ᠨᠢᠦ ᠵᠢᠶᠦ᠋ᠨ ᠶᠠᠨ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠢ ᠵᠢᠯᠤᠭᠤᠳᠤᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020/12/1
           11 ᠰᠠᠷ᠎ᠠ ᠶᠢᠨ 27᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠡᠵᠡᠨ ᠬᠤᠷᠤᠭ᠎ᠠ ᠬᠤᠰᠢᠭᠤᠨ ᠳᠤ ᠢᠷᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠣᠯᠠᠨ ᠲᠠᠢ ᠬᠠᠮᠲᠤ ᠠᠰᠠᠭᠤᠳᠠᠯ ᠢ ᠪᠠᠶᠢᠴᠠᠭᠠᠨ ᠦᠵᠡᠵᠦ᠂ ᠰᠢᠯᠲᠠᠭᠠᠨ ᠢ ᠵᠠᠳᠠᠯᠤᠨ ᠰᠢᠨᠵᠢᠯᠡᠵᠦ᠂ ᠣᠯᠠᠨ ᠢ ᠬᠠᠪᠰᠤᠷᠤᠨ ᠦᠵᠡᠯ ᠰᠠᠨᠠᠭ᠎ᠠ ᠪᠠ ᠠᠵᠢᠯ ᠤᠨ ᠲᠠᠯ᠎ᠠ ᠪᠠᠷ ᠬᠢ ᠵᠥᠷᠢᠶ᠎ᠡ ᠶᠢ ᠴᠠᠭ ᠲᠤᠬᠠᠶ ᠳᠤᠨᠢ ᠵᠠᠯᠠᠷᠠᠭᠤᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠬᠢᠨᠠᠮᠠᠭᠠᠶ ᠪᠣᠳᠣᠯᠬᠢᠯᠠᠬᠤ ᠬᠡᠷᠡᠭᠲᠡᠶ ᠬᠡᠪᠡ᠃      ᠬᠤᠲᠠ ᠶᠢᠨ ᠤᠳᠤᠷᠢᠳᠤᠯᠭ᠎ᠠ ᠭᠤᠤ ᠵᠠᠨ ᠱᠧᠩ ᠬᠤᠷᠠᠯ ᠳᠤ ᠣᠷᠣᠯᠴᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠤᠷᠤᠯᠴᠠᠨ ᠵᠢᠭᠠᠨ ᠵᠢᠯᠤᠭᠤᠳᠤᠯᠭ᠎ᠠ ᠬᠢᠪᠡ᠃ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠬᠤᠷᠠᠯ ᠡᠷᠬᠢᠯᠡᠵᠤ ᠤᠪᠤᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
     ᠬᠤᠷᠠᠯ ᠠᠴᠠ ᠡᠮᠦᠨ᠎ᠡ ᠨᠢᠤ ᠵᠢᠶᠦ᠋ᠨ ᠶᠠᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠢᠴᠢ ᠤᠳᠤᠷᠢᠳᠬᠤ ᠪᠠᠭ ᠤᠨ ᠪᠦᠷᠢᠯᠳᠦᠬᠦᠨ ᠤ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠬᠢᠨᠠᠨ ᠦᠵᠡᠵᠦ᠂ ᠪᠠᠶᠢᠴᠠᠭᠠᠨ ᠦᠵᠡᠵᠦ ᠵᠠᠳᠠᠯᠤᠯᠲᠠ ᠬᠢᠬᠦ ᠳᠤᠮᠳᠠᠬᠢ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠳᠤ ᠵᠠᠰᠠᠪᠤᠷᠢᠯᠠᠨ ᠲᠡᠭᠦᠯᠳᠡᠷᠵᠢᠭᠦᠯᠬᠦ ᠪᠣᠳᠠᠲᠠᠶ ᠰᠠᠨᠠᠯ ᠲᠤᠷᠠᠳᠬᠤ ᠶᠢᠨ ᠬᠠᠮᠲᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃
     ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠤ ᠪᠦᠬᠦ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠨᠢᠦ ᠵᠢᠶᠦ᠋ᠨ ᠶᠠᠨ ᠲᠤᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠠᠶᠢᠳᠠᠯ ᠳᠤ ᠦᠨᠡᠯᠡᠯᠲᠡ ᠬᠢᠵᠦ᠂ ᠬᠤᠷᠠᠯ ᠤᠨ ᠦᠵᠡᠯ ᠰᠠᠨᠠᠭ᠎ᠠ᠂ ᠰᠠᠨᠠᠯ ᠢᠶᠠᠨ ᠰᠣᠯᠢᠯᠴᠠᠬᠤ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠨᠤᠳᠠᠯᠠᠵᠤ᠂ ᠡᠭᠦᠨ ᠤ ᠬᠠᠮᠲᠤ ᠰᠤᠷᠤᠯᠴᠠᠯᠭ᠎ᠠ ᠤᠶᠢᠯᠠᠭᠠᠯᠴᠠᠯᠭ᠎ᠠ ᠬᠦᠷᠦᠯᠴᠡᠬᠦ ᠦᠭᠡᠢ ᠪᠠᠶᠢᠬᠤ᠂ ᠭᠤᠤᠯ ᠰᠡᠳᠦᠪ ᠲᠤ  ᠲᠦᠪᠯᠡᠷᠡᠭᠰᠡᠨ ᠨᠢ ᠢᠯᠡ ᠲᠣᠳᠣ ᠪᠤᠰᠤ᠂ ᠰᠢᠯᠲᠠᠭᠠᠨ ᠢ ᠵᠠᠳᠠᠯᠤᠭᠰᠠᠨ ᠨᠢ ᠪᠦᠬᠦ ᠲᠠᠯ᠎ᠠ ᠶᠢᠨ ᠪᠤᠰᠤ᠂ ᠬᠠᠷᠢᠯᠴᠠᠨ ᠰᠢᠭᠦᠮᠵᠢᠯᠡᠭᠰᠡᠨ ᠨᠢ ᠭᠦᠨᠵᠡᠭᠡᠶ ᠪᠤᠰᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠵᠢᠭᠠᠵᠤ ᠭᠠᠷᠭᠠᠭᠰᠠᠨ ᠪᠠᠶᠢᠨ᠎ᠠ᠃ ᠲᠡᠷᠡ ᠬᠡᠯᠡᠬᠦ ᠳᠡᠭᠡᠨ ᠡᠨᠡ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠴᠢᠨᠠᠷ ᠰᠠᠶᠢᠲᠠᠶ᠂ ᠦᠷ᠎ᠡ ᠪᠦᠳᠦᠮᠵᠢ ᠲᠠᠢ ᠪᠣᠯᠭᠠᠬᠤ ᠬᠠᠷᠠᠯᠲᠠ ᠱᠠᠭᠠᠷᠳᠠᠯᠭ᠎ᠠ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠭᠰᠠᠭᠠᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠲᠠᠶᠠᠭᠠᠷ ᠢ ᠵᠣᠬᠢᠶᠠᠨ ᠪᠠᠶᠢᠭᠤᠯᠵᠤ ᠣᠨᠣᠯ ᠤᠨ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠯᠴᠠᠯᠭ᠎ᠠ ᠤᠶᠢᠯᠠᠭᠠᠯᠴᠠᠯᠭ᠎ᠠ ᠳᠡᠭᠡᠷ᠎ᠡ ᠬᠦᠴᠦ ᠪᠠᠨ ᠲᠠᠯᠪᠢᠵᠤ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠬᠤ ᠶᠢ ᠠᠬᠢᠭᠤᠯᠵᠤ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠨᠡᠮᠡᠭᠳᠡᠬᠦᠯᠬᠦ ᠬᠡᠷᠡᠭᠳᠠᠢ ᠬᠡᠪᠡ᠃      ᠨᠢᠤ ᠵᠢᠶᠦ᠋ᠨ ᠶᠠᠨ ᠵᠢᠭᠠᠵᠤ ᠭᠠᠷᠭᠠᠬᠤ ᠳᠠᠭᠠᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠬᠡᠷᠡᠭᠯᠡᠵᠦ᠂ ᠦᠨᠳᠦᠰᠦᠳᠡᠨ ᠤ ᠠᠵᠢᠯ ᠤᠨ ᠲᠤᠬᠠᠶ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ︽ᠬᠤᠶᠠᠷ ᠶᠡᠭᠡ ᠲᠠᠯ᠎ᠠ︾᠂ ︽ᠬᠤᠶᠠᠷ ᠢ ᠬᠠᠮᠠᠭᠠᠯᠠᠬᠤ︾ ᠦᠨᠳᠦᠷᠴᠡ ᠪᠠᠷ ᠦᠨᠳᠦᠰᠦᠳᠡᠨ ᠤ ᠠᠵᠢᠯ ᠳᠤ ᠬᠠᠨᠳᠤᠬᠤ ᠪᠠ ᠲᠦᠯᠬᠢᠨ ᠠᠬᠢᠭᠤᠯᠵᠤ᠂ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ  ᠪᠠᠶᠢᠭ᠎ᠠ ᠠᠰᠠᠭᠤᠳᠠᠯ ᠳᠤ ᠲᠥᠪ ᠴᠢᠩᠭ᠎ᠠ ᠪᠠᠷ ᠬᠠᠨᠳᠤᠬᠤ ᠪᠠ ᠭᠦᠨᠵᠡᠭᠡᠢ ᠰᠤᠳᠤᠯᠤᠨ ᠰᠢᠢᠳᠪᠦᠷᠢᠯᠡᠬᠦ ᠬᠡᠷᠡᠭᠳᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠬᠢᠵᠢᠬᠦᠯᠵᠦ᠂ ᠦᠨᠳᠦᠰᠦᠲᠡᠨ ᠤ ᠠᠵᠢᠯ ᠢ ᠢᠮᠠᠭᠲᠠ ᠵᠦᠪ ᠤᠨᠤᠪᠴᠢᠳᠠᠢ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠳᠤᠯᠠᠵᠤ᠂ ᠦᠨᠳᠦᠰᠦᠲᠡᠨ ᠨᠦᠭᠦᠳ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠶ ᠬᠡᠪᠡ᠃      ᠨᠢᠤ ᠵᠢᠶᠦ᠋ᠨ ᠶᠠᠨ ᠴᠢᠬᠤᠯᠠᠴᠢᠯᠠᠬᠤ ᠳᠠᠭᠠᠨ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠳᠠ ᠶᠢᠨ ᠪᠠᠶᠢᠭᠤᠯᠤᠯᠲᠠ ᠶᠢ ᠬᠦᠴᠦᠯᠡᠨ ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠪᠠ ᠡᠯ᠎ᠡ ᠲᠦᠷᠦᠯ ᠤᠨ ᠠᠵᠢᠯ  ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠳᠠᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ  ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭᠠᠨ ᠤ ᠠᠳᠡᠭᠦᠷᠡᠯ ᠢ ᠡᠷᠡᠰ ᠠᠷᠢᠯᠭᠠᠵᠤ᠂ ᠠᠵᠢᠯ ᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠵᠥᠪ ᠴᠢᠭᠯᠡᠯ ᠢ ᠪᠠᠲᠤ ᠡᠵᠡᠮᠰᠢᠬᠦ ᠬᠡᠷᠡᠭᠳᠠᠢ᠃ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠠ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠳᠠ ᠶᠢ ᠡᠯ᠎ᠡ ᠱᠠᠳᠤ ᠳᠠᠪᠬᠤᠷᠭ᠎ᠠ ᠡᠯ᠎ᠡ ᠬᠦᠷᠢᠶ᠎ᠡ ᠴᠠᠷ᠎ᠠ ᠳᠤ ᠪᠦᠲᠦᠮᠵᠢᠲᠡᠢ ᠲᠤᠭᠤᠰᠢᠯᠠᠭᠤᠯᠵᠤ᠂ ᠡᠷᠡᠰ ᠨᠠᠶᠢᠳᠠᠪᠤᠷᠢᠵᠢᠭᠤᠯᠬᠤ ᠶᠢ  ᠦᠨᠡᠨᠬᠦ ᠪᠠᠳᠤᠯᠠᠬᠤ ᠬᠡᠷᠡᠭᠳᠠᠢ ᠬᠡᠪᠡ᠃
     ᠬᠤᠸᠠ ᠷᠦᠢ ᠹᠧᠩ ᠢᠯᠡᠷᠬᠡᠶᠢᠯᠡᠬᠦ ᠳᠡᠭᠡᠨ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠲᠤᠰ ᠤᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠲᠣᠬᠢᠶᠠᠯ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠤᠯᠭᠠᠨ᠂ ᠨᠠᠮ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠬᠢᠵᠢᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠨᠤᠯᠵᠢᠬᠤᠨ ᠢ ᠬᠦᠨᠵᠡᠬᠡᠶᠢᠷᠡᠬᠦᠯᠦᠨ ᠦᠢᠯᠡᠳᠦᠯᠬᠡᠵᠢᠬᠦᠯᠵᠦ᠂ ᠦᠨᠳᠦᠰᠦᠳᠡᠨ ᠤ ᠪᠦᠯᠬᠦᠮᠳᠡᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠬᠡᠵᠢᠬᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠦᠨᠳᠦᠰᠦᠲᠡᠨ ᠤ ᠠᠵᠢᠯ ᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠭᠦᠨᠵᠡᠭᠡᠶ ᠠᠭᠤᠳᠠᠯᠵᠤ᠂ ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠷᠮᠠᠶᠢᠨ ᠰᠠᠶᠢᠲᠤᠷ ᠬᠢᠵᠦ᠂ ᠪᠠᠶᠢᠴᠠᠭᠠᠨ ᠭᠠᠷᠭᠠᠭᠰᠠᠨ ᠡᠯ᠎ᠡ ᠲᠥᠷᠥᠯ ᠤᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠶ ᠳᠤᠨᠢ ᠴᠢᠨᠠᠷ ᠰᠠᠶᠢᠳᠠᠢ ᠎ ᠪᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠪᠠᠳᠤᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠳᠦᠰᠦᠲᠡᠨ ᠤ ᠠᠵᠢᠯ ᠢ ᠲᠦᠯᠬᠢᠨ ᠠᠬᠢᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠤ ᠠᠵᠢᠯ ᠢ ᠴᠢᠩᠭ᠎ᠠ ᠠᠳᠬᠤᠨ᠂ ᠶᠠᠮᠠᠷ ᠴᠤ ᠠᠯᠳᠠᠭ᠎ᠠ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠵᠡᠨ ᠬᠤᠷᠤᠭ᠎ᠠ ᠬᠤᠰᠢᠭᠤ ᠬᠤᠪᠢ ᠨᠡᠮᠡᠷᠢ ᠪᠠᠨ ᠦᠵᠡᠬᠦᠯᠦᠨ᠎ᠡ ᠬᠡᠪᠡ᠃          ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠦᠩ ᠶᠣᠣ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠵᠠᠶᠠᠭ᠎ᠠ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号