| ᠮᠠᠨ ᠤ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠠᠵᠢᠯ ᠣᠯᠬᠤ ᠮᠡᠷᠭᠡᠵᠢᠯ | ᠴᠢᠳᠠᠪᠤᠷᠢ ᠶᠢ ᠲᠡᠬᠡᠭᠰᠢᠯᠡᠬᠦᠯᠦᠨ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠢᠯᠡᠰ ᠪᠤᠰᠬᠠᠬᠤ | ᠠᠵᠢᠯ ᠤᠯᠭᠤᠯᠳᠠ ᠶᠢ ᠳᠠᠶᠢᠴᠢᠯᠠᠵᠤ᠂ ᠦᠨᠳᠦᠰᠦᠲᠡᠨ ᠤ ᠭᠠᠷ ᠤᠷᠠᠯᠠᠯ ᠤᠨ ᠬᠥᠭᠵᠢᠯᠲᠡ ᠶᠢ ᠠᠬᠢᠭᠤᠯᠬᠤ ᠶᠢᠨ | ᠲᠦᠯᠦᠬᠡ᠂ ᠣᠷᠳᠣᠰ ᠬᠤᠲᠠ ᠶᠢᠨ ᠬᠤᠤ ᠷᠦᠢ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠳᠤ | ᠤᠨᠴᠠᠭᠠᠶᠢᠯᠠᠨ ᠨᠠᠶᠢᠳᠠᠵᠤ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠣᠯᠪᠠᠰᠤᠷᠠᠯ ᠤᠨ ᠠᠩᠬᠢ ᠶᠢ | ᠡᠷᠬᠢᠯᠡᠬᠦ ᠪᠠᠷ ᠪᠤᠯᠪᠠ᠃ ᠪᠤᠯᠪᠠᠰᠤᠷᠠᠯ ᠤᠨ ᠠᠵᠢᠯ ᠲᠡᠭᠦᠰ ᠠᠮᠵᠢᠯᠲᠠ ᠤᠯᠬᠤ ᠶᠢ ᠪᠠᠳᠤᠯᠠᠬᠤ ᠶᠢᠨ ᠲᠤᠰᠠᠳᠠ᠂ | ᠪᠤᠯᠪᠠᠰᠤᠷᠠᠯ ᠤᠨ ᠲᠦᠯᠦᠪᠯᠡᠯᠭᠡ ᠶᠢ ᠳᠣᠤᠷᠠᠬᠢ ᠮᠡᠲᠦ ᠲᠤᠭᠳᠠᠭᠠᠪᠠ᠄ | ᠨᠢᠭᠡ᠂ ᠪᠤᠯᠪᠠᠰᠤᠷᠠᠯ ᠤᠨ ᠠᠭᠤᠯᠭ᠎ᠠ | ᠦᠨᠳᠦᠰᠦᠲᠡᠨ ᠤ ᠬᠤᠪᠴᠠᠰᠤ ᠵᠠᠰᠠᠯ — ᠣᠷᠳᠣᠰ ᠮᠠᠶ᠋ᠢᠭ ᠤᠨ ᠬᠠᠨᠵᠢᠶᠠᠷ ᠦᠢᠯᠡᠳᠬᠦ ︵ᠡᠷᠡᠭᠲᠡᠶ ᠡᠮᠡᠭᠲᠡᠶ | ᠲᠤᠰ ᠪᠦᠷᠢ ᠨᠢᠭᠡ ᠶᠠᠩᠵᠤ︶᠃ | ᠬᠤᠶᠠᠷ᠂ ᠪᠤᠯᠪᠠᠰᠤᠷᠠᠯ ᠤᠨ ᠴᠠᠭ | 2020 ᠣᠨ ᠤ 11 ᠰᠠᠷ᠎ᠠ ᠶᠢᠨ 30 ᠤ ᠡᠳᠦᠷ — 12 ᠰᠠᠷ᠎ᠠ ᠶᠢᠨ 4 ᠤ ᠡᠳᠦᠷ ᠪᠤᠯᠲᠠᠯ᠎ᠠ᠃ | ᠭᠤᠷᠪᠠ᠂ ᠨᠡᠷ᠎ᠡ ᠮᠡᠳᠡᠭᠦᠯᠬᠦ ᠨᠥᠬᠦᠴᠡᠯ | ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠠᠵᠢᠯ | ᠤᠯᠤᠭᠰᠠᠨ ᠦᠬᠡᠢ ᠰᠤᠷᠤᠭᠴᠢ᠂ ᠬᠥᠳᠡᠭᠡ ᠲᠣᠰᠬᠤᠨ ᠤ ᠪᠠᠶᠠᠵᠢᠯ ᠤᠨ ᠳᠠᠭᠠᠭᠤᠯᠤᠭᠴᠢ᠂ ᠠᠵᠢᠯ ᠠᠯᠳᠠᠭᠰᠠᠳ᠂ | ᠬᠥᠳᠡᠭᠡ ᠲᠣᠰᠬᠤᠨ ᠤ ᠬᠤᠲᠠ ᠳᠤ ᠣᠷᠣᠵᠤ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ᠂ ᠡᠷᠦᠬᠡ | ᠠᠮᠠ ᠶᠢ ᠬᠢᠵᠠᠭᠠᠷᠯᠠᠬᠤ ᠥᠬᠡᠶ᠃ | ᠱᠠᠭᠠᠷᠳᠠᠯᠭ᠎ᠠ ︵16 — 60 ᠪᠦᠬᠦᠯᠢ ᠨᠠᠰᠤ︶᠂ ᠠᠵᠢᠯ ᠣᠯᠬᠤ ᠴᠢᠳᠠᠪᠤᠷᠢ ᠲᠠᠢ ᠪᠠ ᠪᠤᠯᠪᠠᠰᠤᠷᠠᠯ ᠤᠨ | ᠬᠡᠷᠡᠭᠴᠡᠭᠡ ᠱᠠᠭᠠᠷᠳᠠᠯᠭ᠎ᠠ ᠲᠠᠢ ᠬᠥᠮᠦᠰ ᠪᠤᠯᠪᠠᠰᠤᠷᠠᠯ ᠢᠶᠠᠷ ᠳᠠᠮᠵᠢᠭᠠᠳ ᠬᠢᠷᠢ ᠲᠡᠩᠴᠡᠭᠰᠡᠨ ᠤ ᠳᠠᠷᠠᠭ᠎ᠠ ᠲᠤᠰᠬᠠᠶ | ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ ᠣᠯᠭᠤᠨ᠎ᠠ᠃ | ᠳᠥᠷᠪᠡ᠂ ᠵᠠᠷᠤᠳᠠᠯ | ᠮᠠᠲ᠋ᠧᠷᠢᠶᠠᠯ ᠪᠠ ᠪᠤᠯᠪᠠᠰᠤᠷᠠᠯ ᠤᠨ ᠰᠦᠢᠳᠬᠡᠯ ᠬᠤᠷᠢᠶᠠᠬᠤ ᠥᠬᠡᠶ᠂ ᠬᠤᠭᠤᠯᠠ ᠬᠤᠨᠤᠭ ᠤᠨ ᠵᠠᠷᠤᠳᠠᠯ ᠢᠶᠠᠨ | ᠥᠪᠡᠰᠦᠪᠡᠨ ᠡᠭᠦᠷᠭᠡᠯᠡᠨ᠎ᠡ᠃ | ᠲᠠᠪᠤ᠂ ᠪᠤᠯᠪᠠᠰᠤᠷᠠᠯ ᠤᠨ ᠬᠥᠮᠦᠨ ᠤ ᠲᠤᠭ᠎ᠠ | 25 ᠬᠥᠮᠦᠨ ︵ᠭᠠᠷ ᠤᠲᠠᠰᠤ ᠪᠠᠷ ᠨᠡᠷ᠎ᠡ ᠮᠡᠳᠡᠬᠦᠯᠦᠭᠰᠡᠨ ᠳᠡᠰ ᠳᠠᠷᠠᠭᠠᠯᠠᠯ ᠢᠶᠠᠷ ᠵᠢᠭᠰᠠᠭᠠᠨ᠎ᠠ︶ | ᠨᠡᠷ᠎ᠡ ᠮᠡᠳᠡᠭᠦᠯᠬᠦ ᠭᠠᠵᠠᠷ᠄ ᠡᠵᠡᠨ ᠬᠤᠷᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ | ᠲᠠᠷᠬᠠᠤᠨ ᠤᠨ ᠵᠠᠩ ᠵᠠᠩᠰᠢᠯ ᠰᠣᠶᠣᠯ ᠢ ᠪᠡᠶᠡᠴᠢᠯᠡᠨ ᠣᠶᠢᠯᠠᠭᠠᠬᠤ ᠣᠷᠳᠣᠨ ᠤ ᠬᠤᠶᠠᠳᠤᠭᠠᠷ ᠳᠠᠪᠬᠤᠷ ᠲᠤ᠃ | ᠬᠠᠷᠢᠯᠴᠠᠬᠤ ᠬᠥᠮᠦᠨ᠄ ᠪᠠᠳᠤᠬᠡᠰᠢᠭ ᠯᠢ ᠶᠠ ᠨᠠᠨ | ᠬᠠᠷᠢᠯᠴᠠᠬᠤ ᠤᠳᠠᠰᠤ᠄ 18904779209 18648392314 | | | ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠡᠵᠡᠨ ᠬᠤᠷᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 2020 ᠣᠨ ᠤ 11 ᠰᠠᠷ᠎ᠠ ᠶᠢᠨ 24 ᠤ ᠡᠳᠦᠷ | | | | | | | | |