ᠴᠡᠭᠡᠵᠢᠯᠠᠵᠤ ᠠᠪᠤᠭᠠᠷᠠᠢ︕ ᠦᠮᠡᠨ ᠡᠪᠡᠳᠴᠢᠨ ᠤ ᠡᠰ ᠡᠳᠡᠭᠡᠷ ᠵᠦᠢᠯ ᠠᠴᠠ ᠠᠶᠤᠳᠠᠭ
ᠨᠡᠶᠢᠲᠡᠯᠡᠭᠰᠡᠨ ᠴᠠᠭ᠄
2020/12/21
     ᠦᠮᠡᠨ ᠡᠪᠡᠳᠴᠢᠨ ᠢ ᠦᠨᠡᠨᠳᠡᠭᠡᠨ ᠰᠡᠷᠭᠡᠶᠢᠯᠡᠵᠤ ᠲᠡᠶᠢᠯᠳᠡᠭ᠃ ᠦᠮᠡᠨ ᠡᠪᠡᠳᠴᠢᠨ ᠢ ᠡᠭᠦᠰᠭᠡᠭᠰᠡᠨ ᠰᠢᠯᠳᠠᠭᠠᠨ ᠢ ᠲᠤᠳᠤᠭᠠᠳᠤ ᠰᠢᠯᠳᠠᠭᠠᠨ ᠪᠠ ᠭᠠᠳᠠᠭᠠᠳᠤ ᠰᠢᠯᠳᠠᠭᠠᠨ ᠭᠡᠵᠤ ᠬᠤᠪᠢᠶᠠᠳᠠᠭ᠃ ᠲᠤᠳᠤᠭᠠᠳᠤ ᠰᠢᠯᠳᠠᠭᠠᠨ ᠨᠢ ᠭᠤᠤᠯᠳᠠᠭᠤ ᠤᠳᠤᠮᠰᠢᠯ᠂ ᠦᠯᠤ ᠬᠠᠯᠳᠠᠭᠠᠬᠤ ᠪᠠ ᠲᠤᠳᠤᠭᠠᠳᠤ ᠱᠦᠭᠦᠷᠡᠯ ᠵᠡᠷᠭᠡ ᠠᠴᠠ ᠪᠤᠯᠳᠠᠭ ᠲᠤᠯᠠ ᠡᠳᠡᠭᠡᠷ ᠬᠦᠴᠦᠨ ᠵᠦᠢᠯ ᠢ ᠬᠤᠷᠢᠭᠯᠠᠬᠤ ᠶᠢᠨ ᠠᠷᠭ᠎ᠠ ᠦᠭᠡᠢ ᠶᠤᠮ᠃ ᠭᠠᠳᠠᠭᠠᠳᠤ ᠰᠢᠯᠳᠠᠭᠠᠨ ᠳᠤ ᠭᠤᠤᠯᠳᠠᠭᠤ ᠠᠮᠢᠳᠤᠷᠠᠯ ᠤᠨ ᠲᠠᠳᠬᠠᠯ ᠪᠠᠭᠳᠠᠨ᠎ᠠ᠂ ᠶᠡᠷᠦ ᠶᠢᠨ ᠠᠮᠢᠳᠤᠷᠠᠯ ᠳᠤ ᠪᠢᠳᠠ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠭᠡᠯᠪᠡᠷᠢ ᠪᠠᠷ ᠲᠡᠮᠵᠢᠨ ᠦᠮᠡᠨ ᠡᠪᠡᠳᠴᠢᠨ ᠢ ᠪᠦᠳᠤᠮᠵᠢᠳᠠᠢ ᠪᠠᠷ ᠤᠷᠢᠳᠴᠢᠯᠡᠨ ᠰᠡᠷᠭᠡᠶᠢᠯᠡᠵᠤ ᠲᠡᠶᠢᠯᠭᠦ ᠶᠤᠮ᠃ ᠦᠮᠡᠨ ᠡᠪᠡᠳᠴᠢᠨ ᠤ ᠬᠠᠮᠤᠭ ᠠᠴᠠ ᠠᠶᠤᠳᠠᠭ 9 ᠵᠦᠢᠯ ᠤᠨ ᠶᠠᠪᠤᠳᠠᠯ ᠡᠳᠤᠷ ᠪᠤᠯᠭᠠᠨ ᠤᠰᠤ ᠤᠤᠭᠤᠬᠤ ᠠᠴᠠ ᠴᠢᠨᠢ ᠠᠶᠤᠨ᠎ᠠ ᠤᠰᠤ ᠠᠷᠪᠢᠨ ᠤᠤᠭᠤᠬᠤ ᠨᠢ ᠲᠠᠪᠤᠰᠠᠩ ᠤᠨ ᠦᠮᠡᠨ ᠢ ᠰᠡᠷᠭᠡᠶᠢᠯᠡᠵᠤ ᠴᠢᠳᠠᠨ᠎ᠠ᠃ ᠡᠳᠤᠷ ᠪᠤᠯᠭᠠᠨ ᠤᠰᠤ ᠤᠤᠭᠤᠬᠤ ᠲᠠᠳᠬᠠᠯ ᠢ ᠪᠤᠢ ᠪᠤᠯᠭᠠᠵᠤ᠂ ᠬᠠᠮᠤᠭ ᠰᠠᠶᠢᠨ ᠨᠢ ᠬᠠᠭᠠᠰ ᠴᠠᠭ ᠪᠦᠷᠢ ᠳᠤ ᠤᠰᠤ ᠤᠤᠭᠤᠵᠤ ᠪᠠᠶᠢᠭᠠᠷᠠᠢ᠃ ᠰᠡᠳᠬᠢᠯ ᠰᠠᠨᠠᠭ᠎ᠠ ᠪᠠᠶᠠᠰᠤᠩᠭᠤᠢ ᠪᠠᠶᠢᠬᠤ ᠠᠴᠠ ᠴᠢᠨᠢ ᠠᠶᠤᠨ᠎ᠠ ᠦᠮᠡᠨ ᠡᠪᠡᠳᠴᠢᠨ ᠲᠠᠢ ᠨᠢᠭᠳᠠ ᠬᠤᠯᠪᠤᠭ᠎ᠠ ᠲᠠᠢ ᠮᠠᠭᠤ ᠰᠡᠳᠬᠢᠯᠭᠡ ᠪᠤᠯ ᠪᠤᠬᠢᠨᠢᠳᠤᠯ ᠤᠨ ᠡᠪᠡᠳᠴᠢᠨ᠂ ᠢᠯᠠᠭᠳᠠᠯ ᠤᠨ ᠰᠡᠳᠬᠢᠯᠭᠡ᠂ ᠲᠦᠰᠢᠭ ᠦᠭᠡᠢ ᠪᠠᠶᠢᠬᠤ ᠰᠡᠳᠬᠢᠯᠭᠡ ᠵᠡᠷᠭᠡ ᠪᠤᠯᠤᠨ᠎ᠠ᠃ ᠠᠷᠪᠢᠨ ᠬᠦᠮᠤᠨ ᠲᠠᠢ ᠶᠠᠪᠤᠯᠴᠠᠵᠤ᠂ ᠦᠷᠦᠭᠡᠯ ᠪᠤᠰᠤᠳ ᠲᠠᠢ ᠬᠠᠷᠢᠴᠠᠬᠤ ᠶᠠᠪᠤᠴᠠ ᠳᠤ ᠰᠡᠳᠬᠢᠯ ᠰᠠᠨᠠᠭᠠᠨ ᠤ ᠲᠠᠷᠤᠭᠠᠰᠤ ᠴᠢᠨᠢ ᠬᠦᠡᠭᠭᠡᠷᠡᠳᠡᠭ᠃ ᠲᠡᠮᠡᠬᠢ ᠪᠠᠨ ᠵᠤᠭᠰᠤᠭᠠᠬᠤ ᠠᠴᠠ ᠴᠢᠨᠢ ᠠᠶᠤᠨ᠎ᠠ ᠠᠷᠢᠬᠢ ᠲᠡᠮᠡᠭᠢ ᠪᠤᠯ ᠦᠮᠡᠨ ᠡᠪᠡᠳᠴᠢᠨ ᠤ ᠬᠠᠭᠠᠯᠭ᠎ᠠ ᠶᠢ ᠨᠡᠭᠡᠭᠡᠭᠴᠢ ᠮᠦᠨ᠃ ᠡᠳᠤᠷ ᠪᠦᠷᠢ 20 ᠭᠤᠳᠤᠯᠢ ᠠᠴᠠ ᠲᠡᠭᠡᠭᠰᠢ ᠲᠡᠮᠡᠬᠢ ᠲᠠᠳᠠᠭᠰᠠᠳ ᠤᠨ ᠦᠮᠡᠨ ᠡᠪᠡᠳᠴᠢᠨ ᠳᠤ ᠨᠡᠷᠪᠡᠭᠳᠡᠭᠦ ᠲᠦᠭᠰᠢᠭᠦᠷᠢ ᠨᠢ ᠲᠡᠮᠡᠬᠢ ᠲᠠᠳᠠᠬᠤ ᠦᠭᠡᠢ ᠬᠦᠮᠤᠰ ᠠᠴᠠ ᠬᠤᠯᠠ ᠦᠨᠳᠤᠷ ᠪᠠᠶᠢᠳᠠᠭ᠃ ᠲᠡᠷᠡ ᠮᠦᠷᠳᠡᠭᠡᠨ ᠡᠮᠡᠭᠳᠡᠢ ᠨᠢ ᠡᠷᠡᠭᠳᠡᠢ ᠠᠴᠠ ᠢᠯᠡᠭᠦᠦ ᠦᠮᠡᠨ ᠡᠪᠡᠳᠴᠢᠨ ᠳᠤ ᠨᠡᠷᠪᠡᠭᠳᠡᠭᠦ ᠲᠦᠭᠰᠢᠭᠦᠷᠢ ᠲᠠᠢ᠃ ᠲᠡᠮᠡᠬᠢ ᠪᠠᠨ ᠵᠤᠭᠰᠤᠭᠠᠶ᠎ᠠ ᠭᠡᠪᠡᠯ ᠭᠡᠵᠢᠶ᠎ᠠ ᠴᠤ ᠭᠡᠳ ᠤᠷᠦ᠋ᠢᠳᠠᠬᠤ ᠦᠭᠡᠢ᠃ ᠬᠦᠳᠡᠯᠭᠡᠭᠡᠨ ᠬᠢᠭᠦ ᠠᠴᠠ ᠴᠢᠨᠢ ᠠᠶᠤᠨ᠎ᠠ ᠡᠨᠡ ᠭᠡᠳᠤᠨ ᠵᠢᠯ ︽ᠠᠯᠵᠠᠭᠤ ᠦᠮᠡᠨ︾ ᠭᠡᠭᠦ ᠦᠭᠡ ᠶᠡᠭᠡᠪᠡᠷ ᠲᠡᠯᠭᠡᠷᠡᠵᠤ ᠪᠤᠢ᠃ ᠭᠡᠳᠤᠷᠭᠡᠢ ᠠᠯᠵᠠᠭᠤ ᠪᠠᠶᠢᠬᠤ ᠨᠢ ᠦᠮᠡᠨ ᠡᠪᠡᠳᠴᠢᠨ ᠳᠤ ᠨᠡᠷᠪᠡᠭᠳᠡᠭᠦ ᠪᠤᠯᠤᠮᠵᠢ ᠲᠠᠢ᠃ ᠡᠶᠢᠮᠤ ᠠᠴᠠ ᠢᠯᠡᠭᠦᠭᠡᠨ ᠬᠦᠳᠡᠯᠭᠡᠭᠡᠨ ᠬᠢᠵᠤ ᠪᠠᠶᠢᠭᠠᠷᠠᠢ︕ ᠬᠠᠮᠤᠭ ᠰᠠᠶᠢᠨ ᠬᠦᠳᠡᠯᠭᠡᠭᠡᠨ ᠪᠤᠯ ᠶᠠᠪᠠᠭᠠᠨ ᠠᠯᠬᠤᠬᠤ ᠪᠤᠯᠤᠨ᠎ᠠ᠃ ᠵᠠᠮ ᠶᠠᠪᠤᠬᠤ ᠳᠠᠭᠠᠨ ᠲᠤᠯᠤᠭᠠᠢ ᠪᠠᠨ ᠡᠷᠭᠦᠨ ᠭᠡᠳᠡᠶᠢᠵᠤ ᠠᠯᠬᠤᠵᠤ᠂ ᠭᠠᠷ ᠢᠶᠠᠨ ᠬᠦᠴᠤᠳᠠᠢ ᠰᠠᠵᠢᠯᠠᠵᠤ ᠠᠯᠬᠤᠬᠤ ᠨᠢ ᠡᠷᠡᠭᠦᠯ ᠮᠡᠨᠳᠤ ᠳᠤ ᠲᠤᠰᠠᠳᠠᠢ᠃ ᠲᠠᠪᠤᠰᠤ ᠰᠤᠯᠠ ᠢᠳᠡᠭᠡᠨ ᠢᠳᠡᠬᠦ ᠠᠴᠠ ᠴᠢᠨᠢ ᠠᠶᠤᠨ᠎ᠠ ᠬᠤᠳᠤᠭᠤᠳᠤᠨ ᠦᠮᠡᠨ ᠨᠢ ᠡᠷᠡᠬᠦᠯ ᠪᠤᠰᠤ ᠢᠳᠡᠭᠡᠨ ᠤ ᠵᠠᠩ ᠵᠠᠩᠰᠢᠯ ᠲᠠᠢ ᠨᠢᠭᠳᠠ ᠬᠤᠯᠪᠤᠭ᠎ᠠ ᠲᠠᠢ ᠶᠤᠮ᠂ ᠤᠨᠴᠠᠭᠠᠢᠢᠯᠠᠨ ᠭᠡᠳᠦ ᠲᠠᠪᠤᠰᠤᠯᠢᠭ ᠢᠳᠡᠭᠡᠨ ᠨᠢ ᠬᠤᠳᠤᠭᠤᠳᠤ ᠶᠢ ᠬᠡᠮᠳᠦᠭᠡᠳᠡᠭ᠃ ᠡᠳᠦᠷ ᠪᠦᠷᠢ ᠶᠢᠨ ᠲᠠᠪᠤᠰᠤ ᠢᠳᠡᠬᠦ ᠬᠡᠮᠵᠢᠶ᠎ᠠ 6 ᠭᠷᠠᠮ ᠠᠴᠠ ᠭᠡᠳᠦᠷᠡᠵᠤ ᠪᠤᠯᠬᠤ ᠦᠭᠡᠢ ᠮᠦᠷᠳᠡᠭᠡᠨ ᠬᠢᠮ᠎ᠠ᠂ ᠰᠢᠷᠠᠮ᠂ ᠲᠠᠪᠤᠰᠤᠯᠠᠭᠰᠠᠨ ᠮᠢᠬᠠᠨ ᠤ ᠵᠦᠢᠯ ᠵᠡᠷᠭᠡ ᠲᠤᠳᠠᠭᠤ ᠠᠽᠤᠲ ᠬᠦᠴᠢᠯ ᠤᠨ ᠲᠠᠪᠤᠰᠤ ᠪᠠᠷ ᠪᠤᠯᠪᠠᠰᠤᠷᠠᠭᠤᠯᠤᠭᠰᠠᠨ ᠢᠳᠡᠭᠡᠨ ᠢ ᠲᠤᠳᠠᠭᠤ ᠢᠳᠡᠭᠡᠷᠡᠢ᠃ ᠨᠠᠷᠠᠨ ᠳᠤ ᠪᠡᠶ᠎ᠠ ᠪᠠᠨ ᠡᠭᠡᠭᠡᠬᠦ ᠠᠴᠠ ᠴᠢᠨᠢ ᠠᠶᠤᠨ᠎ᠠ ᠨᠠᠷᠠᠨ ᠤ ᠲᠤᠤᠷ᠎ᠠ ᠬᠦᠳᠡᠯᠭᠡᠭᠡᠨ ᠬᠢᠬᠦ ᠨᠢ ᠬᠤᠳᠤᠷᠢᠩᠬᠠᠢ ᠭᠡᠳᠡᠰᠦᠨ ᠤ ᠦᠮᠡᠨ ᠪᠠ ᠬᠦᠬᠦᠨ ᠪᠤᠯᠴᠢᠷᠬᠠᠢ ᠶᠢᠨ ᠦᠮᠡᠨ ᠵᠡᠷᠭᠡ ᠤᠯᠠᠨ ᠵᠦᠢᠯ ᠤᠨ ᠦᠮᠡᠨ ᠢ ᠰᠡᠷᠭᠡᠶᠢᠯᠡᠬᠦ ᠳᠤ ᠠᠰᠢᠭᠳᠠᠢ ᠶᠤᠮ᠃ ᠨᠠᠷᠠᠨ ᠳᠤ ᠪᠡᠶ᠎ᠠ ᠪᠠᠨ ᠡᠭᠡᠭᠡᠬᠦ ᠨᠢ ᠪᠡᠶᠡᠨ ᠳᠠᠬᠢ ᠸᠢᠲ᠋ᠠᠮᠢᠨ D ᠪᠦᠷᠢᠯᠳᠦᠬᠦ ᠶᠢ ᠠᠬᠢᠭᠤᠯᠳᠠᠭ᠂ ᠸᠢᠲ᠋ᠠᠮᠢᠨ D᠎ ᠨᠢ ᠦᠮᠡᠨ ᠤ ᠡᠰ ᠤᠨ ᠦᠷᠡᠵᠢᠬᠦ ᠶᠢ ᠪᠦᠳᠦᠮᠵᠢᠳᠠᠢ ᠬᠤᠷᠢᠭᠯᠠᠵᠤ ᠲᠡᠶᠢᠯᠳᠡᠭ᠃ ᠭᠠᠳᠠᠨ᠎ᠠ ᠬᠦᠳᠡᠯᠭᠡᠭᠡᠨ ᠬᠢᠬᠦ ᠪᠤᠶᠤ ᠴᠤᠩᠬᠤ ᠪᠠᠨ ᠨᠡᠭᠡᠭᠡᠵᠤ ᠨᠡᠷᠠᠨ ᠳᠤ ᠪᠡᠶ᠎ᠠ ᠪᠠᠨ ᠡᠭᠡᠭᠡᠬᠦ ᠴᠠᠭ ᠢ 10 ~20 ᠮᠢᠨᠦ᠋ᠲ ᠤᠨ ᠬᠤᠭᠤᠷᠤᠨᠳᠤ ᠪᠠᠶᠢᠯᠭᠠᠪᠠᠯ ᠪᠤᠯᠴᠢᠬᠠᠨ᠎ᠠ ᠃ ᠬᠠᠨᠤᠳᠠᠯ᠎ᠠ ᠤᠨᠳᠠᠬᠤ ᠠᠴᠠ ᠴᠢᠨᠢ ᠠᠶᠤᠨ᠎ᠠ ᠰᠦᠨᠢ ᠬᠦᠮᠦᠨ ᠤ ᠪᠡᠶ᠎ᠠ ᠨᠢᠭᠡ ᠵᠦᠢᠯ ᠤᠨ ᠬᠤᠷᠮᠤᠨ ᠢ ᠱᠦᠬᠦᠷᠡᠬᠦᠯᠳᠡᠭ᠂ ᠡᠨᠡ ᠵᠦᠢᠯ ᠤᠨ ᠬᠤᠷᠮᠤᠨ ᠨᠢ ᠦᠮᠡᠨ ᠡᠰ ᠡᠬᠦᠰᠬᠦ ᠶᠢ ᠬᠤᠷᠢᠭᠯᠠᠬᠤ ᠦᠢᠯᠡᠳᠦᠯ ᠲᠠᠢ᠂ ᠰᠠᠶᠢᠨ ᠠᠮᠠᠷᠠᠵᠤ ᠲᠡᠶᠢᠯᠬᠦ ᠦᠭᠡᠢ ᠪᠤᠯ ᠬᠦᠮᠦᠨ ᠤ ᠪᠡᠶ᠎ᠠ ᠡᠨᠡ ᠵᠦᠢᠯ ᠤᠨ ᠬᠤᠷᠮᠤᠨ ᠡᠬᠦᠰᠬᠦ ᠶᠢ ᠬᠠᠷᠰᠢᠯᠠᠳᠠᠭ ᠶᠤᠮ᠃ ᠡᠶᠢᠨ ᠬᠦ ᠰᠦᠨᠢ ᠶᠢᠨ 11 ᠴᠠᠭ ᠠᠴᠠ ᠡᠮᠤᠨ᠎ᠠ ᠠᠮᠠᠷᠠᠵᠤ ᠤᠨᠳᠠᠪᠠᠯ ᠬᠠᠮᠤᠭ ᠰᠠᠶᠢᠨ᠂ ᠦᠳᠡ ᠶᠢᠨ 11 ᠴᠠᠭ ᠠᠴᠠ 13 ᠴᠠᠭ ᠤᠨ ᠬᠤᠭᠤᠷᠤᠨᠳᠤ 30ᠮᠢᠨᠦ᠋ᠲ ᠠᠮᠠᠷᠠᠵᠤ ᠤᠨᠳᠠᠪᠠᠯ ᠬᠠᠮᠤᠭ ᠰᠠᠶᠢᠨ ᠪᠠᠶᠢᠳᠠᠭ᠃ ᠭᠠᠯᠪᠢᠷ ᠰᠠᠶᠢᠬᠠᠨ ᠪᠡᠶ᠎ᠠ ᠪᠠᠶᠢᠳᠠᠯ ᠲᠠᠢ ᠪᠠᠶᠢᠬᠤ ᠠᠴᠠ ᠴᠢᠨᠢ ᠠᠶᠤᠨ᠎ᠠ ᠮᠠᠷᠢᠶᠠᠯᠠᠬᠤ ᠨᠢ ᠪᠡᠶ᠎ᠠ ᠶᠢᠨ ᠡᠷᠡᠬᠦᠯ ᠴᠢᠬᠢᠷᠠᠭ ᠢ ᠨᠦᠯᠦᠭᠡᠯᠡᠳᠡᠭ᠃ ᠰᠤᠳᠤᠯᠤᠯᠳᠠ ᠶᠢ ᠦᠨᠳᠤᠰᠤᠯᠡᠪᠡᠯ᠂ ᠪᠡᠶ᠎ᠠ ᠶᠢᠨ ᠬᠦᠨᠳᠦ ᠨᠢ ᠰᠠᠪᠠ ᠶᠢᠨ ᠦᠮᠡᠨ᠂ ᠪᠠᠮᠪᠠᠢ ᠪᠤᠯᠴᠢᠷᠬᠠᠢ ᠶᠢᠨ ᠦᠮᠡᠨ᠂ ᠪᠦᠭᠡᠷ᠎ᠠ ᠶᠢᠨ ᠦᠮᠡᠨ᠂ ᠰᠦᠰᠦᠨ ᠤᠭᠤᠳᠠ ᠶᠢᠨ ᠦᠮᠡᠨ ᠵᠡᠷᠭᠡ 17 ᠦᠮᠡᠨ ᠡᠪᠡᠳᠴᠢᠨ ᠲᠠᠢ ᠢᠯᠡᠷᠭᠡᠢ ᠬᠤᠯᠪᠤᠭ᠎ᠠ ᠲᠠᠢ᠃ ᠡᠶᠢᠮᠤ ᠠᠴᠠ ᠮᠠᠷᠢᠶ᠎ᠠ ᠰᠢᠭᠤᠷᠠᠭᠤᠯᠵᠤ ᠪᠡᠶ᠎ᠠ ᠶᠢᠨ ᠬᠦᠨᠳᠤ ᠪᠠᠨ ᠪᠠᠳᠤᠯᠠᠬᠤ ᠨᠢ ᠦᠮᠡᠨ ᠡᠪᠡᠳᠴᠢᠨ ᠢ ᠰᠡᠷᠭᠡᠶᠢᠯᠡᠵᠤ ᠲᠡᠶᠢᠯᠦᠨ᠎ᠠ᠃ ᠡᠷᠡᠭᠳᠠᠢ ᠬᠦᠮᠦᠨ ᠪᠦᠰᠡᠯᠡᠭᠦᠷ ᠤᠨ ᠲᠤᠭᠤᠷᠢᠭ ᠢ 85 ᠰᠡᠨᠲ᠋ᠢᠮᠧᠳ᠋ᠷ ᠤᠨ ᠲᠤᠳᠤᠷ᠎ᠠ ᠬᠢᠵᠠᠭᠠᠷᠯᠠᠵᠤ᠂ ᠡᠮᠡᠭᠳᠠᠢ ᠬᠦᠮᠦᠨ ᠪᠦᠰᠡᠯᠡᠬᠦᠷ ᠤᠨ ᠲᠤᠭᠤᠷᠢᠭ ᠢ 80 ᠰᠡᠨᠲ᠋ᠢᠮᠧᠳ᠋ᠷ ᠤᠨ ᠲᠤᠳᠤᠷ᠎ᠠ ᠬᠢᠵᠠᠭᠠᠷᠯᠠᠪᠠᠯ ᠵᠤᠬᠢᠨ᠎ᠠ᠃ ᠲᠤᠭᠳᠠᠭᠰᠠᠨ ᠬᠤᠭᠤᠴᠠᠭ᠎ᠠ ᠲᠠᠢ ᠪᠠᠶ᠎ᠠ ᠶᠢᠨ ᠪᠠᠶᠢᠴᠠᠭᠠᠯᠳᠠ ᠬᠢᠭᠦ ᠠᠴᠠ ᠴᠢᠨᠢ ᠠᠶᠤᠨ᠎ᠠ ᠡᠷᠡᠭᠦᠯ ᠴᠢᠬᠢᠷᠠᠭ ᠤᠨ ᠲᠦᠯᠤᠭᠡ ᠡᠷᠳᠡ ᠪᠠᠶᠢᠴᠠᠭᠠᠵᠤ ᠡᠷᠳᠡ ᠤᠨᠤᠰᠢᠯᠠᠨ᠂ ᠡᠷᠳᠡ ᠡᠮᠴᠢᠯᠡᠭᠦᠯᠭᠦ ᠭᠡᠷᠡᠭᠳᠡᠢ᠃ ᠦᠮᠡᠨ ᠡᠪᠡᠳᠴᠢᠨ ᠢ ᠰᠡᠷᠭᠡᠶᠢᠯᠡᠭᠦ ᠪᠠᠶᠢᠴᠠᠭᠠᠯᠳᠠ ᠪᠤᠯᠤᠨ ᠡ᠊ᠡᠭ ᠤᠨ ᠪᠠᠶᠢᠴᠠᠭᠠᠯᠳᠠ ᠨᠢ ᠠᠳᠠᠯᠢ ᠪᠤᠰᠤ᠂ ᠠᠳᠠᠯᠢ ᠪᠤᠰᠤ ᠦᠮᠡᠨ ᠡᠪᠡᠳᠴᠢᠨ ᠳᠤ ᠨᠡᠷᠪᠡᠭᠳᠡᠭᠦ ᠠᠶᠤᠯᠳᠠᠢ ᠬᠦᠮᠤᠰ ᠠᠳᠠᠯᠢ ᠪᠤᠰᠤ ᠶᠢᠨ ᠪᠠᠶᠢᠴᠠᠭᠠᠯᠳᠠ ᠶᠢ ᠬᠢᠵᠤ ᠪᠤᠯᠤᠨ᠎ᠠ᠃ 50 ᠨᠠᠰᠤ ᠶᠢ ᠲᠠᠪᠠᠭᠰᠠᠨ ᠬᠦᠮᠤᠰ ᠶᠡᠷᠦᠳᠠ ᠶᠢᠨ ᠦᠮᠡᠨ ᠢ ᠰᠡᠷᠭᠡᠶᠢᠯᠡᠭᠦ ᠪᠠᠶᠢᠴᠠᠭᠠᠯᠳᠠ ᠶᠢ ᠬᠢᠵᠤ ᠪᠠᠶᠢᠭᠠᠷᠠᠢ᠃      ᠬᠦᠬᠦᠨ ᠪᠤᠯᠴᠢᠷᠬᠠᠢ ᠶᠢᠨ ᠦᠮᠡᠨ ᠤ ᠪᠠᠶᠢᠴᠠᠭᠠᠯᠳᠠ ᠶᠢ 40 ᠨᠠᠰᠤᠨ ᠠᠴᠠ ᠡᠬᠢᠯᠡᠨ ᠬᠢᠵᠤ ᠪᠠᠶᠢᠪᠠᠯ ᠰᠠᠶᠢᠨ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号