ᠡᠵᠡᠨ ᠬᠤᠷᠤᠭ᠎ᠠ ᠬᠤᠰᠢᠭᠤᠨ ᠤ ᠵᠠᠯᠠᠭᠤᠴᠤᠳ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠦᠷᠨᠢᠯᠲᠡ ᠭᠠᠷᠭᠠᠵᠠᠢ
ᠨᠡᠶᠢᠲᠡᠯᠡᠭᠰᠡᠨ ᠴᠠᠭ᠄
2020/12/22
     ᠤᠢᠢᠷ᠎ᠠ ᠳᠤ᠂ ᠲᠤᠮᠳᠠᠳᠤ ᠤᠯᠤᠰ ᠤᠨ ᠡᠪ ᠬᠠᠮᠳᠤ ᠵᠠᠯᠠᠭᠤᠴᠤᠳ ᠤᠨ ᠡᠪᠯᠡᠯ ᠤᠨ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠤᠪᠳᠤ ᠪᠤᠯᠪᠠᠰᠤᠷᠠᠯ ᠢ ᠡᠷᠬᠢᠯᠡᠵᠦ᠂ ᠪᠦᠬᠦ ᠬᠤᠰᠢᠭᠤᠨ ᠤ ᠡᠯ᠎ᠠ ᠦᠨᠳᠤᠰᠤᠲᠡᠨ ᠡᠯ᠎ᠠ ᠡᠳᠡᠭᠡᠳ ᠤᠨ 200 ᠭᠠᠷᠤᠢ ᠵᠠᠯᠠᠭᠤᠴᠤᠳ ᠤᠨ ᠲᠦᠯᠦᠭᠡᠯᠡᠭᠴᠢ ᠪᠤᠯᠪᠠᠰᠤᠷᠠᠯ ᠳᠤ ᠤᠷᠤᠯᠴᠠᠪᠠ᠃      ᠪᠤᠯᠪᠠᠰᠤᠷᠠᠯ ᠳᠤ ᠦᠪᠡᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠠᠷᠤᠭ᠎ᠠ ᠵᠤᠦ ᡁᠢ ᠰᠢᠩ ︽ᠬᠤᠤᠰ ᠵᠠᠭᠤᠨ ᠵᠢᠯ︾᠎ ᠤᠨ ᠲᠡᠤᠬᠡ ᠶᠢᠨ ᠠᠭᠤᠯᠵᠠᠷ ᠲᠡᠭᠡᠷᠡᠬᠢ ᠶᠡᠭᠡ ᠬᠤᠷᠠᠯ ᠪᠤᠯᠤᠭᠰᠠᠨ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠢᠶᠠᠷ ᠭᠠᠷᠳᠠᠴᠠ ᠪᠤᠯᠭᠠᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠮᠠᠨ ᠤ ᠨᠠᠮ ᠤᠨ ᠤᠯᠤᠭᠰᠠᠨ ᠠᠤᠭ᠎ᠠ ᠠᠮᠵᠢᠯᠳᠠ ᠪᠦᠳᠦᠮᠵᠢ ᠶᠢ ᠡᠷᠭᠢᠴᠡᠭᠦᠯᠬᠦ ᠶᠢᠨ ᠬᠠᠮᠳᠤ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠲᠦᠯᠦᠪᠵᠢᠭᠦᠯᠭᠡ ᠪᠤᠯᠤᠨ 2035 ᠤᠨ ᠤ ᠠᠯᠦᠰ ᠭᠡᠳᠤ ᠶᠢᠨ ᠲᠦᠯᠦᠪᠵᠢᠭᠦᠯᠭᠡ ᠶᠢᠨ ᠬᠠᠷᠠᠯᠲᠠ ᠶᠢᠨ ᠲᠤᠬᠠᠢ ᠬᠦᠨᠵᠡᠭᠡᠢ ᠵᠠᠳᠠᠯᠤᠯᠲᠠ ᠪᠠ ᠲᠤᠳᠤᠷᠬᠠᠢᠢᠯᠠᠯᠲᠠ ᠬᠢᠵᠠᠢ᠃ ᠡᠨᠡ ᠨᠢ ᠵᠠᠯᠠᠭᠤᠴᠤᠳ ᠤᠨ ᠲᠤᠮᠳᠠ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠦᠷᠨᠢᠯᠲᠡ ᠭᠠᠷᠭᠠᠵᠦ᠂ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠨᠡᠩ ᠬᠦᠨ ᠲᠠᠪᠬᠤᠷᠭ᠎ᠠ ᠶᠢᠨ ᠤᠢᠢᠯᠠᠭᠠᠯᠲᠠ ᠲᠠᠢ ᠪᠤᠯᠭᠠᠵᠦ᠂ ᠲᠠᠷᠠᠭᠠᠴᠢ ᠶᠢᠨ ᠠᠵᠢᠯ ᠳᠤᠨᠢ ᠴᠢᠭᠯᠡᠯ ᠢ ᠵᠢᠭᠠᠵᠦ ᠦᠭᠭᠦᠭᠰᠡᠨ ᠪᠠᠶᠢᠨ᠎ᠠ᠃      ᠬᠤᠷᠠᠯ ᠳᠤ ᠤᠷᠤᠯᠴᠠᠭᠰᠠᠳ ᠰᠢᠨ᠎ᠠ ᠴᠠᠭ ᠦᠶ᠎ᠠ ᠶᠢᠨ ᠰᠢᠨ᠎ᠠ ᠵᠠᠯᠠᠭᠤᠴᠤᠳ ᠪᠤᠯᠤᠭᠰᠠᠨ ᠤ ᠬᠤᠪᠢ ᠳᠤ᠂ ᠲᠤᠰ ᠪᠡᠶ᠎ᠠ ᠶᠢᠨ ᠠᠵᠢᠯ ᠤᠨ ᠪᠠᠶᠢᠷᠢ ᠲᠠᠢ ᠪᠠᠨ ᠤᠶᠠᠯᠳᠤᠭᠤᠯᠤᠨ ᠰᠤᠷᠤᠯᠴᠠᠬᠤ ᠴᠢᠭᠯᠡᠯ ᠢᠶᠠᠨ ᠡᠷᠢᠨ ᠤᠯᠬᠤ ᠪᠠᠷ ᠴᠢᠷᠮᠠᠶᠢᠵᠦ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠡᠪ ᠬᠠᠮᠳᠤ ᠵᠠᠯᠠᠭᠤᠴᠤᠳ ᠤᠨ ᠡᠪᠯᠡᠯ ᠤᠨ ᠦᠭᠡᠷᠡᠴᠢᠯᠡᠯᠲᠡ ᠶᠢ ᠠᠬᠢᠭᠤᠯᠬᠤ ᠬᠦᠴᠦᠷᠭᠡᠭ ᠶᠡᠭᠡ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠦ᠂ ᠲᠤᠰ ᠪᠡᠶ᠎ᠠ ᠶᠢᠨ ᠪᠠᠶᠢᠭᠤᠯᠤᠯᠲᠠ ᠪᠠᠨ ᠴᠢᠩᠭᠠᠳᠬᠠᠵᠦ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠲᠡ ᠪᠦᠳᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠠ ᠭᠡᠵᠡᠭᠡᠭᠰᠡᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号