3 ᠵᠢᠯ 3 ᠬᠠᠮᠳᠤ ᠶᠢᠨ ᠠᠵᠤ ᠠᠬᠤᠶᠢᠯᠠᠯ ᠪᠤᠰᠬᠠᠭᠰᠠᠨ ᠨᠢᠬᠡᠳᠦᠬᠡᠷ ᠱᠦᠵᠢ ᠰᠠᠮᠵᠠᠶᠢᠵᠠᠪ
ᠨᠡᠶᠢᠲᠡᠯᠡᠭᠰᠡᠨ ᠴᠠᠭ᠄
2020/12/15
     ᠮᠠᠯᠴᠢᠨ ᠪᠦᠷᠢᠨᠵᠢᠷᠭᠠᠯ ᠤᠨ ᠭᠠᠷ ᠤᠨ 2000 ᠲᠦᠬᠦᠷᠢᠭ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠦᠬᠦᠪᠦᠷᠢ ᠮᠦᠩᠭᠦ ᠭᠠᠷᠳᠠᠭᠤᠯᠵᠤ ᠪᠠᠶᠢᠭ᠎ᠠ ᠡᠨᠡ ᠬᠦᠮᠦᠨ ᠪᠤᠯ ᠲᠠᠷᠤᠢ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠭᠠᠴᠠᠭᠠᠨ ᠤ ᠳᠤ ᠰᠠᠭᠤᠭ᠎ᠠ ᠨᠢᠬᠡᠳᠦᠬᠡᠷ ᠱᠦᠵᠢ ᠰᠠᠮᠵᠠᠶᠢᠵᠠᠪ ᠪᠤᠯᠤᠨ᠎ᠠ᠃      ᠲᠡᠷᠡ 2016 ᠤᠨ ᠤ 12 ᠰᠠᠷ᠎ᠠ ᠳᠤ ᠰᠤᠪᠤᠷᠭ᠎ᠠ ᠪᠠᠯᠭᠠᠰᠤᠨ ᠤ ᠰᠤᠪᠤᠷᠭ᠎ᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠲᠠᠷᠤᠭ᠎ᠠ᠂ ᠨᠢᠬᠡᠳᠦᠬᠡᠷ ᠱᠦᠵᠢ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ︽ᠡᠷᠦᠬᠡ ᠪᠦᠷᠢ ᠳᠤ ᠤᠷᠤᠵᠤ᠂ ᠠᠶᠢᠯ ᠪᠤᠯᠭᠠᠨ ᠤ ᠪᠠᠶᠢᠳᠠᠯ ᠢ ᠤᠶᠢᠯᠠᠭᠠᠵᠤ᠂ ᠬᠡᠷᠡᠭ ᠪᠦᠬᠦᠨ ᠢ ᠰᠡᠳᠬᠢᠯ ᠲᠠᠯᠪᠢᠨ ᠰᠢᠢᠳᠪᠦᠷᠢᠯᠡᠬᠦ︾᠂ ᠲᠦᠷᠦ ᠶᠢᠨ ᠪᠤᠳᠤᠯᠭ᠎ᠠ ᠶᠢ ᠲᠤᠭᠤᠰᠢᠳᠠᠢ ᠤᠬᠠᠭᠤᠯᠤᠨ᠂ ᠠᠷᠠᠳ ᠤᠨ ᠬᠦᠰᠡᠯ ᠰᠠᠨᠠᠯ ᠢ ᠬᠦᠯᠢᠶᠡᠵᠦ᠂ ᠬᠠᠮᠳᠤ ᠶᠢᠨ ᠠᠵᠤ ᠠᠬᠤᠶᠢᠯᠠᠯ ᠪᠦᠳᠦᠬᠡᠨ ᠪᠠᠶᠢᠭᠤᠯᠬᠤ ᠰᠠᠭᠤᠷᠢ ᠨᠦᠬᠦᠴᠡᠯ ᠳᠤ ᠪᠠᠶᠢᠴᠠᠭᠠᠨ ᠰᠤᠳᠤᠯᠤᠯᠳᠠ ᠬᠢᠵᠦ᠂ ᠬᠡᠨ ᠨᠢᠬᠡ ᠶᠢ ᠨᠢ ᠴᠤ ᠤᠷᠬᠢᠭᠳᠠᠭᠤᠯᠬᠤ ᠦᠬᠡᠢ ᠪᠠᠷ ᠠᠮᠢᠳᠤᠷᠠᠯ ᠢᠶᠠᠨ ᠵᠦᠪ ᠲᠡᠰᠢ ᠴᠤᠭᠴᠠᠯᠠᠬᠤ ᠶᠢ ᠰᠤᠷᠳᠠᠯᠴᠢᠯᠠᠵᠤ ᠢᠷᠡᠵᠠᠢ᠃      ᠭᠠᠴᠠᠭᠠᠨ ᠳᠤ ᠲᠤᠮᠢᠯᠠᠭᠰᠠᠨ ᠨᠢᠬᠡᠳᠦᠬᠡᠷ ᠱᠦᠵᠢ ᠶᠢᠨ ᠠᠵᠢᠯ ᠢ ᠭᠠᠷᠳᠠᠵᠤ ᠬᠢᠭᠰᠡᠨ ᠭᠤᠷᠪᠠᠨ ᠵᠢᠯ ᠤᠨ ᠬᠤᠭᠤᠴᠠᠭᠠᠨ ᠳᠤ ᠲᠡᠷᠡ ᠤᠷᠢᠳ ᠬᠤᠵᠢᠳ ᠡᠵᠡᠨ ᠬᠤᠷᠤᠭ᠎ᠠ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠴᠦᠬᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠭᠦ ᠶᠢ 90 ᠲᠦᠮᠡᠨ ᠲᠦᠬᠦᠷᠢᠭ ᠭᠤᠶᠤᠴᠢᠯᠠᠨ ᠤᠯᠵᠤ᠂ ᠰᠤᠪᠤᠷᠭ᠎ᠠ ᠭᠠᠴᠠᠭ᠎ᠠ ᠶᠢᠨ ᠲᠡᠷᠢᠬᠦᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠡᠷᠬᠡᠵᠢᠯ ᠤᠨ ᠲᠦᠷᠦᠯ ᠵᠦᠢᠯ ᠢ ᠬᠡᠷᠡᠭᠵᠢᠬᠦᠯᠦᠨ᠂ 10 ᠲᠤᠮᠤ ᠬᠡᠯᠪᠡᠷᠢ ᠶᠢᠨ ᠲᠠᠷᠢᠶᠠᠯᠠᠩ ᠎ ᠤᠨ ᠮᠠᠰᠢᠨ ᠲᠦᠬᠦᠬᠡᠷᠦᠮᠵᠢ ᠬᠤᠳᠠᠯᠳᠤᠨ ᠠᠪᠴᠤ ᠮᠠᠯᠴᠢᠨ ᠲᠠᠷᠢᠶᠠᠴᠢᠨ ᠤ ᠬᠠᠪᠤᠷ ᠤᠨ ᠲᠠᠷᠢᠶᠠᠯᠠᠭ᠎ᠠ ᠪᠠ ᠨᠠᠮᠤᠷ ᠎ ᠤᠨ ᠬᠤᠷᠢᠶᠠᠯᠳᠠ ᠶᠢᠨ ᠬᠤᠭᠤᠴᠠᠭᠠᠨ ᠳᠤ ᠲᠦᠬᠦᠮ ᠦᠵᠡᠬᠦᠯᠦᠭᠰᠡᠨ ᠢᠶᠠᠷ ᠪᠠᠷᠠᠬᠤ ᠦᠬᠡᠢ᠂ ᠮᠠᠰᠢᠨ ᠢᠶᠠᠨ ᠭᠠᠳᠠᠭᠰᠢ ᠲᠦᠷᠢᠶᠡᠰᠦᠯᠡᠨ᠂ ᠤᠷᠤᠯᠭ᠎ᠠ ᠶᠢᠨ ᠮᠦᠩᠭᠦ ᠶᠢ ᠠᠶᠢᠯ ᠪᠦᠬᠦᠨ ᠳᠤ ᠬᠤᠪᠢᠶᠠᠵᠠᠢ᠃ ᠲᠡᠷᠡ ᠪᠠᠰᠠ ᠡᠵᠡᠨ ᠬᠤᠷᠤᠭ᠎ᠠ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠲᠦᠷᠦᠯ ᠵᠦᠢᠯ ᠤᠨ ᠪᠡᠯᠡ ᠮᠦᠩᠭᠦ ᠶᠢ 132 ᠲᠦᠮᠡᠨ ᠲᠦᠬᠦᠷᠢᠭ ᠭᠤᠶᠤᠴᠢᠯᠠᠨ ᠤᠯᠵᠤ ᠰᠤᠪᠤᠷᠭ᠎ᠠ ᠭᠠᠴᠠᠭᠠᠨ ᠤ ᠤᠯᠠᠭᠠᠨ ᠢᠳᠡᠬᠡᠨ ᠪᠤᠯᠪᠠᠰᠤᠷᠠᠭᠤᠯᠬᠤ ᠦᠢᠯᠡᠳᠪᠦᠷᠢ ᠪᠠᠶᠢᠭᠤᠯᠵᠠᠢ᠃
     ᠡᠬᠦᠨ ᠠᠴᠠ ᠭᠠᠳᠠᠨ᠎ᠠ᠂ ︽ᠵᠠᠭᠤᠨ ᠠᠵᠤ ᠠᠬᠤᠶᠢᠯᠠᠯ ᠵᠠᠭᠤᠨ ᠲᠤᠰᠬᠤᠨ ᠢ ᠲᠡᠮᠵᠢᠬᠦ︾ ᠠᠵᠢᠯᠯᠠᠭ᠎ᠠ ᠪᠠᠷ ᠠᠵᠤ ᠠᠬᠤᠶᠢᠯᠠᠯ ᠤᠨ 500 ᠲᠦᠮᠡᠨ ᠲᠦᠬᠦᠷᠢᠭ ᠤᠨ ᠬᠠᠪᠰᠤᠷᠤᠨ ᠲᠡᠳᠬᠦᠬᠦ ᠪᠡᠯᠡ ᠮᠦᠩᠭᠦ ᠤᠯᠵᠤ᠂ ᠡᠵᠡᠨ ᠬᠤᠷᠤᠭ᠎ᠠ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠴᠦᠬᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠭᠦ ᠶᠢ 110 ᠲᠦᠮᠡᠨ ᠲᠦᠬᠦᠷᠢᠭ ᠭᠤᠶᠤᠴᠢᠯᠠᠨ ᠤᠯᠵᠤ᠂ ᠮᠠᠯᠴᠢᠨ ᠲᠠᠷᠢᠶᠠᠴᠢᠳ ᠎ ᠤᠨ 20 ᠲᠦᠮᠡᠨ ᠲᠦᠬᠦᠷᠢᠭ ᠤᠨ ᠬᠤᠪᠢ ᠤᠷᠤᠭᠤᠯᠤᠭᠰᠠᠨ ᠪᠡᠯᠡ ᠮᠦᠩᠭᠦ ᠶᠢ ᠨᠠᠶᠢᠯᠡᠬᠦᠯᠵᠦ᠂ 630 ᠲᠦᠮᠡᠨ ᠲᠦᠬᠦᠷᠢᠭ ᠢᠶᠠᠷ ᠰᠤᠪᠤᠷᠭ᠎ᠠ ᠲᠠᠯ᠎ᠠ ᠨᠤᠳᠤᠭ ᠤᠨ ᠵᠢᠭᠤᠯᠴᠢᠯᠠᠯ ᠤᠨ ᠤᠷᠤᠨ ᠳᠤ 50 ᠰᠢᠨ᠎ᠡ ᠮᠤᠩᠭᠤᠯ ᠬᠡᠷ ᠪᠤᠰᠬᠠᠵᠤ᠂ ᠵᠢᠯ ᠳᠤ 60 ᠲᠦᠮᠡᠨ ᠲᠦᠬᠦᠷᠢᠭ ᠤᠨ ᠲᠦᠷᠢᠶᠡᠰᠦᠨ ᠮᠦᠩᠭᠦ ᠶᠢᠨ ᠠᠰᠢᠭ ᠤᠷᠤᠯᠭ᠎ᠠ ᠤᠯᠵᠤ᠂ ᠮᠠᠯᠴᠢᠨ ᠲᠠᠷᠢᠶᠠᠴᠢᠳ ᠤᠨ ᠠᠮᠢᠳᠤᠷᠠᠯ ᠢ ᠨᠢ ᠴᠢᠨᠡᠬᠡᠯᠢᠭᠵᠢᠬᠦᠯᠵᠦ ᠪᠠᠶᠢᠨ᠎ᠠ᠃
     ᠨᠠᠮ ᠵᠠᠰᠠᠭ ᠤᠨ ᠲᠦᠷᠦ ᠶᠢᠨ ᠪᠤᠳᠤᠯᠭ᠎ᠠ᠂ ᠠᠷᠠᠳ ᠲᠦᠮᠡᠨ ᠤ ᠦᠪᠡᠷ ᠤᠨ ᠴᠢᠷᠮᠠᠶᠢᠯᠭ᠎ᠠ ᠪᠤᠯ ᠬᠠᠮᠤᠭ ᠤᠨ ᠭᠤᠤᠯ ᠬᠦᠴᠦᠨ ᠪᠤᠯᠤᠨ᠎ᠠ᠂ ᠨᠢᠬᠡᠳᠦᠬᠡᠷ ᠱᠦᠵᠢ ᠪᠤᠯᠤᠭᠰᠠᠨ ᠤ ᠬᠤᠪᠢ ᠳᠤ ᠪᠢ ᠵᠦᠪᠬᠡᠨ ᠴᠢᠷᠮᠠᠶᠢᠵᠤ ᠠᠵᠢᠯᠯᠠᠬᠤ ᠯᠠ ᠶᠤᠰᠤᠳᠠᠢ ᠬᠡᠵᠦ ᠰᠠᠮᠵᠠᠶᠢᠵᠠᠪ ᠶᠠᠷᠢᠵᠤ ᠪᠠᠶᠢᠯ᠎ᠠ᠃      ᠰᠠᠮᠵᠠᠶᠢᠵᠠᠪ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠲᠤᠤᠷ᠎ᠠ᠂ ᠲᠦᠷᠦ ᠶᠢᠨ ᠪᠤᠳᠤᠯᠭ᠎ᠠ ᠶᠢᠨ ᠪᠡᠯᠡ ᠮᠦᠩᠭᠦ ᠶᠢ ᠪᠦᠳᠦᠮᠵᠢᠳᠠᠢ ᠠᠰᠢᠭᠯᠠᠵᠤ᠂ ᠭᠠᠴᠠᠭᠠᠨ ᠎ ᠳᠤ ᠰᠠᠭᠤᠭ᠎ᠠ ᠨᠢᠬᠡᠳᠦᠬᠡᠷ ᠱᠦᠵᠢ ᠶᠢᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠦ ᠵᠤᠷᠢᠭ ᠲᠠᠢ ᠴᠢᠷᠮᠠᠶᠢᠨ ᠠᠵᠢᠯᠯᠠᠭᠰᠠᠭᠠᠷ ᠁
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号