ᠡᠵᠡᠨ ᠬᠤᠷᠤᠭ᠎ᠠ ᠬᠤᠰᠢᠭᠤᠨ ᠤ ᠡᠷᠳᠡᠨᠢ ᠶᠢᠨ ᠲᠤᠪᠴᠢ ᠮᠦᠽᠸᠢ ᠶᠢᠨ ᠰᠤᠶᠤᠯ ᠤᠷᠠᠯᠢᠭ ᠤᠨ ᠦᠵᠡᠬᠦᠯᠦᠯᠬᠡ ᠶᠢᠨ ᠲᠦᠪ ᠵᠢᠩᠭᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2020/11/25
   
 
           ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠡᠷᠳᠡᠨᠢ ᠶᠢᠨ ᠲᠤᠪᠴᠢ ᠮᠦᠽᠧᠶ ᠶᠢᠨ ᠰᠣᠶᠣᠯ ᠤᠷᠠᠯᠢᠭ ᠤᠨ ᠦᠵᠡᠭᠦᠯᠦᠯᠭᠡ ᠶᠢᠨ ᠲᠥᠪ ᠤᠨ ᠡᠬᠢᠯᠡᠯᠲᠡ ᠶᠢᠨ ᠶᠣᠰᠣᠯᠠᠯ ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠬᠤᠷᠢᠶᠠᠨ ᠤ ᠲᠡᠷᠢᠭᠦᠯᠡᠭᠴᠢ ᠸᠠᠩ ᠵᠢᠶᠠᠨ ᠭᠦᠸᠧ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠦᠩ ᠶᠣᠣ ᠪᠣᠯᠤᠨ ᠪᠤᠰᠤᠳ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠦᠵᠡᠭᠦᠯᠦᠯᠭᠡ ᠶᠢᠨ ᠲᠥᠪ ᠢ ᠲᠣᠭᠤᠷᠢᠨ ᠦᠵᠡᠪᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠳ᠋ᠢᠩ ᠰᠢᠶᠠᠩ ᠮᠢᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃
     ᠶᠣᠰᠣᠯᠠᠯ ᠳᠡᠭᠡᠷ᠎ᠡ᠂ ᠸᠠᠩ ᠵᠢᠶᠠᠨ ᠭᠦᠸᠧ᠂ ᠬᠤᠸᠠ ᠷᠦᠢ ᠹᠧᠩ᠂ ᠬᠤᠤ ᠶᠦᠩ ᠶᠣᠣ ᠵᠢᠴᠢ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠨᠠᠮ ᠤᠨ ᠠᠵᠢᠯ ᠤᠨ ᠵᠦᠪᠯᠡᠯ ᠤᠨ ᠱᠦᠵᠢ ᠲᠡᠬᠦᠰ ᠬᠠᠮᠲᠤ ᠪᠠᠷ ᠡᠷᠳᠡᠨᠢ ᠶᠢᠨ ᠲᠤᠪᠴᠢ ᠮᠦᠽᠧᠢ ᠶᠢᠨ ᠰᠣᠶᠣᠯ ᠤᠷᠠᠯᠢᠭ ᠤᠨ ᠦᠵᠡᠬᠦᠯᠦᠯᠬᠡ ᠶᠢᠨ ᠲᠥᠪ ᠤᠨ ᠡᠭᠦᠳᠡ ᠶᠢ ᠨᠡᠭᠡᠭᠡᠪᠡ᠃
     ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ ᠂ ᠡᠷᠬᠢᠯᠡᠭᠴᠢ ᠲᠡᠭᠷᠢ ᠲᠠᠭᠤᠳᠠᠭᠠᠴᠢᠨ ᠰᠡᠷᠡᠩ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠲᠠᠷᠤᠭ᠎ᠠ ᠾᠧ ᠰᠢᠶᠠᠩ ᠭᠦᠸᠧ᠂ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠸᠠᠩ ᠵᠠᠨ ᠴᠢᠩ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᡁᠢ ᠴᠧᠩ ︽ᠣᠷᠳᠣᠰ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠤᠶᠤᠯ ᠤᠨ ᠰᠣᠯᠢᠯᠴᠠᠭᠠᠨ ᠤ ᠲᠥᠪ ᠤᠨ ᠠᠬᠤᠢ ᠲᠠᠯᠠᠪᠠᠢ ᠶᠢᠨ ᠵᠢᠭᠠᠨ ᠰᠤᠷᠭᠠᠯᠳᠠ ᠶᠢᠨ ᠴᠡᠭ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠠᠬᠤᠢ ᠲᠠᠯᠠᠪᠠᠢ ᠎ ᠶᠢᠨ ᠵᠢᠭᠠᠨ ᠰᠤᠷᠭᠠᠯᠳᠠ ᠶᠢᠨ ᠰᠠᠭᠤᠷᠢᠨ ᠭᠠᠵᠠᠷ︾᠎ ᠤᠨ ᠫᠠᠶᠢᠰᠠ ᠶᠢ ᠬᠠᠮᠳᠤᠪᠡᠷ ᠰᠡᠬᠦᠪᠡ᠃ ᠣᠷᠳᠣᠰ ᠬᠤᠲᠠ ᠶᠢᠨ ᠬᠦᠷᠡᠯ ᠪᠠᠭᠠᠵᠢ ᠶᠢᠨ ᠮᠦᠽᠧᠶ ᠨᠢ ᠡᠷᠳᠡᠨᠢ ᠶᠢᠨ ᠲᠤᠪᠴᠢ ᠮᠦᠽᠧᠶ ᠶᠢᠨ ᠰᠣᠶᠣᠯ ᠤᠷᠠᠯᠢᠭ ᠤᠨ ᠦᠵᠡᠭᠦᠯᠦᠯᠭᠡ ᠶᠢᠨ ᠲᠥᠪ ᠲᠤ ᠪᠠᠶᠠᠷ ᠤᠨ ᠪᠡᠯᠡᠭ ᠬᠦᠷᠭᠡᠪᠡ᠃
           ᠬᠤᠸᠠ ᠷᠦᠢ ᠹᠧᠩ ᠶᠠᠷᠢᠶ᠎ᠠ ᠲᠠᠯᠪᠢᠬᠤ ᠳᠠᠭᠠᠨ᠂ ᠦᠨᠳᠦᠰᠦᠲᠡᠨ ᠤ ᠰᠣᠶᠣᠯ ᠢᠶᠠᠨ ᠬᠠᠮᠠᠭᠠᠯᠠᠨ ᠤᠯᠠᠮᠵᠢᠯᠠᠬᠤ ᠪᠣᠯ ᠰᠣᠶᠣᠯ ᠤᠨ ᠢᠲᠡᠭᠡᠯ ᠢᠶᠠᠨ ᠪᠠᠲᠤᠳᠬᠠᠬᠤ ᠶᠢᠨ ᠴᠢᠬᠤᠯᠠ ᠰᠠᠭᠤᠷᠢ ᠮᠥᠨ᠃ ᠤᠶᠢᠷ᠎ᠠ ᠶᠢᠨ ᠵᠢᠯ ᠳᠤ᠂ ᠮᠠᠨ ᠤ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠨᠠᠶᠢᠳᠠᠪᠤᠷᠢᠵᠢᠭᠤᠯᠵᠤ᠂ ᠦᠨᠳᠦᠰᠦᠲᠡᠨ ᠤ ᠰᠣᠶᠣᠯ ᠢ ᠠᠭᠤᠳᠠᠯᠤᠨ ᠬᠠᠮᠠᠭᠠᠯᠠᠬᠤ᠂ ᠰᠣᠶᠣᠯ ᠤᠨ ᠬᠦᠴᠦᠷᠬᠡᠭ ᠬᠤᠰᠢᠭᠤ ᠶᠢ ᠲᠦᠷᠭᠡᠳᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠰᠣᠶᠣᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠦᠨᠵᠡᠬᠡᠶᠢᠷᠡᠬᠦᠯᠦᠨ ᠬᠡᠷᠡᠭᠵᠢᠭᠦᠯᠵᠦ ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠲᠤᠭᠳᠠᠯᠴᠠᠭ᠎ᠠ ᠤᠯᠠᠮ ᠲᠡᠭᠦᠯᠳᠡᠷᠵᠢᠵᠦ᠂ ᠡᠯ᠎ᠡ ᠦᠨᠳᠦᠰᠦᠲᠡᠨ ᠤ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠪᠠ ᠬᠡᠪᠡ᠃
