ᠨᠠᠷᠠᠨ ᠬᠤᠸᠠᠷ ᠢᠶᠠᠷ ᠪᠤᠷᠳᠤᠭ᠎ᠠ ᠬᠢᠵᠤ ᠮᠠᠯ ᠲᠠᠵᠢᠭᠡᠪᠠᠯ ᠲᠠᠷᠭᠤ ᠨᠠᠮᠡᠭᠳᠠᠨ᠎ᠠ
ᠨᠡᠶᠢᠲᠡᠯᠡᠭᠰᠡᠨ ᠴᠠᠭ᠄
2020/12/21
     ᠨᠠᠷᠠᠨ ᠬᠤᠸᠠᠷ ᠤᠨ ᠦᠷ᠎ᠠ ᠶᠢ ᠨᠢ ᠠᠪᠤᠭᠰᠠᠨ ᠴᠡᠴᠡᠭ ᠤᠨ ᠰᠠᠭᠤᠳᠠᠯ ᠨᠢ ᠳᠦᠢᠯ ᠤᠨ ᠰᠠᠶᠢᠨ ᠮᠠᠯ ᠲᠠᠵᠢᠭᠡᠪᠤᠷᠢ ᠶᠢᠨ ᠲᠠᠵᠢᠭᠡᠯ ᠪᠤᠷᠳᠤᠭ᠎ᠠ ᠪᠤᠯᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠪᠦᠳᠤᠭᠦᠯᠢᠭ ᠤᠭᠤᠷᠠᠭ ᠤᠨ ᠠᠭᠤᠯᠤᠭᠳᠠᠴᠠ 7% ~ 9%᠂ ᠪᠦᠳᠤᠭᠦᠯᠢᠭ ᠦᠭᠡᠭᠦ 6.5% ~ 10.5%᠂ ᠪᠦᠳᠤᠭᠦᠯᠢᠭ ᠰᠢᠷᠭᠡᠭᠯᠢᠭ 17.7%᠂ ᠠᠽᠤᠲ ᠦᠭᠡᠢ ᠨᠠᠪᠴᠢᠮᠡᠭᠡᠢ ᠪᠤᠳᠠᠰ 43.9%᠂ ᠵᠢᠮᠢᠰ ᠤᠨ ᠴᠠᠪᠠᠤ 2.4% ~ 3%᠂ ᠡᠭᠦᠨ ᠳᠤ ᠪᠦᠳᠤᠭᠦᠯᠢᠭ ᠤᠭᠤᠷᠠᠭ ᠭᠢᠭᠡᠳ ᠠᠽᠤᠲ ᠦᠭᠡᠢ ᠨᠠᠪᠴᠢᠮᠡᠭᠡᠢ ᠪᠤᠳᠠᠰ ᠤᠨ ᠠᠭᠤᠯᠤᠭᠳᠠᠴᠠ ᠨᠢ ᠠᠮᠤ ᠪᠤᠳᠠᠭ᠎ᠠ ᠳᠠᠬᠢ ᠠᠭᠤᠯᠤᠭᠳᠠᠴᠠ ᠲᠠᠢ ᠪᠠᠶᠢᠳᠠᠭ᠃        ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ ᠭᠢᠭᠰᠡᠨ ᠲᠠᠯᠬ᠎ᠠ ᠪᠤᠷᠳᠤᠭ᠎ᠠ ᠶᠢᠨ ᠵᠠᠭᠤᠨ ᠺᠢᠯᠦᠭᠷᠠᠮ ᠪᠦᠷᠢ ᠶᠢᠨ ᠰᠢᠮ᠎ᠠ ᠲᠠᠵᠢᠭᠡᠯ ᠤᠨ ᠦᠷᠳᠡᠭ ᠨᠢ 60 ~ 66 ᠺᠢᠯᠦᠭᠷᠠᠮ ᠡᠷᠳᠡᠨᠢ ᠰᠢᠰᠢ ᠪᠤᠶᠤ 70 ~ 80 ᠺᠢᠯᠦᠭᠷᠠᠮ ᠠᠷᠪᠠᠢ ᠵᠡᠷᠭᠡ ᠨᠠᠷᠢᠯᠢᠬ ᠪᠤᠷᠳᠤᠭ᠎ᠠ ᠶᠢᠨ ᠰᠢᠮ᠎ᠠ ᠲᠠᠵᠢᠭᠡᠯ ᠤᠨ ᠦᠷᠳᠡᠭ ᠲᠠᠢ ᠠᠳᠠᠯᠢᠬᠠᠨ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠢ ᠪᠠᠰᠠ ᠨᠤᠭᠤᠭᠠᠨ ᠢᠶᠠᠷ ᠲᠠᠷᠤᠰᠢᠭᠤᠯᠵᠤ ᠪᠤᠯᠤᠨ᠎ᠠ᠂ ᠨᠤᠭᠤᠭᠠᠨ ᠢᠶᠠᠷ ᠲᠠᠷᠤᠰᠢᠭᠤᠯᠤᠭᠰᠠᠨ ᠨᠠᠷᠠᠨ ᠬᠤᠸᠠᠷ ᠤᠨ ᠴᠡᠴᠡᠭ ᠤᠨ ᠰᠠᠭᠤᠳᠠᠯ ᠨᠢ ᠳᠦᠢᠯ ᠤᠨ ᠰᠠᠶᠢᠬᠠᠨ ᠦᠨᠤᠷ ᠲᠠᠢ᠂ ᠮᠠᠯ ᠲᠠᠵᠢᠭᠡᠪᠤᠷᠢ ᠳᠤᠩ ᠢᠳᠡᠭᠦ ᠳᠤᠷᠠᠳᠠᠢ ᠪᠠᠶᠢᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠶᠡᠭᠡ ᠭᠡᠮᠵᠢᠶᠠᠨ ᠤ ᠺᠠᠯᠼᠠᠯᠢᠬ ᠪᠤᠳᠠᠰ ᠪᠤᠯᠤᠨ ᠨᠠᠯᠢᠶᠠᠳ ᠠᠷᠪᠢᠨ ᠵᠢᠮᠢᠰ ᠤᠨ ᠰᠢᠭᠢᠷ ᠠᠭᠤᠯᠤᠭᠳᠠᠬᠤ ᠪᠤᠯᠬᠤᠷ᠂ ᠨᠢᠯᠬ᠎ᠠ ᠳᠦᠯ ᠮᠠᠯ ᠪᠤᠯᠤᠨ ᠭᠡᠭᠡᠯ ᠲᠠᠢ ᠡᠬᠡ ᠮᠠᠯ ᠢ ᠲᠠᠵᠢᠭᠡᠭᠦ ᠳᠤ ᠶᠡᠭᠡ ᠳᠤᠭᠢᠷᠠᠮᠵᠢᠳᠠᠢ᠃ ᠭᠡᠷᠪᠡ ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ ᠭᠠᠭ᠋ᠠᠢ ᠲᠠᠵᠢᠭᠡᠪᠠᠯ ᠭᠠᠭ᠋ᠠᠢ ᠲᠠᠷᠭᠤᠯᠠᠬᠤ ᠨᠢ ᠬᠤᠷᠳᠤᠨ ᠪᠦᠭᠡᠳ ᠪᠤᠷᠳᠤᠭᠠᠨ ᠠᠮᠤ ᠶᠢ ᠠᠷᠪᠢᠯᠠᠨ᠂ ᠭᠠᠭ᠋ᠠᠢ ᠲᠠᠵᠢᠭᠡᠭᠦ ᠦᠪᠠᠷ ᠤᠨ ᠦᠷᠳᠡᠭ ᠢ ᠪᠠᠭᠠᠰᠬᠠᠵᠤ ᠠᠰᠢᠭ ᠨᠢ ᠶᠡᠭᠡ ᠪᠠᠶᠢᠳᠠᠭ᠃
 
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号