3 ᠵᠢᠯ 3 ᠬᠠᠮᠳᠤ ᠶᠢᠨ ᠠᠵᠤ ᠠᠬᠤᠶᠢᠯᠠᠯ ᠪᠤᠰᠬᠠᠭᠰᠠᠨ ᠨᠢᠬᠡᠳᠦᠬᠡᠷ ᠱᠦᠵᠢ ᠰᠠᠮᠵᠠᠶᠢᠵᠠᠪ
ᠨᠡᠶᠢᠲᠡᠯᠡᠭᠰᠡᠨ ᠴᠠᠭ᠄
2020/12/15
     ᠮᠠᠯᠴᠢᠨ ᠪᠦᠷᠢᠨᠵᠢᠷᠭᠠᠯ ᠤᠨ ᠭᠠᠷ ᠤᠨ 2000 ᠲᠦᠬᠦᠷᠢᠭ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠦᠬᠦᠪᠦᠷᠢ ᠮᠦᠩᠭᠦ ᠭᠠᠷᠳᠠᠭᠤᠯᠵᠤ ᠪᠠᠶᠢᠭ᠎ᠠ ᠡᠨᠡ ᠬᠦᠮᠦᠨ ᠪᠤᠯ ᠲᠠᠷᠤᠢ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠭᠠᠴᠠᠭᠠᠨ ᠤ ᠳᠤ ᠰᠠᠭᠤᠭ᠎ᠠ ᠨᠢᠬᠡᠳᠦᠬᠡᠷ ᠱᠦᠵᠢ ᠰᠠᠮᠵᠠᠶᠢᠵᠠᠪ ᠪᠤᠯᠤᠨ᠎ᠠ᠃      ᠲᠡᠷᠡ 2016 ᠤᠨ ᠤ 12 ᠰᠠᠷ᠎ᠠ ᠳᠤ ᠰᠤᠪᠤᠷᠭ᠎ᠠ ᠪᠠᠯᠭᠠᠰᠤᠨ ᠤ ᠰᠤᠪᠤᠷᠭ᠎ᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠲᠠᠷᠤᠭ᠎ᠠ᠂ ᠨᠢᠬᠡᠳᠦᠬᠡᠷ ᠱᠦᠵᠢ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ︽ᠡᠷᠦᠬᠡ ᠪᠦᠷᠢ ᠳᠤ ᠤᠷᠤᠵᠤ᠂ ᠠᠶᠢᠯ ᠪᠤᠯᠭᠠᠨ ᠤ ᠪᠠᠶᠢᠳᠠᠯ ᠢ ᠤᠶᠢᠯᠠᠭᠠᠵᠤ᠂ ᠬᠡᠷᠡᠭ ᠪᠦᠬᠦᠨ ᠢ ᠰᠡᠳᠬᠢᠯ ᠲᠠᠯᠪᠢᠨ ᠰᠢᠢᠳᠪᠦᠷᠢᠯᠡᠬᠦ︾᠂ ᠲᠦᠷᠦ ᠶᠢᠨ ᠪᠤᠳᠤᠯᠭ᠎ᠠ ᠶᠢ ᠲᠤᠭᠤᠰᠢᠳᠠᠢ ᠤᠬᠠᠭᠤᠯᠤᠨ᠂ ᠠᠷᠠᠳ ᠤᠨ ᠬᠦᠰᠡᠯ ᠰᠠᠨᠠᠯ ᠢ ᠬᠦᠯᠢᠶᠡᠵᠦ᠂ ᠬᠠᠮᠳᠤ ᠶᠢᠨ ᠠᠵᠤ ᠠᠬᠤᠶᠢᠯᠠᠯ ᠪᠦᠳᠦᠬᠡᠨ ᠪᠠᠶᠢᠭᠤᠯᠬᠤ ᠰᠠᠭᠤᠷᠢ ᠨᠦᠬᠦᠴᠡᠯ ᠳᠤ ᠪᠠᠶᠢᠴᠠᠭᠠᠨ ᠰᠤᠳᠤᠯᠤᠯᠳᠠ ᠬᠢᠵᠦ᠂ ᠬᠡᠨ ᠨᠢᠬᠡ ᠶᠢ ᠨᠢ ᠴᠤ ᠤᠷᠬᠢᠭᠳᠠᠭᠤᠯᠬᠤ ᠦᠬᠡᠢ ᠪᠠᠷ ᠠᠮᠢᠳᠤᠷᠠᠯ ᠎ ᠢᠶᠠᠨ ᠵᠦᠪ ᠲᠡᠰᠢ ᠴᠤᠭᠴᠠᠯᠠᠬᠤ ᠶᠢ ᠰᠤᠷᠳᠠᠯᠴᠢᠯᠠᠵᠤ ᠢᠷᠡᠵᠠᠢ᠃      ᠭᠠᠴᠠᠭᠠᠨ ᠳᠤ ᠲᠤᠮᠢᠯᠠᠭᠰᠠᠨ ᠨᠢᠬᠡᠳᠦᠬᠡᠷ ᠱᠦᠵᠢ ᠶᠢᠨ ᠠᠵᠢᠯ ᠢ ᠭᠠᠷᠳᠠᠵᠤ ᠬᠢᠭᠰᠡᠨ ᠭᠤᠷᠪᠠᠨ ᠵᠢᠯ ᠤᠨ ᠬᠤᠭᠤᠴᠠᠭᠠᠨ ᠳᠤ ᠲᠡᠷᠡ ᠤᠷᠢᠳ ᠬᠤᠵᠢᠳ ᠡᠵᠡᠨ ᠬᠤᠷᠤᠭ᠎ᠠ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠴᠦᠬᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠭᠦ ᠶᠢ 90 ᠲᠦᠮᠡᠨ ᠲᠦᠬᠦᠷᠢᠭ ᠭᠤᠶᠤᠴᠢᠯᠠᠨ ᠤᠯᠵᠤ᠂ ᠰᠤᠪᠤᠷᠭ᠎ᠠ ᠭᠠᠴᠠᠭ᠎ᠠ ᠶᠢᠨ ᠲᠡᠷᠢᠬᠦᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠡᠷᠬᠡᠵᠢᠯ ᠤᠨ ᠲᠦᠷᠦᠯ ᠵᠦᠢᠯ ᠢ ᠬᠡᠷᠡᠭᠵᠢᠬᠦᠯᠦᠨ᠂ 10 ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠲᠦᠬᠦᠬᠡᠷᠦᠮᠵᠢ ᠬᠤᠳᠠᠯᠳᠤᠨ ᠠᠪᠴᠤ ᠮᠠᠯᠴᠢᠨ ᠲᠠᠷᠢᠶᠠᠴᠢᠨ ᠤ ᠬᠠᠪᠤᠷ ᠎ ᠤᠨ ᠲᠠᠷᠢᠶᠠᠯᠠᠭ᠎ᠠ ᠪᠠ ᠨᠠᠮᠤᠷ ᠤᠨ ᠬᠤᠷᠢᠶᠠᠯᠳᠠ ᠶᠢᠨ ᠬᠤᠭᠤᠴᠠᠭᠠᠨ ᠳᠤ ᠲᠦᠬᠦᠮ ᠦᠵᠡᠬᠦᠯᠦᠭᠰᠡᠨ ᠢᠶᠠᠷ ᠪᠠᠷᠠᠬᠤ ᠦᠬᠡᠢ᠂ ᠮᠠᠰᠢᠨ ᠢᠶᠠᠨ ᠭᠠᠳᠠᠭᠰᠢ ᠲᠦᠷᠢᠶᠡᠰᠦᠯᠡᠨ ᠂ ᠤᠷᠤᠯᠭ᠎ᠠ ᠶᠢᠨ ᠮᠦᠩᠭᠦ ᠶᠢ ᠠᠶᠢᠯ ᠪᠦᠬᠦᠨ ᠳᠤ ᠬᠤᠪᠢᠶᠠᠵᠠᠢ᠃ ᠲᠡᠷᠡ ᠪᠠᠰᠠ ᠡᠵᠡᠨ ᠬᠤᠷᠤᠭ᠎ᠠ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠲᠦᠷᠦᠯ ᠵᠦᠢᠯ ᠤᠨ ᠪᠡᠯᠡ ᠮᠦᠩᠭᠦ ᠶᠢ 132 ᠲᠦᠮᠡᠨ ᠲᠦᠬᠦᠷᠢᠭ ᠭᠤᠶᠤᠴᠢᠯᠠᠨ ᠤᠯᠵᠤ ᠰᠤᠪᠤᠷᠭ᠎ᠠ ᠭᠠᠴᠠᠭᠠᠨ ᠤ ᠤᠯᠠᠭᠠᠨ ᠢᠳᠡᠬᠡᠨ ᠪᠤᠯᠪᠠᠰᠤᠷᠠᠭᠤᠯᠬᠤ ᠦᠢᠯᠡᠳᠪᠦᠷᠢ ᠪᠠᠶᠢᠭᠤᠯᠵᠠᠢ᠃
     ᠡᠬᠦᠨ ᠠᠴᠠ ᠭᠠᠳᠠᠨ᠎ᠠ᠂ ︽ᠵᠠᠭᠤᠨ ᠠᠵᠤ ᠠᠬᠤᠶᠢᠯᠠᠯ ᠵᠠᠭᠤᠨ ᠲᠤᠰᠬᠤᠨ ᠢ ᠲᠡᠮᠵᠢᠬᠦ︾ ᠠᠵᠢᠯᠯᠠᠭ᠎ᠠ ᠪᠠᠷ ᠠᠵᠤ ᠠᠬᠤᠶᠢᠯᠠᠯ ᠤᠨ 500 ᠲᠦᠮᠡᠨ ᠲᠦᠬᠦᠷᠢᠭ ᠤᠨ ᠬᠠᠪᠰᠤᠷᠤᠨ ᠲᠡᠳᠬᠦᠬᠦ ᠪᠡᠯᠡ ᠮᠦᠩᠭᠦ ᠤᠯᠵᠤ᠂ ᠡᠵᠡᠨ ᠬᠤᠷᠤᠭ᠎ᠠ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠴᠦᠬᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠭᠦ ᠶᠢ 110 ᠲᠦᠮᠡᠨ ᠲᠦᠬᠦᠷᠢᠭ ᠭᠤᠶᠤᠴᠢᠯᠠᠨ ᠤᠯᠵᠤ᠂ ᠮᠠᠯᠴᠢᠨ ᠲᠠᠷᠢᠶᠠᠴᠢᠳ ᠤᠨ 20 ᠲᠦᠮᠡᠨ ᠲᠦᠬᠦᠷᠢᠭ ᠤᠨ ᠬᠤᠪᠢ ᠤᠷᠤᠭᠤᠯᠤᠭᠰᠠᠨ ᠪᠡᠯᠡ ᠮᠦᠩᠭᠦ ᠶᠢ ᠨᠠᠶᠢᠯᠡᠬᠦᠯᠵᠦ᠂ 630 ᠲᠦᠮᠡᠨ ᠲᠦᠬᠦᠷᠢᠭ ᠢᠶᠠᠷ ᠰᠤᠪᠤᠷᠭ᠎ᠠ ᠲᠠᠯ᠎ᠠ ᠨᠤᠳᠤᠭ ᠤᠨ ᠵᠢᠭᠤᠯᠴᠢᠯᠠᠯ ᠤᠨ ᠤᠷᠤᠨ ᠳᠤ 50 ᠰᠢᠨ᠎ᠡ ᠮᠤᠩᠭᠤᠯ ᠬᠡᠷ ᠪᠤᠰᠬᠠᠵᠤ᠂ ᠵᠢᠯ ᠳᠤ 60 ᠲᠦᠮᠡᠨ ᠲᠦᠬᠦᠷᠢᠭ ᠤᠨ ᠲᠦᠷᠢᠶᠡᠰᠦᠨ ᠮᠦᠩᠭᠦ ᠶᠢᠨ ᠠᠰᠢᠭ ᠤᠷᠤᠯᠭ᠎ᠠ ᠤᠯᠵᠤ᠂ ᠮᠠᠯᠴᠢᠨ ᠲᠠᠷᠢᠶᠠᠴᠢᠳ ᠤᠨ ᠠᠮᠢᠳᠤᠷᠠᠯ ᠢ ᠨᠢ ᠴᠢᠨᠡᠬᠡᠯᠢᠭᠵᠢᠬᠦᠯᠵᠦ ᠪᠠᠶᠢᠨ᠎ᠠ᠃
     ᠨᠠᠮ ᠵᠠᠰᠠᠭ ᠤᠨ ᠲᠦᠷᠦ ᠶᠢᠨ ᠪᠤᠳᠤᠯᠭ᠎ᠠ᠂ ᠠᠷᠠᠳ ᠲᠦᠮᠡᠨ ᠤ ᠦᠪᠡᠷ ᠤᠨ ᠴᠢᠷᠮᠠᠶᠢᠯᠭ᠎ᠠ ᠪᠤᠯ ᠬᠠᠮᠤᠭ ᠤᠨ ᠭᠤᠤᠯ ᠬᠦᠴᠦᠨ ᠪᠤᠯᠤᠨ᠎ᠠ᠂ ᠨᠢᠬᠡᠳᠦᠬᠡᠷ ᠱᠦᠵᠢ ᠪᠤᠯᠤᠭᠰᠠᠨ ᠤ ᠬᠤᠪᠢ ᠳᠤ ᠪᠢ ᠵᠦᠪᠬᠡᠨ ᠴᠢᠷᠮᠠᠶᠢᠵᠤ ᠠᠵᠢᠯᠯᠠᠬᠤ ᠯᠠ ᠶᠤᠰᠤᠳᠠᠢ ᠬᠡᠵᠦ ᠰᠠᠮᠵᠠᠶᠢᠵᠠᠪ ᠶᠠᠷᠢᠵᠤ ᠪᠠᠶᠢᠯ᠎ᠠ᠃      ᠰᠠᠮᠵᠠᠶᠢᠵᠠᠪ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠲᠤᠤᠷ᠎ᠠ᠂ ᠲᠦᠷᠦ ᠶᠢᠨ ᠪᠤᠳᠤᠯᠭ᠎ᠠ ᠶᠢᠨ ᠪᠡᠯᠡ ᠮᠦᠩᠭᠦ ᠶᠢ ᠪᠦᠳᠦᠮᠵᠢᠳᠠᠢ ᠠᠰᠢᠭᠯᠠᠵᠤ᠂ ᠭᠠᠴᠠᠭᠠᠨ ᠳᠤ ᠰᠠᠭᠤᠭ᠎ᠠ ᠨᠢᠬᠡᠳᠦᠬᠡᠷ ᠱᠦᠵᠢ ᠶᠢᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠦ ᠵᠤᠷᠢᠭ ᠲᠠᠢ ᠴᠢᠷᠮᠠᠶᠢᠨ ᠠᠵᠢᠯᠯᠠᠭᠰᠠᠭᠠᠷ ᠁
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