| | 12 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ | ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠶᠠᠪᠤᠭᠳᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠦ᠂ ᠪᠦᠬᠦ ᠣᠷᠣᠨ ᠤ ᠡᠯ᠎ᠡ ᠠᠵᠢᠯ ᠲᠥᠷᠥᠯ ᠠᠴᠠ ᠴᠣᠯᠭᠤᠷᠠᠨ ᠭᠠᠷᠤᠭᠰᠠᠨ ᠬᠥᠳᠡᠯᠮᠦᠷᠢ ᠶᠢᠨ | ᠵᠢᠱᠢᠶᠡᠴᠢ ᠪᠠ ᠲᠡᠷᠢᠭᠦᠨ ᠤ ᠠᠵᠢᠯᠲᠠᠨ ᠢ ᠦᠪᠡᠳᠡᠭᠰᠢ ᠶᠡᠬᠡᠪᠡᠷ ᠬᠥᠬᠢᠭᠦᠯᠦᠨ ᠰᠠᠶᠢᠰᠢᠶᠠᠪᠠ᠃ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ | ᠲᠡᠷᠢᠬᠦᠯᠡᠭᠴᠢ ᠪᠦ᠋ ᠰᠢᠶᠤᠤ ᠯᠢᠨ ᠶᠡᠭᠡ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ | ᠰᠢᠤ ᠯᠢᠩ᠂ ᠯᠢᠦ ᠴᠢ ᠹᠠᠨ᠂ ᠪᠠᠶ ᠢᠦᠶ ᠭᠠᠩ᠂ ᠵᠠᠩ ᠱᠣᠤ ᠴᠦᠨ᠂ ᠡᠤ ᠲᠤᠸᠠᠨ ᠶᠢᠩ᠂ ᠠᠶ ᠯᠢ ᠬᠤᠸᠠ | ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠬᠥᠬᠢᠭᠦᠯᠦᠨ ᠰᠠᠶᠢᠰᠢᠶᠠᠬᠤ ᠲᠣᠭᠲᠠᠭᠠᠯ ᠢ | ᠤᠩᠰᠢᠨ ᠨᠡᠶᠢᠲᠡᠯᠡᠪᠡ᠃ | ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢ | ᠲᠥᠯᠥᠭᠡᠯᠡᠨ᠂ ᠬᠥᠬᠢᠭᠦᠯᠦᠭᠳᠡᠨ ᠰᠠᠶᠢᠰᠢᠶᠠᠬᠳᠠᠭᠰᠠᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠲᠤ | ᠪᠠᠶᠠᠷ ᠬᠦᠷᠭᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠵᠢᠯᠴᠢᠨ᠂ ᠮᠠᠯᠴᠢᠨ ᠲᠠᠷᠢᠶᠠᠴᠢᠨ᠂ ᠰᠡᠬᠡᠭᠡᠲᠡᠨ | ᠪᠠ ᠪᠤᠰᠤᠳ ᠡᠯ᠎ᠡ ᠠᠩᠬᠢ ᠳᠠᠪᠬᠤᠷᠭ᠎ᠠ ᠶᠢᠨ ᠬᠥᠳᠡᠯᠮᠦᠷᠢᠴᠢᠨ ᠲᠦᠮᠡᠨ ᠳᠤ ᠡᠷᠬᠢᠮ ᠳᠡᠭᠡᠳᠦ ᠬᠦᠨᠳᠦᠳᠬᠡᠯ ᠪᠠ | ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠤᠢᠢᠷ᠎ᠠ ᠶᠢᠨ ᠵᠢᠯ ᠳᠤ᠂ ᠪᠦᠬᠦ ᠣᠷᠣᠨ ᠤ ᠠᠵᠢᠯᠴᠢᠨ | ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠥᠷ ᠮᠣᠩᠭᠤᠯ ᠤᠨ ᠥᠭᠡᠷᠡᠴᠢᠯᠡᠯᠲᠡ | ᠬᠥᠭᠵᠢᠯᠲᠡ ᠶᠢᠨ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠰᠢᠢᠳᠪᠦᠷᠢᠲᠦ ᠲᠠᠶᠢᠯᠠᠯᠳᠤᠭᠠᠨ ᠬᠢᠬᠦ ᠳᠤ ᠭᠤᠤᠯ ᠬᠦᠴᠦᠨ ᠴᠡᠷᠢᠭ ᠤᠨ ᠦᠢᠯᠡᠳᠦᠯ ᠭᠠᠷᠭᠠᠵᠤ᠂ | ᠣᠶᠤᠨ ᠤᠬᠠᠭᠠᠨ ᠪᠠ ᠬᠦᠴᠦ ᠬᠥᠯᠥᠰᠥ ᠪᠠᠷ ᠢᠶᠠᠨ ᠬᠠᠨᠭ᠍ᠭᠢᠨᠠᠮ᠎ᠠ ᠵᠢᠪᠬᠤᠭᠠᠲᠠᠢ᠂ ᠰᠡᠳᠬᠢᠯ ᠬᠥᠳᠡᠯᠭᠡᠮ᠎ᠡ ᠰᠦᠷᠯᠢᠭ | ᠰᠠᠶᠢᠬᠠᠨ ᠬᠥᠳᠡᠯᠮᠦᠷᠢ ᠶᠢᠨ ᠮᠠᠭᠲᠠᠭᠠᠯ ᠳᠠᠭᠤᠤ ᠶᠢ ᠪᠢᠴᠢᠭᠯᠡᠪᠡ᠃ ᠡᠨᠡ ᠡᠳᠦᠷ ᠬᠥᠬᠢᠭᠦᠯᠦᠭᠳᠡᠨ ᠰᠠᠶᠢᠰᠢᠶᠠᠭᠳᠠᠭᠰᠠᠨ | ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠪᠣᠯ ᠪᠦᠬᠦ ᠣᠷᠣᠨ ᠤ ᠡᠯ᠎ᠡ ᠠᠵᠢᠯ ᠲᠥᠷᠥᠯ ᠤᠨ | ᠬᠥᠳᠡᠯᠮᠦᠷᠢᠴᠢᠨ ᠲᠦᠮᠡᠨ ᠤ ᠭᠠᠷᠮᠠᠭᠠᠶ ᠲᠥᠯᠥᠭᠡᠯᠡᠭᠴᠢ ᠪᠣᠯᠤᠨ᠎ᠠ᠂ ᠤᠯᠠᠨ ᠤ ᠲᠡᠷᠢᠭᠦᠨ ᠤ ᠦᠢᠯᠡ ᠠᠵᠢᠯᠯᠠᠭ᠎ᠠ ᠪᠠ | ᠡᠷᠬᠢᠮ ᠳᠡᠭᠡᠳᠦ ᠵᠣᠷᠢᠭ ᠰᠠᠨᠠᠭ᠎ᠠ ᠬᠥᠮᠦᠰ ᠤᠨ ᠰᠡᠳᠬᠢᠯ ᠢ ᠬᠦᠳᠡᠯᠭᠡᠵᠦ᠂ ᠤᠷᠤᠬᠰᠢ ᠲᠠᠪᠰᠢᠬᠤ ᠶᠢ ᠵᠤᠷᠢᠬᠵᠢᠭᠤᠯᠵᠦ | ᠪᠠᠶᠢᠨ᠎ᠠ ᠭᠡᠪᠡ᠃ | ᠱᠢ ᠲᠠᠢ ᠹᠧᠩ ᠵᠢᠭᠠᠬᠤ ᠳᠠᠭᠠᠨ᠂ ᠤᠳᠤ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠬᠦᠯᠭᠡ ᠶᠢᠨ ᠬᠤᠭᠤᠴᠠᠭ᠎ᠠ ᠤᠳᠠᠯ ᠦᠭᠡᠢ ᠰᠡᠭᠦᠯ ᠬᠤᠷᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠦᠯᠦᠪᠵᠢᠬᠦᠯᠭᠡ ᠶᠢᠨ ᠬᠤᠭᠤᠴᠠᠭ᠎ᠠ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠲᠡᠦᠬᠡ ᠶᠢᠨ ᠰᠢᠨ᠎ᠡ | ᠭᠠᠷᠤᠭ᠎ᠠ ᠳᠤ ᠥᠪᠥᠷ ᠮᠣᠩᠭᠤᠯ ᠤᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ᠂ ᠪᠦᠬᠦ | ᠣᠷᠣᠨ ᠢᠶᠠᠷ ᠢᠶᠠᠨ ᠴᠢᠩᠭ᠎ᠠ ᠠᠳᠬᠤᠵᠤ ᠰᠢᠷᠭᠠᠭᠤ ᠠᠵᠢᠯᠯᠠᠨ᠂ ᠦᠷᠭᠦᠯᠵᠢᠯᠡᠨ ᠲᠡᠮᠡᠴᠡᠵᠦ᠂ ᠬᠠᠮᠲᠤ ᠪᠠᠷ | ᠴᠢᠷᠮᠠᠶᠢᠬᠤ ᠴᠢᠬᠤᠯᠠᠳᠠᠢ᠃ ᠪᠦᠬᠦ ᠣᠷᠣᠨ ᠤ ᠠᠵᠢᠯᠴᠢᠨ ᠠᠩᠭᠢ ᠪᠠ ᠥᠷᠭᠡᠨ ᠣᠯᠠᠨ ᠬᠥᠳᠡᠯᠮᠦᠷᠢᠴᠢᠨ ᠲᠦᠮᠡᠨ | ᠢᠷᠠᠭᠤ ᠠᠯᠳᠠᠷᠲᠤ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠴᠣ ᠰᠢᠨ᠎ᠡ ᠡᠵᠡᠨ ᠬᠥᠮᠦᠨ ᠤ ᠣᠪᠣᠷ᠂ | ᠭᠠᠷᠮᠠᠭᠠᠶ ᠬᠥᠳᠡᠯᠮᠦᠷᠢ ᠶᠢᠨ ᠡᠭᠦᠳᠦᠨ ᠪᠦᠲᠦᠭᠡᠯᠲᠡ᠂ ᠰᠢᠷᠭᠠᠭᠤ ᠬᠠᠲᠠᠭᠤᠵᠢᠯᠲᠠᠶ ᠲᠡᠮᠡᠴᠡᠯ ᠤᠨ ᠵᠣᠷᠢᠭ ᠰᠠᠨᠠᠭ᠎ᠠ ᠪᠠᠷ | ᠲᠡᠰᠪᠦᠷᠢ ᠬᠠᠲᠠᠭᠤᠵᠢᠯᠲᠠᠶ ᠪᠠᠷ ᠲᠡᠮᠡᠴᠡᠵᠦ᠂ ᠣᠷᠭᠢᠯᠤᠮ᠎ᠠ ᠰᠡᠳᠬᠢᠯ ᠢᠶᠠᠷ ᠦᠢᠯᠡᠰ ᠪᠦᠳᠦᠭᠡᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠩ ᠢᠳᠡᠪᠬᠢᠲᠡᠢ ᠵᠢᠳᠬᠦᠯ | ᠴᠢᠷᠮᠠᠶᠢᠯᠭ᠎ᠠ ᠲᠠᠢ ᠪᠠᠷ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠭᠡᠷᠡᠭᠳᠠᠢ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ | ᠬᠠᠮᠠᠭᠠᠯᠠᠬᠤ︾ ᠶᠢ ᠤᠬᠠᠮᠰᠠᠷ ᠠᠴᠠ ᠪᠠᠨ ᠪᠡᠶᠡᠯᠡᠭᠦᠯᠤᠨ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ | ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ ᠤᠷᠤᠭᠰᠢᠯᠠᠬᠤ ᠭᠡᠷᠡᠭᠳᠠᠢ᠃ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠠᠬᠢᠭᠤᠯᠤᠭᠴᠢ᠂ ᠰᠢᠨ᠎ᠡ ᠶᠢ ᠡᠭᠦᠳᠬᠦ ᠦᠢᠯᠡᠰ ᠪᠤᠰᠬᠠᠬᠤ ᠡᠭᠦᠳᠦᠨ | ᠪᠦᠲᠦᠭᠡᠯᠲᠡ ᠶᠢᠨ ᠬᠤᠰᠢᠭᠤᠴᠢ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠬᠢᠭᠤᠯᠤᠭᠴᠢ᠂ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠤᠨ ᠬᠠᠮᠠᠭᠠᠯᠠᠭᠴᠢ ᠪᠣᠯᠬᠤ ᠪᠠᠷ ᠴᠢᠷᠮᠠᠶᠢᠨ᠂ ᠮᠠᠨ ᠤ | ᠣᠷᠣᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠣᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠬᠦ ᠭᠡᠷᠡᠭᠳᠠᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ | ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠷᠮᠠᠰᠢᠭᠤᠯᠤᠨ ᠵᠤᠷᠢᠬᠵᠢᠭᠤᠯᠵᠤ ᠴᠠᠭ ᠦᠶ᠎ᠡ ᠳᠤ ᠣᠰᠣᠯᠳᠠᠬᠤ | ᠦᠭᠡᠢ ᠠᠮᠵᠢᠯᠲᠠ ᠪᠦᠲᠦᠮᠵᠢ ᠭᠠᠷᠭᠠᠬᠤ ᠶᠢ ᠬᠦᠳᠤᠯᠤᠨ ᠲᠠᠭᠠᠭᠤᠯᠬᠤ ᠬᠡᠷᠡᠭᠲᠡᠢ᠃ ᠲᠠᠰᠤᠷᠠᠯᠲᠠ ᠦᠭᠡᠢ ᠰᠢᠨ᠎ᠡ | ᠮᠡᠳᠡᠯᠭᠡ ᠰᠢᠨ᠎ᠡ ᠤᠷ᠎ᠠ ᠴᠢᠳᠠᠪᠤᠷᠢ ᠶᠢ ᠡᠵᠡᠮᠰᠢᠨ᠂ ᠰᠢᠨ᠎ᠡ ᠴᠢᠳᠠᠪᠤᠷᠢ ᠪᠠᠨ ᠳᠡᠭᠡᠭᠰᠢᠯᠡᠭᠦᠯᠵᠦ᠂ ᠮᠡᠳᠡᠯᠭᠡ ᠶᠢᠨ | ᠬᠡᠯᠪᠡᠷᠢ ᠶᠢᠨ ᠠᠵᠢᠯᠲᠠᠨ ᠠᠵᠢᠯᠴᠢᠨ᠂ ᠮᠡᠷᠭᠡᠵᠢᠯ ᠤᠨ ᠴᠢᠳᠠᠪᠤᠷᠢᠲᠠᠨ᠂ ᠬᠠᠮ ᠬᠡᠯᠪᠡᠷᠢ ᠶᠢᠨ ᠴᠢᠳᠠᠪᠤᠷᠢᠲᠠᠨ | ᠪᠣᠯᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ | ᠬᠥᠳᠡᠯᠮᠦᠷᠢᠴᠢᠳ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠶᠢ ᠴᠢᠬᠤᠯᠠᠴᠢᠯᠠᠨ᠂ ᠬᠥᠳᠡᠯᠮᠦᠷᠢ ᠶᠢᠨ ᠵᠢᠱᠢᠶᠡᠴᠢ ᠶᠢᠨ | ᠠᠵᠢᠯ ᠢ ᠴᠢᠬᠤᠯᠠᠴᠢᠯᠠᠨ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠤᠨ᠂ ᠰᠠᠶᠢᠲᠤᠷ | ᠬᠠᠮᠠᠭᠠᠯᠠᠵᠤ᠂ ᠰᠠᠶᠢᠲᠤᠷ ᠬᠥᠭᠵᠢᠭᠦᠯᠤᠨ᠂ ᠬᠥᠳᠡᠯᠮᠦᠷᠢᠴᠢᠳ ᠢ ᠨᠡᠩ ᠪᠠᠲᠤᠯᠠᠭ᠎ᠠ ᠲᠠᠢ᠂ ᠨᠡᠩ ᠨᠡᠷ᠎ᠡ ᠬᠦᠨᠳᠦ ᠲᠠᠢ | ᠪᠣᠯᠭᠠᠬᠤ ᠭᠡᠷᠡᠭᠳᠠᠢ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠵᠢᠯᠲᠠᠨ | ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠠᠵᠢᠯᠲᠠᠨ ᠠᠵᠢᠯᠴᠢᠨ ᠳᠤ ᠦᠨᠡᠨ | ᠰᠡᠳᠬᠢᠯ ᠠᠴᠠ ᠪᠠᠨ ᠦᠢᠯᠡᠴᠢᠯᠡᠬᠦ ᠦᠨᠳᠦᠰᠦᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠦ᠂ | ᠥᠷᠭᠡᠨ ᠣᠯᠠᠨ ᠠᠵᠢᠯᠲᠠᠨ ᠠᠵᠢᠯᠴᠢᠨ ᠢ ᠳᠠᠭᠠᠭᠤᠯᠤᠨ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ | ᠪᠠᠶᠢᠭᠤᠯᠬᠤ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠵᠢᠯᠴᠢᠨ ᠤ | ᠡᠪᠯᠡᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ᠂ ᠦᠢᠯᠡᠳᠦᠯ ᠢᠶᠠᠨ ᠪᠠᠳᠠᠷᠠᠭᠤᠯᠬᠤ ᠳᠤ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠦ ᠦᠭᠬᠦ ᠬᠡᠷᠡᠭᠲᠡᠶ ᠭᠡᠪᠠ᠃ | ᠪᠦ᠋ ᠰᠢᠶᠣᠤ ᠯᠢᠨ ᠵᠢᠭᠠᠵᠤ ᠭᠠᠷᠭᠠᠬᠤ ᠳᠠᠭᠠᠨ᠂ ᠪᠦᠬᠦ ᠣᠷᠣᠨ ᠢᠶᠠᠷ ᠢᠶᠠᠨ ᠬᠥᠳᠡᠯᠮᠦᠷᠢ ᠶᠢᠨ ᠵᠢᠱᠢᠶᠡᠴᠢ ᠶᠢ | ᠬᠦᠨᠳᠦᠳᠬᠡᠵᠤ᠂ ᠬᠥᠳᠡᠯᠮᠦᠷᠢ ᠶᠢᠨ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ᠂ ᠬᠥᠳᠡᠯᠮᠦᠷᠢᠴᠢᠳ ᠤᠨ ᠬᠠᠤᠯᠢ | ᠶᠣᠰᠣᠨ ᠤ ᠡᠷᠬᠡ ᠠᠰᠢᠭ ᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ | ᠥᠨᠳᠥᠷ ᠬᠡᠪ ᠪᠤᠯᠪᠠᠰᠤᠷᠠᠯ ᠲᠠᠢ ᠬᠥᠳᠡᠯᠮᠦᠷᠢ ᠶᠢᠨ ᠶᠡᠭᠡ ᠬᠦᠴᠦᠨ ᠢ ᠴᠢᠷᠮᠠᠶᠢᠨ ᠪᠠᠶᠢᠭᠤᠯᠬᠤ ᠬᠡᠷᠡᠭᠲᠡᠢ᠃ | ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠶᠡᠭᠡ ᠪᠠᠷ ᠤᠬᠠᠭᠤᠯᠵᠤ᠂ ᠬᠥᠳᠡᠯᠮᠦᠷᠢ ᠶᠢᠨ | ᠵᠢᠱᠢᠶᠡᠴᠢ ᠶᠢᠨ ᠦᠯᠢᠭᠡᠷ᠂ ᠬᠥᠳᠡᠯᠮᠦᠷᠢ ᠶᠢᠨ ᠦᠯᠢᠭᠡᠷ᠂ ᠤᠷᠠᠨ ᠳᠠᠷᠬᠠᠨ ᠤ ᠦᠯᠢᠭᠡᠷ ᠢ ᠰᠠᠶᠢᠲᠤᠷ ᠶᠠᠷᠢᠵᠤ᠂ | ᠬᠥᠳᠡᠯᠮᠦᠷᠢ ᠬᠠᠮᠤᠭ ᠤᠨ ᠦᠡᠭᠭᠡ ᠭᠡᠷᠡᠯᠲᠡᠢ᠂ ᠬᠥᠳᠡᠯᠮᠦᠷᠢ ᠬᠠᠮᠤᠭ ᠤᠨ ᠡᠷᠬᠢᠮ ᠳᠡᠭᠡᠳᠦ᠂ ᠬᠥᠳᠡᠯᠮᠦᠷᠢ | ᠬᠠᠮᠤᠭ ᠤᠨ ᠠᠭᠤᠤ ᠶᠡᠭᠡ᠂ ᠬᠥᠳᠡᠯᠮᠦᠷᠢ ᠬᠠᠮᠤᠭ ᠤᠨ ᠰᠠᠶᠢᠬᠠᠨ ᠭᠡᠬᠦ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠵᠦ᠂ | ᠪᠥᠬᠦ ᠣᠷᠣᠨ ᠤ ᠥᠷᠭᠡᠨ ᠣᠯᠠᠨ ᠬᠦᠳᠡᠯᠮᠦᠷᠢᠴᠢᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠠᠯ | ᠬᠠᠯᠠᠭᠤᠨ ᠦᠢᠯᠡᠳᠦᠯᠭᠡ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠵᠢᠷᠤᠮᠲᠦ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠠᠴᠠ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠤ ᠲᠥᠯᠥᠭᠡᠯᠡᠭᠴᠢᠳ ᠲᠤ ᠢᠷᠠᠭᠤ ᠠᠯᠳᠠᠷ ᠤᠨ | ᠦᠨᠡᠮᠯᠡᠯ ᠭᠠᠷᠳᠠᠭᠤᠯᠪᠠ᠃ ᠬᠥᠳᠡᠯᠮᠦᠷᠢ ᠶᠢᠨ ᠵᠢᠱᠢᠶᠡᠴᠢ ᠹᠦ᠋ ᠱᠣᠣ ᠴᠢᠩ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠲᠥᠯᠥᠭᠡᠯᠡᠨ ᠰᠠᠨᠠᠭᠠᠴᠢᠯᠠᠭ᠎ᠠ ᠶᠢᠨ ᠪᠢᠴᠢᠭ ᠢ | ᠤᠩᠰᠢᠨ ᠨᠡᠶᠢᠲᠡᠯᠡᠵᠠᠢ᠃ | ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠠᠵᠢᠯ ᠤᠨ | ᠪᠡᠯᠡᠳᠬᠡᠯ ᠺᠣᠮᠢᠰ ᠤᠨ ᠪᠦᠷᠢᠯᠳᠦᠬᠦᠨ ᠨᠢᠭᠡᠴᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠤ ᠦᠢᠯᠡᠰ ᠤᠨ ᠠᠵᠢᠯᠴᠢᠨ ᠤ ᠡᠪᠯᠡᠯ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯᠯᠠᠬᠤ | ᠬᠤᠷᠢᠶ᠎ᠠ ᠶᠢᠨ ᠬᠠᠷᠢᠭᠤᠴᠠᠯᠭᠠᠲᠠᠨ᠂ ᠬᠥᠬᠡᠬᠤᠲᠠ ᠳᠤ ᠪᠠᠶᠢᠭ᠎ᠠ 2020 ᠣᠨ ᠤ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ | ᠶᠡᠷᠦᠩᠬᠡᠶ ᠡᠪᠯᠡᠯ ᠤᠨ ᠤᠲᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ | ᠨᠢᠭᠡᠴᠢ ᠶᠢᠨ ᠭᠤᠤᠯ ᠬᠠᠷᠢᠭᠤᠴᠠᠯᠭᠠᠲᠠᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃ | | | | | | | | | | | ᠬᠤᠷᠠᠯ ᠢ ᠸᠢᠲᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ᠂ ᠬᠤᠰᠢᠭᠤ ᠠᠷᠠᠳ ᠤᠨ ᠲᠦᠯᠦᠬᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠦᠩ ᠶᠤᠤ᠂ ᠬᠤᠰᠢᠭᠤᠨ ᠤ ᠤᠯᠤᠰ | ᠲᠦᠷᠦ ᠶᠢᠨ ᠵᠦᠪᠯᠡᠬᠡᠨ ᠤ ᠲᠡᠷᠢᠬᠦᠯᠡᠭᠴᠢ ᠪᠠᠳᠤᠵᠠᠶᠠᠭ᠎ᠠ ᠵᠡᠷᠬᠡ ᠲᠦᠷᠪᠡᠨ ᠶᠡᠭᠡ ᠤᠳᠤᠷᠢᠳᠬᠤ ᠪᠠᠭ᠂ ᠮᠠᠨ ᠤ | ᠬᠤᠰᠢᠭᠤᠨ ᠠᠴᠠ ᠰᠤᠩᠭᠤᠭᠳᠠᠨ ᠤᠷᠤᠭᠰᠠᠨ ᠦᠪᠡᠷᠳᠡᠬᠡᠨ ᠵᠠᠰᠠᠬᠤ ᠤᠷᠤᠨ ᠤ ᠬᠦᠳᠡᠯᠮᠤᠷᠢ ᠶᠢᠨ ᠵᠢᠱᠢᠶᠡᠴᠢ᠂ | ᠲᠡᠷᠢᠬᠦᠨ ᠤ ᠠᠵᠢᠯᠳᠠᠨ ᠵᠢᠴᠢ ᠡᠯ᠎ᠡ ᠪᠠᠯᠭᠠᠰᠤ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ | ᠤ ᠬᠤᠪᠢᠶᠠᠷᠢ ᠬᠤᠷᠠᠯ ᠤᠨ ᠲᠠᠯᠠᠪᠠᠢ ᠳᠤ ᠤᠷᠤᠯᠴᠠᠪᠠ᠃ | | | | ᠬᠤᠷᠠᠯ ᠠᠴᠠ ᠡᠮᠦᠨ᠎ᠡ᠂ ᠬᠤᠸᠠ ᠷᠦᠢ ᠹᠧᠩ᠂ ᠮᠠᠨ ᠤ ᠦᠪᠡᠷᠳᠡᠬᠡᠨ ᠵᠠᠰᠠᠬᠤ ᠤᠷᠤᠨ ᠤ ᠬᠦᠳᠡᠯᠮᠤᠷᠢ ᠶᠢᠨ | ᠵᠢᠱᠢᠶᠡᠴᠢ ᠪᠠ ᠲᠡᠷᠢᠬᠦᠨ ᠤ ᠠᠵᠢᠯᠳᠠᠨ ᠤ ᠢᠷᠠᠭᠤ ᠠᠯᠳᠠᠷ ᠢ ᠬᠦᠷᠳᠡᠭᠰᠡᠨ ᠱᠧᠨ ᠳ᠋ᠦᠩ ᠲᠤᠨᠤᠭ ᠲᠦᠬᠦᠬᠡᠷᠦᠮᠵᠢ | ᠰᠡᠯᠪᠢᠨ ᠵᠠᠰᠠᠬᠤ ᠲᠦᠪ ᠤᠨ ᠪᠤᠯᠪᠠᠰᠤᠷᠠᠯ ᠤᠨ ᠰᠠᠭᠤᠷᠢᠨ ᠭᠠᠵᠠᠷ ᠤᠨ ᠠᠵᠢᠯᠴᠢᠨ ᠭᠦ᠋ ᠰᠢᠦ ᠬᠤᠸᠠ᠂ ᠵᠠᠰᠠᠭ | ᠪᠠᠯᠭᠠᠰᠤᠨ ᠤ ᠴᠠᠭᠠᠨᠨᠠᠭᠤᠷ ᠭᠠᠴᠠᠭᠠᠨ ᠤ ᠨᠠᠮ ᠤᠨ ᠡᠬᠦᠷ ᠤᠨ ᠱᠦᠵᠢ ᠰᠤᠳᠤᠪᠢᠯᠢᠭ᠌᠂ ᠦᠪᠦᠷ ᠮᠤᠩᠭᠤᠯ ᠤᠨ ᠮᠧᠩ | ᠹᠠ ᠨᠡᠬᠦᠷᠡᠰᠦᠨ ᠤ ᠬᠠᠷᠢᠭᠤᠴᠠᠯᠭ᠎ᠠ ᠶᠢᠨ ᠬᠢᠵᠠᠭᠠᠷᠳᠤ ᠺᠤᠮᠫᠠᠨᠢ ᠶᠢᠨ ᠶᠡᠷᠦᠩᠬᠡᠶᠢᠯᠡᠭᠰᠡᠨ ᠮᠠᠰᠢᠨ ᠮᠧᠬᠠᠨᠢᠭ ᠤᠨ ᠲᠡᠳ᠋ | ᠠᠩᠭᠢ ᠶᠢᠨ ᠲᠠᠷᠤᠭ᠎ᠠ ᠸᠠᠩ ᠸᠧᠢ᠂ ᠡᠵᠡᠨ ᠬᠤᠷᠤᠭ᠎ᠠ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ | ᠲᠡᠳ᠋ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠲᠡᠳ᠋ ᠡᠷᠬᠢᠯᠡᠭᠴᠢ ᠯᠢᠨ ᠶᠦᠩ ᠵᠧᠨ ᠲᠠᠢ ᠠᠭᠤᠯᠵᠠᠨ | ᠶᠠᠷᠢᠯᠴᠠᠵᠤ᠂ ᠬᠠᠮᠳᠤ ᠵᠢᠷᠤᠭ ᠪᠠᠭᠤᠯᠭᠠᠪᠠ᠃ | | | | | | | | | | | | |