     ᠬᠤᠸᠠ ᠷᠦᠢ ᠹᠧᠩ ᠵᠢᠭᠠᠬᠤ ᠳᠠᠭᠠᠨ᠂ ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠨᠢ ᠮᠠᠨ ᠤ ᠬᠤᠰᠢᠭᠤᠨ ᠤ ᠲᠡᠦᠬᠡ᠂ ᠰᠣᠶᠣᠯ ᠪᠠ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠵᠤ ᠂ ᠤᠯᠤᠰ ᠤᠨ 4A ᠲᠡᠰ ᠤᠨ  ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠪᠤᠯᠭᠠᠨ ᠴᠤᠭᠴᠠᠯᠠᠪᠠ᠃ ᠥᠨᠥᠳᠦᠷ ᠤᠨ ᠡᠬᠢᠯᠡᠭᠰᠡᠨ ᠡᠷᠳᠡᠨᠢ ᠶᠢᠨ ᠲᠤᠪᠴᠢ ᠮᠦᠽᠧᠶ ᠶᠢᠨ ᠰᠣᠶᠣᠯ ᠤᠷᠠᠯᠢᠭ ᠤᠨ ᠦᠵᠡᠭᠦᠯᠦᠯᠭᠡ ᠶᠢᠨ ᠲᠥᠪ ᠨᠢ ᠬᠦᠷᠢᠶᠡᠯᠡᠩ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠠᠷ ᠪᠠᠷᠠᠬᠤ ᠦᠭᠡᠢ᠂ ᠨᠡᠩ ᠴᠤ ᠰᠣᠶᠣᠯ ᠤᠨ ᠰᠤᠯᠢᠯᠴᠠᠭ᠎ᠠ ᠥᠷᠨᠢᠭᠦᠯᠬᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠭᠠᠵᠠᠷ ᠣᠷᠣᠨ ᠤ ᠳᠦᠷᠢ ᠲᠥᠷᠬᠦ ᠶᠢ ᠦᠵᠡᠬᠦᠯᠬᠦ ᠴᠢᠬᠤᠯᠠ ᠴᠣᠩᠬᠤ ᠪᠣᠯᠤᠨ᠎ᠠ᠃ ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠲᠥᠬᠦᠭᠡᠷᠦᠮᠵᠢ ᠪᠠᠨ ᠤᠯᠠᠮ ᠲᠡᠭᠦᠯᠳᠡᠷᠵᠢᠭᠦᠯᠵᠦ᠂ ᠮᠦᠽᠧᠶ ᠳᠤ ᠬᠠᠳᠠᠭᠠᠯᠠᠬᠤ ᠲᠡᠤᠬᠡ ᠶᠢᠨ ᠳᠤᠷᠠᠰᠬᠠᠯᠲᠤ ᠵᠦᠢᠯ ᠢᠶᠠᠨ ᠲᠡᠭᠦᠯᠳᠡᠷᠵᠢᠭᠦᠯᠵᠦ᠂ ᠤᠷᠠᠯᠢᠭ ᠤᠨ ᠦᠨ᠎ᠡ ᠥᠷᠲᠡᠭ ᠢ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠲᠠᠢ ᠤᠯᠤᠰ ᠤᠨ ᠲᠠᠰ ᠤᠨ ᠮᠦᠽᠧᠶ ᠶᠢ ᠪᠥᠬᠦ ᠲᠠᠯ᠎ᠠ ᠪᠠᠷ ᠪᠠᠶᠢᠭᠤᠯᠵᠤ᠂ ᠣᠯᠠᠨ ᠲᠦᠮᠡᠨ ᠳᠤ ᠮᠤᠩᠭᠤᠯ ᠤᠨ ᠢᠵᠠᠭᠤᠷ ᠰᠤᠶᠤᠯ ᠢ ᠰᠡᠷᠡᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠭᠠᠵᠠᠷ ᠣᠷᠣᠨ ᠤ ᠰᠣᠶᠣᠯ ᠤᠨ ᠠᠵᠤ ᠦᠢᠯᠡᠰ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠬᠤ᠂ ᠲᠡᠭᠷᠢᠯᠢᠭ ᠲᠠᠷᠬᠠᠨ ᠣᠷᠣᠨ ᠤ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠠᠢ ᠬᠡᠪᠡ᠃
