ᠡᠵᠡᠨ ᠬᠤᠷᠤᠭ᠎ᠠ ᠬᠤᠰᠢᠭᠤᠨ ᠳᠤ 24 ᠴᠠᠭ ᠤᠨ ᠤᠶᠤᠨᠴᠢᠯᠠᠭᠰᠠᠨ  ᠲᠡᠯᠬᠡᠬᠦᠷ ᠨᠡᠬᠡᠬᠡᠯ᠎ᠡ
ᠨᠡᠶᠢᠲᠡᠯᠡᠭᠰᠡᠨ ᠴᠠᠭ᠄
2020/12/21
     ᠣᠶᠢᠷ᠎ᠠ ᠳᠤ᠂ 24 ᠴᠠᠭ ᠤᠨ ᠤᠶᠤᠨᠴᠢᠯᠠᠭᠰᠠᠨ ᠳᠥᠭᠦᠮ ᠦᠵᠡᠭᠦᠯᠬᠦ ᠮᠠᠰᠢᠨ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤᠨ ᠳᠤ ᠢᠯᠡᠷᠡᠵᠦ᠂ ᠮᠡᠷᠬᠡᠨ ᠴᠤᠬᠤᠷ ᠢ ᠰᠢᠷᠪᠢᠪᠡᠯ᠂ ᠠᠦ᠋ᠲ᠋ᠤᠴᠢᠯᠠᠭᠰᠠᠨ ᠵᠢᠩᠯᠡᠬᠦᠷ ᠦᠪᠡᠷᠳᠡᠬᠡᠨ ᠵᠢᠩᠯᠠᠵᠤ᠂ ᠭᠠᠷ ᠤᠲᠠᠰᠤᠨ ᠠᠴᠠ ᠵᠠᠷᠤᠳᠠᠯ ᠢ ᠬᠠᠰᠤᠨ᠎ᠠ᠃ ᠡᠯ᠎ᠡ ᠵᠦᠢᠯ ᠤᠨ ᠰᠢᠨ᠎ᠡ ᠰᠤᠷᠭᠤᠭ ᠢᠳᠡᠰᠢᠨ ᠨᠣᠭᠤᠭ᠎ᠠ᠂ ᠠᠯᠢᠮ᠎ᠠ ᠵᠢᠮᠢᠰ ᠠᠪᠬᠤ ᠳᠤ ᠲᠦᠬᠦᠮ ᠦᠵᠡᠬᠦᠯᠬᠦ ᠪᠤᠯᠤᠭᠰᠠᠨ ᠪᠠᠶᠢᠨ᠎ᠠ᠃      ᠰᠤᠷᠪᠤᠯᠵᠢᠯᠠᠭᠴᠢ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡ ᠪᠠᠯᠭᠠᠰᠤᠨ ᠤ ᠲᠢᠶᠠᠨ ᠯᠦᠩ ᠵᠢᠶᠠ ᠶᠤᠸᠠᠨ ᠰᠠᠭᠤᠭᠠᠯᠢ ᠲᠣᠭᠤᠷᠢᠭ ᠲᠤ ᠨᠢᠭᠡ ᠮᠥᠷ ᠤᠶᠤᠨᠴᠢᠯᠠᠭᠰᠠᠨ ᠠᠯᠢᠮ᠎ᠠ ᠵᠢᠮᠢᠰ ᠢᠳᠡᠰᠢᠨ ᠨᠣᠭᠤᠭ᠎ᠠ ᠶᠢᠨ ᠮᠠᠰᠢᠨ ᠪᠠᠶᠢᠬᠤ ᠶᠢ ᠦᠵᠡᠵᠦ᠂ ᠰᠠᠭᠤᠭᠠᠯᠢ ᠠᠷᠠᠳ ᠶᠠᠭ ᠮᠠᠰᠢᠨ ᠲᠤᠳᠤᠷ᠎ᠠ ᠠᠴᠠ ᠲᠠᠸᠠᠷ ᠰᠣᠩᠭᠤᠨ ᠠᠪᠴᠤ ᠪᠠᠶᠢᠪᠠ᠃ ᠲᠤᠰ ᠤᠶᠤᠨᠴᠢᠯᠠᠭᠰᠠᠨ ᠮᠠᠰᠢᠨ ᠨᠢ 4 ᠬᠡᠰᠡᠭ ᠬᠤᠷᠭᠤ ᠪᠠᠷ ᠪᠦᠷᠢᠯᠳᠦᠵᠦ᠂ ᠬᠡᠰᠡᠭ ᠪᠤᠯᠭᠠᠨ ᠤ ᠬᠠᠭᠠᠯᠭ᠎ᠠ ᠳᠡᠭᠡᠷ᠎ᠡ ᠴᠥᠮ ᠮᠡᠷᠬᠡᠨ ᠴᠤᠬᠤᠷ ᠪᠠ ᠬᠡᠷᠡᠭᠯᠡᠬᠦ ᠲᠤᠳᠤᠷᠬᠠᠶᠢᠯᠠᠯᠳᠠ ᠲᠠᠢ ᠪᠠᠶᠢᠵᠤ᠂ ᠮᠠᠰᠢᠨ ᠲᠤᠳᠤᠷ᠎ᠠ ᠠᠯᠮᠤᠷᠠᠳ᠂ ᠦᠵᠦᠮ᠂ ᠪᠠᠮᠪᠠᠷ ᠵᠢᠮᠢᠰ᠂ ᠲᠣᠰᠢᠯᠤᠭ ᠵᠡᠷᠭᠡ ᠵᠢᠮᠢᠰ ᠪᠠ ᠪᠤᠷᠴᠠᠭ᠂ ᠴᠠᠭᠠᠨ ᠨᠣᠭᠤᠭ᠎ᠠ᠂ ᠯᠠᠵᠤᠤ᠂ ᠥᠷᠭᠡᠰᠦᠲᠦ ᠬᠡᠮᠬᠡ ᠵᠡᠷᠭᠡ ᠨᠣᠭᠤᠭ᠎ᠠ ᠪᠠᠶᠢᠪᠠ᠃
