤᠩᠭᠤᠯ ᠤᠨ ᠢᠵᠠᠭᠤᠷ ᠰᠤᠶᠤᠯ ᠢ ᠰᠡᠷᠡᠵᠦ᠂ | ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ ᠳᠤ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠶ ᠪᠣᠯᠭᠠᠵᠤ᠂ ᠭᠠᠵᠠᠷ ᠣᠷᠣᠨ ᠤ ᠰᠣᠶᠣᠯ ᠤᠨ ᠠᠵᠤ ᠦᠢᠯᠡᠰ ᠤᠨ ᠴᠡᠴᠡᠭᠯᠡᠯᠲᠡ | ᠬᠥᠭᠵᠢᠯᠲᠡ ᠶᠢ ᠠᠬᠢᠭᠤᠯᠬᠤ᠂ ᠲᠡᠭᠷᠢᠯᠢᠭ ᠲᠠᠷᠬᠠᠨ ᠣᠷᠣᠨ ᠤ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠳᠤ | ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠠᠢ ᠬᠡᠪᠡ᠃ | | | | ᠣᠶᠢᠯᠠᠭᠠᠭᠰᠠᠨ ᠢᠶᠠᠷ᠂ ᠡᠷᠳᠡᠨᠢ ᠶᠢᠨ ᠲᠤᠪᠴᠢ ᠮᠦᠽᠧᠶ ᠶᠢᠨ ᠰᠣᠶᠣᠯ ᠤᠷᠠᠯᠢᠭ ᠤᠨ ᠦᠵᠡᠭᠦᠯᠦᠯᠭᠡ ᠶᠢᠨ | ᠲᠥᠪ ᠨᠢ ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠶᠤᠸᠠᠨ ᠤ ᠲᠠᠶᠢᠳᠤ ᠶᠢᠨ ᠳ᠋ᠡ | ᠮᠢᠩ ᠳ᠋ᠢᠶᠠᠨ ᠬᠠᠷᠰᠢ ᠶᠢᠨ ᠳᠣᠤᠷ᠎ᠠ ᠪᠠᠶᠢᠷᠢᠯᠠᠵᠤ᠂ ᠶᠡᠷᠦᠩᠬᠡᠶ ᠡᠵᠡᠯᠡᠬᠦ ᠲᠠᠯᠠᠪᠠᠶ ᠨᠢ 28000 ᠲᠡᠭᠰᠢ | ᠳᠥᠷᠪᠡᠯᠵᠢᠨ ᠮᠧᠲᠷ᠂ ᠳᠡᠯᠭᠡᠨ ᠦᠵᠡᠬᠦᠯᠦᠯᠬᠡ ᠶᠢᠨ ᠲᠠᠯᠠᠪᠠᠶ ᠨᠢ 19000 ᠲᠡᠭᠰᠢ ᠳᠥᠷᠪᠡᠯᠵᠢᠨ ᠮᠧᠲᠷ᠂ | ᠣᠷᠣᠰᠢᠯ ᠲᠢᠩᠭᠢᠮ᠂ ᠮᠣᠩᠭᠤᠯ ᠤᠨ ᠡᠬᠦᠰᠦᠯ ᠭᠠᠷᠤᠯ᠂ ᠮᠣᠩᠭᠤᠯ ᠤᠨ ᠬᠥᠭᠵᠢᠯ ᠮᠠᠨᠳᠤᠯ᠂ ᠶᠤᠸᠠᠨ ᠤ ᠶᠡᠭᠡ | ᠨᠢᠭᠡᠳᠦᠯ᠂ ᠮᠢᠩ ᠤᠯᠤᠰ ᠤᠨ ᠦᠶ᠎ᠡ ᠶᠢᠨ ᠮᠣᠩᠭᠤᠯ ᠵᠡᠷᠭᠡ ᠶᠢᠰᠦᠨ ᠦᠵᠡᠭᠦᠯᠦᠯᠭᠡ ᠶᠢᠨ ᠲᠢᠩᠬᠢᠮ ᠬᠤᠪᠢᠶᠠᠭᠳᠠᠵᠤ᠂ | ᠮᠣᠩᠭᠤᠯ ᠦᠨᠳᠦᠰᠦᠳᠡᠨ ᠤ ᠡᠭᠦᠰᠦᠯ ᠮᠠᠨᠳᠤᠯ ᠠᠴᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠬᠦᠷᠳᠡᠯᠡᠬᠢ | ᠡᠯ᠎ᠡ ᠴᠠᠭ ᠦᠶ᠎ᠡ ᠲᠡᠦᠬᠡ ᠶᠢᠨ ᠬᠤᠪᠢᠰᠤᠯ᠂ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠵᠢᠯᠲᠠ | ᠵᠢᠴᠢ ᠵᠠᠩ ᠦᠢᠯᠡ ᠶᠢ ᠲᠤᠰᠬᠠᠵᠠᠢ᠃ ︽ᠨᠢᠭᠡ ᠪᠦᠰᠡ ᠨᠢᠭᠡ ᠵᠠᠮ︾ ᠤᠨ ᠰᠣᠶᠣᠯ ᠤᠨ ᠰᠣᠯᠢᠯᠴᠠᠭ᠎ᠠ ᠶᠢ | ᠨᠠᠶᠢᠳᠠᠪᠤᠷᠢᠵᠢᠭᠤᠯᠬᠤ ᠲᠥᠷᠥᠯ ᠵᠦᠢᠯ᠂ ᠬᠦᠷᠢᠶᠡᠯᠡᠩ ᠨᠢ ᠥᠪᠡᠷᠮᠢᠴᠡ ᠣᠨᠴᠠᠯᠢᠭ ᠲᠠᠢ ᠮᠣᠩᠭᠤᠯ ᠢᠵᠠᠭᠤᠷ ᠰᠤᠶᠤᠯ | ᠤᠨ ᠲᠡᠤᠬᠡ ᠰᠤᠶᠤᠯ ᠤᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠡᠵᠡᠨ ᠬᠤᠷᠤᠭ᠎ᠠ ᠬᠤᠰᠢᠭᠤᠨ ᠤ | ᠦᠨᠳᠦᠰᠦᠲᠡᠨ ᠤ ᠰᠣᠶᠣᠯ ᠢ ᠬᠠᠮᠠᠭᠠᠯᠠᠨ ᠤᠯᠠᠮᠵᠢᠯᠠᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ | ᠴᠡᠴᠡᠭᠯᠡᠭᠦᠯᠦᠨ ᠬᠥᠭᠵᠢᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ | | | | | | | | | | | | | | | | | | | | | | | | | | | | | | |