     ᠣᠶᠢᠯᠠᠭᠠᠭᠰᠠᠨ ᠢᠶᠠᠷ᠂ ᠡᠷᠳᠡᠨᠢ ᠶᠢᠨ ᠲᠤᠪᠴᠢ ᠮᠦᠽᠧᠶ ᠶᠢᠨ ᠰᠣᠶᠣᠯ ᠤᠷᠠᠯᠢᠭ ᠤᠨ ᠦᠵᠡᠭᠦᠯᠦᠯᠭᠡ ᠶᠢᠨ ᠲᠥᠪ ᠨᠢ  ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠶᠤᠸᠠᠨ ᠤ ᠲᠠᠶᠢᠳᠤ ᠶᠢᠨ ᠳ᠋ᠡ ᠮᠢᠩ ᠳ᠋ᠢᠶᠠᠨ ᠬᠠᠷᠰᠢ  ᠎ ᠶᠢᠨ ᠳᠣᠤᠷ᠎ᠠ ᠪᠠᠶᠢᠷᠢᠯᠠᠵᠤ᠂ ᠶᠡᠷᠦᠩᠬᠡᠶ ᠡᠵᠡᠯᠡᠬᠦ ᠲᠠᠯᠠᠪᠠᠶ ᠨᠢ 28000 ᠲᠡᠭᠰᠢ ᠳᠥᠷᠪᠡᠯᠵᠢᠨ ᠮᠧᠲᠷ᠂ ᠳᠡᠯᠭᠡᠨ ᠦᠵᠡᠬᠦᠯᠦᠯᠬᠡ ᠶᠢᠨ ᠲᠠᠯᠠᠪᠠᠶ ᠨᠢ 19000 ᠲᠡᠭᠰᠢ ᠳᠥᠷᠪᠡᠯᠵᠢᠨ ᠮᠧᠲᠷ᠂ ᠣᠷᠣᠰᠢᠯ ᠲᠢᠩᠭᠢᠮ᠂ ᠮᠣᠩᠭᠤᠯ ᠤᠨ ᠡᠬᠦᠰᠦᠯ ᠭᠠᠷᠤᠯ᠂ ᠮᠣᠩᠭᠤᠯ ᠤᠨ ᠬᠥᠭᠵᠢᠯ ᠮᠠᠨᠳᠤᠯ᠂ ᠶᠤᠸᠠᠨ ᠤ ᠶᠡᠭᠡ ᠨᠢᠭᠡᠳᠦᠯ᠂ ᠮᠢᠩ ᠤᠯᠤᠰ ᠤᠨ ᠦᠶ᠎ᠡ ᠶᠢᠨ ᠮᠣᠩᠭᠤᠯ ᠵᠡᠷᠭᠡ ᠶᠢᠰᠦᠨ ᠦᠵᠡᠭᠦᠯᠦᠯᠭᠡ ᠶᠢᠨ ᠲᠢᠩᠬᠢᠮ ᠬᠤᠪᠢᠶᠠᠭᠳᠠᠵᠤ᠂ ᠮᠣᠩᠭᠤᠯ ᠦᠨᠳᠦᠰᠦᠳᠡᠨ ᠤ ᠡᠭᠦᠰᠦᠯ ᠮᠠᠨᠳᠤᠯ ᠠᠴᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠬᠦᠷᠳᠡᠯᠡᠬᠢ ᠡᠯ᠎ᠡ ᠴᠠᠭ ᠦᠶ᠎ᠡ ᠲᠡᠦᠬᠡ ᠶᠢᠨ ᠬᠤᠪᠢᠰᠤᠯ᠂ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠵᠢᠯᠲᠠ ᠵᠢᠴᠢ ᠵᠠᠩ ᠦᠢᠯᠡ ᠶᠢ ᠲᠤᠰᠬᠠᠵᠠᠢ᠃ ︽ᠨᠢᠭᠡ ᠪᠦᠰᠡ ᠨᠢᠭᠡ ᠵᠠᠮ︾᠎ ᠤᠨ ᠰᠣᠶᠣᠯ ᠤᠨ ᠰᠣᠯᠢᠯᠴᠠᠭ᠎ᠠ ᠶᠢ ᠨᠠᠶᠢᠳᠠᠪᠤᠷᠢᠵᠢᠭᠤᠯᠬᠤ ᠲᠥᠷᠥᠯ ᠵᠦᠢᠯ᠂ ᠬᠦᠷᠢᠶᠡᠯᠡᠩ ᠨᠢ ᠥᠪᠡᠷᠮᠢᠴᠡ ᠣᠨᠴᠠᠯᠢᠭ ᠲᠠᠢ ᠮᠣᠩᠭᠤᠯ ᠢᠵᠠᠭᠤᠷ ᠰᠤᠶᠤᠯ ᠎ ᠤᠨ ᠲᠡᠤᠬᠡ ᠰᠤᠶᠤᠯ ᠤᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠰᠣᠶᠣᠯ ᠢ ᠬᠠᠮᠠᠭᠠᠯᠠᠨ ᠤᠯᠠᠮᠵᠢᠯᠠᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃
 
                                     
             
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号