     ᠣᠶᠢᠯᠠᠭᠠᠭᠰᠠᠨ ᠢᠶᠠᠷ᠂ ᠡᠨᠡᠬᠦ ᠤᠶᠤᠨᠴᠢᠯᠠᠭᠰᠠᠨ ᠳᠥᠭᠦᠮ ᠦᠵᠡᠭᠦᠯᠬᠦ ᠮᠠᠰᠢᠨ ᠪᠣᠯ ᠣᠷᠳᠣᠰ ᠬᠤᠲᠠ ᠶᠢᠨ ᠱᠧᠩ ᠶᠤᠸᠠᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠠᠩᠬ᠎ᠠ ᠤᠳᠠᠭ᠎ᠠ 50 ᠭᠠᠵᠠᠷ ᠲᠤ ᠲᠠᠯᠪᠢᠬᠤ ᠪᠠᠷ ᠲᠦᠯᠦᠪᠯᠡᠨ᠂ ᠡᠭᠦᠨ ᠳᠤ ᠰᠠᠭᠤᠭᠠᠯᠢ ᠲᠣᠭᠤᠷᠢᠭ᠂ ᠨᠠᠮ ᠵᠠᠰᠠᠭ ᠤᠨ ᠪᠠᠶᠢᠭᠤᠯᠭ᠎ᠠ ᠶᠢᠨ ᠠᠵᠢᠯᠯᠠᠬᠤ ᠲᠣᠭᠤᠷᠢᠭ᠂ ᠬᠤᠳᠠᠯᠳᠤᠭᠠᠨ ᠤ ᠶᠠᠪᠤᠳᠠᠯ ᠤᠨ ᠲᠥᠪ᠂ ᠬᠤᠭᠤᠯᠠᠨ ᠭᠡᠷ ᠬᠢᠬᠡᠳ ᠰᠤᠷᠭᠠᠭᠤᠯᠢ ᠵᠡᠷᠭᠡ ᠭᠠᠵᠠᠷ ᠪᠠᠭᠳᠠᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 300 ᠲᠦᠮᠡᠨ ᠲᠥᠭᠦᠷᠢᠭ ᠲᠤ ᠬᠦᠷᠪᠠ᠃
     ᠥᠪᠡᠷᠲᠡᠭᠡᠨ ᠦᠢᠯᠡᠴᠢᠯᠡᠬᠦ ᠠᠯᠢᠮ᠎ᠠ ᠵᠢᠮᠢᠰ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠲᠠᠪᠴᠠᠩ ᠵᠢᠴᠢ ᠠᠷᠠᠳ ᠲᠤ ᠳᠥᠭᠦᠮ ᠦᠵᠡᠭᠦᠯᠬᠦ ᠤᠶᠤᠨᠴᠢᠯᠠᠭᠰᠠᠨ ᠦᠢᠯᠡᠴᠢᠯᠡᠭᠡ ᠶᠢᠨ ᠥᠷᠲᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠬᠤ ᠳᠤ ᠨᠡᠩ ᠳᠥᠭᠦᠮ ᠦᠵᠡᠭᠦᠯᠵᠦ᠂ ᠲᠠᠷᠢᠶᠠᠯᠠᠩ ᠤᠨ ᠪᠦᠳᠦᠬᠡᠭᠳᠡᠬᠦᠨ ᠤ ᠪᠣᠷᠣᠯᠠᠭᠤᠯᠭ᠎ᠠ ᠶᠢᠨ ᠬᠦᠴᠢᠷ ᠲᠠᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ︽ᠨᠢᠭᠡ ᠲᠣᠰᠬᠤᠨ ᠨᠢᠭᠡ ᠠᠵᠤ ᠦᠢᠯᠡᠰ︾᠎ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠳᠡ ᠶᠢᠨ ᠬᠦᠭᠵᠢᠯᠳᠡ ᠶᠢ ᠳᠠᠶᠢᠴᠢᠯᠠᠬᠤ ᠳᠤ ᠠᠰᠢᠭᠲᠠᠶ ᠪᠠᠶᠢᠵᠤ᠂ ᠠᠵᠤ ᠦᠢᠯᠡᠰ ᠎ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠶᠠᠳᠠᠭᠤ ᠠᠴᠠ ᠠᠩᠭᠢᠵᠢᠷᠠᠨ ᠴᠢᠨᠡᠬᠡᠯᠢᠭᠵᠢᠬᠦ ᠶᠢ ᠠᠬᠢᠭᠤᠯᠬᠤ ᠳᠤ ᠢᠳᠡᠪᠬᠢ ᠦᠢᠯᠡᠳᠦᠯ ᠦᠵᠡᠬᠦᠯᠬᠦ ᠪᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号