ᠵᠢᠷᠦᠬᠡᠨ ᠳᠤ ᠳᠣᠰᠠᠲᠠᠢ 10 ᠵᠦᠢᠯ ᠤᠨ ᠢᠳᠡᠬᠡᠨ
ᠨᠡᠶᠢᠲᠡᠯᠡᠭᠰᠡᠨ ᠴᠠᠭ᠄
2020/12/21
      ᠡᠷᠡᠭᠦᠯ ᠢᠳᠡᠭᠡᠨ ᠤᠮᠳᠠᠭᠠᠨ ᠡᠳ᠋ᠯᠡᠬᠦ ᠶᠢ ᠠᠩᠬᠠᠷᠤᠭᠰᠠᠨ ᠰᠠᠭᠤᠷᠢᠨ ᠳᠡᠭᠡᠷ᠎ᠡ ᠰᠢᠩᠭᠡᠭᠡᠨ ᠠᠪᠬᠤ ᠢᠯᠴᠢ ᠶᠢᠨ ᠬᠡᠮᠵᠢᠶ᠎ᠠ ᠪᠠᠨ ᠳᠤᠬᠢᠳᠠᠢ ᠡᠵᠡᠮᠳᠡᠵᠦ ᠳᠡᠶᠢᠯᠬᠦ ᠪᠤᠯ ᠵᠢᠷᠦᠬᠡ ᠪᠠᠨ ᠬᠠᠮᠠᠭᠠᠯᠠᠬᠤ ᠰᠠᠶᠢᠨ ᠠᠷᠭ᠎ᠠ ᠪᠤᠯᠤᠨ᠎ᠠ᠃ ᠠᠮᠧᠷᠢᠺᠠ ᠶᠢᠨ ᠵᠢᠷᠦᠭᠡᠨ ᠤ ᠨᠡᠶᠢᠭᠡᠮᠯᠢᠭ ᠤᠨ ᠬᠢᠨ ᠡᠳᠦᠷ ᠳᠤᠳᠤᠮ ᠤᠨ ᠬᠦᠨᠡᠰᠦᠨ ᠳᠡᠭᠡᠨ ᠢᠳᠡᠰᠢᠨ ᠨᠤᠭᠤᠭ᠎ᠠ᠂ ᠵᠢᠮᠢᠰ᠂ ᠨᠠᠷᠢᠮᠤ ᠶᠢᠨ ᠳᠦᠷᠦᠯ ᠤᠨ ᠢᠳᠡᠭᠡᠨ᠂ ᠦᠭᠡᠬᠦ ᠶᠢᠨ ᠠᠭᠤᠯᠤᠭᠳᠠᠴᠠ ᠪᠠᠷ ᠪᠠᠭ᠎ᠠ ᠴᠠᠭᠠᠨ ᠢᠳᠡᠭᠡᠨ᠂ ᠳᠡᠵᠢᠭᠡᠪᠦᠷᠢ ᠵᠢᠭᠦᠷᠳᠡᠨ ᠤ ᠮᠢᠬ᠎ᠠ ᠦᠨᠳᠡᠭᠡ᠂ ᠵᠢᠭᠠᠰᠤᠨ ᠮᠢᠬ᠎ᠠ᠂ ᠰᠠᠮᠤᠷ ᠢᠯᠡᠭᠦᠦ ᠢᠳᠡᠬᠦ ᠶᠢ ᠰᠠᠨᠠᠭᠤᠯᠤᠭᠰᠠᠭᠠᠷ ᠢᠷᠡᠵᠡᠢ᠃ ᠳᠤᠤᠷ᠎ᠠ ᠪᠢᠳᠠ ᠠᠮᠧᠷᠢᠺᠠ ᠶᠢᠨ ᠵᠢᠷᠦᠭᠡᠨ ᠤ ᠨᠡᠶᠢᠭᠡᠮᠯᠢᠭ ᠤᠨ ᠰᠠᠨᠠᠭᠤᠯᠭ᠎ᠠ ᠳᠤ ᠰᠠᠭᠤᠷᠢᠯᠠᠨ 10 ᠵᠦᠢᠯ ᠤᠨ ᠵᠢᠷᠦᠭᠡᠨ ᠳᠤ ᠳᠤᠰᠠᠳᠠᠢ ᠢᠳᠡᠭᠡᠨ ᠢ ᠳᠠᠨᠢᠯᠴᠠᠭᠤᠯᠤᠶ᠎ᠠ᠃ ᠤᠯᠠᠭᠠᠨ ᠠᠯᠮᠤᠷᠠᠳ ᠤᠯᠠᠭᠠᠨ ᠠᠯᠮᠤᠷᠠᠳ ᠲᠤ ᠭᠤᠮ ᠤᠨ ᠰᠢᠷ᠎ᠠ ᠡᠳ᠋ ᠭᠡᠳᠡᠭ ᠨᠢᠭᠡ ᠵᠦᠢᠯ ᠤᠨ ᠤᠷᠭᠤᠮᠠᠯ ᠤᠨ ᠬᠢᠮᠢ ᠶᠢᠨ ᠡᠯᠧᠮᠧᠨ᠋ᠲ ᠠᠭᠤᠯᠳᠠᠭ᠂ ᠲᠡᠷᠡ ᠨᠢ ᠪᠠᠶᠢᠭᠠᠯᠢ ᠶᠢᠨ ᠦᠷᠪᠢᠰᠦᠯ ᠢ ᠡᠰᠡᠷᠭᠦᠴᠡᠬᠦ ᠦᠢᠯᠡᠳᠦᠯ ᠲᠠᠢ ᠪᠠᠶᠢᠳᠠᠭ ᠪᠦᠭᠡᠳ ᠴᠢᠰᠦ ᠪᠦᠭᠡᠮᠨᠡᠷᠡᠬᠦ ᠶᠢ ᠴᠤ ᠰᠡᠷᠭᠡᠶᠢᠯᠡᠬᠦ ᠦᠢᠯᠡᠳᠦᠯ ᠲᠠᠢ ᠪᠠᠶᠢᠵᠤ ᠮᠡᠳᠡᠨ᠎ᠠ᠃ ᠠᠯᠮᠤᠷᠠᠳ ᠲᠤ ᠶᠡᠷᠦᠨᠢ ᠸᠢᠲ᠋ᠠᠮᠢᠨ ᠪᠠ ᠰᠢᠷᠭᠡᠭᠯᠢᠭ ᠡᠯᠪᠡᠭ ᠠᠭᠤᠯᠳᠠᠭ᠃ ᠠᠯᠮᠤᠷᠠᠳ ᠢ ᠬᠤᠰᠢᠭ᠎ᠠ ᠪᠤᠶᠤ ᠬᠦᠢᠯᠡᠰᠦᠨ ᠴᠦᠮ᠎ᠠ ᠲᠠᠢ ᠬᠤᠯᠢᠵᠤ ᠢᠳᠡᠪᠡᠯ ᠦᠢᠯᠡᠳᠦᠯ ᠨᠢ ᠨᠡᠩ ᠰᠠᠶᠢᠨ ᠪᠠᠶᠢᠳᠠᠭ᠂ ᠶᠠᠷᠢᠶᠠᠨ ᠦᠭᠡᠢ ᠵᠢᠵᠢᠭᠯᠡᠵᠦ ᠭᠡᠷᠴᠢᠭᠡᠳ ᠰᠠᠯᠠᠳ᠋ ᠬᠢᠵᠦ ᠢᠳᠡᠭᠰᠡᠨ ᠴᠤ ᠪᠤᠯᠤᠨ᠎ᠠ᠃ ᠳᠠᠪᠬ᠎ᠠ ᠵᠢᠭᠠᠰᠤ ᠳᠠᠪᠬ᠎ᠠ ᠵᠢᠭᠠᠰᠤ ᠳᠤ ᠦᠭᠡᠭᠦᠨ ᠬᠦᠴᠢᠯ ᠡᠯᠪᠡᠭ ᠠᠭᠤᠯᠤᠬᠳᠠᠳᠠᠭ᠂ ᠳᠡᠭᠡᠭᠡᠳ ᠭᠤᠤᠯᠳᠠᠭᠤ ᠦᠷᠪᠢᠰᠦᠯ ᠡᠭᠦᠰᠬᠦ ᠪᠠ ᠴᠢᠰᠦ ᠪᠦᠭᠡᠮᠨᠡᠷᠡᠬᠦ ᠠᠶᠤᠯ ᠢ ᠪᠠᠭᠠᠰᠬᠠᠵᠤ ᠵᠢᠷᠦᠬᠡ ᠶᠢ ᠬᠠᠮᠠᠭᠠᠯᠠᠳᠠᠭ᠃      ᠦᠭᠡᠬᠦᠨ ᠬᠦᠴᠢᠯ ᠨᠢ ᠪᠠᠰᠠ ᠡᠷᠡᠭᠦᠯ ᠰᠦᠰᠦᠨ ᠤ ᠴᠢᠯᠠᠭᠤᠯᠢᠬ ᠠᠯᠺᠤᠤᠯ ᠤᠨ ᠴᠢᠨᠠᠷ ᠢ ᠪᠠᠳᠤᠯᠠᠳᠠᠭ᠃ ᠭᠠᠷᠠᠭ ᠲᠤ ᠶᠠᠳᠠᠬᠤ ᠳᠠᠭᠠᠨ ᠬᠤᠶᠠᠷ ᠤᠳᠠᠭ᠎ᠠ ᠳᠠᠪᠬ᠎ᠠ ᠵᠢᠭᠠᠰᠤ ᠪᠤᠶᠤ ᠰᠠᠷᠳᠢᠨ ᠵᠢᠭᠠᠰᠤ᠂ ᠰᠠᠷᠢᠶ᠎ᠠ ᠵᠢᠭᠠᠰᠤ ᠮᠡᠳᠦ ᠶᠢᠨ ᠭᠦᠨ ᠳᠠᠯᠠᠢ ᠶᠢᠨ ᠵᠢᠭᠠᠰᠤ ᠢᠳᠡᠪᠡᠯ ᠰᠠᠶᠢᠨ᠃ ᠵᠢᠷᠦᠭᠡ ᠶᠢ ᠬᠠᠮᠠᠭᠠᠯᠠᠬᠤ ᠭᠤᠤᠯ ᠢᠳᠡᠭᠡᠨ ᠤ ᠬᠤᠪᠢ ᠳᠤ ᠂ ᠳᠠᠪᠬ᠎ᠠ ᠵᠢᠭᠠᠰᠣ ᠶᠢ ᠰᠢᠷᠠᠵᠤ ᠢᠳᠡᠵᠦ ᠪᠤᠯᠤᠨ᠎ᠠ᠃ ᠶᠠᠷᠢᠶᠠᠨ ᠦᠭᠡᠢ ᠢᠳᠡᠰᠢᠨ ᠨᠤᠭᠤᠭ᠎ᠠ ᠪᠠᠷ ᠬᠠᠪᠰᠤᠷᠭᠠᠬᠤ ᠴᠢᠬᠤᠯᠠᠳᠠᠢ᠂ ᠪᠠᠭ᠎ᠠ ᠰᠠᠭ᠎ᠠ ᠰᠠᠯᠠᠳ᠋ ᠨᠡᠮᠡᠭᠰᠡᠨ ᠴᠤ ᠪᠤᠯᠤᠨ᠎ᠠ᠂ ᠭᠡᠬᠦ ᠳᠡᠭᠡᠨ ᠰᠠᠯᠠᠳ᠋ ᠲᠠᠭᠠᠨ ᠪᠠᠭ᠎ᠠ ᠰᠠᠭ᠎ᠠ ᠨᠢᠮᠪᠡᠭᠡ ᠶᠢᠨ ᠰᠢᠭᠦᠰᠦ ᠨᠡᠮᠡᠪᠡᠯ ᠢᠯᠴᠢ ᠶᠢᠨ ᠬᠡᠮᠵᠢᠶ᠎ᠡ ᠶᠢ ᠪᠠᠭᠤᠷᠠᠭᠤᠯᠬᠤ ᠦᠢᠯᠡᠳᠦᠯ ᠲᠠᠢ ᠪᠠᠶᠢᠳᠠᠭ᠃ ᠬᠤᠰᠢᠭ᠎ᠠ ᠬᠤᠰᠢᠭ᠎ᠠ ᠳᠤ ᠳᠠᠩ ᠡᠰᠢᠳᠦ ᠳᠤᠳᠠᠭᠤ ᠦᠭᠡᠬᠦᠨ ᠬᠦᠴᠢᠯ᠂ ᠸᠢᠲ᠋ᠠᠮᠢᠨ E ᠪᠠ ᠪᠤᠰᠤᠳ ᠡᠷᠡᠭᠦᠯ ᠰᠦᠰᠦᠨ ᠤ ᠴᠢᠯᠠᠭᠤᠯᠢᠬ ᠠᠯᠺᠤᠤᠯ ᠤᠨ ᠴᠢᠨᠠᠷ ᠢ ᠪᠠᠳᠤᠯᠠᠬᠤ ᠪᠠᠶᠢᠭᠠᠯᠢ ᠶᠢᠨ ᠪᠤᠳᠠᠰ ᠢ ᠠᠭᠤᠯᠳᠠᠭ᠃ ᠬᠤᠰᠢᠭ᠎ᠠ ᠶᠢᠨ ᠪᠠᠰᠠ ᠨᠢᠭᠡ ᠳᠠᠪᠠᠭᠤᠯᠢᠬ ᠳᠠᠯ᠎ᠠ ᠨᠢ ᠴᠢᠨᠠᠷ ᠰᠠᠶᠢᠳᠠᠢ ᠦᠭᠡᠬᠦᠨ ᠬᠦᠴᠢᠯ ᠤᠨ ᠭᠤᠤᠯ ᠢᠷᠡᠯᠳᠡ ᠪᠤᠯᠬᠤ ᠢᠳᠡᠭᠡᠨ ᠪᠠᠶᠢᠭ᠎ᠠ ᠳᠤ ᠤᠷᠤᠰᠢᠨ᠎ᠠ᠃ ᠠᠯᠮᠤᠷᠠᠳ᠂ ᠬᠤᠰᠢᠭ᠎ᠠ ᠶᠢ ᠬᠠᠪᠰᠤᠷᠭᠠᠬᠤ ᠪᠤᠯ ᠵᠢᠷᠦᠭᠡ ᠶᠢ ᠬᠠᠮᠠᠭᠠᠯᠠᠬᠤ ᠳᠤᠩ ᠰᠠᠶᠢᠨ ᠢᠳᠡᠭᠡᠨ ᠪᠤᠯᠤᠨ᠎ᠠ᠂ ᠡᠷᠳᠡ ᠶᠢᠨ ᠬᠤᠭᠤᠯᠠᠨ ᠳᠠᠭᠠᠨ ᠢᠳᠡᠪᠡᠯ ᠨᠤᠬᠠᠢ ᠶᠢᠨ ᠬᠤᠰᠢᠭᠤ ᠳᠠᠭᠠᠨ ᠬᠤᠯᠢᠴᠠ ᠪᠤᠯᠭᠠᠵᠤ ᠪᠤᠯᠤᠨ᠎ᠠ᠃ ᠳᠡᠭᠡᠷ᠎ᠡ ᠨᠢ ᠪᠠᠭ᠎ᠠ ᠰᠠᠭ᠎ᠠ ᠵᠦᠭᠡᠢ ᠶᠢᠨ ᠪᠡᠯ ᠨᠡᠮᠡᠭᠰᠡᠨ ᠴᠤ ᠶᠠᠭᠠᠬᠢᠬᠤᠪ᠃ ᠰᠦᠳᠠᠢ ᠵᠢᠮᠢᠰ ᠰᠦᠳᠠᠢ ᠵᠢᠮᠢᠰ ᠲᠤ ᠳᠠᠩ ᠡᠰᠢᠳᠦ ᠳᠤᠳᠠᠭᠤ ᠦᠭᠡᠬᠦᠨ ᠬᠦᠴᠢᠯ ᠡᠯᠪᠡᠭ ᠠᠭᠤᠯᠳᠠᠭ᠂ ᠪᠠᠰᠠ ᠰᠦᠳᠠᠢ ᠵᠢᠮᠢᠰ ᠲᠤ ᠸᠢᠲ᠋ᠠᠮᠢᠨ ᠪᠠ ᠤᠷᠭᠤᠮᠠᠯ ᠤᠨ ᠡᠳ᠋ ᠡᠯᠪᠡᠭ ᠠᠭᠤᠯᠳᠠᠭ ᠪᠤᠯᠬᠤᠷ ᠦᠯᠦ ᠢᠰᠦᠯᠳᠦᠬᠦᠯᠬᠦ ᠦᠢᠯᠡᠳᠦᠯ ᠭᠠᠷᠭᠠᠵᠤ ᠵᠢᠷᠦᠭᠡ ᠶᠢ ᠬᠠᠮᠠᠭᠠᠯᠠᠳᠠᠭ᠃ ᠲᠦᠪᠡᠳ ᠬᠠᠰᠢ ᠳᠦᠪᠡᠳ ᠬᠠᠰᠢ ᠳᠤ ᠸᠢᠲ᠋ᠠᠮᠢᠨ ᠡᠯᠪᠡᠭ ᠠᠭᠤᠯᠳᠠᠭ᠂ ᠳᠦᠪᠡᠳ ᠬᠠᠰᠢ ᠶᠢᠨ ᠪᠦᠲᠦᠭᠡᠭᠳᠡᠭᠦᠨ ᠳᠤ ᠴᠤ ᠳᠦᠪᠡᠳ ᠬᠠᠰᠢ ᠶᠢᠨ ᠤᠯᠠᠭᠠᠨ ᠡᠳ᠋ ᠡᠯᠪᠡᠭ ᠠᠭᠤᠯᠳᠠᠭ᠃ ᠳᠠᠨ ᠤ ᠡᠳᠦᠷ ᠳᠤᠳᠤᠮ ᠤᠨ ᠢᠳᠡᠭᠡᠨ ᠤ ᠴᠢᠨᠢ ᠦᠯᠦ ᠢᠰᠦᠯᠳᠦᠭᠦᠯᠬᠦ ᠡᠳ᠋ ᠬᠠᠷᠢᠴᠠᠩᠭᠤᠢ ᠪᠠᠭ᠎ᠠ ᠪᠠᠶᠢᠬᠤ ᠪᠤᠶᠤ ᠬᠦᠷᠦᠯᠴᠡᠭᠡ ᠮᠠᠭᠤᠳᠠᠢ ᠪᠠᠶᠢᠪᠠᠯ ᠂ ᠳᠦᠪᠡᠳ ᠬᠠᠰᠢ ᠢᠯᠡᠭᠦᠦ ᠢᠳᠡᠪᠡᠯ ᠮᠦᠨ ᠵᠢᠷᠦᠭᠡ ᠶᠢ ᠬᠠᠮᠠᠭᠠᠯᠠᠬᠤ ᠦᠢᠯᠡᠳᠦᠯ ᠦᠵᠡᠭᠦᠯᠬᠦ ᠶᠤᠰᠤᠳᠠᠢ᠃ ᠳᠦᠪᠡᠳ ᠬᠠᠰᠢ ᠶᠢ ᠳᠦᠭᠦᠭᠡᠢ ᠪᠠᠷ᠂ ᠪᠤᠯᠭᠤᠵᠤ ᠢᠳᠡᠵᠦ ᠪᠦᠷ ᠪᠤᠯᠤᠨ᠎ᠠ᠂ ᠳᠦᠪᠡᠳ ᠬᠠᠰᠢ ᠶᠢᠨ ᠵᠢᠶᠠᠩ ᠢ ᠴᠤ ᠡᠳᠦᠷ ᠳᠤᠳᠤᠮ ᠢᠳᠡᠵᠦ ᠪᠤᠯᠤᠨ᠎ᠠ᠃ ᠤᠯᠠᠭᠠᠨ ᠠᠷᠢᠬᠢ ᠤᠯᠠᠭᠠᠨ ᠠᠷᠢᠬᠢᠨ ᠳᠤ ᠠᠭᠤᠯᠳᠠᠭ ᠡᠯᠪᠡᠭ ᠹᠧᠨᠤᠯ ᠨᠢ ᠵᠢᠷᠦᠭᠡᠨ ᠳᠤ ᠰᠠᠶᠢᠨ ᠳᠠᠯ᠎ᠠ ᠲᠠᠢ᠂ ᠭᠡᠪᠡᠴᠦ ᠬᠡᠮᠵᠢᠶ᠎ᠠ ᠲᠠᠢ ᠤᠤᠭᠤᠬᠤ ᠭᠡᠷᠡᠭᠳᠡᠢ᠃ ᠨᠢᠭᠡ ᠬᠦᠮᠦᠨ ᠡᠳᠦᠷ ᠲᠤ ᠵᠦᠪᠬᠡᠨ ᠪᠠᠭ᠎ᠠ ᠯᠡ ᠬᠡᠮᠵᠢᠶᠠᠨ ᠤ ᠤᠯᠠᠭᠠᠨ ᠠᠷᠢᠬᠢ ᠤᠤᠭᠤᠪᠠᠯ ᠬᠠᠮᠤᠭ ᠰᠠᠶᠢᠨ᠃ ᠨᠤᠬᠠᠢ ᠶᠢᠨ ᠬᠤᠰᠢᠭᠤ ᠨᠤᠬᠠᠢ ᠶᠢᠨ ᠬᠤᠰᠢᠭᠤ ᠳᠤ ᠨᠢᠭᠡ ᠵᠦᠢᠯ ᠤᠨ ᠦᠵᠦᠮ ᠤᠨ ᠪᠦᠭᠡᠮᠨᠡᠷᠡᠯ ᠰᠢᠬᠢᠷ ᠭᠡᠳᠡᠭ ᠠᠭᠤᠰᠤᠮᠠᠳᠠᠭᠠᠢ ᠰᠢᠷᠭᠡᠭᠯᠢᠭ ᠠᠭᠤᠯᠳᠠᠭ᠂ ᠳᠡᠷᠡ ᠨᠢ ᠰᠦᠰᠦᠨ ᠤ ᠴᠢᠯᠠᠭᠤᠯᠢᠬ ᠠᠯᠺᠤᠤᠯ ᠢ ᠪᠠᠭᠠᠰᠬᠠᠳᠠᠭ ᠢᠶᠠᠷ ᠪᠠᠷᠠᠬᠤ ᠦᠭᠡᠢ᠂ ᠰᠢᠩᠭᠡᠭᠡᠯᠳᠡ ᠶᠢᠨ ᠰᠢᠰᠲ᠋ᠧᠮ ᠤᠨ ᠡᠷᠡᠭᠦᠯ ᠮᠡᠨᠳᠦ ᠶᠢ ᠬᠠᠮᠠᠭᠠᠯᠠᠳᠠᠭ᠃ ᠨᠤᠬᠠᠢ ᠶᠢᠨ ᠬᠤᠰᠢᠭᠤ ᠳᠤ ᠪᠠᠭ᠎ᠠ ᠬᠡᠮᠵᠢᠶᠡᠨ ᠤ ᠪᠤᠷᠠᠮ ᠪᠠ ᠬᠤᠰᠢᠭ᠎ᠠ ᠨᠡᠮᠡᠵᠦ ᠡᠷᠳᠡ ᠶᠢᠨ ᠬᠤᠭᠤᠯᠠ ᠪᠤᠯᠭᠠᠵᠤ ᠪᠤᠯᠤᠨ᠎ᠠ᠃ ᠬᠠᠷᠢᠨ ᠰᠢᠬᠢᠷ ᠤᠨ ᠠᠭᠤᠯᠤᠭᠳᠠᠴᠠ ᠪᠠᠷ ᠭᠡᠳᠦ ᠦᠨᠳᠦᠷ ᠨᠤᠬᠠᠢ ᠶᠢᠨ ᠬᠤᠰᠢᠭᠤ ᠶᠢ ᠰᠤᠩᠭᠤᠵᠤ ᠪᠤᠯᠬᠤ ᠦᠭᠡᠢ᠃      ᠨᠤᠭᠤᠭᠠᠨ ᠨᠠᠪᠴᠢᠳᠤ ᠢᠳᠡᠰᠢᠨ ᠨᠤᠭᠤᠭ᠎ᠠ ᠨᠤᠭᠤᠭᠠᠨ ᠨᠠᠪᠴᠢᠲᠤ ᠢᠳᠡᠰᠢᠨ ᠨᠤᠭᠤᠭ᠎ᠠ ᠳᠤ ᠸᠢᠲ᠋ᠠᠮᠢᠨ᠂ ᠡᠷᠦᠳᠡᠰᠦ ᠪᠠ ᠰᠢᠷᠭᠡᠭᠯᠢᠭ ᠡᠯᠪᠡᠭ ᠠᠭᠤᠯᠳᠠᠭ ᠪᠦᠭᠡᠳ ᠢᠯᠴᠢ ᠶᠢᠨ ᠬᠡᠮᠵᠢᠶ᠎ᠠ ᠨᠢ ᠳᠤᠤᠷ᠎ᠠ ᠪᠠᠶᠢᠳᠠᠭ᠃ ᠨᠤᠭᠤᠭᠠᠨ ᠨᠠᠪᠴᠢᠲᠤ ᠢᠳᠡᠰᠢᠨ ᠨᠤᠭᠤᠭ᠎ᠠ ᠦᠷᠭᠦᠯᠵᠢ ᠢᠳᠡᠪᠡᠯ ᠨᠠᠰᠤ ᠨᠡᠮᠡᠭᠳᠡᠬᠦ ᠶᠢ ᠳᠠᠭᠠᠯᠳᠤᠨ ᠪᠤᠢ ᠪᠤᠯᠳᠠᠭ ᠴᠡᠭᠡᠵᠢᠯᠡᠬᠦ ᠴᠢᠳᠠᠪᠤᠷᠢ ᠮᠠᠭᠤᠳᠠᠬᠤ ᠪᠠᠶᠢᠳᠠᠯ ᠢ ᠨᠠᠮᠳᠠᠭᠤᠯᠳᠠᠭ᠃ ᠵᠢᠱᠢᠶᠡᠯᠡᠪᠡᠯ ᠰᠢᠨ᠎ᠠ ᠰᠤᠷᠭᠤᠭ ᠦᠷᠭᠡᠰᠦᠳᠦ ᠨᠤᠭᠤᠭ᠎ᠠ ᠪᠠᠷ ᠰᠠᠯᠠᠳ᠋ ᠬᠢᠵᠦ ᠢᠳᠡᠪᠠᠯ ᠰᠠᠶᠢᠨ ᠪᠠᠶᠢᠳᠠᠭ᠃ ᠠᠷᠤᠷ᠎ᠠ ᠶᠢᠨ ᠳᠤᠰᠤ ᠠᠷᠤᠷ᠎ᠠ ᠶᠢᠨ ᠳᠤᠰᠤ ᠨᠢ ᠳᠤᠤᠷ᠎ᠠ ᠨᠢᠬᠳᠠᠴᠠᠳᠤ ᠦᠭᠡᠭᠦᠨ ᠤᠭᠤᠷᠠᠭᠳᠤ ᠰᠦᠰᠦᠨ ᠤ ᠴᠢᠯᠠᠭᠤᠯᠢᠬ ᠠᠯᠺᠤᠤᠯ ᠤᠨ ᠵᠡᠷᠭᠡ ᠳᠡᠰ ᠢ ᠪᠠᠭᠤᠷᠠᠭᠤᠯᠬᠤ ᠪᠠᠷ ᠳᠠᠮᠵᠢᠨ ᠵᠢᠷᠦᠭᠡᠨ ᠡᠪᠡᠳᠴᠢᠨ ᠤ ᠠᠶᠤᠯ ᠢ ᠪᠠᠭᠠᠰᠬᠠᠳᠠᠭ᠃ ᠠᠷᠤᠷ᠎ᠠ ᠶᠢᠨ ᠳᠤᠰᠤ ᠪᠤᠯ ᠭᠠᠵᠠᠷ ᠤᠨ ᠳᠤᠮᠳᠠᠳᠤ ᠳᠠᠩᠭᠢᠰ ᠤᠨ ᠤᠷᠤᠨ ᠤ ᠢᠳᠡᠭᠡᠨ ᠳᠤ ᠳᠤᠳᠠᠭᠳᠠᠵᠤ ᠪᠤᠯᠤᠰᠢ ᠦᠭᠡᠢ ᠵᠦᠢᠯ ᠪᠤᠯᠤᠨ᠎ᠠ᠃ ᠠᠷᠤᠷ᠎ᠠ ᠶᠢᠨ ᠳᠤᠰᠤ ᠪᠠᠷ ᠬᠤᠭᠤᠯᠠ ᠬᠢᠵᠤ ᠪᠤᠯᠤᠨ᠎ᠠ᠂ ᠮᠦᠨ ᠰᠢᠭᠤᠳ ᠳᠠᠯᠬ᠎ᠠ ᠪᠠᠨ ᠳᠦᠷᠦᠵᠦ ᠢᠳᠡᠵᠦ ᠪᠤᠯᠤᠨ᠎ᠠ᠃ ᠰᠢᠷ᠎ᠠ ᠪᠤᠷᠴᠠᠭ ᠤᠨ ᠢᠳᠡᠭᠡᠨ ᠰᠢᠷ᠎ᠡ ᠪᠤᠷᠴᠠᠭ ᠤᠨ ᠤᠭᠤᠷᠠᠭ ᠨᠢ ᠵᠢᠷᠦᠭᠡᠨ ᠡᠪᠡᠳᠴᠢᠨ ᠢ ᠰᠡᠷᠭᠡᠶᠢᠯᠡᠬᠦ ᠳᠤ ᠳᠤᠰᠠᠳᠠᠢ᠂ ᠤᠨᠴᠠᠭᠠᠶᠢᠢᠯᠠᠨ ᠪᠤᠷᠴᠠᠭ ᠤᠨ ᠢᠳᠡᠭᠡᠨ ᠢᠶᠠᠷ ᠤᠯᠠᠭᠠᠨ ᠢᠳᠡᠭᠡᠨ ᠢ ᠤᠷᠤᠯᠠᠭᠤᠯᠪᠠᠯ ᠬᠦᠢᠴᠡᠳ ᠦᠭᠡᠬᠦᠨ ᠬᠦᠴᠢᠯ ᠤᠨ ᠬᠡᠮᠵᠢᠶ᠎ᠠ ᠶᠢ ᠪᠠᠭᠠᠰᠬᠠᠵᠤ᠂ ᠦᠭᠡᠬᠦᠨ ᠬᠦᠴᠢᠯ ᠤᠨ ᠳᠦᠪᠰᠢᠨ ᠢ ᠳᠡᠭᠡᠭᠰᠢᠯᠡᠭᠦᠯᠵᠦ ᠪᠤᠯᠤᠨ᠎ᠠ᠃ ᠡᠩ ᠤᠨ ᠦᠶ᠎ᠠ ᠳᠡᠭᠡᠨ ᠳ᠋ᠧᠦᠹᠦ᠋᠂ ᠪᠤᠷᠴᠠᠭ ᠲᠠᠢ ᠰᠦ ᠢᠯᠡᠭᠦᠭᠡᠨ ᠤᠤᠭᠤᠵᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号