ᠪᠠᠶᠠᠷ ᠤᠨ ᠮᠡᠳᠡᠭᠡ︕ ᠡᠷᠳᠡᠨᠢ ᠶᠢᠨ ᠲᠤᠪᠴᠢ ᠰᠤᠶᠤᠯ ᠤᠨ ᠠᠵᠤ ᠦᠢᠯᠡᠰ ᠤᠨ ᠬᠦᠷᠢᠶᠡᠯᠡᠩ ᠤᠯᠤᠰ ᠎ ᠤᠨ ᠲᠡᠰ ᠤᠨ ᠢᠷᠡᠭᠤ ᠠᠯᠳᠠᠷ ᠢ ᠬᠦᠷᠳᠡᠯ᠎ᠡ︕
ᠨᠡᠶᠢᠲᠡᠯᠡᠭᠰᠡᠨ ᠴᠠᠭ᠄
2020/12/21
 
         12 ᠰᠠᠷ᠎ᠠ ᠶᠢᠨ 10᠎ ᠤ ᠡᠳᠦᠷ᠂ 2020 ᠤᠨ ᠤ ᠳᠤᠮᠳᠠᠳᠤ ᠤᠯᠤᠰ ᠤᠨ ᠬᠡᠪᠯᠡᠯ ᠤᠨ ᠡᠷᠬᠡ ᠶᠢᠨ ᠤᠨ ᠤ ᠬᠤᠷᠠᠯ ᠵᠦᠬᠠᠶ ᠳᠤ ᠶᠠᠪᠤᠭᠳᠠᠵᠤ᠂ ᠠᠬᠤᠢ ᠲᠠᠯᠠᠪᠠᠶ ᠠᠴᠠ ᠪᠠᠶᠠᠷ ᠤᠨ ᠴᠢᠮᠡᠭᠡ ᠢᠷᠡᠵᠦ᠂ ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ ︽2020 ᠣᠨ ᠤ ᠳᠤᠮᠳᠠᠳᠤ ᠤᠯᠤᠰ ᠤᠨ ᠬᠡᠪᠯᠡᠯ ᠤᠨ ᠡᠷᠬᠡ ᠶᠢᠨ ᠬᠠᠮᠤᠭ ᠰᠤᠳᠤᠨ ᠬᠡᠪᠯᠡᠯ ᠤᠨ ᠡᠷᠬᠡ ᠶᠢᠨ ᠦᠢᠯᠡᠳᠦᠯᠭᠡ ᠶᠢᠨ ᠱᠠᠩᠨᠠᠯ︾᠎ ᠢ ᠬᠦᠷᠲᠡᠪᠡ᠃      ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ 2009 ᠤᠨ ᠠᠴᠠ ᠬᠡᠪᠯᠡᠯ ᠤᠨ ᠡᠷᠬᠡ ᠶᠢᠨ ᠡᠬᠦᠳᠦᠨ ᠪᠦᠳᠦᠬᠡᠯᠳᠡ᠂ ᠬᠡᠷᠡᠭᠯᠡᠯᠳᠡ᠂ ᠬᠠᠮᠠᠭᠠᠯᠠᠯᠳᠠ ᠪᠠ ᠬᠠᠮᠢᠶᠠᠷᠤᠯᠳᠠ ᠶᠢᠨ ᠠᠵᠢᠯ ᠢ ᠴᠢᠬᠤᠯᠠᠴᠢᠯᠠᠵᠤ᠂ ᠤᠯᠤᠰ ᠤᠨ AAAA ᠲᠠᠰ ᠤᠨ ᠦᠵᠡᠮᠵᠢ ᠶᠢᠨ ᠣᠷᠣᠨ ᠪᠣᠯᠤᠭᠰᠠᠨ ᠤ ᠬᠤᠪᠢ ᠳᠤ᠂ ᠬᠦᠷᠢᠶᠡᠯᠡᠩ ᠨᠢ ︽ᠲᠠᠯ᠎ᠠ ᠨᠤᠲᠤᠭ ᠤᠨ ᠪᠣᠯᠪᠠᠰᠤᠨ ᠦᠵᠡᠰᠬᠦᠯᠡᠩ ᠤᠨ ᠬᠦᠷᠢᠶᠡᠯᠡᠩ᠂ ᠦᠨᠳᠦᠰᠦᠲᠡᠨ ᠤ ᠺᠢᠨᠣ᠋ ᠲᠧᠯᠸᠢᠰ ᠤᠨ ᠠᠵᠤ ᠦᠢᠯᠡᠰ ᠤᠨ ᠰᠠᠭᠤᠷᠢᠨ ᠭᠠᠵᠠᠷ᠂ ᠰᠣᠶᠣᠯ ᠵᠢᠭᠤᠯᠴᠢᠯᠠᠯ ᠠᠭᠤᠰᠤᠯᠴᠠᠭᠰᠠᠨ ᠤᠶᠤᠨᠴᠢᠯᠠᠭᠰᠠᠨ ᠦᠵᠡᠮᠵᠢ ᠶᠢᠨ ᠣᠷᠣᠨ︾᠎ ᠢᠶᠠᠷ ᠦᠨᠡᠯᠡᠭᠳᠡᠪᠡ᠃ ᠣᠳᠣᠬᠠᠨ ᠳᠤ ᠬᠦᠷᠢᠶᠡᠯᠡᠩ ᠳᠤ ᠪᠦᠷᠢᠨ ᠲᠡᠭᠦᠯᠳᠡᠷ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢᠨ  ᠲᠤᠭᠳᠠᠴᠠ ᠪᠠ ᠦᠢᠯᠡᠴᠢᠯᠡᠭᠡᠨ ᠤ ᠲᠤᠭᠳᠠᠯᠴᠠᠭ᠎ᠠ ᠲᠠᠢ᠃ ᠣᠳᠣ ᠨᠢᠭᠡᠨᠲᠡ ᠲᠡᠭᠷᠢ ᠰᠦᠰᠦᠭᠯᠡᠯᠳᠦ ᠬᠠᠭᠠᠯᠭ᠎ᠠ᠂ ᠳᠠᠭᠤᠷᠢᠶᠠᠮᠠᠯ ᠶᠤᠸᠠᠨ ᠳ᠋ᠠᠶᠢᠳᠤ᠂ ᠳᠠᠭᠤᠷᠢᠶᠠᠮᠠᠯ ᠶᠤᠸᠠᠨ ᠤ ᠳᠡᠭᠡᠳᠦ ᠨᠡᠶᠢᠰᠯᠡᠯ᠂ ᠤᠮᠠᠷᠠᠲᠤ ᠢᠷᠭᠡᠨ ᠤᠯᠤᠰ ᠤᠨ ᠬᠤᠲᠠ ᠵᠡᠷᠭᠡ ᠣᠯᠠᠨ ᠵᠦᠢᠯ ᠤᠨ ᠪᠠᠷᠢᠯᠭ᠎ᠠ᠂ ᠺᠢᠨᠣ᠋ ᠲᠧᠯᠸᠢᠰ ᠤᠨ ᠪᠦᠳᠦᠬᠡᠯ ᠤᠨ ᠬᠡᠪᠯᠡᠯ ᠤᠨ ᠡᠷᠬᠡ ᠶᠢ ᠪᠦᠷᠢᠳᠬᠡᠵᠣ᠂ ᠬᠦᠷᠢᠶᠡᠯᠡᠩ ᠲᠣᠭᠤᠷᠢᠭ ᠤᠨ ᠵᠦᠬᠡᠯᠡᠨ ᠲᠤᠨᠤᠭ ᠤᠨ ᠵᠢᠩᠬᠢᠨᠢ ᠬᠡᠪᠯᠡᠴᠢᠯᠡᠯᠳᠡ ᠎ ᠶᠢᠨ ᠨᠣᠷᠮ᠎ᠠ 100%᠎ ᠳᠤ ᠬᠦᠷᠪᠡ᠃ ᠡᠷᠳᠡᠨᠢ ᠶᠢᠨ ᠲᠤᠪᠴᠢ ᠰᠤᠶᠤᠯ ᠤᠨ ᠠᠵᠤ ᠦᠢᠯᠡᠰ ᠤᠨ ᠬᠦᠷᠢᠶᠡᠯᠡᠩ ᠪᠣᠯ ᠤᠯᠤᠰ ᠤᠨ ᠳᠣᠲᠣᠭᠠᠳᠤ ᠶᠢᠨ ᠴᠤᠷ ᠤᠨ ᠭᠠᠭᠴᠠ ᠦᠨᠳᠦᠰᠦᠲᠡᠨ ᠤ ᠰᠤᠶᠤᠯ ᠢᠶᠠᠷ ᠭᠤᠤᠯᠯᠠᠭᠰᠠᠨ ᠰᠢᠨ᠎ᠡ ᠦᠵᠡᠮᠵᠢ ᠶᠢᠨ ᠣᠷᠣᠨ᠂ ᠰᠢᠨ᠎ᠡ ᠺᠢᠨᠣ᠋ ᠲᠧᠯᠸᠢᠰ ᠤᠨ ᠬᠤᠲᠠ ᠪᠣᠯᠤᠨ᠎ᠠ᠃      ᠬᠤᠶᠢᠰᠢᠳᠠ ᠬᠦᠷᠢᠶᠡᠯᠡᠩ ᠨᠢ ᠬᠡᠪᠯᠡᠯ ᠤᠨ ᠡᠷᠬᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ︵ᠰᠠᠭᠤᠷᠢᠨ ᠭᠠᠵᠠᠷ ︶᠎ ᠤᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠡᠪᠯᠡᠯ ᠤᠨ ᠡᠷᠬᠡ ᠶᠢᠨ ᠡᠬᠦᠳᠦᠨ ᠪᠦᠳᠦᠬᠡᠯᠳᠡ᠂ ᠬᠠᠮᠠᠭᠠᠯᠠᠯᠳᠠ ᠪᠠ ᠬᠡᠷᠡᠭᠯᠡᠯᠳᠡ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠠᠵᠤ ᠠᠬᠤᠶ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号