| | 12 ᠰᠠᠷ᠎ᠠ ᠶᠢᠨ 10 ᠤ ᠡᠳᠦᠷ᠂ 2020 ᠤᠨ ᠤ ᠳᠤᠮᠳᠠᠳᠤ ᠤᠯᠤᠰ ᠤᠨ ᠬᠡᠪᠯᠡᠯ ᠤᠨ ᠡᠷᠬᠡ ᠶᠢᠨ ᠤᠨ ᠤ | ᠬᠤᠷᠠᠯ ᠵᠦᠬᠠᠶ ᠳᠤ ᠶᠠᠪᠤᠭᠳᠠᠵᠤ᠂ ᠠᠬᠤᠢ ᠲᠠᠯᠠᠪᠠᠶ ᠠᠴᠠ ᠪᠠᠶᠠᠷ ᠤᠨ ᠴᠢᠮᠡᠭᠡ ᠢᠷᠡᠵᠦ᠂ ᠡᠷᠳᠡᠨᠢ ᠶᠢᠨ ᠲᠤᠪᠴᠢ | ᠰᠣᠶᠣᠯ ᠤᠨ ᠠᠵᠤ ᠦᠢᠯᠡᠰ ᠤᠨ ᠬᠦᠷᠢᠶᠡᠯᠡᠩ ︽2020 ᠣᠨ ᠤ ᠳᠤᠮᠳᠠᠳᠤ ᠤᠯᠤᠰ ᠤᠨ ᠬᠡᠪᠯᠡᠯ ᠤᠨ ᠡᠷᠬᠡ ᠶᠢᠨ | ᠬᠠᠮᠤᠭ ᠰᠤᠳᠤᠨ ᠬᠡᠪᠯᠡᠯ ᠤᠨ ᠡᠷᠬᠡ ᠶᠢᠨ ᠦᠢᠯᠡᠳᠦᠯᠭᠡ ᠶᠢᠨ ᠱᠠᠩᠨᠠᠯ︾ ᠢ ᠬᠦᠷᠲᠡᠪᠡ᠃ | ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ 2009 ᠤᠨ ᠠᠴᠠ ᠬᠡᠪᠯᠡᠯ ᠤᠨ | ᠡᠷᠬᠡ ᠶᠢᠨ ᠡᠬᠦᠳᠦᠨ ᠪᠦᠳᠦᠬᠡᠯᠳᠡ᠂ ᠬᠡᠷᠡᠭᠯᠡᠯᠳᠡ᠂ ᠬᠠᠮᠠᠭᠠᠯᠠᠯᠳᠠ ᠪᠠ ᠬᠠᠮᠢᠶᠠᠷᠤᠯᠳᠠ ᠶᠢᠨ ᠠᠵᠢᠯ ᠢ | ᠴᠢᠬᠤᠯᠠᠴᠢᠯᠠᠵᠤ᠂ ᠤᠯᠤᠰ ᠤᠨ AAAA ᠲᠠᠰ ᠤᠨ ᠦᠵᠡᠮᠵᠢ ᠶᠢᠨ ᠣᠷᠣᠨ ᠪᠣᠯᠤᠭᠰᠠᠨ ᠤ ᠬᠤᠪᠢ ᠳᠤ᠂ | ᠬᠦᠷᠢᠶᠡᠯᠡᠩ ᠨᠢ ︽ᠲᠠᠯ᠎ᠠ ᠨᠤᠲᠤᠭ ᠤᠨ ᠪᠣᠯᠪᠠᠰᠤᠨ ᠦᠵᠡᠰᠬᠦᠯᠡᠩ ᠤᠨ ᠬᠦᠷᠢᠶᠡᠯᠡᠩ᠂ ᠦᠨᠳᠦᠰᠦᠲᠡᠨ ᠤ ᠺᠢᠨᠣ᠋ | ᠲᠧᠯᠸᠢᠰ ᠤᠨ ᠠᠵᠤ ᠦᠢᠯᠡᠰ ᠤᠨ ᠰᠠᠭᠤᠷᠢᠨ ᠭᠠᠵᠠᠷ᠂ ᠰᠣᠶᠣᠯ ᠵᠢᠭᠤᠯᠴᠢᠯᠠᠯ ᠠᠭᠤᠰᠤᠯᠴᠠᠭᠰᠠᠨ ᠤᠶᠤᠨᠴᠢᠯᠠᠭᠰᠠᠨ | ᠦᠵᠡᠮᠵᠢ ᠶᠢᠨ ᠣᠷᠣᠨ︾ ᠢᠶᠠᠷ ᠦᠨᠡᠯᠡᠭᠳᠡᠪᠡ᠃ ᠣᠳᠣᠬᠠᠨ ᠳᠤ ᠬᠦᠷᠢᠶᠡᠯᠡᠩ ᠳᠤ ᠪᠦᠷᠢᠨ ᠲᠡᠭᠦᠯᠳᠡᠷ ᠬᠡᠪᠯᠡᠯ ᠤᠨ | ᠡᠷᠬᠡ ᠶᠢᠨ ᠬᠠᠮᠠᠭᠠᠯᠠᠯᠲᠠ ᠶᠢᠨ ᠲᠤᠭᠳᠠᠴᠠ ᠪᠠ ᠦᠢᠯᠡᠴᠢᠯᠡᠭᠡᠨ ᠤ ᠲᠤᠭᠳᠠᠯᠴᠠᠭ᠎ᠠ ᠲᠠᠢ᠃ ᠣᠳᠣ ᠨᠢᠭᠡᠨᠲᠡ ᠲᠡᠭᠷᠢ | ᠰᠦᠰᠦᠭᠯᠡᠯᠳᠦ ᠬᠠᠭᠠᠯᠭ᠎ᠠ᠂ ᠳᠠᠭᠤᠷᠢᠶᠠᠮᠠᠯ ᠶᠤᠸᠠᠨ ᠳ᠋ᠠᠶᠢᠳᠤ᠂ ᠳᠠᠭᠤᠷᠢᠶᠠᠮᠠᠯ ᠶᠤᠸᠠᠨ ᠤ ᠳᠡᠭᠡᠳᠦ ᠨᠡᠶᠢᠰᠯᠡᠯ᠂ | ᠤᠮᠠᠷᠠᠲᠤ ᠢᠷᠭᠡᠨ ᠤᠯᠤᠰ ᠤᠨ ᠬᠤᠲᠠ ᠵᠡᠷᠭᠡ ᠣᠯᠠᠨ ᠵᠦᠢᠯ ᠤᠨ ᠪᠠᠷᠢᠯᠭ᠎ᠠ᠂ ᠺᠢᠨᠣ᠋ ᠲᠧᠯᠸᠢᠰ ᠤᠨ ᠪᠦᠳᠦᠬᠡᠯ ᠤᠨ | ᠬᠡᠪᠯᠡᠯ ᠤᠨ ᠡᠷᠬᠡ ᠶᠢ ᠪᠦᠷᠢᠳᠬᠡᠵᠣ᠂ ᠬᠦᠷᠢᠶᠡᠯᠡᠩ ᠲᠣᠭᠤᠷᠢᠭ ᠤᠨ ᠵᠦᠬᠡᠯᠡᠨ ᠲᠤᠨᠤᠭ ᠤᠨ ᠵᠢᠩᠬᠢᠨᠢ ᠬᠡᠪᠯᠡᠴᠢᠯᠡᠯᠳᠡ | ᠶᠢᠨ ᠨᠣᠷᠮ᠎ᠠ 100% ᠳᠤ ᠬᠦᠷᠪᠡ᠃ ᠡᠷᠳᠡᠨᠢ ᠶᠢᠨ ᠲᠤᠪᠴᠢ ᠰᠤᠶᠤᠯ ᠤᠨ ᠠᠵᠤ ᠦᠢᠯᠡᠰ ᠤᠨ ᠬᠦᠷᠢᠶᠡᠯᠡᠩ ᠪᠣᠯ | ᠤᠯᠤᠰ ᠤᠨ ᠳᠣᠲᠣᠭᠠᠳᠤ ᠶᠢᠨ ᠴᠤᠷ ᠤᠨ ᠭᠠᠭᠴᠠ ᠦᠨᠳᠦᠰᠦᠲᠡᠨ ᠤ ᠰᠤᠶᠤᠯ ᠢᠶᠠᠷ ᠭᠤᠤᠯᠯᠠᠭᠰᠠᠨ ᠰᠢᠨ᠎ᠡ | ᠦᠵᠡᠮᠵᠢ ᠶᠢᠨ ᠣᠷᠣᠨ᠂ ᠰᠢᠨ᠎ᠡ ᠺᠢᠨᠣ᠋ ᠲᠧᠯᠸᠢᠰ ᠤᠨ ᠬᠤᠲᠠ ᠪᠣᠯᠤᠨ᠎ᠠ᠃ | ᠬᠤᠶᠢᠰᠢᠳᠠ ᠬᠦᠷᠢᠶᠡᠯᠡᠩ ᠨᠢ ᠬᠡᠪᠯᠡᠯ ᠤᠨ ᠡᠷᠬᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ︵ᠰᠠᠭᠤᠷᠢᠨ ᠭᠠᠵᠠᠷ | ︶ ᠤᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠡᠪᠯᠡᠯ ᠤᠨ ᠡᠷᠬᠡ ᠶᠢᠨ ᠡᠬᠦᠳᠦᠨ | ᠪᠦᠳᠦᠬᠡᠯᠳᠡ᠂ ᠬᠠᠮᠠᠭᠠᠯᠠᠯᠳᠠ ᠪᠠ ᠬᠡᠷᠡᠭᠯᠡᠯᠳᠡ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠠᠵᠤ ᠠᠬᠤᠶ᠂ | ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠤᠨ᠎ᠠ᠃ | | | | | | | | | | |